1 — 9 ᠳ᠋ᠦ᠋ᠭᠡᠷ ᠰᠠᠷ᠎ᠠ ᠶᠢᠨ ᠤᠯᠠᠭᠠᠨᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2022/12/26
       1 — 9 ᠳ᠋ᠦ᠋ᠭᠡᠷ ᠰᠠᠷ᠎ᠠ ᠳᠤ᠂ ᠮᠠᠨ ᠤ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠢ 174.3 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 1.9% ᠪᠠᠷ ᠪᠠᠭᠤᠷᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 2.1% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ ᠭᠤᠷᠪᠠᠳᠤᠭᠠᠷ ᠲᠤ ᠣᠷᠣᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠪᠣᠷᠣᠯᠠᠭᠤᠯᠭ᠎ᠠ ᠶᠢᠨ ᠨᠣᠷᠮ᠎ᠠ 101.7% ᠬᠦᠷᠴᠦ᠂ ᠳᠡᠭᠡᠷ᠎ᠡ ᠵᠢᠯ ᠤᠨ ᠬᠢ ᠠᠴᠠ 4.0 ᠵᠠᠭᠤᠨ ᠤ ᠨᠢᠭᠡᠴᠢ ᠪᠠᠷ ᠳᠡᠭᠡᠭᠰᠢᠯᠡᠵᠡᠶ᠃        ᠭᠤᠣᠯ ᠦᠢᠯᠡᠳᠬᠦᠨ ᠤ ᠭᠠᠷᠤᠯᠲᠠ ᠶᠢᠨ ᠬᠡᠮᠵᠢᠶ᠎ᠡ ᠨᠡᠮᠡᠭᠳᠡᠯ ᠲᠠᠢ ᠪᠠᠭᠤᠷᠠᠯᠲᠠ ᠲᠠᠢ᠃ ᠮᠠᠨ ᠤ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠳᠤ ᠬᠤᠯᠪᠣᠭᠳᠠᠭᠰᠠᠨ 22 ᠲᠦᠷᠦᠯ ᠤᠨ ᠦᠢᠯᠡᠳᠬᠦᠨ ᠤ ᠭᠠᠷᠤᠯᠲᠠ ᠶᠢᠨ ᠳᠣᠲᠣᠷᠠᠬᠢ 12 ᠵᠦᠢᠯ ᠤᠨ ᠦᠢᠯᠡᠳᠬᠦᠨ ᠤ ᠨᠡᠮᠡᠭᠳᠡᠯ ᠢ ᠪᠠᠲᠤᠯᠠᠵᠤ᠂ ᠡᠭᠦᠨ ᠳᠤ ᠨᠡᠮᠡᠭᠳᠡᠯ ᠤᠨ ᠬᠤᠷᠳᠤᠴᠠ ᠪᠠᠷ ᠨᠡᠯᠢᠶᠡᠳ ᠥᠨᠳᠥᠷ ᠨᠢ᠄ ᠪᠤᠭᠤᠳᠠᠶ ᠶᠢᠨ ᠭᠤᠯᠢᠷ ᠠᠳᠠᠯᠢ ᠬᠤᠭᠤᠴᠠᠭᠠᠨ ᠤ ᠬᠢ ᠠᠴᠠ 143.0%  ᠪᠠᠷ ᠨᠡᠮᠡᠭᠳᠡᠵᠦ᠂ ᠲᠠᠸᠠᠷ ᠤᠨ ᠪᠧᠲ᠋ᠤᠨ ᠠᠳᠠᠯᠢ ᠬᠤᠭᠤᠴᠠᠭᠠᠨ ᠤ ᠬᠢ ᠠᠴᠠ 83.5% ᠪᠠᠷ ᠨᠡᠮᠡᠭᠳᠡᠵᠦ᠂ ᠮᠠᠰᠢᠨᠴᠢᠯᠠᠭᠰᠠᠨ ᠲᠠᠷᠢᠶᠠᠯᠠᠩ ᠵᠢᠴᠢ ᠴᠡᠴᠡᠷᠯᠢᠭ ᠤᠨ ᠮᠠᠰᠢᠨ ᠪᠠᠭᠠᠵᠢ ᠠᠳᠠᠯᠢ ᠬᠤᠭᠤᠴᠠᠭᠠᠨ ᠤ ᠬᠢ ᠠᠴᠠ 40.3%  ᠪᠠᠷ ᠨᠡᠮᠡᠭᠳᠡᠵᠦ᠂ ᠴᠠᠭᠠᠰᠤᠨ ᠦᠢᠯᠡᠳᠬᠦᠨ ᠠᠳᠠᠯᠢ ᠬᠤᠭᠤᠴᠠᠭᠠᠨ ᠤ ᠬᠢ ᠠᠴᠠ 23.0% ᠪᠠᠷ ᠨᠡᠮᠡᠭᠳᠡᠵᠡᠶ᠃ 10 ᠵᠦᠢᠯ ᠪᠠᠭᠤᠷᠠᠵᠤ᠂ ᠡᠭᠦᠨ ᠳᠤ ᠢᠯᠡᠳᠲᠡ ᠪᠠᠭᠤᠷᠠᠭᠰᠠᠨ ᠨᠢ᠄ ᠲᠤᠲᠤᠷᠭ᠎ᠠ ᠠᠳᠠᠯᠢ ᠬᠤᠭᠤᠴᠠᠭᠠᠨ ᠤ ᠬᠢ ᠠᠴᠠ 76.3% ᠪᠠᠷ ᠪᠠᠭᠤᠷᠠᠵᠤ᠂ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠠᠳᠠᠯᠢ ᠬᠤᠭᠤᠴᠠᠭᠠᠨ ᠤ ᠬᠢ ᠠᠴᠠ 41.0% ᠪᠠᠷ ᠪᠠᠭᠤᠷᠠᠵᠤ᠂ ᠤᠮᠳᠠᠭᠠᠨ ᠤ ᠵᠦᠢᠯ ᠠᠳᠠᠯᠢ ᠬᠤᠭᠤᠴᠠᠭᠠᠨ ᠤ ᠬᠢ ᠠᠴᠠ 40.7% ᠪᠠᠷ ᠪᠠᠭᠤᠷᠠᠵᠤ᠂ ᠬᠢᠲᠠᠳ ᠪᠡᠯᠡᠨ ᠡᠮ ᠠᠳᠠᠯᠢ ᠬᠤᠭᠤᠴᠠᠭᠠᠨ ᠤ ᠬᠢ ᠠᠴᠠ 17.9% ᠪᠠᠷ ᠪᠠᠭᠤᠷᠠᠪᠠ᠃        ᠥᠪᠡᠷ ᠤᠨ ᠥᠷᠲᠡᠭ ᠤᠨ ᠵᠠᠷᠤᠳᠠᠯ ᠮᠡᠳᠡᠭᠳᠡᠬᠦ᠋ᠢᠴᠡ ᠪᠠᠭᠤᠷᠠᠵᠤ᠂ ᠠᠵᠤ ᠠᠬᠤᠶᠢᠯᠠᠯ ᠤᠨ ᠦᠯᠡᠳᠡᠪᠦᠷᠢ ᠨᠡᠮᠡᠭᠳᠡᠪᠡ᠃ 1 — 9 ᠰᠠᠷ᠎ᠠ ᠳᠤ᠂ ᠡᠵᠡᠩᠨᠡᠯᠲᠡ ᠶᠢᠨ ᠣᠷᠣᠯᠭ᠎ᠠ ᠶᠢ 166.8 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ — 1.9% ᠪᠠᠷ ᠪᠠᠭᠤᠷᠠᠪᠠ᠃ ᠡᠵᠡᠩᠨᠡᠯᠲᠡ ᠶᠢᠨ ᠥᠪᠡᠷ ᠤᠨ ᠥᠷᠲᠡᠭ 119.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.7% ᠪᠠᠷ ᠪᠠᠭᠤᠷᠠᠪᠠ᠃ ᠪᠣᠷᠣᠯᠠᠭᠤᠯᠭ᠎ᠠ ᠶᠢᠨ ᠵᠠᠷᠤᠳᠠᠯ 5.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 18.0% ᠪᠠᠷ ᠪᠠᠭᠤᠷᠠᠪᠠ︔ ᠠᠰᠢᠭ ᠬᠤᠨᠵᠢᠪᠣᠷᠢ ᠶᠢᠨ ᠶᠡᠷᠦᠩᠬᠡᠶ ᠬᠡᠮᠵᠢᠶ᠎ᠡ 11.0 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 19.0% ᠪᠠᠷ ᠨᠡᠮᠡᠭᠳᠡᠪᠡ᠃ ᠭᠠᠶᠢᠯᠢ ᠶᠢᠨ ᠮᠥᠩᠭᠦ ᠶᠢᠨ ᠶᠡᠷᠦᠩᠬᠡᠶ ᠲᠤᠭ᠎ᠠ 33.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 25.9% ᠪᠠᠷ ᠨᠡᠮᠡᠭᠳᠡᠪᠡ᠃
 
ᠢᠷᠡᠯᠲᠡ᠄ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号