● ᠵᠠᠩ ᠮᠠᠨ ᠴᠢᠤᠸᠠᠨ ᠵᠢᠶᠠᠩ ᠱᠠᠨ ︵ᠦᠪᠦᠷ ᠮᠤᠩᠭᠤᠯ ᠤᠨ ᠦᠨᠳᠦᠰᠦᠲᠡᠨ ᠤ ᠴᠢᠯᠦᠭᠡᠯᠡᠯᠲᠡ ᠶᠢᠨ | ᠳᠤᠷᠠᠰᠬᠠᠯ ᠤᠨ ᠤᠷᠳᠤᠨ︶ | | | ᠲᠠᠪᠤ᠂ ᠴᠢᠯᠥᠭᠡᠯᠡᠭᠳᠡᠭᠰᠡᠨ ᠤ ᠳᠠᠷᠠᠭᠠᠬᠢ ᠭᠡᠭᠡᠨᠰᠦ᠋ᠮ᠎ᠡ | ᠴᠢᠯᠥᠭᠡᠯᠡᠭᠳᠡᠭᠰᠡᠨ ᠤ ᠳᠠᠷᠠᠭ᠎ᠠ᠂ ᠭᠡᠭᠡᠨᠰᠦ᠋ᠮ᠎ᠡ ᠶᠢᠨ ᠯᠠᠮᠠ ᠨᠠᠷ ᠤᠨ ᠳᠣᠲᠣᠷ᠎ᠠ ᠴᠥᠭᠡᠨ ᠪᠤᠰᠤ ᠵᠠᠯᠠᠭᠤ ᠢᠳᠡᠷ | ᠯᠠᠮᠠ ᠨᠠᠷ ᠠᠶᠠᠨᠳᠠᠭᠠᠨ ᠰᠦᠮ᠎ᠡ ᠠᠴᠠ ᠰᠠᠯᠵᠤ ᠬᠠᠷ᠎ᠠ ᠪᠣᠯᠤᠭᠰᠠᠨ ᠪᠥᠭᠡᠳ ᠵᠠᠷᠢᠮ ᠨᠢ ᠴᠡᠷᠢᠭ ᠲᠤ ᠣᠷᠣᠵᠤ᠂ ᠡᠮ ᠡᠮᠨᠡᠯᠭᠡ | ᠰᠤᠷᠴᠤ᠂ ᠵᠠᠷᠢᠮ ᠨᠢ ᠨᠤᠲᠤᠭ ᠲᠠᠭᠠᠨ ᠪᠤᠴᠠᠵᠤ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠳᠤ ᠣᠷᠣᠯᠴᠠᠨ᠂ | ᠰᠦᠮ᠎ᠡ ᠳᠡᠭᠡᠷ᠎ᠡ ᠰᠠᠭᠤᠵᠤ ᠪᠠᠶᠢᠭ᠎ᠠ ᠯᠠᠮᠠ ᠨᠠᠷ ᠨᠢ ᠵᠤᠷᠰᠢᠯ ᠶᠣᠰᠣᠭᠠᠷ ᠱᠠᠰᠢᠨ ᠰᠤᠷᠲᠠᠬᠤᠨ ᠤ ᠠᠵᠢᠯᠯᠠᠭ᠎ᠠ ᠬᠢᠬᠦ ᠠᠴᠠ | ᠭᠠᠳᠠᠨ᠎ᠠ ᠪᠠᠰᠠ ᠨᠠᠮ ᠪᠠ ᠵᠠᠰᠠᠭ ᠤᠨ ᠣᠷᠳᠣᠨ ᠤ ᠤᠷᠢᠶᠠᠯᠠᠭ᠎ᠠ ᠶᠢ ᠴᠤᠤᠷᠢᠶᠠᠲᠤᠨ ᠳᠠᠭᠠᠵᠤ᠂ ᠦᠢᠯᠡᠳᠪᠦᠷᠢᠯᠡᠯ ᠬᠥᠳᠡᠯᠮᠦᠷᠢ | ᠪᠠ ᠨᠡᠶᠢᠭᠡᠮ ᠤᠨ ᠠᠮᠢᠳᠤᠷᠠᠯ ᠳᠤ ᠴᠢᠳᠠᠯ ᠤᠨ ᠬᠢᠷᠢ ᠪᠠᠷ ᠢᠶᠠᠨ ᠣᠷᠣᠯᠴᠠᠵᠤ᠂ ᠥᠪᠡᠷ ᠤᠨ ᠬᠦᠴᠦ ᠪᠠᠷ ᠢᠶᠠᠨ ᠠᠮᠢᠳᠤᠷᠠᠵᠤ | ᠪᠠᠶᠢᠪᠠ᠃ ᠨᠠᠰᠤ ᠠᠬᠠᠰᠢᠷᠠᠵᠤ ᠪᠡᠶ᠎ᠡ ᠮᠠᠭᠤᠳᠠᠭᠰᠠᠨ᠂ ᠥᠮᠥᠭ ᠲᠦᠰᠢᠭ ᠦᠭᠡᠢ ᠯᠠᠮᠠ ᠨᠠᠷ ᠵᠠᠰᠠᠭ ᠤᠨ ᠣᠷᠳᠣᠨ ᠪᠠ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠯᠠᠮᠵᠢᠯᠠᠯ ᠪᠠ ᠬᠠᠷᠠᠭᠠᠯᠵᠠᠯ ᠢ ᠬᠦᠷᠲᠡᠪᠡ᠃ | 1966 ᠣᠨ ᠤ 8 ᠰᠠᠷ᠎ᠠ ᠶᠢᠨ 28 ᠤ ᠡᠳᠦᠷ᠂ ︽ᠰᠣᠶᠣᠯ ᠤᠨ ᠬᠤᠪᠢᠰᠬᠠᠯ︾ ᠤᠨ ᠳᠤᠮᠳᠠ ᠬᠤᠶᠠᠷ ᠵᠠᠭᠤ | ᠭᠠᠷᠤᠢ ︽ᠤᠯᠠᠭᠠᠨ ᠬᠠᠮᠠᠭᠠᠯᠠᠬᠤ ᠴᠡᠷᠢᠭ︾ ᠭᠡᠭᠡᠨᠰᠦ᠋ᠮ᠎ᠡ ᠳᠤ ᠳᠠᠭᠠᠷᠢᠨ ᠣᠷᠣᠵᠤ᠂ ᠰᠥᠨᠥᠭᠡᠯᠲᠡ ᠶᠢᠨ ᠴᠢᠨᠠᠷᠲᠠᠢ | ᠡᠪᠳᠡᠯᠡᠭᠡ ᠬᠢᠪᠡ᠃ ᠰᠦᠮ᠎ᠡ ᠳᠣᠲᠣᠷ᠎ᠠ ᠨᠠᠨᠳᠢᠩᠨᠠᠨ ᠬᠠᠳᠠᠭᠠᠯᠠᠵᠤ ᠪᠠᠶᠢᠭᠰᠠᠨ 1868 ᠪᠣᠲᠢ ︽ᠭᠠᠨᠵᠤᠤᠷ︾᠂ ︽ | ᠳ᠋ᠠᠨᠵᠤᠤᠷ︾ ᠨᠣᠮ ᠪᠦᠬᠦᠨ ᠢᠶᠠᠷ ᠢᠶᠠᠨ ᠰᠢᠲᠠᠭᠠᠭᠳᠠᠵᠤ᠂ ᠡᠭᠦᠨ ᠤ ᠳᠣᠲᠣᠷ᠎ᠠ ᠠᠯᠲᠠᠨ ᠰᠢᠭᠦᠰᠦ ᠪᠠᠷ ᠪᠢᠴᠢᠭᠰᠡᠨ ᠬᠤᠪᠣᠷ | ᠨᠠᠨᠳᠢᠨ ᠨᠣᠮ 7 ᠪᠣᠲᠢ᠂ 5073 ᠪᠤᠷᠬᠠᠨ ᠤ ᠬᠥᠷᠥᠭ᠂ 500 ᠮᠧᠲᠷ ᠰᠢᠨ᠎ᠡ ᠬᠠᠭᠤᠴᠢᠨ ᠬᠡᠪᠢᠰ ᠢ ᠵᠥᠭᠡᠭᠡᠪᠦᠷᠢᠯᠡᠨ | ᠠᠪᠠᠴᠢᠪᠠ᠃ ᠡᠭᠦᠨ ᠤ ᠬᠠᠮᠲᠤ ᠴᠢᠯᠠᠭᠤᠨ ᠪᠤᠷᠬᠠᠨ᠂ ᠰᠢᠪᠠᠷ ᠪᠤᠷᠬᠠᠨ ᠤ ᠬᠥᠷᠥᠭ ᠢ ᠡᠪᠳᠡᠨ ᠪᠠᠯᠪᠠᠴᠢᠵᠤ᠂ ᠨᠡᠶᠢᠲᠡ 500 | ᠭᠠᠷᠤᠶ ᠴᠢᠯᠠᠭᠤᠨ ᠪᠤᠷᠬᠠᠨ ᠡᠪᠳᠡᠭᠳᠡᠵᠡᠢ᠃ 1969 ᠣᠨ ᠤ 8 ᠰᠠᠷ᠎ᠠ ᠳᠤ᠂ ᠭᠡᠭᠡᠨᠰᠦ᠋ᠮ᠎ᠡ ᠶᠢᠨ ᠣᠶᠢᠷᠠᠯᠴᠠᠭ᠎ᠠ ᠰᠠᠭᠤᠵᠤ | ᠪᠠᠶᠢᠭ᠎ᠠ ᠨᠢᠭᠡᠳᠦᠯ ᠤᠨ ᠭᠡᠰᠢᠭᠦᠳ ᠭᠡᠭᠡᠨᠰᠦ᠋ᠮ᠎ᠡ ᠶᠢᠨ 3 ᠭᠤᠣᠯ ᠳᠤᠭᠠᠩ᠂ 2 ᠬᠠᠵᠠᠭᠤ ᠶᠢᠨ ᠳᠤᠭᠠᠩ᠂ 2 ᠪᠠᠭ᠎ᠠ | ᠳᠤᠭᠠᠩ ᠪᠠ ᠭᠡᠭᠡᠨ ᠣᠷᠳᠣᠨ᠂ ᠭᠡᠭᠡᠨ ᠰᠠᠩ᠂ ᠯᠠᠮᠠ ᠶᠢᠨ ᠰᠠᠩ ᠵᠢᠴᠢ ᠯᠠᠮᠠ ᠶᠢᠨ ᠣᠷᠣᠨ ᠰᠠᠭᠤᠴᠠ ᠶᠢᠨ ᠲᠦᠷᠪᠡᠨ | ᠮᠢᠩᠭ᠎ᠠ ᠭᠠᠷᠤᠢ ᠲᠠᠰᠤᠯᠭ᠎ᠠ ᠶᠢ ᠨᠤᠷᠠᠭᠠᠵᠤ᠂ ᠪᠦᠬᠦ᠋ᠢᠯᠡ ᠭᠡᠭᠡᠨᠰᠦ᠋ᠮ᠎ᠡ ᠶᠢᠨ ᠳᠣᠲᠣᠨ᠎ᠠ ᠭᠠᠳᠠᠨ᠎ᠠ ᠬᠤᠭᠤᠰᠣᠷᠠᠲᠠᠯ᠎ᠠ | ᠪᠤᠯᠢᠶᠠᠭᠳᠠᠪᠠ᠃ | 1976 ᠣᠨ ᠠᠴᠠ ᠰᠡᠭᠦᠯᠡᠷ᠂ ᠨᠠᠮ ᠵᠠᠰᠠᠭ ᠠᠴᠠ ᠱᠠᠰᠢᠨ ᠰᠤᠷᠲᠠᠬᠤᠨ ᠤ ᠲᠦᠷᠦ ᠶᠢᠨ ᠪᠤᠳᠤᠯᠭ᠎ᠠ ᠶᠢ | ᠠᠯᠬᠤᠮ ᠠᠯᠬᠤᠮ ᠢᠶᠠᠷ ᠨᠠᠶᠢᠳᠠᠪᠤᠷᠢᠵᠢᠭᠤᠯᠵᠤ᠂ ᠭᠡᠭᠡᠨᠰᠦ᠋ᠮ᠎ᠡ ᠶᠢᠨ ᠯᠠᠮᠠ ᠨᠠᠷ ᠤᠨ ᠬᠠᠮᠲᠤ ᠪᠠᠷ ᠨᠣᠮ ᠤᠩᠰᠢᠬᠤ ᠪᠠ | ᠨᠡᠯᠢᠶᠡᠳ ᠲᠤᠮᠤ ᠬᠡᠯᠪᠡᠷᠢ ᠶᠢᠨ ᠨᠣᠮ ᠤᠨ ᠴᠤᠭᠯᠠᠭᠠᠨ ᠬᠢᠬᠦ ᠭᠠᠵᠠᠷ ᠢ ᠰᠢᠢᠳᠪᠦᠷᠢᠯᠡᠬᠦ ᠶᠢᠨ ᠲᠥᠯᠥᠭᠡ᠂ ᠥᠪᠡᠷᠲᠡᠭᠡᠨ | ᠵᠠᠰᠠᠬᠤ ᠣᠷᠣᠨ ᠤ ᠱᠠᠰᠢᠨ ᠰᠤᠷᠲᠠᠬᠤᠨ ᠤ ᠬᠡᠷᠡᠭ ᠡᠷᠬᠢᠯᠡᠬᠦ ᠳᠤᠪᠴᠢᠶ᠎ᠠ ᠲᠤᠰᠬᠠᠢ ᠵᠣᠭᠤᠰ ᠭᠠᠷᠭᠠᠵᠤ᠂ ᠬᠢᠩᠭᠠᠨ | ᠠᠶᠢᠮᠠᠭ ᠤᠨ ᠵᠠᠬᠢᠷᠭ᠎ᠠ ᠪᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠴᠤ | 30 ᠲᠦᠮᠡᠨ ᠲᠥᠭᠦᠷᠢᠭ ᠤᠨ ᠪᠡᠯᠡ ᠮᠥᠩᠭᠦ ᠴᠤᠭᠯᠠᠭᠤᠯᠪᠠ᠃ 1988 ᠣᠨ ᠤ 7 ᠰᠠᠷ᠎ᠠ ᠳᠤ 400 ᠲᠡᠭᠰᠢ | ᠳᠥᠷᠪᠡᠯᠵᠢᠨ ᠮᠧᠳ᠋ᠷ ᠲᠠᠯᠠᠪᠠᠶ ᠲᠠᠢ ᠳᠤᠭᠠᠩ ᠪᠠᠷᠢᠵᠤ᠂ 1990 ᠣᠨ ᠤ ᠡᠴᠦᠰ ᠪᠣᠯᠬᠤ ᠳᠤ ᠨᠢᠭᠡᠳᠦᠭᠡᠷ ᠬᠤᠭᠤᠴᠠᠭᠠᠨ ᠤ | ᠪᠠᠷᠢᠯᠭ᠎ᠠ ᠳᠠᠭᠤᠰᠴᠤ᠂ ᠭᠡᠭᠡᠨᠰᠦ᠋ᠮ᠎ᠡ ᠶᠢᠨ ᠬᠡᠪ ᠤᠨ ᠱᠠᠰᠢᠨ ᠰᠤᠷᠲᠠᠬᠤᠨ ᠤ ᠠᠵᠢᠯᠯᠠᠭ᠎ᠠ ᠳᠠᠬᠢᠨ ᠰᠡᠷᠭᠦᠵᠦ᠂ ᠡᠷᠲᠡᠨ ᠤ | ᠭᠡᠭᠡᠨᠰᠦ᠋ᠮ᠎ᠡ ᠨᠢ ᠳᠠᠬᠢᠨ ᠰᠢᠨ᠎ᠡ ᠠᠮᠢᠵᠢᠷᠠᠯ ᠤᠨ ᠬᠦᠴᠦᠨ ᠢᠶᠠᠨ ᠪᠠᠳᠠᠷᠠᠭᠤᠯᠤᠭᠰᠠᠨ ᠪᠠᠶᠢᠨ᠎ᠠ᠃ | | | | |