ᠬᠤᠲᠠ ᠶᠢᠨ ᠲᠡᠭᠦᠷᠭᠡ ᠶᠢᠨ ᠬᠡᠷᠡᠭ ᠡᠷᠬᠢᠯᠡᠬᠦ ᠭᠠᠵᠠᠷ
ᠨᠡᠶᠢᠲᠡᠯᠡᠭᠰᠡᠨ ᠴᠠᠭ᠄
2022/12/26
       ᠪᠠᠶᠢᠭᠤᠯᠤᠮᠵᠢ ᠶᠢᠨ ᠡᠭᠦᠷᠭᠡ ᠴᠢᠳᠠᠪᠤᠷᠢ        1. ᠨᠠᠮ ᠤᠨ ᠱᠤᠭᠤᠮ᠂ ᠴᠢᠭᠯᠡᠯᠲᠡ᠂ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠵᠦ᠂ ᠨᠠᠮ ᠤᠨ ᠦᠵᠡᠯ ᠰᠠᠨᠠᠭ᠎ᠠ᠂ ᠵᠣᠬᠢᠶᠠᠨ ᠪᠠᠶᠢᠭᠤᠯᠤᠯᠲᠠ᠂ ᠤᠬᠠᠭᠤᠯᠭ᠎ᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠶᠢᠭᠡᠮ ᠵᠢᠷᠤᠮ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠴᠢᠩᠭᠠᠳᠬᠠᠨ᠎ᠠ᠃        2. ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠠᠴᠠ ᠪᠦᠬᠦ ᠬᠤᠳᠠ ᠶᠢᠨ ᠬᠥᠭᠵᠢᠯᠲᠡ ᠳᠤ ᠲᠠᠯᠪᠢᠭᠰᠠᠨ ᠶᠡᠷᠦᠩᠬᠡᠶ ᠱᠠᠭᠠᠷᠳᠠᠯᠭ᠎ᠠ ᠶᠢ ᠦᠨᠳᠦᠰᠦᠯᠡᠨ᠂ ᠬᠠᠷᠢᠶ᠎ᠠ ᠣᠷᠣᠨ ᠤ ᠠᠵᠤ ᠠᠬᠤᠶ ᠶᠢᠨ ᠪᠦᠳᠦᠭᠡᠨ ᠪᠠᠶᠢᠭᠤᠯᠤᠯᠲᠠ ᠪᠠ ᠨᠡᠶᠢᠭᠡᠮ ᠤᠨ ᠬᠥᠭᠵᠢᠯᠲᠡ ᠶᠢᠨ ᠳᠤᠮᠳᠠᠬᠢ ᠴᠢᠬᠤᠯᠠ ᠠᠰᠠᠭᠤᠳᠠᠯ ᠢ ᠰᠤᠳᠤᠯᠵᠤ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠠᠵᠢᠯ ᠤᠨ ᠲᠥᠯᠥᠪᠯᠡᠭᠡ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃        3. ᠬᠤᠲᠠ ᠶᠢᠨ ᠬᠠᠮᠢᠶᠠᠷᠤᠯᠲᠠ ᠶᠢᠨ ᠠᠵᠢᠯ ᠢ ᠶᠡᠬᠡᠪᠡᠷ ᠴᠢᠩᠭᠠᠳᠬᠠᠵᠤ᠂ ᠬᠠᠷᠢᠶ᠎ᠠ ᠣᠷᠣᠨ ᠤ ᠳᠣᠲᠣᠷᠠᠬᠢ ᠬᠤᠲᠠ ᠶᠢᠨ ᠳᠦᠷᠰᠦ ᠪᠠᠶᠢᠳᠠᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠰᠠᠭᠤᠭᠠᠯᠢ ᠠᠷᠠᠳ ᠤᠨ ᠲᠣᠭᠤᠷᠢᠭ ᠤᠨ ᠠᠳᠠᠯ ᠠᠬᠤᠶ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠠᠮᠢᠲᠠᠨ ᠤ ᠬᠢᠵᠢᠭ ᠢ ᠰᠡᠷᠭᠡᠶᠢᠯᠡᠬᠦ᠂ ᠬᠤᠲᠠ ᠶᠢᠨ ᠪᠠᠶᠢᠭᠤᠯᠤᠯᠳᠠ ᠵᠡᠷᠭᠡ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠥᠷᠨᠢᠭᠦᠯᠦᠨ᠎ᠡ᠃ ᠬᠤᠲᠠ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠦᠬᠦᠭᠡᠷᠦᠮᠵᠢ ᠶᠢᠨ ᠲᠥᠯᠥᠪᠵᠢᠭᠦᠯᠭᠡ ᠶᠢᠨ ᠵᠠᠬ᠎ᠠ ᠳᠡᠯᠭᠡᠭᠦᠷ ᠲᠤ ᠬᠢᠨᠠᠯᠲᠠ ᠲᠠᠯᠪᠢᠬᠤ᠂ ᠣᠷᠴᠢᠨ ᠲᠣᠭᠤᠷᠢᠨ ᠤ ᠬᠠᠮᠠᠭᠠᠯᠠᠯᠲᠠ᠂ ᠤᠳᠠᠭᠠᠨ ᠵᠢᠯ ᠪᠣᠯᠤᠭᠰᠠᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠴᠡᠭᠴᠡᠯᠡᠨ ᠵᠠᠰᠠᠬᠤ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠬᠠᠮᠢᠶᠠᠷᠤᠯᠲᠠ ᠵᠡᠷᠭᠡ ᠠᠵᠢᠯ ᠢ ᠬᠠᠮᠵᠢᠨ ᠥᠷᠨᠢᠭᠦᠯᠦᠨ᠎ᠡ᠃        4. ᠰᠠᠭᠤᠭᠠᠯᠢ ᠠᠷᠠᠳ ᠤᠨ ᠵᠥᠪᠯᠡᠯ ᠤᠨ ᠵᠣᠬᠢᠶᠠᠨ ᠪᠠᠶᠢᠭᠤᠯᠤᠯᠲᠠ ᠪᠠ ᠲᠦᠷᠢᠮ ᠤᠨ ᠪᠠᠶᠢᠭᠤᠯᠤᠯᠲᠠ ᠶᠢ ᠵᠢᠯᠣᠭᠤᠳᠴᠤ᠂ ᠤᠯᠠᠨ ᠲᠦᠮᠡᠨ ᠢ ᠲᠠᠶᠢᠴᠢᠯᠠᠨ ᠤᠯᠠᠨ ᠲᠦᠮᠡᠨ ᠳᠤ ᠦᠢᠯᠡᠴᠢᠯᠡᠵᠦ᠂ ᠰᠠᠭᠤᠭᠠᠯᠢ ᠠᠷᠠᠳ ᠤᠨ ᠵᠥᠪᠯᠡᠯ ᠤᠨ ᠬᠠᠤᠯᠢ ᠴᠠᠭᠠᠵᠠ ᠶᠢ ᠤᠬᠠᠭᠤᠯᠬᠤ᠂ ᠰᠠᠭᠤᠭᠠᠯᠢ ᠠᠷᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ᠂ ᠰᠠᠭᠤᠭᠠᠯᠢ ᠠᠷᠠᠳ ᠢ ᠰᠤᠷᠭᠠᠨ ᠬᠥᠮᠦᠵᠢᠭᠦᠯᠵᠦ ᠭᠦᠢᠴᠡᠳᠬᠡᠪᠡᠰᠦ ᠵᠣᠬᠢᠬᠤ ᠡᠭᠦᠷᠭᠡ ᠪᠠᠨ ᠬᠠᠤᠯᠢ ᠶᠣᠰᠣᠭᠠᠷ ᠭᠦᠢᠴᠡᠳᠬᠡᠬᠦ ᠵᠡᠷᠭᠡ ᠲᠠᠯ᠎ᠠ ᠪᠠᠷ ᠬᠢ ᠦᠢᠯᠡᠳᠦᠯ ᠢ ᠭᠦᠢᠴᠡᠳ ᠪᠠᠳᠠᠷᠠᠭᠤᠯᠤᠨ᠎ᠠ᠃        5. ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ᠂ ᠣᠶ ᠰᠢᠭᠤᠶ᠂ ᠮᠠᠯ ᠠᠵᠤ ᠠᠬᠤᠶ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠵᠡᠷᠭᠡ ᠠᠵᠢᠯ ᠢ ᠬᠠᠷᠢᠭᠤᠴᠠᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ᠂ ᠠᠵᠤ ᠦᠢᠯᠡᠰ ᠢ ᠲᠥᠯᠥᠪᠵᠢᠭᠦᠯᠦᠨ ᠬᠥᠭᠵᠢᠭᠦᠯᠬᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠵᠡᠷᠭᠡ ᠬᠥᠳᠡᠭᠡ ᠠᠵᠤ ᠠᠬᠤᠢ ᠳᠤ ᠬᠤᠯᠪᠣᠭᠳᠠᠬᠤ ᠡᠯ᠎ᠡ ᠵᠦᠢᠯ ᠤᠨ ᠠᠵᠢᠯ ᠢ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃        6. ᠴᠡᠷᠢᠭ ᠢᠶᠠᠨ ᠬᠦᠷᠢᠶᠡᠯᠡᠨ ᠴᠡᠷᠢᠭ ᠤᠨ ᠬᠡᠷ ᠪᠦᠯᠢ ᠶᠢ ᠬᠠᠷᠠᠭᠠᠯᠵᠠᠬᠤ᠂ ᠭᠠᠮᠰᠢᠭ ᠢ ᠰᠡᠷᠭᠡᠶᠢᠯᠡᠨ ᠭᠠᠮᠰᠢᠭ ᠠᠴᠠ ᠠᠪᠤᠷᠬᠠᠤ᠂ ᠬᠦᠴᠢᠷᠳᠡᠯᠲᠡᠶ ᠬᠦᠮᠦᠰ ᠢ ᠲᠡᠳᠬᠦᠵᠦ ᠵᠡᠮᠳᠡᠭᠴᠦᠳ ᠢ ᠲᠤᠰᠠᠯᠠᠬᠤ᠂ ᠨᠡᠶᠢᠭᠡᠮ ᠤᠨ ᠠᠪᠤᠷᠠᠨ ᠲᠤᠰᠠᠯᠠᠯᠲᠠ᠂ ᠨᠡᠶᠢᠭᠡᠮ ᠤᠨ ᠪᠠᠲᠤᠯᠠᠭ᠎ᠠ᠂ ᠬᠥᠳᠡᠯᠮᠦᠷᠢ ᠠᠵᠢᠯ ᠣᠯᠭᠤᠯᠲᠠ᠂ ᠰᠢᠨᠵᠢᠯᠡᠬᠦ ᠤᠬᠠᠭᠠᠨ ᠰᠣᠶᠣᠯ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ ᠨᠡᠶᠢᠭᠡᠮ ᠤᠨ ᠶᠠᠪᠤᠳᠠᠯ ᠤᠨ ᠠᠵᠢᠯ ᠢ ᠬᠠᠷᠢᠭᠤᠴᠠᠨ᠎ᠠ᠃        7. ᠬᠠᠷᠢᠶ᠎ᠠ ᠣᠷᠣᠨ ᠤ ᠠᠷᠠᠳ ᠤᠨ ᠵᠡᠪᠰᠡᠭᠲᠦ ᠬᠦᠴᠦᠨ ᠤ ᠬᠠᠮᠢᠶ᠎ᠠ ᠪᠥᠬᠦᠶ ᠠᠵᠢᠯ ᠢ ᠬᠠᠷᠢᠭᠤᠴᠠᠨ᠎ᠠ᠃        8. ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠪᠠ ᠬᠠᠤᠯᠢ ᠴᠠᠭᠠᠵᠠ ᠶᠢᠨ ᠦᠢᠯᠡᠴᠢᠯᠡᠭᠡ ᠶᠢ ᠥᠷᠨᠢᠭᠦᠯᠵᠦ᠂ ᠨᠡᠶᠢᠭᠡᠮ ᠤᠨ ᠵᠥᠷᠢᠴᠡᠯ ᠪᠠ ᠵᠢᠭᠤᠷᠠᠯᠳᠤᠭᠠᠨ ᠢ ᠰᠢᠢᠳᠪᠦᠷᠢᠯᠡᠵᠦ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠵᠠᠬᠢᠳᠠᠯ ᠰᠤᠷᠪᠤᠯᠵᠢᠯᠠᠯ ᠤᠨ ᠲᠣᠭᠲᠠᠭᠤᠨ ᠢ ᠬᠠᠮᠠᠭᠠᠯᠠᠬᠤ ᠪᠠ ᠨᠡᠶᠢᠭᠡᠮ ᠢ ᠶᠡᠷᠦᠩᠬᠡᠶᠢᠯᠡᠨ ᠵᠠᠰᠠᠬᠤ ᠠᠵᠢᠯ ᠢ ᠰᠠᠶᠢᠲᠤᠷ ᠬᠢᠵᠦ᠂ ᠨᠡᠶᠢᠭᠡᠮ ᠤᠨ ᠡᠮᠬᠢ ᠵᠢᠷᠤᠮ ᠤᠨ ᠲᠣᠭᠲᠠᠭᠤᠨ ᠪᠠᠶᠢᠳᠠᠯ ᠢ ᠬᠠᠮᠠᠭᠠᠯᠠᠨ᠂ ᠲᠣᠣᠷᠵᠢᠭᠰᠠᠨ ᠬᠠᠮᠢᠶᠠᠷᠤᠯᠲᠠ ᠶᠢ ᠰᠠᠶᠢᠲᠤᠷ ᠠᠳᠬᠤᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠨ᠎ᠠ᠃        9. ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
 
ᠢᠷᠡᠯᠲᠡ᠄ ᠬᠤᠲᠠ ᠶᠢᠨ ᠲᠡᠭᠦᠷᠭᠡ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号