ᠠᠢ ᠭᠥᠸᠧ ᠵᠡᠭᠡᠯᠢ ᠶᠢᠨ ᠬᠡᠷᠡᠭ ᠡᠷᠬᠢᠯᠡᠬᠦ ᠭᠠᠵᠠᠷ
ᠨᠡᠶᠢᠲᠡᠯᠡᠭᠰᠡᠨ ᠴᠠᠭ᠄
2022/12/26
           ᠭᠤᠣᠯ ᠡᠭᠦᠷᠭᠡ ᠬᠠᠷᠢᠭᠤᠴᠠᠯᠭ᠎ᠠ        ︵ᠨᠢᠭᠡ︶ ᠨᠠᠮ ᠤᠨ ᠱᠤᠭᠤᠮ᠂ ᠴᠢᠭᠯᠡᠯᠲᠡ᠂ ᠲᠦᠷᠦ ᠶᠢᠨ ᠪᠤᠳᠦᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠵᠦ᠂ ᠨᠠᠮ ᠤᠨ ᠦᠵᠡᠯ ᠰᠠᠨᠠᠭᠠᠨ ᠤ ᠵᠣᠬᠢᠶᠠᠨ ᠪᠠᠶᠢᠭᠤᠯᠤᠯᠲᠠ᠂ ᠤᠬᠠᠭᠤᠯᠭ᠎ᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠤᠯᠡᠠ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠶᠢᠭᠡᠮ ᠵᠢᠷᠤᠮ ᠤᠨ ᠤᠶᠦᠠ ᠤ ᠪᠣᠯᠪᠠᠰᠤᠨ ᠤ ᠪᠠᠶᠢᠭᠤᠯᠤᠯᠲᠠ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠴᠢᠩᠭᠠᠳᠬᠠᠨ᠎ᠠ᠃        ︵ᠬᠤᠶᠠᠷ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠪᠦᠬᠦ ᠬᠤᠳᠠ ᠶᠢᠨ ᠬᠥᠭᠵᠢᠯᠲᠡ ᠳᠤ ᠲᠠᠯᠪᠢᠭᠰᠠᠨ ᠶᠡᠷᠦᠩᠬᠡᠶ ᠱᠠᠭᠠᠷᠳᠠᠯᠭ᠎ᠠ ᠶᠢ ᠦᠨᠳᠦᠰᠦᠯᠡᠨ᠂ ᠬᠠᠷᠢᠶ᠎ᠠ ᠣᠷᠣᠨ ᠤ ᠠᠵᠤ ᠠᠬᠤᠶ ᠶᠢᠨ ᠪᠦᠳᠦᠭᠡᠨ ᠪᠠᠶᠢᠭᠤᠯᠤᠯᠲᠠ ᠪᠠ ᠨᠡᠶᠢᠭᠡᠮ ᠤᠨ ᠬᠥᠭᠵᠢᠯᠲᠡ ᠶᠢᠨ ᠳᠤᠮᠳᠠᠬᠢ ᠴᠢᠬᠤᠯᠠ ᠠᠰᠠᠭᠤᠳᠠᠯ ᠢ ᠰᠤᠳᠤᠯᠵᠤ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠠᠵᠢᠯ ᠤᠨ ᠲᠥᠯᠥᠪᠯᠡᠭᠡ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃        ︵ᠭᠤᠷᠪᠠ︶ ᠬᠤᠲᠠ ᠶᠢᠨ ᠬᠠᠮᠢᠶᠠᠷᠤᠯᠲᠠ ᠶᠢᠨ ᠠᠵᠢᠯ ᠢ ᠶᠡᠬᠡᠪᠡᠷ ᠴᠢᠩᠭᠠᠳᠬᠠᠵᠤ᠂ ᠬᠠᠷᠢᠶ᠎ᠠ ᠣᠷᠣᠨ ᠤ ᠳᠣᠲᠣᠷᠠᠬᠢ ᠬᠤᠲᠠ ᠶᠢᠨ ᠳᠦᠷᠰᠦ ᠪᠠᠶᠢᠳᠠᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠰᠠᠭᠤᠭᠠᠯᠢ ᠠᠷᠠᠳ  ᠤᠨ ᠲᠣᠭᠤᠷᠢᠭ ᠤᠨ ᠠᠳᠠᠯ ᠠᠬᠤᠶ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠠᠮᠢᠲᠠᠨ ᠤ ᠬᠢᠵᠢᠭ ᠢ ᠰᠡᠷᠭᠡᠶᠢᠯᠡᠬᠦ᠂ ︽ᠬᠤᠲᠠ ᠶᠢᠨ ᠪᠠᠶᠢᠭᠤᠯᠤᠯᠳᠠ︾ ᠵᠡᠷᠭᠡ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠥᠷᠨᠢᠭᠦᠯᠦᠨ᠎ᠡ᠃ ᠬᠤᠲᠠ ᠪᠠᠯᠭᠠᠰᠤᠨ ᠤ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠦᠬᠦᠭᠡᠷᠦᠮᠵᠢ ᠶᠢᠨ ᠲᠥᠯᠥᠪᠵᠢᠭᠦᠯᠭᠡ ᠶᠢᠨ ᠵᠠᠬ᠎ᠠ ᠳᠡᠯᠭᠡᠭᠦᠷ ᠲᠤ ᠬᠢᠨᠠᠯᠲᠠ ᠲᠠᠯᠪᠢᠬᠤ᠂ ᠣᠷᠴᠢᠨ ᠲᠣᠭᠤᠷᠢᠨ ᠤ ᠬᠠᠮᠠᠭᠠᠯᠠᠯᠲᠠ᠂ ᠤᠳᠠᠭᠠᠨ ᠵᠢᠯ ᠪᠣᠯᠤᠭᠰᠠᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠴᠡᠭᠴᠡᠯᠡᠨ ᠵᠠᠰᠠᠬᠤ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠬᠠᠮᠢᠶᠠᠷᠤᠯᠲᠠ ᠵᠡᠷᠭᠡ ᠠᠵᠢᠯ ᠢ ᠬᠠᠮᠵᠢᠨ ᠥᠷᠨᠢᠭᠦᠯᠦᠨ᠎ᠡ᠃        ︵ᠳᠥᠷᠪᠡ︶ ᠰᠠᠭᠤᠭᠠᠯᠢ ᠠᠷᠠᠳ ᠤᠨ ᠵᠥᠪᠯᠡᠯ ᠤᠨ ᠵᠣᠬᠢᠶᠠᠨ ᠪᠠᠶᠢᠭᠤᠯᠤᠯᠲᠠ ᠪᠠ ᠲᠦᠷᠢᠮ ᠤᠨ ᠪᠠᠶᠢᠭᠤᠯᠤᠯᠲᠠ ᠶᠢ ᠵᠢᠯᠣᠭᠤᠳᠴᠤ᠂ ᠣᠯᠠᠨ ᠲᠦᠮᠡᠨ ᠢ ᠳᠠᠶᠢᠴᠢᠯᠠᠨ ᠣᠯᠠᠨ ᠲᠦᠮᠡᠨ ᠳᠤ ᠦᠢᠯᠡᠴᠢᠯᠡᠭᠦᠯᠵᠦ᠂ ᠰᠠᠭᠤᠭᠠᠯᠢ ᠠᠷᠠᠳ ᠤᠨ ᠵᠥᠪᠯᠡᠯ ᠤᠨ ᠬᠠᠤᠯᠢ ᠴᠠᠭᠠᠵᠠ ᠶᠢ ᠤᠬᠠᠭᠤᠯᠬᠤ᠂ ᠰᠠᠭᠤᠭᠠᠯᠢ ᠠᠷᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ᠂ ᠰᠠᠭᠤᠭᠠᠯᠢ ᠠᠷᠠᠳ ᠢ ᠰᠤᠷᠭᠠᠨ ᠬᠥᠮᠦᠵᠢᠭᠦᠯᠵᠦ ᠭᠦᠢᠴᠡᠳᠬᠡᠪᠡᠰᠦ ᠵᠣᠬᠢᠬᠤ ᠡᠭᠦᠷᠭᠡ ᠪᠠᠨ ᠬᠠᠤᠯᠢ ᠶᠣᠰᠣᠭᠠᠷ ᠭᠦᠢᠴᠡᠳᠬᠡᠬᠦ ᠵᠡᠷᠭᠡ ᠲᠠᠯ᠎ᠠ ᠪᠠᠷ ᠬᠢ ᠦᠢᠯᠡᠳᠦᠯ ᠢ ᠭᠦᠢᠴᠡᠳ ᠪᠠᠳᠠᠷᠠᠭᠤᠯᠤᠨ᠎ᠠ᠃        ︵ᠲᠠᠪᠤ︶ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ᠂ ᠭᠠᠮᠰᠢᠭ ᠠᠴᠠ ᠰᠡᠷᠭᠡᠶᠢᠯᠡᠨ ᠭᠠᠮᠰᠢᠭ ᠠᠴᠠ ᠠᠪᠤᠷᠠᠬᠤ᠂ ᠬᠦᠴᠢᠷᠳᠡᠯᠲᠡᠶ ᠬᠦᠮᠦᠰ ᠢ ᠲᠡᠳᠬᠦᠵᠦ ᠵᠡᠮᠳᠡᠭᠴᠦᠳ ᠢ ᠲᠤᠰᠠᠯᠠᠬᠤ᠂ ᠨᠡᠶᠢᠭᠡᠮ ᠤᠨ ᠠᠪᠤᠷᠠᠨ ᠲᠤᠰᠠᠯᠠᠯᠲᠠ᠂ ᠨᠡᠶᠢᠭᠡᠮ ᠤᠨ ᠪᠠᠲᠤᠯᠠᠭ᠎ᠠ᠂ ᠬᠥᠳᠡᠯᠮᠦᠷᠢ ᠠᠵᠢᠯ ᠣᠯᠭᠤᠯᠲᠠ᠂ ᠰᠢᠨᠵᠢᠯᠡᠬᠦ ᠤᠬᠠᠭᠠᠨ ᠰᠣᠶᠣᠯ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠤ ᠵᠡᠷᠭᠡ ᠨᠡᠶᠢᠭᠡᠮ ᠤᠨ ᠶᠠᠪᠤᠳᠠᠯ ᠤᠨ ᠠᠵᠢᠯ ᠢ ᠬᠠᠷᠢᠭᠤᠴᠠᠨ᠎ᠠ᠃        ︵ᠵᠢᠷᠭᠤᠭ᠎ᠠ︶ ᠬᠠᠷᠢᠶ᠎ᠠ ᠣᠷᠣᠨ ᠤ ᠪᠠᠨ ᠠᠷᠠᠳ ᠤᠨ ᠵᠡᠪᠰᠡᠭᠲᠦ ᠬᠦᠴᠦᠨ ᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃        ︵ᠲᠤᠯᠤᠭ᠎ᠠ︶ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠪᠠ ᠬᠠᠤᠯᠢ ᠴᠠᠭᠠᠵᠠ ᠶᠢᠨ ᠦᠢᠯᠡᠴᠢᠯᠡᠭᠡ ᠶᠢ ᠥᠷᠨᠢᠭᠦᠯᠵᠦ᠂ ᠨᠡᠶᠢᠭᠡᠮ ᠤᠨ ᠵᠥᠷᠢᠴᠡᠯ ᠪᠠ ᠵᠢᠭᠤᠷᠠᠯᠳᠤᠭᠠᠨ ᠢ ᠰᠢᠢᠳᠪᠦᠷᠢᠯᠡᠵᠦ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠵᠠᠬᠢᠳᠠᠯ ᠰᠤᠷᠪᠤᠯᠵᠢᠯᠠᠯ ᠤᠨ ᠲᠣᠭᠲᠠᠭᠤᠨ ᠢ ᠬᠠᠮᠠᠭᠠᠯᠠᠬᠤ ᠪᠠ ᠨᠡᠶᠢᠭᠡᠮ ᠢ ᠶᠡᠷᠦᠩᠬᠡᠶᠢᠯᠡᠨ ᠵᠠᠰᠠᠬᠤ ᠠᠵᠢᠯ ᠢ ᠰᠠᠶᠢᠲᠤᠷ ᠬᠢᠵᠦ᠂ ᠨᠡᠶᠢᠭᠡᠮ ᠤᠨ ᠡᠮᠬᠢ ᠵᠢᠷᠤᠮ ᠤᠨ ᠲᠣᠭᠲᠠᠭᠤᠨ ᠪᠠᠶᠢᠳᠠᠯ ᠢ ᠬᠠᠮᠠᠭᠠᠯᠠᠨ᠂ ᠲᠣᠣᠷᠵᠢᠭᠰᠠᠨ ᠬᠠᠮᠢᠶᠠᠷᠤᠯᠲᠠ ᠶᠢ ᠰᠠᠶᠢᠲᠤᠷ ᠠᠳᠬᠤᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠨ᠎ᠠ᠃       ︵ᠨᠠᠢᠮᠠ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
 
ᠢᠷᠡᠯᠲᠡ᠄ ᠠᠢ ᠭᠥᠸᠧ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号