ᠬᠤᠲᠠ ᠶᠢᠨ ᠳᠡᠳ᠋ ᠳᠠᠷᠤᠭ᠎ᠠ ᠯᠢᠦ ᠬᠤᠩ ᠪᠥᠸᠧ ᠶᠢᠨ 2022 ᠣᠨ ᠤ 7 ᠰᠠᠷ᠎ᠠ ᠶᠢᠨ ᠴᠢᠬᠤᠯᠠ ᠶᠠᠪᠤᠳᠠᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2022/12/26
       2022 ᠣᠨ ᠤ 7 ᠰᠠᠷ᠎ᠠ ᠶᠢᠨ 1 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ 2022 ᠣᠨ ᠤ ᠠᠷᠪᠠ ᠶᠢᠰᠦᠳᠦᠭᠡᠷ ᠤᠳᠠᠭ᠎ᠠ ᠶᠢᠨ ᠨᠠᠮ ᠤᠨ ᠬᠤᠷᠢᠶ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠂ ᠬᠠᠤᠯᠢ ᠬᠡᠷᠡᠭᠵᠢᠭᠦᠯᠬᠦ ᠵᠢᠷᠤᠮᠵᠢᠯ᠂ ︽1᠂ 3᠂ 5 ᠮᠢᠨᠦ᠋ᠲ︾ ᠤᠨ ᠲᠦᠷᠭᠡᠨ  ᠴᠤᠤᠷᠢᠶᠠᠳᠤᠬᠤ ᠲᠣᠭᠲᠠᠴᠠ ᠵᠡᠷᠭᠡ ᠠᠵᠢᠯ ᠢ ᠰᠤᠳᠤᠯᠵᠠᠶ᠃        2022 ᠣᠨ ᠤ 7 ᠰᠠᠷ᠎ᠠ ᠶᠢᠨ 4 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠬᠡᠷᠡᠭ  ᠰᠢᠢᠳᠪᠦᠷᠢᠯᠡᠬᠦ ᠲᠥᠪ ᠢᠶᠠᠷ ᠭᠦᠨᠵᠡᠭᠡᠶᠢᠷᠡᠨ ᠬᠠᠤᠯᠢ ᠬᠡᠷᠡᠭᠵᠢᠭᠦᠯᠬᠦ ᠠᠮᠤᠷ ᠲᠦᠪᠰᠢᠨ ᠤ ᠬᠡᠮ ᠰᠣᠭᠤᠭ ᠤᠨ ᠶᠡᠭᠡ ᠪᠠᠶᠢᠴᠠᠭᠠᠯᠲᠠ ᠶᠢ ᠥᠷᠨᠢᠭᠦᠯᠵᠦ᠂ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ ᠳᠠᠷᠦ᠋ᠢᠬᠠᠨ ᠴᠡᠭᠴᠡᠯᠡᠨ ᠥᠭᠡᠷᠡᠴᠢᠯᠡᠵᠦ᠂ ᠬᠠᠤᠯᠢ ᠬᠡᠷᠡᠭᠵᠢᠭᠦᠯᠬᠦ ᠠᠮᠤᠷ ᠲᠦᠪᠰᠢᠨ ᠤ ᠬᠡᠮ ᠰᠣᠭᠤᠭ ᠢ ᠡᠷᠡᠰ ᠠᠷᠢᠯᠭᠠᠬᠤ ᠬᠡᠷᠡᠭᠲᠡᠶ ᠭᠡᠵᠦ ᠱᠠᠭᠠᠷᠳᠠᠪᠠ᠂ ᠬᠠᠤᠯᠢ ᠲᠦᠷᠢᠮ᠂ ᠴᠠᠭᠳᠠᠭᠠᠨ ᠤ ᠶᠠᠪᠤᠳᠠᠯ ᠤᠨ ᠪᠠᠳᠦᠯᠠᠭ᠎ᠠ᠂ ᠰᠢᠨᠵᠢᠯᠡᠬᠦ ᠤᠬᠠᠭᠠᠨ ᠮᠡᠳᠡᠭᠡ ᠵᠠᠩᠭᠢ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠶ᠃       2022 ᠣᠨ ᠤ 7 ᠰᠠᠷ᠎ᠠ ᠶᠢᠨ 6 ᠤ ᠡᠳᠦᠷ ᠤᠨ ᠦᠳᠡ ᠳᠤ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠨ ᠰᠤᠳᠤᠯᠬᠤ ᠳᠤᠭᠤᠶᠢᠯᠠᠩ ᠤᠯᠠᠭᠠᠨᠬᠤᠳᠠ ᠶᠢᠨ ᠰᠠᠬᠢᠨ ᠬᠤᠷᠢᠬᠤ ᠭᠠᠵᠠᠷ  ᠢᠶᠠᠷ ᠭᠦᠨᠵᠡᠭᠡᠶᠢᠷᠡᠨ ᠨᠡᠭᠦᠯᠭᠡᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠵᠤ᠂ ᠴᠠᠭ ᠲᠤᠬᠠᠶ ᠳᠤᠨᠢ ᠬᠠᠷᠢᠭᠤ ᠮᠡᠳᠡᠭᠦᠯᠬᠦ᠂ ᠪᠠᠯᠠ ᠮᠥᠩᠭᠦ ᠤᠯᠬᠤ᠂ ᠠᠯᠢ ᠲᠦᠷᠭᠡᠨ ᠢᠶᠠᠷ ᠠᠵᠢᠯ ᠡᠬᠢᠯᠡᠭᠦᠯᠬᠦ ᠵᠡᠷᠭᠡ ᠤᠴᠢᠷ ᠶᠠᠪᠤᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠵᠦ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠣᠷᠣᠯᠴᠠᠵᠠᠶ᠃        2022 ᠣᠨ ᠤ 7 ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠪᠥᠬᠦ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠪᠠᠭᠠᠲᠤᠷ ᠵᠢᠱᠢᠶᠡᠴᠢ ᠶᠢᠨ ᠦᠢᠯᠡ ᠠᠵᠢᠯᠯᠠᠭ᠎ᠠ ᠶᠢᠨ ᠮᠡᠳᠡᠭᠦᠯᠦᠯᠲᠡ ᠶᠢᠨ ᠬᠤᠷᠠᠯ ᠳᠤ ᠣᠷᠣᠯᠴᠠᠭᠰᠠᠨ ᠪᠥᠭᠡᠳ ︽ᠬᠤᠪᠢᠰᠬᠠᠯᠲᠤ ᠬᠢᠩᠭᠠᠨ ᠤ ᠪᠠᠭᠠᠲᠤᠷ ᠵᠢᠱᠢᠶᠡᠴᠢ ᠶᠢᠨ ᠵᠣᠷᠢᠭ ᠰᠠᠨᠠᠭ᠎ᠠ ᠶᠢ ᠪᠤᠢ ᠪᠤᠯᠭᠠᠵᠦ᠂ ᠲᠠᠪᠤᠨ ᠰᠢᠯᠭᠠᠷᠠᠭᠰᠠᠨ ᠮᠡᠷᠬᠡᠵᠢᠯ ᠢᠶᠠᠷ ᠰᠢᠳᠤᠷᠭᠤ ᠴᠠᠭᠳᠠᠭ᠎ᠠ ᠶᠢᠨ ᠴᠤᠭ ᠵᠢᠪᠬᠤᠭ᠎ᠠ ᠶᠢ ᠪᠠᠲᠤ ᠴᠣᠭᠴᠠᠯᠠᠶ᠎ᠠ︾ ᠭᠡᠬᠦ ᠰᠡᠳᠦᠪ ᠢᠶᠠᠷ ᠮᠡᠳᠡᠭᠦᠯᠦᠯᠲᠡ ᠬᠢᠪᠠ᠃        2022 ᠣᠨ ᠤ 7 ᠰᠠᠷ᠎ᠠ ᠶᠢᠨ 11 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠤᠯᠤᠰ ᠲᠥᠷᠥ ᠶᠢᠨ ᠬᠡᠯᠲᠡᠰ ᠤᠨ ᠡᠷᠬᠢᠯᠡᠭᠴᠢ ᠸᠠᠩ ᠪᠢᠨ ᠳᠤ ᠪᠠᠷ᠎ᠠ ᠪᠣᠯᠵᠣ ᠢᠯᠡᠯᠳᠡ ᠪᠠᠯᠭᠠᠰᠤᠨ ᠳᠤ ᠬᠦᠷᠴᠦ ︽ᠨᠢᠭᠡ ᠦᠷᠳᠡᠭᠡᠳᠤ ᠮᠠᠶ᠋ᠢᠭ︾ ᠤᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠤᠳᠤᠭᠠᠳᠤ ᠶᠢ ᠬᠠᠮᠠᠭᠠᠯᠠᠬᠤ ᠰᠠᠯᠪᠤᠷᠢ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃        2022 ᠣᠨ ᠤ 7 ᠰᠠᠷ᠎ᠠ ᠶᠢᠨ 12 ᠤᠨ ᠤᠷᠤᠢ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠬᠢᠩᠭᠠᠨ ᠲᠤᠳᠤᠭᠠᠳᠤ ᠶᠢ ᠬᠠᠮᠠᠭᠠᠯᠠᠬᠤ ᠰᠠᠯᠪᠤᠷᠢ ᠳᠤ ᠭᠦᠨᠵᠡᠭᠡᠶᠢᠷᠡᠨ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠲᠣᠭᠤᠷᠢᠭ ᠤᠨ ᠠᠮᠤᠷ ᠲᠦᠪᠰᠢᠨ ᠤ ᠬᠡᠮ ᠰᠣᠭᠤᠭ ᠤᠨ ᠶᠡᠭᠡ ᠪᠠᠶᠢᠴᠠᠭᠠᠯᠲᠠ᠂ ︽ᠬᠤᠶᠠᠷ ᠠᠩᠬᠢ ᠨᠢᠭᠡ ᠲᠠᠰᠤᠯᠭ᠎ᠠ︾ ᠶᠢᠨ ᠪᠦᠳᠦᠬᠡᠨ ᠪᠠᠶᠢᠭᠤᠯᠤᠯᠲᠠ᠂ ᠡᠩᠨᠡᠭᠡ ᠶᠢᠨ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠢ ᠪᠠᠶᠢᠴᠠᠭᠠᠭᠰᠠᠨ ᠪᠥᠭᠡᠳ ᠲᠤᠳᠤᠭᠠᠳᠤ ᠶᠢ ᠬᠠᠮᠠᠭᠠᠯᠠᠬᠤ ᠰᠠᠯᠪᠤᠷᠢ ᠶᠢᠨ ᠡᠳᠦᠷ ᠳᠤᠳᠤᠮ ᠤᠨ ᠠᠵᠢᠯ  ᠳᠤ ᠪᠣᠳᠠᠲᠠᠢ ᠰᠠᠨᠠᠯ ᠰᠠᠨᠠᠭᠤᠯᠭ᠎ᠠ ᠳᠤᠷᠠᠳᠴᠠᠢ᠃        2022 ᠣᠨ ᠤ 7 ᠰᠠᠷ᠎ᠠ ᠶᠢᠨ 14 ᠤ ᠡᠳᠦᠷ ᠠᠴᠠ 15 ᠤ ᠡᠳᠦᠷ ᠪᠣᠯᠲᠠᠯ᠎ᠠ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠤᠯᠤᠰ ᠤᠨ ᠲᠠᠰ ᠤᠨ ᠤᠳᠤᠷᠢᠳᠬᠤ ᠬᠥᠮᠦᠰ ᠤᠨ  ᠤᠯᠠᠭᠠᠨᠬᠤᠳᠠ ᠶᠢᠨ ᠠᠮᠤᠷ ᠢ ᠬᠠᠮᠠᠭᠠᠯᠠᠬᠤ ᠠᠵᠢᠯ ᠢ ᠪᠠᠶᠢᠴᠠᠭᠠᠨ ᠦᠵᠡᠬᠦ ᠶᠢ ᠲᠣᠬᠢᠷᠠᠭᠤᠯᠤᠨ ᠪᠠᠶᠢᠷᠢᠯᠠᠭᠤᠯᠪᠠ᠃        2022 ᠣᠨ ᠤ 7 ᠰᠠᠷ᠎ᠠ ᠶᠢᠨ 15 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ᠂ ᠪᠦᠬᠦ ᠣᠷᠣᠨ ᠤ ᠤᠯᠤᠰ ᠲᠦᠷᠦ ᠶᠢᠨ ᠭᠡᠰᠢᠭᠦᠨ ᠤ ᠪᠣᠯᠪᠠᠰᠤᠷᠠᠯ ᠤᠨ ᠠᠩᠬᠢ ᠳᠤ ᠪᠠᠭᠠᠲᠤᠷ ᠵᠢᠱᠢᠶᠡᠴᠢ ᠪᠣᠯᠤᠭᠰᠠᠨ ᠦᠢᠯᠡ ᠠᠵᠢᠯᠯᠠᠭ᠎ᠠ ᠶᠢ ᠤᠬᠠᠭᠤᠯᠤᠨ ᠲᠠᠶᠢᠯᠪᠤᠷᠢᠯᠠᠪᠠ᠃        2022 ᠣᠨ ᠤ 7 ᠰᠠᠷ᠎ᠠ ᠶᠢᠨ 16 ᠤ ᠡᠳᠦᠷ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠨᠢᠰᠬᠡᠯ ᠤᠨ ᠪᠠᠭᠤᠳᠠᠯ ᠤᠨ ᠲᠦᠷᠭᠡᠨ ᠤ ᠵᠠᠮ ᠤᠨ ᠬᠢᠵᠢᠭ ᠤᠨ ᠪᠠᠶᠢᠳᠠᠯ ᠤᠨ ᠦᠢᠯᠡᠴᠢᠯᠡᠭᠡᠨ ᠤ ᠥᠷᠲᠡᠭᠡᠨ ᠳᠤ ᠭᠦᠨᠵᠡᠭᠡᠶᠢᠷᠡᠨ  ᠡᠯ᠎ᠡ  ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠬᠤ ᠶᠢᠨ ᠬᠠᠮᠲᠤ ᠂   ᠵᠢᠵᠢᠬᠦᠷᠯᠡᠭᠴᠢ ᠶᠢ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠬᠥᠮᠦᠨ ᠪᠠ ᠲᠡᠷᠭᠡ ᠳᠠᠭᠠᠷᠠᠪᠠᠯ ᠵᠠᠪᠠᠯ ᠪᠠᠶᠢᠴᠠᠭᠠᠵᠤ ᠵᠠᠪᠠᠯ ᠪᠠᠶᠢᠴᠠᠭᠠᠵᠤ᠂ ᠣᠳᠣᠬᠠᠨ ᠤ ᠪᠥᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠶᠢᠨ ᠬᠠᠮᠲᠤ ᠵᠢᠵᠢᠬᠦᠷᠯᠡᠭᠴᠢ ᠳᠤ ᠬᠠᠯᠠᠭᠤᠨ ᠢ ᠪᠠᠭᠤᠷᠠᠭᠤᠯᠬᠤ᠂ ᠵᠢᠵᠢᠭᠦᠷᠯᠡᠵᠦ ᠠᠮᠠᠷᠠᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠰᠠᠨᠠᠭᠤᠯᠪᠠ᠃        2022 ᠣᠨ ᠤ 7 ᠰᠠᠷ᠎ᠠ ᠶᠢᠨ 18 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠬᠠᠤᠯᠢ ᠴᠠᠭᠠᠵᠠ ᠳᠤ ᠬᠤᠯᠪᠣᠭᠳᠠᠭᠰᠠᠨ ᠵᠠᠷᠭᠤ ᠳᠤ ᠬᠤᠯᠪᠣᠭᠳᠠᠭᠰᠠᠨ ᠭᠤᠤᠯᠳᠠᠯᠭ᠎ᠠ ᠲᠠᠢ ᠵᠠᠬᠢᠳᠠᠯ ᠰᠤᠷᠪᠤᠯᠵᠢᠯᠠᠯ  ᠤᠨ ᠬᠡᠷᠡᠭ ᠢ  ᠰᠢᠢᠳᠪᠦᠷᠢᠯᠡᠬᠦ  ᠠᠵᠢᠯ ᠢ ᠳᠥᠯᠭᠢᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠠᠶᠢᠮᠠᠭ ᠤᠨ ᠲᠣᠪᠴᠢᠶ᠎ᠠ ᠶᠢᠨ ᠭᠠᠷᠠᠭ ᠤᠨ ᠳᠣᠭᠢᠷᠠᠭᠤᠯᠬᠤ ᠬᠤᠷᠠᠯ ᠤᠨ ᠵᠠᠷᠯᠠᠨ ᠮᠡᠳᠡᠭᠳᠡᠭᠰᠡᠨ 7 ᠬᠡᠷᠡᠭ ᠢ ᠰᠢᠢᠳᠪᠦᠷᠢᠯᠡᠬᠦ ᠠᠵᠢᠯ ᠢ ᠥᠷᠨᠢᠭᠦᠯᠦᠭᠰᠡᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠲᠠᠷᠠᠭᠠᠴᠢ ᠶᠢᠨ ᠠᠯᠬᠤᠮ ᠤᠨ ᠲᠥᠯᠥᠪᠯᠡᠭᠡ   ᠶᠢ ᠨᠢᠬᠡᠳ ᠨᠢᠬᠡ ᠪᠠᠷ ᠰᠤᠨᠤᠰᠪᠠ᠃  ᠬᠠᠤᠯᠢ ᠲᠦᠷᠢᠮ᠂ ᠡᠷᠡᠭᠦᠤ ᠶᠢᠨ ᠬᠡᠷᠡᠭ ᠤᠨ ᠲᠠᠩᠨᠠᠨ ᠪᠠᠶᠢᠴᠠᠭᠠᠯᠲᠠ᠂ ᠠᠮᠤᠷ ᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ  ᠤᠷᠤᠯᠴᠠᠪᠠ᠃        2022 ᠣᠨ ᠤ 7 ᠰᠠᠷ᠎ᠠ ᠶᠢᠨ 19 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠠᠵᠤ ᠠᠬᠤᠶ ᠶᠢᠨ ᠲᠠᠩᠨᠠᠨ ᠪᠠᠶᠢᠴᠠᠭᠠᠯᠲᠠ ᠶᠢᠨ ᠭᠤᠤᠯᠳᠠᠯᠭ᠎ᠠ ᠲᠠᠢ ᠬᠡᠷᠡᠭ ᠤᠨ  ᠲᠠᠩᠨᠠᠨ ᠪᠠᠶᠢᠴᠠᠭᠠᠯᠲᠠ ᠶᠢᠨ ᠠᠵᠢᠯ ᠤᠨ ᠲᠠᠩᠨᠠᠨ ᠪᠠᠶᠢᠴᠠᠭᠠᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠤᠯᠪᠣᠭᠳᠠᠯ ᠪᠥᠬᠦᠶ ᠬᠡᠷᠡᠭ ᠰᠢᠢᠳᠪᠦᠷᠢᠯᠡᠬᠦ ᠠᠵᠢᠯᠲᠠᠨ ᠲᠠᠢ ᠰᠤᠳᠤᠯᠤᠨ ᠶᠠᠷᠢᠯᠴᠠᠵᠤ᠂ ᠵᠢᠷᠤᠭ ᠤᠨ ᠰᠠᠮᠪᠠᠷ᠎ᠠ ᠲᠠᠢ ᠤᠶᠠᠯᠳᠤᠭᠤᠯᠤᠨ ᠬᠡᠷᠡᠭ ᠤᠨ ᠲᠠᠩᠨᠠᠨ ᠪᠠᠶᠢᠴᠠᠭᠠᠯᠲᠠ ᠶᠢᠨ ᠴᠢᠭᠯᠡᠯ ᠢ ᠲᠣᠳᠣᠷᠬᠠᠶᠢᠯᠠᠵᠤ  ᠬᠡᠷᠡᠭ ᠢ  ᠰᠢᠢᠳᠪᠦᠷᠢᠯᠡᠬᠦ ᠶᠢ ᠠᠬᠢᠭᠤᠯᠪᠠ᠃        2022 ᠣᠨ ᠤ 7 ᠰᠠᠷ᠎ᠠ ᠶᠢᠨ 20 ᠤ ᠡᠳᠦᠷ ᠤᠨ ᠣᠷᠣᠶ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠵᠣᠨ ᠤ ᠤᠯᠠᠷᠢᠯ ᠤᠨ ᠠᠮᠤᠷ ᠢ ᠬᠠᠮᠠᠭᠠᠯᠠᠬᠤ ᠠᠵᠢᠯ  ᠤᠨ ᠴᠣᠬᠢᠯᠲᠠ ᠥᠭᠴᠦ ᠴᠡᠭᠴᠡᠯᠡᠨ ᠵᠠᠰᠠᠬᠤ ︽ᠵᠠᠭᠤᠨ ᠡᠳᠦᠷ ᠤᠨ ᠠᠵᠢᠯᠯᠠᠭ᠎ᠠ︾ ᠶᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠴᠣᠬᠢᠯᠲᠠ ᠥᠭᠴᠦ ᠴᠡᠭᠴᠡᠯᠡᠨ ᠵᠠᠰᠠᠬᠤ ᠱᠠᠲᠤᠨ ᠤ ᠠᠵᠢᠯ ᠳᠤ ᠴᠢᠭᠯᠡᠭᠦᠯᠦᠨ ᠳᠠᠬᠢᠨᠲᠠ ᠴᠢᠬᠤᠯᠠᠴᠢᠯᠠᠵᠤ᠂ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠥᠬᠦᠶ ᠬᠤᠷᠠᠯ ᠵᠢᠴᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠬᠤ ᠶᠢᠨ ᠬᠠᠮᠲᠤ ᠵᠠᠬᠢᠳᠠᠯ ᠰᠤᠷᠪᠤᠯᠵᠢᠯᠠᠯ ᠤᠨ ᠲᠤᠬᠳᠠᠭᠤᠨ ᠪᠠᠶᠢᠳᠠᠯ ᠢ ᠬᠠᠮᠠᠭᠠᠯᠠᠬᠤ᠂ ᠴᠠᠭᠳᠠᠭ᠎ᠠ ᠶᠢ ᠴᠢᠩᠭ᠎ᠠ ᠵᠠᠰᠠᠬᠤ᠂ ᠡᠩᠨᠡᠭᠡ ᠶᠢᠨ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃        2022 ᠣᠨ ᠤ 7 ᠰᠠᠷ᠎ᠠ ᠶᠢᠨ 20 ᠤ ᠣᠷᠣᠶ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠠᠵᠤ ᠠᠬᠤᠶ ᠶᠢᠨ ᠲᠠᠩᠨᠠᠨ ᠪᠠᠶᠢᠴᠠᠭᠠᠯᠲᠠ ᠶᠢᠨ ᠭᠠᠶᠢᠯᠢ ᠳᠤ ᠬᠤᠯᠪᠣᠭᠳᠠᠭᠰᠠᠨ ᠭᠤᠣᠯᠳᠠᠯᠭ᠎ᠠ ᠲᠠᠢ ᠬᠡᠷᠡᠭ ᠤᠨ ᠬᠠᠷᠢᠭᠤ ᠮᠡᠳᠡᠭᠦᠯᠦᠯᠲᠡ ᠶᠢ  ᠰᠤᠨᠤᠰᠪᠠ᠃ ᠲᠣᠰ ᠬᠡᠷᠡᠭ ᠨᠢ ᠪᠥᠬᠦ ᠤᠯᠤᠰ ᠤᠨ ᠡᠮ ᠡᠮᠨᠡᠯᠭᠡ ᠶᠢᠨ ᠬᠦᠷᠢᠶᠡᠨ ᠳᠠᠬᠢ ᠨᠢᠭᠤᠭᠳᠠᠮᠠᠯ ᠲᠦᠷᠢᠮ ᠢ ᠲᠤᠰᠬᠠᠵᠤ᠂ ᠡᠮ ᠡᠮᠨᠡᠯᠭᠡ ᠶᠢᠨ ᠠᠮᠢ ᠠᠬᠤᠶ ᠶᠢᠨ ᠠᠰᠠᠭᠤᠳᠠᠯ ᠳᠤ ᠬᠤᠯᠪᠣᠭᠳᠠᠭᠰᠠᠨ ᠠᠴᠠ ᠪᠣᠯᠵᠣ᠂ ᠵᠢᠷᠤᠭ ᠤᠨ ᠰᠠᠮᠪᠠᠷ᠎ᠠ ᠪᠠᠷ ᠳᠠᠮᠵᠢᠭᠤᠯᠤᠨ ᠬᠡᠷᠡᠭ ᠢ ᠲᠠᠩᠨᠠᠨ  ᠰᠢᠢᠳᠪᠦᠷᠢᠯᠡᠬᠦ ᠪᠥᠬᠦ ᠠᠵᠢᠯᠲᠠᠨ ᠳᠤ ᠲᠠᠩᠨᠠᠨ ᠪᠠᠶᠢᠴᠠᠭᠠᠵᠤ ᠭᠡᠷᠡᠴᠢ ᠠᠪᠬᠤ᠂ ᠭᠡᠷᠡᠴᠢ ᠪᠠᠷᠢᠮᠲᠠ ᠶᠢᠨ ᠰᠢᠰᠲ᠋ᠧᠮ᠂ ᠭᠡᠷᠡᠴᠢ ᠪᠠᠷᠢᠮᠲᠠ ᠶᠢᠨ ᠬᠡᠯᠬᠢᠶ᠎ᠡ ᠵᠡᠷᠭᠡ ᠡᠯ᠎ᠡ ᠵᠠᠩᠭᠢᠯᠠᠭ᠎ᠠ ᠶᠢᠨ ᠭᠤᠤᠯᠳᠠᠯᠭ᠎ᠠ ᠲᠠᠢ ᠡᠭᠦᠷᠭᠡ ᠶᠢ ᠲᠠᠶᠢᠯᠪᠤᠷᠢᠯᠠᠨ ᠥᠭᠴᠦ᠂ ᠬᠤᠯᠪᠣᠭᠳᠠᠯ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃        2022 ᠣᠨ ᠤ 7 ᠰᠠᠷ᠎ᠠ ᠶᠢᠨ 21 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ 302 ᠪᠠᠶᠢᠴᠠᠭᠠᠬᠤ ᠥᠷᠲᠡᠭᠡ ᠶᠢᠨ ᠰᠢᠨ᠎ᠡ ᠭᠠᠵᠠᠷ ᠤᠨ ᠪᠠᠷᠢᠯᠭ᠎ᠠ ᠶᠢᠨ ᠲᠤᠬᠠᠶ ᠶᠢᠨ ᠲᠠᠯᠠᠪᠤᠷ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠠᠵᠢᠯ ᠡᠬᠢᠯᠡᠬᠦ ᠶᠣᠰᠣᠯᠠᠯ ᠳᠤ ᠣᠷᠣᠯᠴᠠᠵᠠᠶ᠃ ᠪᠠᠶᠢᠴᠠᠭᠠᠬᠤ ᠥᠷᠲᠡᠭᠡᠨ ᠤ ᠲᠥᠷᠥᠯ ᠵᠦᠢᠯ ᠤᠨ ᠬᠠᠷᠢᠭᠤᠴᠠᠯᠭᠠᠲᠠᠨ ᠤ ᠪᠠᠷᠢᠯᠭ᠎ᠠ ᠶᠢᠨ ᠬᠤᠭᠤᠴᠠᠭᠠᠨ ᠤ ᠠᠬᠢᠴᠠ᠂ ᠪᠥᠲᠥᠭᠡᠨ ᠪᠠᠶᠢᠭᠤᠯᠤᠯᠲᠠ ᠶᠢᠨ ᠵᠠᠷᠤᠳᠠᠯ᠂ ᠲᠥᠬᠦᠭᠡᠷᠦᠮᠵᠢ ᠶᠢᠨ ᠲᠣᠬᠢᠷᠠᠭᠤᠯᠤᠯᠲᠠ ᠵᠡᠷᠭᠡ ᠲᠠᠯ᠎ᠠ ᠶᠢᠨ ᠪᠠᠶᠢᠳᠠᠯ ᠤᠨ ᠲᠤᠬᠠᠶ ᠲᠠᠨᠢᠯᠴᠠᠭᠤᠯᠭ᠎ᠠ ᠶᠢ ᠰᠣᠨᠣᠰᠪᠠ        2022 ᠣᠨ ᠤ 7 ᠰᠠᠷ᠎ᠠ ᠶᠢᠨ 21 ᠤ ᠡᠳᠦᠷ ᠤᠨ ᠡᠮᠦᠨ᠎ᠡ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ᠂ ᠴᠠᠭᠳᠠᠭᠠᠨ ᠤ ᠬᠠᠮᠠᠭᠠᠯᠠᠯᠲᠠ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠳᠠᠭᠠᠭᠤᠯᠤᠨ ᠬᠡᠬᠡᠨᠰᠦ᠋ᠮ᠎ᠡ ᠬᠢᠵᠢᠭ ᠤᠨ ᠪᠠᠶᠢᠳᠠᠯ ᠤᠨ ᠦᠢᠯᠡᠴᠢᠯᠡᠭᠡᠨ ᠤ ᠥᠷᠲᠡᠭᠡ᠂ ᠬᠤᠳᠠ ᠶᠢᠨ ᠵᠡᠬᠦᠨᠳᠡᠬᠢ ᠲᠦᠷᠭᠡᠨ ᠤ  ᠵᠠᠮ ᠤᠨ ᠬᠢᠵᠢᠭ ᠤᠨ ᠪᠠᠶᠢᠳᠠᠯ ᠤᠨ ᠦᠢᠯᠡᠴᠢᠯᠡᠭᠡᠨ ᠤ ᠥᠷᠲᠡᠭᠡ ᠳᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠡᠷᠡᠬᠦᠯ ᠮᠡᠨᠳᠤ   ᠶᠢᠨ ᠺᠣᠳ᠋ ᠰᠢᠷᠪᠢᠬᠦ᠂ ᠳᠠᠩᠰᠠᠯᠠᠬᠤ᠂ ᠠᠮᠠᠪᠴᠢ ᠵᠡᠭᠦᠬᠦ᠂ ︽ᠨᠢᠭᠡ ᠮᠧᠲᠷ ᠤᠨ ᠱᠤᠭᠤᠮ︾ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠱᠠᠭᠠᠷᠳᠠᠭᠰᠠᠨ ᠤ ᠬᠠᠮᠲᠤ᠂ ᠵᠢᠵᠢᠭᠦᠷᠯᠡᠭᠴᠢ ᠳᠤ ᠬᠠᠯᠠᠭᠤᠨ ᠢ  ᠪᠠᠭᠤᠷᠠᠭᠤᠯᠬᠤ᠂ ᠡᠳ᠋ ᠪᠣᠳᠠᠰ ᠭᠤᠶᠤᠴᠢᠯᠠᠨ ᠠᠪᠬᠤ᠂ ᠲᠣᠰ ᠪᠡᠶ᠎ᠡ ᠶᠢᠨ ᠬᠠᠮᠠᠭᠠᠯᠠᠯᠲᠠ ᠵᠡᠷᠭᠡ ᠲᠠᠯ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠰᠠᠨᠠᠭᠤᠯᠪᠠ᠃        2022 ᠣᠨ ᠤ 7 ᠰᠠᠷ᠎ᠠ ᠶᠢᠨ 25 ᠤ ᠡᠳᠦᠷ ᠤᠨ ᠣᠷᠣᠶ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠠᠵᠤ ᠠᠬᠤᠶ ᠶᠢᠨ  ᠲᠠᠩᠨᠠᠨ ᠪᠠᠶᠢᠴᠠᠭᠠᠯᠲᠠ ᠶᠢᠨ ᠭᠠᠶᠢᠯᠢ ᠳᠤ ᠬᠤᠯᠪᠣᠭᠳᠠᠭᠰᠠᠨ ᠭᠤᠤᠯᠳᠠᠯᠭ᠎ᠠ ᠲᠠᠢ ᠬᠡᠷᠡᠭ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠪᠯᠡᠷᠡᠭᠦᠯᠦᠨ ᠨᠢᠭᠡᠳᠦᠯᠲᠡᠶ  ᠰᠡᠬᠦᠯ  ᠬᠤᠷᠢᠶᠠᠬᠤ ᠠᠵᠢᠯᠯᠠᠭ᠎ᠠ ᠶᠢ ᠳᠣᠭᠢᠷᠠᠭᠤᠯᠤᠨ ᠪᠠᠶᠢᠷᠢᠯᠠᠭᠤᠯᠪᠠ᠃       2022 ᠣᠨ ᠤ 7 ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠬᠠᠮᠳᠦᠷᠠᠬᠰᠠᠨ ᠪᠠᠶᠢᠯᠳᠤᠭᠠᠨ ᠤ ᠲᠥᠪ ᠤᠨ ᠶᠡᠭᠡ ᠲᠢᠩᠬᠢᠮ ᠳᠤ ᠠᠵᠤ ᠠᠬᠤᠶ ᠶᠢᠨ ᠲᠠᠩᠨᠠᠨ ᠪᠠᠶᠢᠴᠠᠭᠠᠯᠲᠠ ᠶᠢᠨ ᠭᠠᠶᠢᠯᠢ ᠳᠤ ᠬᠤᠯᠪᠣᠭᠳᠠᠭᠰᠠᠨ ᠭᠤᠤᠯᠳᠠᠯᠭ᠎ᠠ ᠲᠠᠢ ᠬᠡᠷᠡᠭ ᠢ ᠬᠤᠶᠠᠷ ᠮᠤᠵᠢ ᠣᠯᠠᠨ ᠭᠠᠵᠠᠷ ᠤᠨ ᠰᠡᠬᠦᠯ ᠬᠤᠷᠢᠶᠠᠬᠤ ᠠᠵᠢᠯᠯᠠᠭ᠎ᠠ ᠶᠢ ᠵᠢᠯᠣᠭᠤᠳᠤᠨ ᠳᠣᠭᠢᠷᠠᠭᠤᠯᠤᠭᠰᠠᠨ ᠪᠥᠭᠡᠳ ᠪᠣᠳᠠᠲᠤ ᠪᠠᠶᠢᠯᠳᠤᠭᠠᠨ ᠤ ᠰᠣᠷᠢᠯᠲᠠ ᠶᠢᠨ ᠠᠵᠢᠯ ᠳᠤ ᠪᠣᠳᠠᠲᠠᠶ ᠠᠵᠢᠯ ᠤᠨ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃        2022 ᠣᠨ ᠤ 7 ᠰᠠᠷ᠎ᠠ ᠶᠢᠨ 27 ᠤ ᠤᠷᠤᠢ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠤᠷᠢᠳ ᠬᠤᠵᠢᠳ ᠫᠢᠸᠤ᠋ ᠶᠢᠨ ᠦᠷᠦᠭᠡ ᠶᠢᠨ ᠰᠥᠨᠢ ᠶᠢᠨ ᠵᠠᠬ᠎ᠠ ᠳᠡᠯᠭᠡᠭᠦᠷ᠂  ᠲᠡᠬᠦᠯᠢᠨ ᠲᠤᠳᠤᠭᠠᠳᠤ ᠶᠢ ᠬᠠᠮᠠᠭᠠᠯᠠᠬᠤ ᠰᠠᠯᠪᠤᠷᠢ᠂ ᠬᠢᠩᠭᠠᠨ ᠲᠤᠳᠤᠭᠠᠳᠤ ᠶᠢ ᠬᠠᠮᠠᠭᠠᠯᠠᠬᠤ ᠰᠠᠯᠪᠤᠷᠢ᠂  ᠲᠡᠮᠦᠷ ᠵᠠᠮ ᠤᠨ ᠪᠠᠷᠠᠭᠤᠨᠳᠠᠬᠢ ᠲᠤᠳᠤᠭᠠᠳᠤ ᠶᠢ ᠬᠠᠮᠠᠭᠠᠯᠠᠬᠤ ᠰᠠᠯᠪᠤᠷᠢ  ᠪᠠᠷ ᠭᠦᠨᠵᠡᠭᠡᠶᠢᠷᠡᠵᠦ᠂ ᠵᠤᠨ ᠤ ᠤᠯᠠᠷᠢᠯ ᠤᠨ ᠠᠮᠤᠷ ᠢ ᠬᠠᠮᠠᠭᠠᠯᠠᠬᠤ ᠠᠵᠢᠯ  ᠤᠨ ᠴᠣᠬᠢᠯᠲᠠ ᠥᠭᠴᠦ ᠴᠡᠭᠴᠡᠯᠡᠨ ᠵᠠᠰᠠᠬᠤ ︽ᠵᠠᠭᠤᠨ ᠡᠳᠦᠷ ᠤᠨ ᠠᠵᠢᠯᠯᠠᠭ᠎ᠠ︾᠂ ᠬᠠᠤᠯᠢ ᠬᠡᠷᠡᠭᠵᠢᠭᠦᠯᠦᠯᠲᠡ ᠶᠢ  ᠲᠦᠷᠢᠮᠵᠢᠬᠦᠯᠬᠦ᠂ ᠳᠣᠲᠣᠭᠠᠳᠤ ᠶᠠᠪᠤᠳᠠᠯ ᠤᠨ ᠬᠠᠮᠢᠶᠠᠷᠤᠯᠲᠠ᠂ ︽ᠬᠤᠶᠠᠷ ᠠᠩᠬᠢ ᠨᠢᠭᠡ ᠲᠠᠰᠤᠯᠭ᠎ᠠ︾ ᠵᠡᠷᠭᠡ ᠲᠠᠯ᠎ᠠ ᠶᠢᠨ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠵᠢᠯᠣᠭᠤᠳᠪᠠ᠃        2022 ᠣᠨ ᠤ 7 ᠰᠠᠷ᠎ᠠ ᠶᠢᠨ 28 ᠤ ᠡᠳᠦᠷ ᠤᠨ ᠦᠳᠡ ᠶᠢᠨ ᠬᠤᠶᠢᠨ᠎ᠠ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠠᠵᠤ ᠠᠬᠤᠶ ᠶᠢᠨ ᠲᠠᠩᠨᠠᠨ ᠪᠠᠶᠢᠴᠠᠭᠠᠬᠤ ᠶᠡᠷᠦᠩᠬᠡᠶ ᠠᠩᠭᠢ ᠶᠢᠨ ᠬᠤᠸᠠᠩ ᠱᠢ ᠴᠢᠶᠠᠩ ᠳᠠᠷᠤᠭ᠎ᠠ ᠤᠯᠠᠭᠠᠨᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ  ᠪᠠᠷ ᠭᠦᠨᠵᠡᠭᠡᠶᠢᠷᠡᠨ ︽7.22︾ ᠤᠨ ᠥᠷᠲᠡᠭ ᠨᠡᠮᠡᠭᠳᠡᠯ ᠤᠨ ᠭᠠᠶᠢᠯᠢ ᠶᠢᠨ ᠪᠠᠷᠢᠮᠲᠠ ᠶᠢ ᠬᠤᠳᠠᠯ ᠢᠶᠠᠷ ᠪᠢᠴᠢᠭᠰᠡᠨ ᠣᠨᠴᠠ ᠶᠡᠭᠡ ᠬᠡᠷᠡᠭ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ︽ᠶᠡᠭᠡ ᠮᠥᠷᠦ᠋ᠢᠴᠡᠭᠡᠨ︾᠂ ᠡᠮ ᠡᠮᠨᠡᠯᠭᠡ ᠶᠢᠨ ᠠᠮᠢ ᠠᠬᠤᠶ ᠶᠢᠨ ᠰᠡᠷᠡᠮᠵᠢᠯᠡᠭᠦᠯᠦᠯ ᠵᠢᠴᠢ ᠪᠥᠬᠦ ᠤᠯᠤᠰ ᠤᠨ ᠬᠠᠮᠲᠤᠷᠠᠭᠰᠠᠨ  ᠪᠠᠶᠢᠯᠳᠤᠭᠠᠨ ᠵᠡᠷᠭᠡ ᠲᠠᠯ᠎ᠠ ᠶᠢᠨ ᠠᠵᠢᠯ ᠤᠨ ᠲᠤᠬᠠᠶ ᠰᠠᠨᠠᠯ ᠢᠶᠠᠨ ᠰᠣᠯᠢᠯᠴᠠᠨ ᠶᠠᠷᠢᠯᠴᠠᠵᠤ᠂ ᠵᠠᠰᠠᠭ ᠤᠨ ᠣᠷᠳᠣᠨ ᠤ  ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶ᠎ᠠ ᠶᠢᠨ ᠳᠠᠷᠤᠭ᠎ᠠ ᠯᠢᠦ ᠬᠤᠩ ᠪᠥᠸᠧ ᠣᠷᠣᠯᠴᠠᠵᠠᠶ᠃        2022 ᠣᠨ ᠤ 7 ᠰᠠᠷ᠎ᠠ ᠶᠢᠨ 28 ᠤ ᠣᠷᠣᠶ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ︽7.22︾ ᠤᠨ ᠲᠤᠰᠬᠠᠶ ᠬᠡᠷᠡᠭ ᠤᠨ ᠳᠤᠭᠤᠶᠢᠯᠠᠩ ᠤᠨ ᠺᠠᠳ᠋ᠷ ᠴᠠᠬᠳᠠᠭ᠎ᠠ ᠨᠠᠷ ᠤᠨ ᠢᠯᠠᠯᠲᠠ ᠲᠠᠢ ᠪᠠᠷ ᠪᠤᠴᠠᠵᠤ ᠢᠷᠡᠭᠰᠡᠨ ᠢ ᠤᠭᠲᠤᠬᠤ ᠶᠣᠰᠣᠯᠠᠯ ᠳᠤ ᠣᠷᠣᠯᠴᠠᠪᠠ᠃        2022 ᠣᠨ ᠤ 7 ᠰᠠᠷ᠎ᠠ ᠶᠢᠨ 28 ᠤ ᠣᠷᠣᠶ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠡᠮᠦᠨ᠎ᠡ ᠲᠡᠭᠦᠷᠭᠡ ᠶᠢᠨ  ᠲᠤᠳᠤᠭᠠᠳᠤ ᠶᠢ ᠬᠠᠮᠠᠭᠠᠯᠠᠬᠤ ᠰᠠᠯᠪᠤᠷᠢ  ᠪᠠᠷ ᠭᠦᠨᠵᠡᠭᠡᠶᠢᠷᠡᠨ ᠣᠳᠣᠬᠠᠨ ᠤ ᠭᠤᠣᠯᠳᠠᠯᠭ᠎ᠠ ᠲᠠᠢ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠨ ᠵᠢᠯᠣᠭᠤᠳᠴᠤ᠂ ᠲᠤᠳᠤᠭᠠᠳᠤ ᠶᠢ ᠬᠠᠮᠠᠭᠠᠯᠠᠬᠤ ᠰᠠᠯᠪᠤᠷᠢ ᠶᠢᠨ ᠬᠡᠷᠡᠭ  ᠰᠢᠢᠳᠪᠦᠷᠢᠯᠡᠬᠦ ᠲᠣᠭᠤᠷᠢᠭ᠂ ᠶᠡᠷᠦᠩᠬᠡᠶᠢᠯᠡᠨ ᠵᠢᠯᠣᠭᠤᠳᠬᠤ ᠲᠠᠰᠤᠭ᠂ ᠠᠵᠢᠯ ᠳᠤ ᠪᠡᠯᠡᠳᠬᠡᠬᠦ ᠲᠠᠰᠤᠭ᠂ ᠬᠤᠭᠤᠯᠠᠨ ᠬᠡᠷ᠂ ᠮᠠᠰᠢᠨ ᠤ ᠥᠷᠥᠭᠡ ᠵᠡᠷᠭᠡ ᠴᠢᠳᠠᠮᠵᠢ ᠶᠢᠨ ᠲᠠᠰᠤᠭ ᠢ ᠨᠠᠷᠢᠨ ᠨᠢᠮᠪᠠᠶ ᠪᠠᠶᠢᠴᠠᠭᠠᠵᠤ᠂  ᠬᠠᠷᠢᠶ᠎ᠠ ᠣᠷᠣᠨ ᠤ ᠭᠤᠤᠯᠳᠠᠯᠭ᠎ᠠ ᠲᠠᠢ ᠬᠥᠮᠦᠰ ᠤᠨ ᠲᠣᠭᠲᠠᠭᠤᠨ ᠢᠶᠠᠷ ᠡᠵᠡᠮᠳᠡᠬᠦ ᠵᠢᠴᠢ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠭᠰᠠᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠤᠳᠤᠭᠠᠳᠤ ᠶᠢ ᠬᠠᠮᠠᠭᠠᠯᠠᠬᠤ ᠰᠠᠯᠪᠤᠷᠢ ᠶᠢᠨ ᠨᠠᠮ ᠤᠨ ᠪᠠᠶᠢᠭᠤᠯᠤᠯᠲᠠ᠂ ᠠᠩᠭᠢ ᠶᠢᠨ ᠪᠠᠶᠢᠭᠤᠯᠤᠯᠲᠠ᠂ ᠵᠢᠵᠢᠭᠦᠷᠯᠡᠬᠦ ᠪᠠ ᠠᠵᠢᠯ ᠳᠤ ᠪᠡᠯᠡᠳᠬᠡᠬᠦ ᠵᠡᠷᠭᠡ ᠲᠠᠯ᠎ᠠ ᠶᠢᠨ ᠠᠵᠢᠯ ᠥᠷᠨᠢᠭᠦᠯᠦᠭᠰᠡᠨ ᠪᠠᠶᠢᠳᠠᠯ ᠢ ᠣᠶᠢᠯᠠᠭᠠᠪᠠ᠃        2022 ᠣᠨ ᠤ 7 ᠰᠠᠷ᠎ᠠ ᠶᠢᠨ 29 ᠤ ᠡᠳᠦᠷ ᠤᠨ ᠦᠳᠡ ᠳᠤ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ︽7.22︾ ᠤᠨ ᠲᠤᠰᠬᠠᠶ ᠬᠡᠷᠡᠭ ᠢ ᠳᠥᠯᠭᠢᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠲᠠᠷᠠᠭᠠᠴᠢ ᠶᠢᠨ ᠠᠯᠬᠤᠮ ᠤᠨ ᠠᠵᠢᠯ ᠤᠨ ᠴᠢᠭᠯᠡᠯ ᠢ ᠰᠤᠳᠤᠯᠤᠨ ᠲᠣᠭᠲᠠᠭᠠᠪᠠ᠃        2022 ᠣᠨ ᠤ 7 ᠰᠠᠷ᠎ᠠ ᠶᠢᠨ 30 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠰᠠᠬᠢᠨ ᠬᠤᠷᠢᠬᠤ ᠭᠠᠵᠠᠷ ᠤᠨ ᠵᠡᠪᠰᠡᠭᠲᠦ ᠴᠠᠭᠳᠠᠭ᠎ᠠ ᠶᠢᠨ ᠳᠤᠮᠳᠠ ᠠᠩᠬᠢ ᠵᠢᠴᠢ ᠬᠤᠳᠠ ᠶᠢᠨ ᠭᠠᠯ ᠰᠡᠷᠬᠡᠶᠢᠯᠡᠵᠦ ᠤᠨᠳᠠᠷᠠᠭᠠᠬᠤ ᠠᠪᠤᠷᠠᠨ ᠲᠤᠰᠠᠯᠠᠬᠤ ᠶᠡᠭᠡ ᠠᠩᠬᠢ ᠶᠢ ᠲᠣᠬᠤᠨᠢᠭᠤᠯᠬᠤ ᠶᠢᠨ ᠬᠠᠮᠲᠤ  ᠲᠤᠬᠤᠨᠢᠭᠤᠯᠭ᠎ᠠ ᠶᠢᠨ ᠪᠣᠳᠠᠰ ᠬᠦᠷᠭᠡᠪᠡ᠃
 
ᠢᠷᠡᠯᠲᠡ᠄ ᠤᠯᠠᠭᠠᠨᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号