ᠣᠶᠢᠷ᠎ᠠ ᠶᠢᠨ ᠵᠢᠯ ᠤᠳ ᠲᠤ᠂ ᠤᠯᠠᠭᠠᠨᠬᠤᠲᠠ ᠨᠢᠰᠬᠡᠯ ᠤᠨ ᠪᠠᠭᠤᠳᠠᠯ ᠨᠢ ᠠᠶᠠᠨᠴᠢᠳ ᠤᠨ ᠬᠡᠷᠡᠭᠴᠡᠭᠡ | ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠲᠣᠭᠲᠠᠴᠠ ᠶᠢᠨ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ | ᠣᠶᠤᠨᠴᠢ ᠦᠢᠯᠡᠴᠢᠯᠡᠭᠡᠨ ᠤ ᠲᠠᠰ ᠳᠡᠪᠰᠢᠬᠦ ᠶᠢ ᠠᠬᠢᠭᠤᠯᠤᠨ᠂ ᠦᠢᠯᠡᠴᠢᠯᠡᠭᠡᠨ ᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ | ᠂ ᠡᠬᠡᠯᠵᠢ ᠶᠢᠨ ᠨᠢᠰᠬᠡᠯ ᠤᠨ ᠰᠢᠯᠢᠳᠡᠭ ᠦᠢᠯᠡᠴᠢᠯᠡᠭᠡᠨ ᠤ ᠨᠠᠷᠠᠲᠤ ᠲᠡᠮᠳᠡᠭᠲᠦ ᠶᠢ ᠪᠣᠶ ᠪᠣᠯᠭᠠᠬᠤ᠂ ᠠᠶᠠᠨᠴᠢᠳ ᠤᠨ | ᠣᠶᠢᠯᠠᠭᠠᠯᠲᠠ ᠶᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠢᠳᠡᠪᠬᠢᠲᠡᠶ ᠠᠵᠢᠯᠯᠠᠵᠤ᠂ ᠤᠯᠠᠭᠠᠨᠬᠤᠲᠠ ᠨᠢᠰᠬᠡᠯ ᠤᠨ ᠪᠠᠭᠤᠳᠠᠯ ᠤᠨ | ᠦᠢᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠪᠡ᠃ | | | | | ᠶᠠᠭ ᠰᠠᠶ᠋ᠢᠬᠠᠨ ᠨᠢᠰᠭᠡᠯ ᠳᠤ ᠭᠠᠷᠬᠤ ᠭᠠᠷ ᠭᠦᠢᠴᠡᠳᠬᠡᠯ ᠬᠢᠵᠦ ᠪᠠᠶᠢᠭ᠎ᠠ G52814 ᠳ᠋ᠦ᠋ᠭᠡᠷ ᠡᠭᠡᠯᠵᠢ ᠶᠢᠨ | ᠨᠢᠰᠬᠡᠯ ᠪᠣᠯ ᠤᠯᠠᠭᠠᠨᠬᠤᠲᠠ ᠨᠢᠰᠬᠡᠯ ᠤᠨ ᠪᠠᠭᠤᠳᠠᠯ ᠤᠨ ᠰᠢᠨ᠎ᠡ ᠶᠢ ᠡᠭᠦᠳᠴᠦ ᠭᠠᠷᠭᠠᠭᠰᠠᠨ ᠪᠠᠷᠢᠮᠵᠢᠶᠠᠵᠢᠭᠰᠠᠨ ᠨᠡᠪᠲᠡᠷᠡᠬᠦ | ᠦᠢᠯᠡᠴᠢᠯᠡᠭᠡᠨ ᠤ ᠡᠭᠡᠯᠵᠢ ᠶᠢᠨ ᠨᠢᠰᠬᠡᠯ ᠮᠥᠨ᠂ ᠲᠤᠰ ᠤᠳᠠᠭᠠᠨ ᠤ ᠡᠭᠡᠯᠵᠢ ᠶᠢᠨ ᠨᠢᠰᠬᠡᠯ ᠤᠨ ᠠᠶᠠᠨᠴᠢᠨ ᠪᠣᠯᠤᠭᠰᠠᠨ ᠤ | ᠬᠤᠪᠢ ᠳᠤ ᠭᠦᠸᠧ ᠱᠢ ᠴᠢ ᠰᠠᠶ᠋ᠢᠬᠠᠨ ᠨᠢᠰᠭᠡᠯ ᠳᠤ ᠭᠠᠷᠬᠤ ᠭᠠᠷ ᠭᠦᠢᠴᠡᠳᠬᠡᠯ ᠢᠶᠠᠨ ᠬᠢᠵᠦ ᠪᠠᠷᠠᠭᠠᠳ ᠥᠪᠡᠷ ᠤᠨ | ᠨᠢᠰᠬᠡᠯ ᠳᠤ ᠭᠠᠷᠬᠤ ᠫᠠᠶᠢᠰᠠ ᠪᠠᠨ ᠠᠪᠴᠠᠶ᠂ ᠡᠨᠡ ᠨᠢ ᠡᠩ ᠤᠨ ᠨᠢᠰᠬᠡᠯ ᠳᠤ ᠭᠠᠷᠬᠤ ᠫᠠᠶᠢᠰᠠ ᠲᠠᠢ ᠠᠳᠠᠯᠢ ᠦᠭᠡᠶ ᠶᠤᠮ᠂ | ᠭᠦᠸᠧ ᠱᠢ ᠴᠢ ᠶᠢᠨ ᠨᠢᠰᠬᠡᠯ ᠳᠤ ᠭᠠᠷᠬᠤ ᠫᠠᠶᠢᠰᠠᠨ ᠳᠡᠭᠡᠷ᠎ᠡ ᠲᠡᠭᠦᠨ ᠤ ᠬᠤᠶᠠᠷ ᠬᠡᠰᠡᠭ ᠠᠶᠠᠯᠠᠯ ᠤᠨ ᠵᠠᠮ ᠤᠨ ᠰᠤᠷᠠᠭ | ᠵᠠᠩᠭᠢ ᠶᠢ ᠲᠣᠳᠣᠷᠬᠠᠶ ᠲᠡᠮᠳᠡᠭᠯᠡᠵᠦ᠂ ᠬᠤᠶᠠᠷ ᠬᠡᠰᠡᠭ ᠠᠶᠠᠯᠠᠯ ᠤᠨ ᠵᠠᠮ ᠤᠨ ᠰᠠᠭᠤᠳᠠᠯ ᠤᠨ ᠨᠣᠮᠧᠷ ᠪᠣᠯᠤᠨ ᠨᠢᠰᠬᠡᠯ ᠳᠤ | ᠭᠠᠷᠬᠤ ᠴᠠᠭ ᠢ ᠲᠣᠳᠣᠷᠬᠠᠶ ᠢᠯᠡᠳᠬᠡᠭᠰᠡᠨ ᠪᠠᠶᠢᠨ᠎ᠠ᠃ | | | | | ︽ᠮᠠᠨ ᠤ ᠤᠯᠠᠭᠠᠨᠬᠤᠲᠠ ᠨᠢᠰᠬᠡᠯ ᠤᠨ ᠪᠠᠭᠤᠳᠠᠯ ᠤᠯᠤᠰ ᠤᠨ ᠳᠣᠲᠣᠭᠠᠳᠤ ᠶᠢᠨ ᠠᠶᠠᠯᠠᠯ ᠤᠨ ᠦᠢᠯᠡᠴᠢᠯᠡᠭᠡ ᠶᠢ | ᠨᠡᠪᠲᠡᠷᠡᠭᠦᠯᠦᠭᠰᠡᠨ ᠠᠴᠠ ᠨᠠᠭᠠᠰᠢ᠂ ᠮᠢᠨᠦ ᠶᠠᠪᠤᠵᠤ ᠰᠠᠭᠤᠬᠤ ᠳᠤ ᠮᠠᠰᠢ ᠲᠥᠬᠦᠮ ᠪᠣᠯᠤᠭᠰᠠᠨ ᠶᠤᠮ᠃ ᠥᠩᠭᠡᠷᠡᠭᠰᠡᠨ ᠳᠤ | ᠪᠢ ᠤᠯᠠᠭᠠᠨᠬᠤᠲᠠ ᠠᠴᠠ ᠨᠠᠨᠵᠢᠩ ᠵᠦᠭ ᠨᠢᠰᠬᠦ ᠳᠤ ᠬᠤᠶᠠᠷ ᠤᠳᠠᠭᠠᠨ ᠤ ᠨᠢᠰᠬᠡᠯ ᠤᠨ ᠪᠢᠯᠧᠲ ᠬᠤᠳᠠᠯᠳᠤᠨ ᠠᠪᠴᠤ᠂ | ᠬᠤᠶᠠᠷ ᠤᠳᠠᠭᠠᠨ ᠤ ᠠᠮᠤᠷ ᠲᠦᠪᠰᠢᠨ ᠤ ᠪᠠᠶᠢᠴᠠᠭᠠᠯᠲᠠ ᠶᠢ ᠥᠩᠭᠡᠷᠡᠭᠡᠳᠡᠭ ᠪᠠᠶᠢᠭᠰᠠᠨ᠂ ᠣᠲᠣ ᠪᠢ ᠡᠨᠡ ᠬᠦ ᠡᠭᠡᠯᠵᠢ ᠶᠢᠨ | ᠨᠢᠰᠬᠡᠯ ᠢ ᠰᠣᠩᠭᠤᠵᠤ ᠪᠣᠯᠤᠨ᠎ᠠ᠂ ᠨᠢᠭᠡ ᠤᠳᠠᠭᠠᠨ ᠤ ᠪᠢᠯᠧᠲ ᠬᠤᠳᠠᠯᠳᠤᠨ ᠠᠪᠴᠤ᠂ ᠨᠢᠭᠡ ᠤᠳᠠᠭᠠᠨ ᠤ ᠠᠮᠤᠷ | ᠲᠦᠪᠰᠢᠨ ᠤ ᠪᠠᠶᠢᠴᠠᠭᠠᠯᠲᠠ ᠶᠢ ᠥᠩᠭᠡᠷᠡᠭᠡᠪᠡᠯ ᠪᠣᠯᠴᠢᠬᠠᠨ᠎ᠠ᠂ ᠡᠭᠡᠯᠵᠢ ᠶᠢᠨ ᠥᠷᠲᠡᠭᠡ ᠶᠢ ᠥᠩᠭᠡᠷᠡᠭᠡᠪᠡᠯ ᠰᠦᠢᠳᠬᠡᠯ | ᠬᠤᠷᠢᠶᠠᠬᠤ ᠥᠬᠡᠶ ᠪᠠᠷ ᠠᠮᠠᠷᠠᠵᠤ ᠪᠣᠯᠤᠨ᠎ᠠ᠂ ᠪᠠᠰᠠ ᠦᠨ᠎ᠡ ᠲᠦᠯᠦᠪᠦᠷᠢ ᠥᠬᠡᠶ ᠲᠦᠬᠦᠮ ᠢᠳᠡᠭᠡᠨ ᠪᠠ ᠤᠰᠤ | ᠬᠠᠩᠭᠠᠵᠤ᠂ ᠦᠢᠯᠡᠴᠢᠯᠡᠭᠡ ᠮᠠᠰᠢ ᠰᠠᠶᠢᠨ ᠪᠠᠶᠢᠨ᠎ᠠ︾ ᠭᠡᠵᠦ ᠡᠭᠡᠯᠵᠢ ᠶᠢᠨ ᠨᠢᠰᠬᠡᠯ ᠤᠨ ᠠᠶᠠᠨᠴᠢᠨ ᠭᠦᠸᠧ ᠱᠢ ᠴᠢ | ᠰᠤᠷᠪᠤᠯᠵᠢᠯᠠᠬᠴᠢ ᠳᠤ ᠬᠡᠯᠡᠵᠡᠶ᠃ | | | | | ᠤᠯᠤᠰ ᠤᠨ ᠳᠣᠲᠣᠭᠠᠳᠤ ᠳᠤ ᠨᠡᠪᠲᠡᠷᠡᠬᠦ ᠡᠭᠡᠯᠵᠢ ᠶᠢᠨ ᠨᠢᠰᠬᠡᠯ ᠭᠡᠳᠡᠭ ᠪᠣᠯ ᠲᠠᠩ ᠭᠠᠭᠴᠠ ᠳᠠᠭᠠᠭᠠᠴᠢᠯᠠᠨ | ᠲᠡᠭᠡᠭᠡᠪᠦᠷᠢᠯᠡᠭᠴᠢ ᠪᠤᠶᠤ ᠠᠳᠠᠯᠢ ᠪᠤᠰᠤ ᠳᠠᠭᠠᠭᠠᠴᠢᠯᠠᠨ ᠲᠡᠭᠡᠭᠡᠪᠦᠷᠢᠯᠡᠭᠴᠢ ᠶᠢᠨ ᠬᠤᠭᠤᠷᠣᠨᠳᠣ ᠪᠠᠨ ᠬᠠᠮᠲᠤᠷᠠᠯᠴᠠᠬᠤ ᠪᠠᠷ | ᠳᠠᠮᠵᠢᠭᠤᠯᠤᠨ ᠠᠶᠠᠨᠴᠢᠳ ᠲᠤ ᠨᠢᠭᠡ ᠯᠡ ᠤᠳᠠᠭ᠎ᠠ ᠪᠢᠯᠧᠲ ᠤᠨ ᠮᠦᠩᠬᠦ ᠲᠤᠰᠢᠶᠠᠬᠤ᠂ ᠨᠢᠭᠡ ᠯᠡ ᠤᠳᠠᠭ᠎ᠠ | ᠵᠢᠵᠢᠭᠦᠷᠯᠡᠬᠦ᠂ ᠨᠢᠭᠡ ᠯᠡ ᠤᠳᠠᠭ᠎ᠠ ᠠᠶᠤᠯᠭᠦᠶ ᠶᠢᠨ ᠪᠠᠶᠢᠴᠠᠭᠠᠯᠲᠠ ᠬᠢᠬᠦ᠂ ᠪᠣᠭᠤᠳᠠᠯ ᠪᠠᠭᠯᠠᠭ᠎ᠠ ᠪᠠᠨ ᠰᠢᠭᠤᠳ ᠡᠯᠭᠦᠬᠦ᠂ | ᠰᠠᠨᠠᠭ᠎ᠠ ᠠᠮᠤᠷ ᠳᠠᠮᠵᠢᠭᠤᠯᠬᠤ ᠵᠡᠷᠭᠡ ᠦᠢᠯᠡᠴᠢᠯᠡᠭᠡ ᠬᠠᠩᠭᠠᠵᠤ᠂ ᠴᠢᠬᠤᠯᠠᠲᠠᠶ ᠦᠶ᠎ᠡ ᠳᠤ ᠬᠤᠨᠣᠭᠯᠠᠬᠤ ᠵᠡᠷᠭᠡ ᠪᠥᠬᠦ | ᠶᠠᠪᠤᠴᠠ ᠶᠢᠨ ᠦᠢᠯᠡᠴᠢᠯᠡᠭᠡ ᠬᠠᠩᠭᠠᠬᠤ ᠤᠯᠤᠰ ᠤᠨ ᠳᠣᠲᠣᠭᠠᠳᠤ ᠶᠢᠨ ᠡᠭᠡᠯᠵᠢ ᠶᠢᠨ ᠨᠢᠰᠬᠡᠯ ᠢ ᠵᠢᠭᠠᠵᠤ ᠪᠠᠶᠢᠨ᠎ᠠ᠃ | ᠤᠯᠠᠭᠠᠨᠬᠤᠲᠠ ᠨᠢᠰᠬᠡᠯ ᠤᠨ ᠪᠠᠭᠤᠳᠠᠯ ᠨᠢ ᠠᠶᠠᠯᠠᠯ ᠤᠨ ᠡᠭᠡᠯᠵᠢ ᠶᠢᠨ ᠨᠢᠰᠬᠡᠯ ᠤᠨ ᠵᠢᠱᠢᠶ᠎ᠡ ᠦᠵᠡᠭᠦᠯᠬᠦ ᠨᠢᠰᠬᠡᠯ ᠤᠨ | ᠪᠠᠭᠤᠳᠠᠯ ᠪᠣᠯᠤᠭᠰᠠᠨ ᠤ ᠬᠤᠪᠢ ᠳᠤ᠂ ᠪᠥᠬᠦ ᠤᠯᠤᠰ ᠤᠨ ᠠᠩᠬᠠᠳᠠᠭᠴᠢ ᠪᠠᠷᠢᠮᠵᠢᠶᠠᠵᠢᠭᠰᠠᠨ ᠠᠶᠠᠯᠠᠯ ᠤᠨ ᠦᠢᠯᠡᠴᠢᠯᠡᠭᠡ ᠶᠢ | ᠪᠡᠶᠡᠯᠡᠭᠦᠯᠦᠭᠰᠡᠨ ᠨᠢᠰᠬᠡᠯ ᠤᠨ ᠪᠠᠭᠤᠳᠠᠯ ᠪᠣᠯᠤᠨ᠎ᠠ᠃ ᠨᠢᠰᠬᠡᠯ ᠤᠨ ᠪᠠᠭᠤᠳᠠᠯ ᠨᠢ ᠬᠤᠸᠠᠰᠢᠶᠠ ᠠᠭᠠᠷ ᠤᠨ ᠠᠶᠠᠯᠠᠯ ᠤᠨ | ᠱᠤᠭᠤᠮ ᠤᠨ ᠰᠦᠯᠵᠢᠶ᠎ᠡ ᠳᠤ ᠲᠦᠰᠢᠭᠯᠡᠨ᠂ ᠤᠯᠠᠭᠠᠨᠬᠤᠲᠠ ᠨᠢᠰᠬᠡᠯ ᠤᠨ ᠪᠠᠭᠤᠳᠠᠯ ᠳᠤ ᠬᠦᠷᠴᠦ ᠢᠷᠡᠬᠦ ᠬᠤᠲᠠ ᠶᠢᠨ | ᠲᠤᠭ᠎ᠠ ᠶᠢ ᠤᠤᠯ ᠤᠨ 15 ᠪᠠᠶᠢᠭᠰᠠᠨ ᠢ 100 ᠠᠴᠠ ᠳᠡᠭᠡᠭᠰᠢ ᠪᠣᠯᠭᠠᠵᠦ᠂ 50 ᠠᠴᠠ ᠳᠡᠭᠡᠭᠰᠢᠬᠢ ᠬᠤᠲᠠ ᠠᠴᠠ ᠲᠣᠰ | ᠡᠳᠦᠷ ᠲᠤ ᠪᠠᠨ ᠤᠯᠠᠭᠠᠨᠬᠤᠳᠠ ᠳᠤ ᠬᠦᠷᠴᠦ ᠢᠷᠡᠬᠦ ᠶᠢ ᠪᠡᠶᠡᠯᠡᠭᠦᠯᠵᠦ᠂ ᠤᠯᠠᠭᠠᠨᠬᠤᠲᠠ ᠶᠢᠨ ᠠᠶᠠᠨᠴᠢᠳ ᠤᠨ ᠥᠪᠡᠷᠮᠢᠴᠡ | ᠣᠨᠴᠠᠯᠢᠭ ᠲᠠᠢ ᠶᠠᠪᠤᠵᠤ ᠰᠠᠭᠤᠬᠤ ᠬᠡᠷᠡᠭᠴᠡᠭᠡ ᠶᠢ ᠲᠦᠢᠯ ᠤᠨ ᠶᠡᠭᠡ ᠪᠠᠷ ᠬᠠᠩᠭᠠᠭᠰᠠᠨ ᠪᠠᠶᠢᠨ᠎ᠠ᠃ | ᠦᠢᠯᠡᠴᠢᠯᠡᠭᠡᠨ ᠤ ᠲᠥᠷᠥᠯ ᠵᠦᠢᠯ ᠤᠨ ᠰᠢᠨ᠎ᠡ ᠶᠢ ᠡᠭᠦᠳᠬᠦ ᠶᠢᠨ ᠵᠡᠷᠭᠡ ᠳᠤ᠂ ᠤᠯᠠᠭᠠᠨᠬᠤᠲᠠ ᠨᠢᠰᠬᠡᠯ ᠤᠨ | ᠪᠠᠭᠤᠳᠠᠯ ︽ᠦᠨᠡᠨ ᠰᠡᠳᠬᠢᠯ ᠠᠴᠠ ᠪᠠᠨ ᠦᠢᠯᠡᠴᠢᠯᠡᠬᠦ︾ ᠣᠨᠣᠯᠵᠢᠬᠤᠨ ᠢ ᠪᠠᠷᠢᠮᠲᠠᠯᠠᠵᠤ᠂ ᠴᠢᠨᠠᠷ ᠰᠠᠶᠢᠲᠠᠶ | ᠦᠢᠯᠡᠴᠢᠯᠡᠭᠡᠨ ᠤ ᠨᠠᠷᠠᠲᠤ ᠲᠡᠮᠳᠡᠭᠲᠦ ᠶᠢ ᠪᠣᠶ ᠪᠣᠯᠭᠠᠵᠤ᠂ ︽ᠳᠤᠮᠳᠠᠳᠤ ᠤᠯᠤᠰ ᠤᠨ ᠦᠢᠯᠡᠴᠢᠯᠡᠭᠡ ᠤᠯᠠᠭᠠᠠᠬᠤᠲᠠ ᠬᠠᠨᠢ | ᠪᠣᠯᠤᠯᠴᠠᠬᠤ︾ ᠨᠢᠰᠭᠡᠯ ᠭᠡᠵᠤ ᠭᠠᠷᠬᠤ ᠦᠢᠯᠡᠴᠢᠯᠡᠭᠡᠨ ᠤ ᠨᠠᠷᠠᠲᠤ ᠲᠡᠮᠳᠡᠭᠲᠦ ᠶᠢ ᠡᠭᠦᠳᠬᠦ ᠣᠨᠣᠯᠵᠢᠬᠤᠨ ᠢ ᠰᠢᠨ᠎ᠡ ᠪᠠᠷ | ᠡᠭᠦᠳᠦᠨ ᠭᠠᠷᠭᠠᠵᠤ᠂ ᠰᠠᠭᠤᠷᠢ ᠬᠠᠮᠢᠶᠠᠷᠤᠯᠲᠠ ᠬᠢᠭᠡᠳ ᠡᠩᠨᠡᠭᠡᠨ ᠤ ᠪᠠᠶᠢᠭᠤᠯᠤᠯᠲᠠ ᠶᠢ ᠵᠡᠷᠭᠡᠪᠡᠷ ᠬᠥᠭᠵᠢᠭᠦᠯᠬᠦ ᠶᠢ | ᠴᠢᠩᠭᠠᠳᠬᠠᠨ᠂ ᠠᠶᠠᠨᠴᠢᠳ ᠲᠤ ᠴᠢᠨᠠᠷ ᠰᠠᠶᠢᠲᠠᠶ ᠶᠠᠪᠤᠵᠤ ᠰᠠᠭᠤᠬᠤ ᠣᠶᠢᠯᠠᠭᠠᠯᠲᠠ ᠬᠠᠩᠭᠠᠨ᠎ᠠ᠃ | | | | | ᠤᠯᠠᠭᠠᠨᠬᠤᠲᠠ ᠨᠢᠰᠬᠡᠯ ᠤᠨ ᠪᠠᠭᠤᠳᠠᠯ ᠤᠨ ᠭᠠᠵᠠᠷ ᠳᠡᠭᠡᠷᠡᠬᠢ ᠦᠢᠯᠡᠴᠢᠯᠡᠭᠡᠨ ᠤ ᠬᠡᠯᠲᠡᠰ ᠤᠨ ᠴᠢᠨ ᠴᠢ᠄ ︽ | ᠠᠶᠠᠨᠴᠢᠳ ᠲᠤ ᠪᠠᠶᠠᠷ ᠬᠦᠷ ᠲᠠᠢ ᠦᠢᠯᠡᠴᠢᠯᠡᠬᠦ ᠪᠣᠯ ᠮᠠᠨ ᠤ ᠨᠢᠰᠬᠡᠯ ᠤᠨ ᠪᠠᠭᠤᠳᠠᠯ ᠤᠨ ᠠᠵᠢᠯᠲᠠᠳ ᠤᠨ ᠬᠢᠪᠡᠰᠦ | ᠵᠣᠬᠢᠬᠤ ᠠᠵᠢᠯ ᠮᠥᠨ᠂ ᠠᠶᠠᠨᠴᠢᠳ ᠤᠨ ᠭᠠᠳᠠᠭᠰᠢ ᠭᠠᠷᠬᠤ ᠵᠠᠮ ᠳᠤ ᠲᠡᠳᠡᠨ ᠳᠤ ᠪᠦᠲᠦᠮᠵᠢᠲᠡᠶ ᠬᠠᠪᠰᠤᠷᠤᠯᠭ᠎ᠠ | ᠦᠵᠡᠬᠦᠯᠬᠦ ᠨᠢ ᠨᠠᠳᠠ ᠳᠤ ᠮᠠᠰᠢ ᠵᠣᠯ ᠵᠢᠷᠭᠠᠯ ᠲᠠᠢ ᠰᠠᠨᠠᠭᠳᠠᠭᠤᠯᠤᠨ᠎ᠠ᠂ ᠵᠠᠷᠢᠮ ᠦᠶ᠎ᠡ ᠳᠤ ᠠᠶᠠᠨᠴᠢᠳ ᠤᠨ ᠲᠠᠯᠠᠷᠬᠠᠯ ᠤᠨ | ᠦᠭᠡ ᠨᠢ ᠪᠢᠳᠡᠨ ᠳᠤ ᠲᠦᠢᠯ ᠤᠨ ᠬᠠᠯᠠᠭᠤᠨ ᠳᠤᠯᠠᠭᠠᠨ ᠰᠠᠨᠠᠭᠳᠠᠭᠤᠯᠤᠨ᠎ᠠ︾ ᠭᠡᠵᠦ ᠬᠡᠯᠡᠨ᠎ᠡ᠃ | ᠣᠶᠢᠯᠠᠭᠠᠭᠰᠠᠨ ᠢᠶᠠᠷ᠂ 2021 ᠣᠨ ᠳᠤ᠂ ᠤᠯᠠᠭᠠᠨᠬᠤᠲᠠ ᠨᠢᠰᠬᠡᠯ ᠤᠨ ᠪᠠᠭᠤᠳᠠᠯ ᠳᠤ ᠪᠥᠬᠦ ᠵᠢᠯ ᠤᠨ | ᠠᠶᠠᠨᠴᠢᠳ ᠤᠨ ᠪᠠᠭᠤᠵᠤ ᠰᠠᠭᠤᠬᠰᠠᠨ ᠬᠡᠮᠵᠢᠶ᠎ᠡ 71.7 ᠲᠦᠮᠡᠨ ᠬᠥᠮᠦᠨ ︵ᠤᠳᠠᠭ᠎ᠠ︶ ᠳᠤ ᠬᠦᠷᠴᠦ᠂ 7715 | ᠨᠢᠰᠬᠡᠯ ︵ᠤᠳᠠᠭ᠎ᠠ︶ ᠤᠨ ᠲᠡᠭᠡᠭᠡᠪᠦᠷᠢ ᠶᠢᠨ ᠨᠢᠰᠴᠦ ᠪᠠᠭᠤᠬᠤ ᠡᠭᠦᠷᠭᠡ ᠶᠢ ᠪᠡᠶᠡᠯᠡᠭᠦᠯᠵᠡᠶ᠃ ᠪᠥᠬᠦ ᠤᠯᠤᠰ ᠤᠨ | ᠠᠩᠬᠠᠳᠠᠭᠴᠢ ᠪᠠᠷᠢᠮᠵᠢᠶᠠᠵᠢᠭᠰᠠᠨ ᠠᠶᠠᠯᠠᠯ ᠤᠨ ᠦᠢᠯᠡᠴᠢᠯᠡᠭᠡ ᠶᠢ ᠡᠬᠢᠯᠡᠭᠦᠯᠦᠭᠰᠡᠨ ᠨᠢᠰᠬᠡᠯ ᠤᠨ ᠪᠠᠭᠤᠳᠠᠯ ᠪᠣᠯᠤᠭᠰᠠᠨ ᠤ | ᠬᠤᠪᠢ ᠳᠤ᠂ ᠪᠥᠬᠦ ᠵᠢᠯ ᠳᠤ ᠨᠡᠶᠢᠲᠡ 8010 ᠬᠥᠮᠦᠨ ︵ᠤᠳᠠᠭ᠎ᠠ︶ ᠠᠶᠠᠯᠠᠯ ᠤᠨ ᠠᠶᠠᠨᠴᠢᠳ ᠢ ᠲᠡᠭᠡᠭᠡᠪᠦᠷᠢᠯᠡᠪᠡ᠃ | | | | | ᠤᠯᠠᠭᠠᠨᠬᠤᠲᠠ ᠨᠢᠰᠬᠡᠯ ᠤᠨ ᠪᠠᠭᠤᠳᠠᠯ ᠤᠨ ᠭᠠᠵᠠᠷ ᠳᠡᠭᠡᠷᠡᠬᠢ ᠦᠢᠯᠡᠴᠢᠯᠡᠭᠡᠨ ᠤ ᠬᠡᠯᠲᠡᠰ ᠤᠨ ᠳᠡᠳ᠋ ᠳᠠᠭᠠᠭᠠᠮᠠᠯ | ᠯᠢ ᠨᠢᠩ ᠠᠴᠠ᠂ 2022 ᠣᠨ ᠳᠤ᠂ ᠤᠯᠠᠭᠠᠨᠬᠤᠲᠠ ᠨᠢᠰᠬᠡᠯ ᠤᠨ ᠪᠠᠭᠤᠳᠠᠯ ᠨᠢ ᠠᠷᠠᠳ ᠤᠨ ᠠᠭᠠᠷ ᠤᠨ | ᠲᠡᠭᠡᠭᠡᠪᠦᠷᠢ ᠶᠢᠨ ᠳᠡᠭᠡᠳᠦ ᠱᠠᠲᠤᠨ ᠤ ᠦᠢᠯᠡᠴᠢᠯᠡᠭᠡᠨ ᠤ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠥᠬᠦ | ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠶᠠᠨᠴᠢᠳ ᠤᠨ ᠬᠡᠷᠡᠭᠴᠡᠭᠡ ᠪᠠᠷ ᠭᠤᠤᠯ ᠪᠣᠯᠭᠠᠨ᠂ | ᠦᠢᠯᠡᠴᠢᠯᠡᠭᠡᠨ ᠤ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ᠂ ᠦᠢᠯᠡᠴᠢᠯᠡᠭᠡᠨ ᠤ ᠴᠤᠪᠤᠷᠠᠯ ᠢ ᠳᠠᠬᠢᠨ | ᠪᠦᠲᠦᠭᠡᠬᠦ ᠪᠠᠷ ᠳᠠᠮᠵᠢᠨ᠂ ᠦᠢᠯᠡᠴᠢᠯᠡᠭᠡᠨ ᠤ ᠨᠠᠷᠠᠲᠤ ᠲᠡᠮᠳᠡᠭᠲᠦ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠨᠢᠰᠬᠡᠯ ᠤᠨ | ᠪᠠᠭᠤᠳᠠᠯ ᠤᠨ ᠦᠢᠯᠡᠴᠢᠯᠡᠭᠡᠨ ᠤ ᠴᠢᠳᠠᠪᠤᠷᠢ᠂ ᠦᠢᠯᠡᠴᠢᠯᠡᠭᠡᠨ ᠤ ᠦᠷ᠎ᠡ ᠪᠦᠲᠦᠮᠵᠢ ᠪᠠ ᠦᠢᠯᠡᠴᠢᠯᠡᠭᠡᠨ ᠤ ᠶᠠᠰᠤ ᠴᠢᠨᠠᠷ ᠢ | ᠦᠷᠭᠦᠯᠵᠢᠯᠡᠨ ᠳᠡᠭᠡᠭᠰᠢᠯᠡᠭᠦᠯᠵᠦ᠂ ︽ᠳᠤᠮᠳᠠᠳᠤ ᠤᠯᠤᠰ ᠤᠨ ᠦᠢᠯᠡᠴᠢᠯᠡᠭᠡ ᠤᠯᠠᠭᠠᠠᠬᠤᠲᠠ ᠨᠠᠶᠢᠵᠠ ᠪᠣᠯᠤᠯᠴᠠᠬᠤ︾ | ᠬᠤᠪᠢᠶᠠᠷᠢ ᠨᠠᠷᠠᠲᠤ ᠲᠡᠮᠳᠡᠭᠲᠦ ᠶᠢ ᠭᠦᠨᠵᠡᠭᠡᠶ ᠪᠣᠶ ᠪᠣᠯᠭᠠᠵᠠᠢ ᠭᠡᠵᠡᠢ᠃ | | |