ᠲᠤᠭᠤᠷ ᠤᠨ ᠭᠤᠣᠯ ᠤᠨ ᠨᠤᠭᠤ ᠭᠠᠵᠠᠷ ᠤᠨ ᠠᠮᠢ ᠠᠬᠤᠢ ᠶᠢ ᠰᠡᠷᠭᠦᠭᠡᠬᠦ ᠲᠦᠷᠦᠯ ᠵᠦᠢᠯ ᠤᠷᠤᠭᠰᠢᠳᠠᠢ ᠶᠠᠪᠤᠭᠳᠠᠵᠤ ᠪᠤᠢ
ᠨᠡᠶᠢᠲᠡᠯᠡᠭᠰᠡᠨ ᠴᠠᠭ᠄
2022/12/26
      ᠲᠤᠭᠤᠷ ᠤᠨ ᠭᠤᠣᠯ ᠤᠨ ᠨᠤᠭᠤ ᠭᠠᠵᠠᠷ ᠤᠨ ᠠᠮᠢ ᠠᠬᠤᠢ ᠶᠢ ᠰᠡᠷᠭᠦᠭᠡᠬᠦ ᠲᠦᠷᠦᠯ ᠵᠦᠢᠯ ᠨᠢ ᠥᠪᠥᠷ ᠮᠣᠩᠭᠤᠯ ᠤᠨ ᠤᠯᠠᠭᠠᠨᠬᠤᠲᠠ ᠶᠢᠨ ᠲᠤᠭᠤᠷ ᠤᠨ ᠭᠤᠣᠯ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ ᠲᠤ ᠪᠠᠶᠢᠷᠢᠯᠠᠵᠤ ᠪᠤᠢ᠃ ᠲᠣᠰ ᠲᠦᠷᠤᠯ ᠵᠦᠢᠯ ᠤᠨ ᠪᠥᠲᠥᠭᠡᠨ ᠪᠠᠶᠢᠭᠤᠯᠤᠯᠲᠠ ᠨᠢ ᠨᠤᠭᠤ ᠭᠠᠵᠠᠷ ᠤᠨ ᠬᠠᠮᠠᠭᠠᠯᠠᠯᠲᠠ ᠬᠢᠭᠡᠳ ᠨᠤᠭᠤ ᠭᠠᠵᠠᠷ ᠤᠨ ᠬᠡᠪᠴᠢᠶᠡᠨ ᠳᠠᠬᠢ ᠤᠤᠯ ᠤᠨ ᠰᠠᠭᠤᠭᠠᠯᠢ ᠠᠷᠠᠳ ᠤᠨ ᠤᠶᠢᠯᠡᠳᠪᠤᠷᠢᠯᠠᠯ ᠠᠮᠢᠳᠤᠷᠠᠯ ᠤᠨ ᠬᠠᠷᠢᠴᠠᠭ᠎ᠠ ᠶᠢ ᠪᠦᠲᠦᠮᠵᠢᠲᠡᠶ ᠰᠠᠶᠢᠲᠤᠷ ᠰᠢᠢᠳᠪᠤᠷᠢᠯᠡᠵᠤ᠂ ᠡᠭᠦᠨ ᠤ ᠤᠯᠠᠮ ᠢᠶᠠᠷ ᠡᠬᠢ ᠪᠠᠶᠠᠯᠢᠭ ᠢ ᠨᠡᠭᠡᠭᠡᠨ ᠠᠰᠢᠭᠯᠠᠬᠤ ᠬᠢᠭᠡᠳ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠤᠶᠠᠯᠳᠤᠭᠤᠯᠬᠤ᠂ ᠦᠵᠡᠮᠵᠢ ᠶᠢᠨ ᠣᠷᠣᠨ ᠢ ᠨᠡᠭᠡᠭᠡᠨ ᠠᠰᠢᠭᠯᠠᠬᠤ ᠬᠢᠭᠡᠳ ᠭᠠᠴᠠᠭ᠎ᠠ ᠲᠣᠰᠬᠤᠨ ᠤ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠲᠠᠢ ᠤᠶᠠᠯᠳᠤᠭᠤᠯᠤᠭᠠᠳ᠂ ᠡᠩ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠪᠠᠶᠢᠷᠢᠰᠢᠭᠤᠯᠤᠯᠲᠠ ᠬᠢᠭᠡᠳ ᠵᠤᠭᠠᠴᠠᠯ ᠤᠨ ᠰᠣᠳᠣᠨ ᠪᠦᠲᠦᠭᠡᠯ ᠢ ᠡᠭᠦᠳᠬᠦ ᠶᠢ ᠤᠶᠠᠯᠳᠤᠭᠤᠯᠬᠤ ᠬᠠᠷᠠᠯᠲᠠ ᠳᠤ ᠬᠦᠷᠭᠡᠬᠦ ᠪᠣᠯᠤᠨ᠎ᠠ᠃ ᠲᠣᠰ ᠲᠥᠷᠥᠯ ᠵᠦᠢᠯ ᠤᠨ ᠪᠠᠷᠢᠯᠭ᠎ᠠ ᠶᠢ ᠡᠨᠡ ᠵᠢᠯ ᠤᠨ 5 ᠰᠠᠷ᠎ᠠ ᠳᠤ ᠡᠬᠢᠯᠡᠭᠦᠯᠵᠦ᠂ 9 ᠰᠠᠷ᠎ᠠ ᠳᠤ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠪᠠᠷ ᠵᠢᠱᠢᠵᠦ ᠪᠣᠶ᠃    
                     ᠰᠤᠷᠪᠤᠯᠵᠢᠯᠠᠭᠴᠢ ᠪᠢᠯᠢᠭ ᠰᠡᠭᠦᠳᠡᠷᠯᠡᠨ ᠮᠡᠳᠡᠭᠡᠯᠡᠪᠡ
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号