ᠬᠤᠲᠠ ᠶᠢᠨ ᠳᠡᠳ᠋ ᠳᠠᠷᠤᠭ᠎ᠠ ᠯᠢᠦ ᠬᠤᠩ ᠪᠥᠸᠧ ᠶᠢᠨ 2022 ᠣᠨ ᠤ 8 ᠰᠠᠷ᠎ᠠ ᠶᠢᠨ ᠴᠢᠬᠤᠯᠠ ᠶᠠᠪᠤᠳᠠᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2022/12/26
       8 ᠰᠠᠷ᠎ᠠ ᠶᠢᠨ 1 ᠤ ᠦᠳᠡ ᠶᠢᠨ ᠬᠤᠶᠢᠨ᠎ᠠ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠤᠷᠢᠳ ᠬᠤᠵᠢᠳ ᠠᠮᠠᠷᠬᠠᠨ ᠡ᠊ᠨᠳᠡᠯ ᠭᠠᠷᠬᠤ ᠵᠢᠴᠢ ᠵᠠᠮ ᠬᠠᠷᠢᠯᠴᠠᠭᠠᠨ ᠤ ᠲᠦᠭᠵᠢᠷᠡᠯ ᠤᠨ ᠵᠠᠮ ᠤᠨ ᠬᠡᠰᠡᠭ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠲᠤᠬᠠᠶ ᠶᠢᠨ ᠲᠠᠯᠠᠪᠠᠶ ᠳᠤ ᠠᠵᠢᠯᠯᠠᠬᠤ ᠬᠤᠷᠠᠯ ᠬᠢᠵᠦ᠂ ᠡ᠊ᠡᠳᠡᠯ ᠢ ᠰᠢᠢᠳᠪᠦᠷᠢᠯᠡᠬᠦ ᠳᠤᠮᠳᠠ ᠠᠩᠭᠢ ᠶᠢᠨ ᠠᠷᠠᠳ ᠤᠨ ᠴᠠᠭᠳᠠᠭ᠎ᠠ ᠶᠢᠨ ᠵᠠᠮ ᠬᠠᠷᠢᠯᠴᠠᠭᠠᠨ ᠤ ᠡ᠊ᠡᠳᠡᠯ ᠤᠨ ᠨᠡᠶᠢᠲᠡᠯᠢᠭ ᠬᠡᠷᠡᠭ ᠤᠨ ᠪᠣᠶ ᠪᠣᠯᠤᠭᠰᠠᠨ ᠰᠢᠯᠲᠠᠭᠠᠨ ᠤ ᠲᠤᠬᠠᠶ ᠵᠠᠳᠠᠯᠤᠯᠲᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠲᠠ ᠶᠢᠨ ᠲᠣᠭᠤᠷᠢᠭ ᠤᠨ ᠲᠦᠭᠵᠢᠷᠡᠯ ᠤᠨ ᠵᠠᠮ ᠤᠨ ᠬᠡᠰᠡᠭ ᠲᠤ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠪᠣᠳᠠᠲᠠᠶ ᠠᠵᠢᠯ ᠤᠨ ᠱᠠᠭᠠᠷᠳᠠᠯᠭ᠎ᠠ ᠳᠤᠷᠠᠳᠪᠠ᠃        2022 ᠣᠨ ᠤ 8 ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠲᠣᠪᠴᠢᠶᠠᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢ ᠥᠷᠨᠢᠭᠦᠯᠦᠭᠰᠡᠨ ᠵᠢᠴᠢ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃        2022 ᠣᠨ ᠤ 8 ᠰᠠᠷ᠎ᠠ ᠶᠢᠨ 4 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠬᠤᠲᠠ ᠶᠢᠨ ᠲᠣᠭᠤᠷᠢᠭ ᠤᠨ ᠡᠷᠬᠢᠨ ᠲᠣᠭᠤᠷᠢᠨ ᠳᠤ ᠭᠦᠨᠵᠡᠭᠡᠶᠢᠷᠡᠨ ᠵᠠᠮ ᠬᠠᠷᠢᠯᠴᠠᠭᠠᠨ ᠤ ᠡ᠊ᠡᠳᠡᠯ ᠢ ᠤᠷᠢᠳᠴᠢᠯᠠᠨ ᠰᠡᠷᠭᠡᠶᠢᠯᠡᠬᠦ ︽ᠬᠡᠮᠵᠢᠶ᠎ᠡ ᠶᠢ ᠪᠠᠭᠠᠰᠬᠠᠵᠤ ᠶᠡᠭᠡ ᠶᠢ ᠬᠢᠵᠠᠭᠠᠷᠯᠠᠬᠤ︾ ᠠᠵᠢᠯ ᠢ ᠪᠠᠶᠢᠴᠠᠭᠠᠨ ᠰᠤᠳᠤᠯᠪᠠ᠃        2022 ᠣᠨ ᠤ 8 ᠰᠠᠷ᠎ᠠ ᠶᠢᠨ 5 ᠤ ᠤᠷᠤᠢ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠬᠤᠳᠠ ᠶᠢᠨ ᠲᠣᠭᠤᠷᠢᠭ   ᠢᠶᠠᠷ ᠭᠦᠨᠵᠡᠭᠡᠶᠢᠷᠡᠨ ᠵᠤᠨ ᠤ ᠤᠯᠠᠷᠢᠯ ᠤᠨ ᠠᠮᠤᠷ ᠢ ᠬᠠᠮᠠᠭᠠᠯᠠᠬᠤ ᠠᠵᠢᠯ  ᠤᠨ ᠴᠣᠬᠢᠯᠲᠠ ᠥᠭᠴᠦ ᠴᠡᠭᠴᠡᠯᠡᠨ ᠵᠠᠰᠠᠬᠤ ︽ᠵᠠᠭᠤᠨ ᠡᠳᠦᠷ ᠤᠨ ᠠᠵᠢᠯᠯᠠᠭ᠎ᠠ︾ ᠶᠢᠨ ᠠᠵᠢᠯ ᠥᠷᠨᠢᠭᠦᠯᠦᠭᠰᠡᠨ ᠪᠠᠶᠢᠳᠠᠯ ᠢ ᠪᠠᠶᠢᠴᠠᠭᠠᠪᠠ᠃        2022 ᠣᠨ ᠤ 8 ᠰᠠᠷ᠎ᠠ ᠶᠢᠨ 6 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠤᠯᠠᠭᠠᠨᠬᠤᠲᠠ ᠶᠢᠨ ᠮᠠᠷᠠᠽᠤᠨ ᠤ ᠤᠷᠤᠯᠳᠤᠭᠠᠨ ᠤ ᠠᠮᠤᠷ ᠲᠦᠪᠰᠢᠨ ᠤ ᠬᠠᠮᠠᠭᠠᠯᠠᠯᠲᠠ ᠶᠢᠨ ᠠᠵᠢᠯ ᠢ ᠳᠣᠭᠢᠷᠠᠭᠤᠯᠤᠨ ᠪᠠᠶᠢᠴᠠᠭᠠᠪᠠ᠃        2022 ᠣᠨ ᠤ 8 ᠰᠠᠷ᠎ᠠ ᠶᠢᠨ 9 ᠤ ᠡᠳᠦᠷ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠤᠬᠠᠭᠤᠯᠬᠤ ᠭᠠᠵᠠᠷ ᠤᠨ ᠤᠳᠤᠷᠢᠳᠤᠯᠭ᠎ᠠ ᠳᠤ ᠪᠠᠷ᠎ᠠ ᠪᠣᠯᠵᠣ ᠪᠠᠶᠢᠴᠠᠭᠠᠨ ᠰᠤᠳᠤᠯᠪᠠ᠃        2022 ᠣᠨ ᠤ 8 ᠰᠠᠷ᠎ᠠ ᠶᠢᠨ 10 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠲᠠᠢ ᠶᠠᠷᠢᠯᠴᠠᠭᠰᠠᠨ ᠪᠥᠭᠡᠳ ︽7.22︾ ᠤᠨ ᠬᠡᠷᠡᠭ ᠤᠨ ᠲᠤᠬᠠᠢ ᠬᠠᠷᠢᠭᠤ ᠮᠡᠳᠡᠭᠦᠯᠦᠯᠲᠡ ᠬᠢᠵᠦ ᠲᠠᠨᠢᠯᠴᠠᠭᠤᠯᠪᠠ᠃        2022 ᠣᠨ ᠤ 8 ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ  ᠂ ᠦᠨᠡᠨᠴᠢ ᠰᠢᠳᠤᠷᠭᠤ  ᠪᠠᠷ ᠠᠮᠤᠷ  ᠲᠤᠬᠳᠠᠭᠤᠨ ᠢ ᠬᠠᠮᠠᠭᠠᠯᠠᠶ᠎ᠠ︾ ᠭᠡᠬᠦ ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ 2022 ᠣᠨ ᠤ ᠴᠠᠭᠳᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠵᠢᠴᠢ ᠪᠥᠬᠦ ᠴᠠᠭᠳᠠᠭᠠᠨ ᠤ ᠪᠣᠳᠠᠲᠤ ᠪᠠᠶᠢᠯᠳᠤᠭᠠᠨ ᠤ ᠤᠷᠤᠯᠳᠤᠭᠠᠨ ᠤ ᠰᠢᠷᠢᠰ ᠤᠷᠤᠯᠳᠤᠭᠠᠨ ᠤ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠡᠶ᠃        2022 ᠣᠨ ᠤ 8 ᠰᠠᠷ᠎ᠠ ᠶᠢᠨ 11 ᠤ ᠡᠳᠦᠷ ᠤᠨ ᠣᠷᠣᠶ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ︽7.22︾  ᠤᠨ ᠭᠠᠶᠢᠯᠢ ᠳᠤ ᠬᠤᠯᠪᠣᠭᠳᠠᠭᠰᠠᠨ ᠭᠤᠤᠯᠳᠠᠯᠭ᠎ᠠ ᠲᠠᠢ ᠬᠡᠷᠡᠭ ᠤᠨ  ᠰᠦᠪᠡᠭᠴᠢ ᠶᠢ ᠥᠷᠭᠡᠳᠬᠡᠨ ᠲᠠᠩᠨᠠᠨ ᠪᠠᠶᠢᠴᠠᠭᠠᠵᠤ ᠴᠣᠬᠢᠯᠲᠠ ᠥᠭᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃        2022 ᠣᠨ ᠤ 8 ᠰᠠᠷ᠎ᠠ ᠶᠢᠨ 13 ᠤ ᠤᠷᠤᠢ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ︽7.22︾ ᠤᠨ ᠬᠡᠷᠡᠭ   ᠤᠨ ᠲᠠᠩᠨᠠᠨ ᠪᠠᠶᠢᠴᠠᠭᠠᠯᠳᠠ ᠶᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠣᠳᠣᠬᠠᠨ ᠤ ᠬᠡᠷᠡᠭ ᠢ ᠲᠠᠩᠨᠠᠨ ᠰᠢᠢᠳᠪᠦᠷᠢᠯᠡᠭᠰᠡᠨ ᠪᠠᠶᠢᠳᠠᠯ ᠢ ᠰᠣᠨᠣᠰᠤᠭᠰᠠᠨ ᠪᠥᠭᠡᠳ ᠠᠮᠢ ᠠᠬᠤᠢ ᠶᠢᠨ ᠰᠤᠳᠤᠯᠭᠠᠨ ᠤ ᠮᠡᠳᠡᠭᠦᠯᠦᠯᠲᠡ ᠶᠢ ᠪᠢᠴᠢᠬᠦ ᠲᠤᠬᠠᠢ ᠳᠤᠬᠢᠷᠠᠭᠤᠯᠤᠯᠳᠠ ᠬᠢᠵᠡᠢ᠃        2022 ᠣᠨ ᠤ 8 ᠰᠠᠷ᠎ᠠ ᠶᠢᠨ 16 ᠤ ᠤᠷᠤᠢ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ 2022 ᠣᠨ ᠤ ᠶᠢᠰᠦᠳᠦᠭᠡᠷ ᠤᠳᠠᠭ᠎ᠠ ᠶᠢᠨ ᠨᠠᠮ ᠤᠨ  ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶ ᠤᠨ ᠰᠤᠷᠤᠯᠴᠠᠯᠭ᠎ᠠ ᠶᠢᠨ ᠬᠤᠷᠠᠯ ᠵᠢᠴᠢ ᠣᠳᠣᠬᠠᠨ ᠤ ᠭᠤᠣᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠤᠳᠠ ᠶᠢᠨ ᠨᠠᠮ ᠤᠨ  ᠬᠤᠷᠢᠶ᠎ᠠ ᠵᠠᠰᠠᠭ ᠤᠨ ᠣᠷᠳᠣᠨ ᠤ ᠭᠤᠣᠯᠳᠠᠯᠭ᠎ᠠ ᠲᠠᠢ ᠠᠵᠢᠯ ᠤᠨ ᠱᠠᠭᠠᠷᠳᠠᠯᠭ᠎ᠠ ᠪᠣᠯᠤᠨ ᠪᠦᠬᠦ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠵᠢᠯ ᠤᠨ ᠬᠠᠷᠢᠭᠤ ᠮᠡᠳᠡᠭᠦᠯᠵᠦ ᠦᠨᠡᠯᠡᠬᠦ ᠬᠤᠷᠠᠯ ᠤᠨ ᠵᠣᠷᠢᠭ ᠰᠠᠨᠠᠭ᠎ᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠪᠠ᠃        2022 ᠣᠨ ᠤ 8 ᠰᠠᠷ᠎ᠠ ᠶᠢᠨ 17 ᠤ ᠡᠳᠦᠷ ᠤᠨ ᠣᠷᠣᠶ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ︽7.22︾ ᠤᠨ ᠬᠡᠷᠡᠭ  ᠢ ᠲᠠᠩᠨᠠᠨ ᠪᠠᠶᠢᠴᠠᠭᠠᠯᠳᠠ ᠶᠢᠨ ᠠᠵᠢᠯ ᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠪᠠᠷᠢᠪᠴᠢᠯᠠᠬᠤ ᠪᠠᠷ ᠮᠡᠳᠡᠭᠦᠯᠬᠦ ᠠᠵᠢᠯ ᠳᠤ ᠴᠢᠭᠯᠡᠭᠦᠯᠦᠨ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃        2022 ᠣᠨ ᠤ 8 ᠰᠠᠷ᠎ᠠ ᠶᠢᠨ 18 ᠤ ᠦᠳᠡ ᠶᠢᠨ ᠡᠮᠦᠨ᠎ᠡ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠬᠤᠷᠢᠶ᠎ᠠ ᠰᠢᠭᠦᠬᠦ ᠬᠤᠷᠢᠶ᠎ᠠ ᠶᠢᠨ ︽ᠭᠤᠷᠪᠠᠨ ᠳᠠᠷᠤᠭ᠎ᠠ︾ ᠶᠢᠨ ᠬᠠᠮᠲᠤᠷᠠᠭᠰᠠᠨ ᠬᠤᠷᠠᠯ ᠢ ᠡᠷᠬᠢᠯᠡᠨ ᠬᠤᠷᠠᠯᠳᠤᠭᠤᠯᠵᠤ᠂  ᠮᠧᠩ ᠭᠧ   ᠶᠢᠨ ᠷᠦᠢ ᠯᠦᠩ ᠤᠨ ᠣᠯᠠᠨ ᠲᠦᠮᠡᠨ ᠳᠤ ᠬᠤᠯᠪᠣᠭᠳᠠᠬᠤ ᠬᠡᠯᠪᠡᠷᠢ ᠶᠢᠨ ᠠᠵᠤ ᠠᠬᠤᠶ ᠶᠢᠨ ᠬᠡᠷᠡᠭ ᠢ ᠲᠠᠩᠨᠠᠨ ᠰᠢᠢᠳᠪᠦᠷᠢᠯᠡᠬᠦ ᠵᠢᠴᠢ ᠰᠢᠭᠦᠨ ᠰᠢᠢᠳᠪᠦᠷᠢᠯᠡᠬᠦ ᠠᠵᠢᠯ ᠢ ᠵᠥᠪᠳᠡᠯᠴᠡᠨ ᠰᠤᠳᠤᠯᠵᠤ᠂ ᠬᠡᠷᠡᠭ ᠢ ᠨᠥᠬᠦᠪᠥᠷᠢᠯᠡᠨ ᠲᠠᠩᠨᠠᠨ ᠪᠠᠶᠢᠴᠠᠭᠠᠬᠤ᠂ ᠭᠡᠷᠡᠴᠢ ᠪᠠᠷᠢᠮᠲᠠ ᠴᠤᠭᠯᠠᠭᠤᠯᠬᠤ᠂ ᠬᠢᠨᠠᠨ ᠲᠣᠭᠲᠠᠭᠠᠭᠰᠠᠨ ᠳ᠋ᠦᠩᠨᠡᠯᠲᠡ ᠵᠡᠷᠭᠡ ᠠᠰᠠᠭᠤᠳᠠᠯ ᠢ ᠭᠦᠨᠵᠡᠭᠡᠶ ᠰᠣᠯᠢᠯᠴᠠᠵᠤ᠂ ᠠᠵᠢᠯ ᠤᠨ ᠴᠢᠭᠯᠡᠯ ᠢᠶᠠᠨ ᠲᠣᠳᠣᠷᠬᠠᠶᠢᠯᠠᠬᠤ ᠶᠢᠨ ᠬᠠᠮᠲᠤ ᠵᠠᠬᠢᠳᠠᠯ ᠰᠤᠷᠪᠤᠯᠵᠢᠯᠠᠯ ᠤᠨ ᠳᠠᠯᠳᠠ ᠴᠤᠬᠤᠶᠢᠯᠲᠠ ᠶᠢ ᠠᠷᠢᠯᠭᠠᠬᠤ ᠠᠵᠢᠯ ᠢ ᠰᠠᠶᠢᠲᠤᠷ ᠬᠢᠵᠦ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠬᠤ ᠶᠢ ᠦᠨᠡᠨ ᠬᠦ  ᠪᠠᠳᠦᠯᠠᠪᠠ᠃        2022 ᠣᠨ ᠤ 8 ᠰᠠᠷ᠎ᠠ ᠶᠢᠨ 18 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠤᠷᠢᠳ ᠬᠤᠵᠢᠳ ᠱᠧᠩ ᠯᠢ ᠲᠤᠳᠤᠭᠠᠳᠤ ᠶᠢ ᠬᠠᠮᠠᠭᠠᠯᠠᠬᠤ ᠰᠠᠯᠪᠤᠷᠢ᠂ ᠲᠡᠬᠦᠯᠢᠨ ᠲᠤᠳᠤᠭᠠᠳᠤ ᠶᠢ ᠬᠠᠮᠠᠭᠠᠯᠠᠬᠤ ᠰᠠᠯᠪᠤᠷᠢ  ᠪᠠᠷ ᠭᠦᠨᠵᠡᠭᠡᠶᠢᠷᠡᠨ ᠪᠠᠶᠢᠴᠠᠭᠠᠨ ᠵᠢᠯᠣᠭᠤᠳᠴᠤ᠂ ︽ᠵᠠᠭᠤᠨ ᠡᠳᠦᠷ ᠤᠨ ᠠᠵᠢᠯᠯᠠᠭ᠎ᠠ︾  ᠶᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠠᠶᠢᠴᠠᠭᠠᠭᠰᠠᠨ ᠤ ᠳᠠᠷᠠᠭ᠎ᠠ ᠪᠠᠰᠠ ᠬᠠᠮᠳᠦᠷᠠᠬᠰᠠᠨ ᠪᠠᠶᠢᠯᠳᠤᠭᠠᠨ ᠤ ᠶᠡᠭᠡ ᠲᠢᠩᠬᠢᠮ ᠳᠤ ᠭᠦᠨᠵᠡᠭᠡᠶᠢᠷᠡᠨ ᠸᠢᠳᠢᠣ᠋ ᠪᠠᠷ ᠳᠠᠮᠵᠢᠭᠤᠯᠤᠨ ᠵᠡᠭᠡᠯᠢ ᠳᠡᠭᠡᠷᠡᠬᠢ ᠴᠠᠭᠳᠠᠭᠠᠨ ᠤ ᠬᠦᠴᠦᠨ ᠳᠤ ᠲᠣᠬᠢᠷᠠᠭᠤᠯᠤᠯᠲᠠ ᠬᠢᠵᠦ᠂ ᠪᠠᠴᠢᠮ ᠪᠠᠶᠢᠳᠠᠯ ᠢ  ᠠᠷᠭᠠᠴᠠᠭᠠᠬᠤ ᠬᠠᠷᠢᠭᠤ ᠲᠤᠰᠬᠠᠯ ᠤᠨ ᠴᠢᠳᠠᠪᠤᠷᠢ ᠶᠢ ᠰᠢᠯᠭᠠᠨ ᠪᠠᠶᠢᠴᠠᠭᠠᠪᠠ᠃        2022 ᠣᠨ ᠤ 8 ᠰᠠᠷ᠎ᠠ ᠶᠢᠨ 19 ᠤ ᠦᠳᠡ ᠶᠢᠨ ᠬᠤᠶᠢᠨ᠎ᠠ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ  ᠤᠯᠠᠭᠠᠨᠬᠤᠳᠠ  ᠶᠢᠨ ᠳᠣᠲᠣᠭᠠᠳᠤ ᠶᠢ ᠬᠠᠮᠠᠭᠠᠯᠠᠬᠤ  ᠲᠤᠪᠴᠢᠶᠠᠨ ᠳᠤ ᠭᠦᠨᠵᠡᠭᠡᠶᠢᠷᠡᠨ ᠵᠤᠨ ᠤ ᠤᠯᠠᠷᠢᠯ ᠤᠨ ᠠᠮᠤᠷ ᠢ ᠬᠠᠮᠠᠭᠠᠯᠠᠬᠤ ᠠᠵᠢᠯᠯᠠᠭ᠎ᠠ ᠳᠤ ᠴᠣᠬᠢᠯᠲᠠ ᠥᠭᠴᠦ ᠴᠡᠭᠴᠡᠯᠡᠨ ᠵᠠᠰᠠᠬᠤ ︽ᠵᠠᠭᠤᠨ ᠡᠳᠦᠷ ᠤᠨ ᠠᠵᠢᠯᠯᠠᠭ᠎ᠠ︾ ᠶᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠵᠤ᠂ ᠬᠤᠲᠠ ᠶᠢᠨ ᠳᠡᠳ᠋ ᠳᠠᠷᠤᠭ᠎ᠠ ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠣᠷᠣᠯᠴᠠᠪᠠ᠃        2022 ᠣᠨ ᠤ 8 ᠰᠠᠷ᠎ᠠ ᠶᠢᠨ 24 ᠤ ᠡᠳᠦᠷ ᠤᠨ ᠦᠳᠡ ᠳᠤ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ 2022 ᠣᠨ ᠤ ᠬᠤᠷᠢᠨ ᠳᠥᠷᠪᠡᠳᠦᠭᠡᠷ ᠤᠳᠠᠭᠠᠨ ᠤ ᠨᠠᠮ ᠤᠨ ᠬᠤᠷᠢᠶ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠭᠤᠷᠪᠠᠨ ᠴᠢᠬᠤᠯᠠ ᠨᠢᠭᠡ ᠶᠡᠭᠡ ᠬᠤᠷᠠᠯ︾᠂ ᠰᠢᠨ᠎ᠡ ᠪᠠᠷ ᠡᠯᠰᠡᠭᠰᠡᠨ ᠴᠠᠭᠳᠠᠭᠠᠨ ᠤ ᠰᠤᠷᠭᠠᠭᠤᠯᠢ ᠶᠢᠨ ᠲᠡᠭᠦᠰᠬᠦ ᠰᠣᠷᠣᠭᠴᠢ ᠶᠢᠨ ᠠᠯᠪᠠᠲᠠᠨ ᠤ ᠤᠯᠤᠰ ᠲᠥᠷᠥ ᠶᠢᠨ ᠬᠢᠨᠠᠯᠲᠠ ᠶᠢᠨ ᠠᠵᠢᠯ ᠢ ᠰᠤᠳᠤᠯᠪᠠ᠃        2022 ᠣᠨ ᠤ 8 ᠰᠠᠷ᠎ᠠ ᠶᠢᠨ 24 ᠤ ᠤᠷᠤᠢ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠤᠷᠢᠳ ᠬᠤᠵᠢᠳ ᠬᠤᠳᠠ ᠶᠢᠨ ᠲᠣᠭᠤᠷᠢᠭ ᠤᠨ ᠲᠤᠳᠤᠭᠠᠳᠤ ᠶᠢ ᠬᠠᠮᠠᠭᠠᠯᠠᠬᠤ ᠰᠠᠯᠪᠤᠷᠢ᠂ ᠵᠡᠭᠡᠯᠢ ᠭᠤᠳᠤᠮᠵᠢ ᠶᠢᠨ ᠴᠠᠭᠳᠠᠭᠠᠨ ᠤ ᠶᠠᠪᠤᠳᠠᠯ ᠤᠨ ᠠᠵᠢᠯ ᠤᠨ ᠦᠷᠳᠡᠭᠡ ᠵᠢᠴᠢ ᠰᠥᠨᠢ ᠶᠢᠨ ᠵᠠᠬ᠎ᠠ ᠳᠡᠯᠭᠡᠭᠦᠷ ᠤᠨ ᠠᠭᠤᠳᠠᠮ ᠲᠠᠯᠠᠪᠠᠢ  ᠪᠠᠷ ᠭᠦᠨᠵᠡᠭᠡᠶᠢᠷᠡᠨ ᠵᠤᠨ ᠤ ᠤᠯᠠᠷᠢᠯ ᠤᠨ ᠠᠮᠤᠷ ᠢ ᠬᠠᠮᠠᠭᠠᠯᠠᠬᠤ ᠠᠵᠢᠯ  ᠤᠨ ᠴᠣᠬᠢᠯᠲᠠ ᠥᠭᠴᠦ ᠴᠡᠭᠴᠡᠯᠡᠨ ᠵᠠᠰᠠᠬᠤ ︽ᠵᠠᠭᠤᠨ ᠡᠳᠦᠷ ᠤᠨ ᠠᠵᠢᠯᠯᠠᠭ᠎ᠠ︾ ᠥᠷᠨᠢᠭᠦᠯᠦᠭᠰᠡᠨ ᠪᠠᠶᠢᠳᠠᠯ ᠢ ᠪᠠᠶᠢᠴᠠᠭᠠᠪᠠ᠃        2022 ᠣᠨ ᠤ 8 ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠪᠥᠬᠦ ᠬᠤᠲᠠ ᠶᠢᠨ ᠬᠤᠤᠷᠲᠤ ᠡᠳ᠋ ᠢ ᠴᠠᠭᠠᠵᠠᠯᠠᠬᠤ ᠠᠵᠢᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠯ᠎ᠡ ᠱᠠᠲᠤᠨ ᠤ ᠬᠤᠤᠷᠲᠤ ᠡᠳ᠋ ᠢ ᠴᠠᠭᠠᠵᠠᠯᠠᠬᠤ ᠠᠵᠢᠯ ᠤᠨ ᠲᠧᠯᠸᠢᠰ ᠤᠳᠠᠰᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠨᠠᠶᠢᠳᠠᠪᠤᠷᠢᠵᠢᠭᠤᠯᠵᠤ᠂ ᠡᠨᠡ ᠵᠢᠯ ᠤᠨ ᠳᠡᠭᠡᠷ᠎ᠡ ᠬᠠᠭᠠᠰ ᠵᠢᠯ ᠤᠨ ᠠᠵᠢᠯ ᠢᠶᠠᠨ ᠥᠷᠨᠢᠭᠦᠯᠦᠭᠰᠡᠨ ᠪᠠᠶᠢᠳᠠᠯ ᠢ ᠳ᠋ᠦᠩᠨᠡᠨ᠂ ᠣᠳᠣᠬᠠᠨ ᠤ ᠲᠤᠯᠭᠠᠷᠠᠵᠤ ᠪᠠᠶᠢᠭ᠎ᠠ ᠪᠠᠶᠢᠳᠠᠯ ᠢ ᠭᠦᠨᠵᠡᠭᠡᠶ ᠵᠠᠳᠠᠯᠵᠤ᠂ ᠳᠣᠤᠷ᠎ᠠ ᠬᠠᠭᠠᠰ ᠵᠢᠯ ᠤᠨ ᠪᠥᠬᠦ ᠬᠤᠲᠠ ᠶᠢᠨ ᠬᠤᠤᠷᠲᠤ ᠡᠳ᠋ ᠢ ᠴᠠᠭᠠᠵᠠᠯᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃        2022 ᠣᠨ ᠤ 8 ᠰᠠᠷ᠎ᠠ ᠶᠢᠨ 25 ᠤ ᠡᠳᠦᠷ ᠤᠨ ᠦᠳᠡ ᠶᠢᠨ ᠬᠤᠶᠢᠨ᠎ᠠ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠱᠠᠯᠠᠪᠳᠠᠭᠤᠯᠤᠨ ᠬᠢᠨᠠᠬᠤ ᠵᠠᠬᠢᠳᠠᠯ ᠰᠤᠷᠪᠤᠯᠵᠢᠯᠠᠯ ᠤᠨ ᠳᠡᠳ᠋ ᠶᠡᠷᠦᠩᠬᠡᠶ ᠠᠩᠭᠢ ᠶᠢᠨ ᠳᠠᠷᠤᠭ᠎ᠠ ᠰᠥᠩ ᠵᠢᠩ ᠹᠧᠩ ᠨᠠᠷ  ᠤᠯᠠᠭᠠᠨᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ  ᠪᠠᠷ ᠭᠦᠨᠵᠡᠭᠡᠶᠢᠷᠡᠨ ᠵᠣᠨ ᠤ ᠤᠯᠠᠷᠢᠯ ᠤᠨ ᠠᠮᠤᠷ ᠢ ᠬᠠᠮᠠᠭᠠᠯᠠᠬᠤ ᠠᠵᠢᠯ  ᠤᠨ ᠴᠣᠬᠢᠯᠲᠠ ᠥᠭᠴᠦ ᠴᠡᠭᠴᠡᠯᠡᠨ ᠵᠠᠰᠠᠬᠤ ︽ᠵᠠᠭᠤᠨ ᠡᠳᠦᠷ ᠤᠨ ᠠᠵᠢᠯᠯᠠᠭ᠎ᠠ︾ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠵᠤ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠣᠷᠣᠯᠴᠠᠵᠠᠶ᠃        2022 ᠣᠨ ᠤ 8 ᠰᠠᠷ᠎ᠠ ᠶᠢᠨ 26 ᠤ ᠦᠳᠡ ᠶᠢᠨ ᠬᠤᠶᠢᠨ᠎ᠠ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠤᠯᠤᠰ ᠤᠨ ᠴᠠᠬᠢᠯᠭᠠᠨ ᠲᠣᠣᠷ ᠤᠨ ᠬᠢᠩᠭᠠᠨ ᠴᠠᠬᠢᠯᠭᠠᠨ ᠬᠠᠩᠭᠠᠬᠤ ᠺᠣᠮᠫᠠᠨᠢ ᠶᠢᠨ ᠬᠠᠷᠢᠭᠤᠴᠠᠯᠭᠠᠲᠠᠨ ᠢ ᠬᠦᠯᠢᠶᠡᠨ ᠠᠪᠴᠤ᠂ ᠨᠦᠬᠦᠭᠡ ᠡᠲᠡᠭᠡᠳ ᠤᠨ ᠬᠦᠷᠭᠡᠵᠦ ᠢᠷᠡᠭᠰᠡᠨ ᠬᠡᠮᠡᠷᠯᠢᠭ ᠲᠤᠭ ᠢ ᠬᠦᠯᠢᠶᠡᠨ ᠠᠪᠬᠤ ᠶᠢᠨ ᠬᠠᠮᠲᠤ ᠶᠠᠷᠢᠯᠴᠠᠬᠤ ᠬᠤᠷᠠᠯ ᠬᠢᠵᠦ᠂ ᠴᠠᠭᠳᠠᠭ᠎ᠠ ᠠᠵᠤ ᠠᠬᠤᠶᠢᠯᠠᠯ ᠬᠠᠮᠲᠤᠷᠠᠯᠴᠠᠬᠤ᠂ ᠬᠤᠳᠠᠯᠳᠤᠭ᠎ᠠ ᠡᠷᠬᠢᠯᠡᠬᠦ ᠣᠷᠴᠢᠨ  ᠨᠦᠬᠦᠴᠡᠯ ᠢ ᠰᠢᠯᠢᠳᠡᠭᠵᠢᠭᠦᠯᠬᠦ ᠵᠡᠷᠭᠡ ᠲᠠᠯ᠎ᠠ ᠪᠠᠷ ᠰᠠᠨᠠᠯ ᠨᠢᠭᠡᠳᠴᠡᠢ᠃        2022 ᠣᠨ ᠤ 8 ᠰᠠᠷ᠎ᠠ ᠶᠢᠨ 26 ᠤ ᠤᠷᠤᠢ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ 2022 ᠣᠨ ᠤ ᠬᠤᠷᠢᠨ ᠵᠢᠷᠭᠤᠳᠤᠭᠠᠷ ᠤᠳᠠᠭ᠎ᠠ ᠶᠢᠨ ᠨᠠᠮ ᠤᠨ ᠬᠤᠷᠢᠶ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠤᠰᠬᠠᠢ ᠰᠡᠳᠦᠪ ᠢᠶᠠᠷ ︽ᠬᠤᠶᠠᠷ ᠢ ᠲᠣᠳᠣᠷᠬᠠᠶᠢᠯᠠᠵᠤ ᠬᠤᠶᠠᠷ ᠲᠤ ᠴᠣᠬᠢᠯᠲᠠ ᠥᠭᠬᠦ︾ ᠲᠤᠰᠬᠠᠢ ᠠᠵᠢᠯᠯᠠᠭ᠎ᠠ ᠶᠢ ᠰᠤᠳᠤᠯᠵᠠᠢ᠃        2022 ᠣᠨ ᠤ 8 ᠰᠠᠷ᠎ᠠ ᠶᠢᠨ 29 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽ᠬᠤᠶᠠᠷ ᠢ ᠲᠣᠳᠣᠷᠬᠠᠶᠢᠯᠠᠵᠤ ᠬᠤᠶᠠᠷ ᠲᠤ ᠴᠣᠬᠢᠯᠲᠠ ᠥᠭᠬᠦ︾ ᠲᠤᠰᠬᠠᠶ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠣᠰ ᠲᠣᠪᠴᠢᠶ᠎ᠠ ᠶᠢᠨ ᠠᠵᠢᠯ ᠤᠨ ᠲᠥᠰᠦᠯ ᠢ ᠨᠡᠶᠢᠲᠡᠯᠡᠵᠦ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃        2022 ᠣᠨ ᠤ 8 ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠲᠣᠪᠴᠢᠶᠠᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠬᠤᠶᠠᠷ ᠢ ᠲᠣᠳᠣᠷᠬᠠᠶᠢᠯᠠᠵᠤ ᠬᠤᠶᠠᠷ ᠲᠤ ᠴᠣᠬᠢᠯᠲᠠ ᠥᠭᠬᠦ︾ ᠠᠵᠢᠯ ᠢ ᠳᠠᠬᠢᠨ ᠳᠠᠶᠢᠴᠢᠯᠠᠵᠤ ᠳᠠᠬᠢᠨ ᠪᠠᠶᠢᠷᠢᠯᠠᠭᠤᠯᠪᠠ᠃        2022 ᠣᠨ ᠤ 8 ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠪᠦᠯᠬᠦᠮ ᠳᠠᠭᠠᠭᠤᠯᠤᠨ ᠤᠷᠢᠳ ᠬᠤᠵᠢᠳ 302 ᠬᠠᠭᠤᠴᠢᠨ ᠰᠠᠭᠤᠴᠠ᠂ ᠰᠢᠨ᠎ᠡ ᠰᠠᠭᠤᠷᠢᠰᠢᠯ ᠤᠨ ᠪᠠᠶᠢᠴᠠᠭᠠᠬᠤ ᠥᠷᠲᠡᠭᠡ ᠪᠠᠷ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠯᠣᠭᠤᠳᠤᠭᠰᠠᠨ ᠪᠥᠭᠡᠳ ᠲᠤᠬᠠᠶ ᠶᠢᠨ ᠲᠠᠯᠠᠪᠤᠷ ᠤᠨ ᠠᠵᠢᠯᠯᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠢᠨᠵᠧᠨᠧᠷᠢᠩ ᠤᠨ ᠠᠬᠢᠴᠠ᠂ ᠴᠢᠳᠠᠮᠵᠢ ᠶᠢᠨ ᠲᠣᠬᠢᠷᠠᠭᠤᠯᠤᠯᠲᠠ᠂ ᠰᠦᠯᠵᠢᠶ᠎ᠡ ᠶᠢᠨ ᠵᠠᠯᠭᠠᠯᠲᠠ ᠵᠡᠷᠭᠡ ᠲᠠᠯ᠎ᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠨᠢᠮᠪᠠᠶ ᠰᠣᠨᠣᠰᠪᠠ᠃        2022 ᠣᠨ ᠤ 8 ᠰᠠᠷ᠎ᠠ ᠶᠢᠨ 30 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠣᠷᠴᠢᠨ ᠲᠣᠭᠤᠷᠢᠨ ᠢᠳᠡᠭᠡᠨ ᠪᠠ ᠡᠮ ᠤᠨ ᠵᠦᠢᠯᠡᠰ ᠤᠨ ᠶᠡᠭᠡ ᠠᠩᠭᠢ ᠶᠢᠨ ᠠᠵᠢᠯ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ᠂ ᠭᠤᠤᠯᠳᠠᠯᠭ᠎ᠠ ᠲᠠᠢ ᠬᠡᠷᠡᠭ ᠢ  ᠰᠢᠢᠳᠪᠦᠷᠢᠯᠡᠬᠦ᠂ ᠡᠩᠨᠡᠭᠡ ᠶᠢᠨ ᠪᠠᠶᠢᠭᠤᠯᠤᠯᠲᠠ ᠵᠡᠷᠭᠡ  ᠠᠵᠢᠯ ᠶᠢ ᠴᠢᠭᠯᠡᠭᠦᠯᠦᠨ ᠴᠢᠬᠤᠯᠠᠴᠢᠯᠠᠨ ᠪᠠᠶᠢᠷᠢᠯᠠᠭᠤᠯᠪᠠ᠃        2022 ᠣᠨ ᠤ 8 ᠰᠠᠷ᠎ᠠ ᠶᠢᠨ 30 ᠤ ᠡᠳᠦᠷ ᠤᠨ ᠣᠷᠣᠶ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠣᠳᠣᠬᠠᠨ ᠤ ᠲᠠᠩᠨᠠᠨ  ᠰᠢᠢᠳᠪᠦᠷᠢᠯᠡᠬᠦ ᠬᠠᠷᠭᠢᠰ ᠬᠦᠴᠦᠨ ᠳᠤ ᠬᠤᠯᠪᠣᠭᠳᠠᠭᠰᠠᠨ ᠬᠡᠷᠡᠭ ᠢ ᠰᠢᠢᠳᠪᠦᠷᠢᠯᠡᠵᠦ ᠪᠠᠶᠢᠭ᠎ᠠ ᠪᠠᠶᠢᠳᠠᠯ ᠢ ᠰᠣᠨᠣᠰᠴᠤ᠂ ᠬᠡᠷᠡᠭ ᠢ ᠲᠠᠩᠨᠠᠨ ᠰᠢᠢᠳᠪᠦᠷᠢᠯᠡᠬᠦ ᠶᠠᠪᠤᠴᠠ ᠳᠤ ᠣᠷᠣᠰᠢᠵᠤ ᠪᠠᠶᠢᠭ᠎ᠠ ᠲᠦᠭᠵᠢᠷᠡᠯ ᠤᠨ ᠲᠣᠭᠤᠷᠢᠨ ᠳᠤ ᠰᠠᠨᠠᠯ ᠢᠶᠠᠨ ᠰᠣᠯᠢᠯᠴᠠᠨ ᠰᠤᠳᠤᠯᠵᠤ᠂ ᠲᠠᠩᠨᠠᠨ ᠪᠠᠶᠢᠴᠠᠭᠠᠬᠤ ᠭᠤᠤᠯᠳᠠᠯᠭ᠎ᠠ ᠲᠠᠢ ᠴᠢᠭᠯᠡᠯ ᠢ ᠲᠣᠳᠣᠷᠬᠠᠶ ᠲᠣᠭᠲᠠᠭᠠᠪᠠ᠃        2022 ᠣᠨ ᠤ 8 ᠰᠠᠷ᠎ᠠ ᠶᠢᠨ 31 ᠤ ᠡᠳᠦᠷ ᠤᠨ ᠣᠷᠣᠶ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠠᠵᠤ ᠠᠬᠤᠶ ᠶᠢᠨ  ᠲᠠᠩᠨᠠᠨ ᠪᠠᠶᠢᠴᠠᠭᠠᠬᠤ ᠠᠵᠢᠯ ᠢ ᠳᠥᠯᠭᠢᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠶᠢᠨ  ᠿᠦᠢ ᠯᠦᠩ ᠤᠨ ᠬᠡᠷᠡᠭ᠂ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠡᠷᠡᠭ ᠢ  ᠲᠠᠩᠨᠠᠨ ᠪᠠᠶᠢᠴᠠᠭᠠᠵᠤ ᠰᠢᠢᠳᠪᠦᠷᠢᠯᠡᠭᠰᠡᠨ ᠪᠠᠶᠢᠳᠠᠯ ᠢ ᠨᠠᠷᠢᠨ ᠨᠢᠮᠪᠠᠶ ᠰᠣᠨᠣᠰᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠳᠤ ᠪᠣᠳᠠᠲᠠᠶ ᠰᠠᠨᠠᠯ ᠰᠠᠨᠠᠭᠤᠯᠭ᠎ᠠ ᠳᠤᠷᠠᠳᠤᠭᠰᠠᠨ ᠪᠠᠶᠢᠨ᠎ᠠ᠃
 
ᠢᠷᠡᠯᠲᠡ᠄ ᠤᠯᠠᠭᠠᠨᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号