ᠰᠡᠷᠬᠡᠨ ᠤᠳᠤ ᠦᠶ᠎ᠡ ᠶᠢᠨ ᠲᠠᠷᠢᠶᠠᠯᠠᠩ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠠᠯᠪᠠᠨ ᠭᠡᠷ
ᠨᠡᠶᠢᠲᠡᠯᠡᠭᠰᠡᠨ ᠴᠠᠭ᠄
2022/12/26
               ᠨᠢᠭᠡ᠂ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠳᠦᠷ ᠲᠤᠳᠤᠮ ᠤᠨ ᠠᠵᠢᠯ ᠢ ᠬᠠᠷᠢᠭᠤᠴᠠᠵᠤ᠂ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠠᠶᠢᠨ ᠵᠥᠪᠯᠡᠭᠴᠢ ᠲᠤᠰᠠᠯᠠᠭᠴᠢ ᠪᠣᠯᠤᠨ᠎ᠠ᠃        ᠬᠤᠶᠠᠷ᠂ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ᠂ ᠡᠭᠡ ᠪᠢᠴᠢᠭ ᠢ ᠲᠤᠭᠤᠷᠪᠢᠨ ᠪᠢᠴᠢᠬᠦ᠂ ᠵᠠᠰᠠᠪᠤᠷᠢ ᠣᠷᠣᠭᠤᠯᠬᠤ᠂ ᠬᠠᠷᠭᠤᠭᠤᠯᠤᠨ ᠬᠢᠨᠠᠬᠤ᠂ ᠳᠠᠷᠤᠮᠠᠯᠯᠠᠬᠤ᠂ ᠬᠤᠪᠢᠶᠠᠨ ᠲᠠᠷᠬᠠᠭᠠᠬᠤ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠳᠡᠭᠡᠳᠦ ᠱᠠᠲᠤᠨ ᠤ ᠢᠷᠡᠭᠦᠯᠦᠭᠰᠡᠨ ᠪᠢᠴᠢᠭ ᠮᠠᠲ᠋ᠧᠷᠢᠶᠠᠯ ᠢ ᠬᠤᠷᠢᠶᠠᠵᠤ ᠲᠠᠷᠬᠠᠭᠠᠬᠤ ᠳᠠᠩᠰᠠᠯᠠᠯ᠂ ᠪᠢᠴᠢᠭ ᠮᠠᠲ᠋ᠧᠷᠢᠶᠠᠯ ᠲᠠᠩᠰᠠ ᠡᠪᠬᠡᠮᠡᠯ ᠤᠨ ᠠᠵᠢᠯ ᠢ ᠬᠠᠷᠢᠭᠤᠴᠠᠨ᠎ᠠ᠃        ᠭᠤᠷᠪᠠ᠂ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ ᠠᠵᠢᠯ ᠤᠨ ᠲᠣᠭᠤᠷᠢᠨ ᠳᠤ᠂ ᠮᠡᠳᠡᠭᠡ ᠵᠠᠩᠭᠢ ᠴᠤᠭᠯᠠᠭᠤᠯᠵᠤ᠂ ᠬᠥᠳᠡᠯᠦᠯ ᠪᠠᠶᠢᠳᠠᠯ ᠢ ᠲᠤᠰᠬᠠᠨ᠂ ᠶᠡᠷᠦᠩᠬᠡᠶᠢᠯᠡᠨ ᠪᠠᠶᠢᠴᠠᠭᠠᠨ ᠰᠤᠳᠤᠯᠵᠦ ᠱᠠᠯᠠᠪᠳᠠᠭᠤᠯᠤᠨ ᠪᠠᠶᠢᠴᠠᠭᠠᠨ᠎ᠠ᠃        ᠲᠦᠷᠪᠡ᠂ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠵᠦᠢᠯ ᠤᠨ ᠬᠤᠷᠠᠯ ᠤᠨ ᠠᠵᠢᠯ ᠪᠠ ᠠᠷᠤ ᠲᠠᠯ᠎ᠠ ᠶᠢᠨ ᠠᠵᠢᠯ ᠪᠤᠯᠤᠨ ᠬᠦᠯᠢᠶᠡᠨ ᠠᠪᠬᠤ ᠠᠵᠢᠯ ᠢ ᠬᠠᠷᠢᠭᠤᠴᠠᠨ᠎ᠠ᠃        ᠲᠠᠪᠤ᠂ ᠪᠠᠶᠢᠭᠤᠯᠭ᠎ᠠ ᠶᠢᠨ ᠤᠯᠤᠰ ᠤᠨ ᠥᠮᠴᠢᠯᠡᠯᠲᠦ ᠡᠳ᠋ ᠬᠦᠷᠦᠩᠭᠡ ᠶᠢᠨ ᠬᠠᠮᠢᠶᠠᠷᠤᠯᠲᠠ᠂ ᠠᠮᠤᠷ ᠲᠦᠪᠰᠢᠨ ᠤ ᠬᠠᠮᠠᠭᠠᠯᠠᠯᠲᠠ᠂ ᠤᠶᠤᠨ ᠤ ᠪᠣᠯᠪᠠᠰᠤᠨ ᠪᠠ ᠵᠠᠰᠠᠭ ᠤᠨ ᠶᠠᠪᠤᠳᠠᠯ᠂ ᠬᠠᠷᠠᠯᠲᠠᠲᠤ ᠬᠠᠮᠢᠶᠠᠷᠤᠯᠲᠠ ᠶᠢ ᠬᠠᠷᠢᠭᠤᠴᠠᠨ᠎ᠠ᠃        ᠵᠢᠷᠭᠤᠭ᠎ᠠ᠂ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠨᠠᠭᠤᠯᠭ᠎ᠠ ᠪᠠ ᠰᠠᠨᠠᠯ ᠵᠥᠪᠯᠡᠯᠭᠡ ᠶᠢ ᠰᠢᠢᠳᠪᠦᠷᠢᠯᠡᠨ᠎ᠡ᠃        ᠲᠤᠯᠤᠭ᠎ᠠ᠂ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
 
ᠢᠷᠡᠯᠲᠡ᠄ ᠰᠡᠷᠬᠡᠨ ᠤᠳᠤ ᠦᠶ᠎ᠡ ᠶᠢᠨ ᠲᠠᠷᠢᠶᠠᠯᠠᠩ ᠤᠨ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号