1 — 8 ᠳ᠋ᠤᠭᠠᠷ ᠰᠠᠷ᠎ᠠ ᠶᠢᠨ ᠤᠯᠠᠭᠠᠨᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2022/12/26
             1 — 8 ᠳ᠋ᠤᠭᠠᠷ ᠰᠠᠷ᠎ᠠ ᠳᠤ᠂ ᠮᠠᠨ ᠤ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠢ 154.58 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠪᠥᠬᠦ ᠠᠶᠢᠮᠠᠭ ᠤᠨ 68.8% ᠶᠢ ᠡᠵᠡᠯᠡᠨ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 2.0% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ ᠭᠤᠷᠪᠠᠳᠤᠭᠠᠷ ᠲᠤ ᠣᠷᠣᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠪᠣᠷᠣᠯᠠᠭᠤᠯᠭ᠎ᠠ ᠶᠢᠨ ᠨᠣᠷᠮ᠎ᠠ 101.5% ᠳᠤ ᠬᠦᠷᠴᠦ᠂ ᠳᠡᠭᠡᠷ᠎ᠡ ᠵᠢᠯ ᠤᠨ ᠬᠢ ᠠᠴᠠ 4.8 ᠵᠠᠭᠤᠨ ᠤ ᠨᠢᠭᠡᠴᠢ ᠳᠡᠭᠡᠭᠰᠢᠯᠡᠪᠡ᠃ ᠭᠤᠣᠯ ᠦᠢᠯᠡᠳᠬᠦᠨ ᠤ ᠭᠠᠷᠤᠯᠲᠠ ᠶᠢᠨ ᠬᠡᠮᠵᠢᠶ᠎ᠡ ᠨᠡᠮᠡᠭᠳᠡᠯ ᠲᠠᠢ ᠪᠠᠭᠤᠷᠠᠯᠲᠠ ᠲᠠᠢ ᠪᠠᠶᠢᠨ᠎ᠠ᠃ ᠮᠠᠨ ᠤ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠳᠤ ᠬᠤᠯᠪᠣᠭᠳᠠᠭᠰᠠᠨ 22 ᠲᠦᠷᠦᠯ ᠤᠨ ᠦᠢᠯᠡᠳᠬᠦᠨ ᠤ ᠭᠠᠷᠤᠯᠲᠠ ᠶᠢᠨ ᠳᠣᠲᠣᠷᠠᠬᠢ 12 ᠵᠦᠢᠯ ᠤᠨ ᠦᠢᠯᠡᠳᠬᠦᠨ ᠨᠡᠮᠡᠭᠳᠡᠯ ᠢᠶᠠᠨ ᠪᠠᠲᠤᠯᠠᠪᠠ᠂ ᠡᠭᠦᠨ ᠳᠤ ᠨᠡᠮᠡᠭᠳᠡᠯ ᠤᠨ ᠬᠤᠷᠳᠤᠴᠠ ᠪᠠᠷ ᠨᠡᠯᠢᠶᠡᠳ ᠥᠨᠳᠥᠷ ᠨᠢ ᠭᠡᠪᠡᠯ᠄ ᠪᠤᠭᠤᠳᠠᠢ ᠶᠢᠨ ᠭᠤᠯᠢᠷ ᠠᠳᠠᠯᠢ ᠬᠤᠭᠤᠴᠠᠭᠠᠨ ᠤ ᠬᠢ ᠠᠴᠠ 149.3% ᠪᠠᠷ ᠨᠡᠮᠡᠭᠳᠡᠵᠦ᠂ ᠲᠠᠸᠠᠷ ᠤᠨ ᠪᠧᠲ᠋ᠤᠨ ᠠᠳᠠᠯᠢ ᠬᠤᠭᠤᠴᠠᠭᠠᠨ ᠤ ᠬᠢ ᠠᠴᠠ 98.8% ᠢᠶᠠᠷ ᠨᠡᠮᠡᠭᠳᠡᠵᠦ᠂ ᠮᠠᠰᠢᠨᠴᠢᠯᠠᠭᠰᠠᠨ ᠲᠠᠷᠢᠶᠠᠯᠠᠩ ᠵᠢᠴᠢ ᠴᠡᠴᠡᠷᠯᠢᠭ ᠤᠨ ᠮᠠᠰᠢᠨ ᠪᠠᠭᠠᠵᠢ ᠠᠳᠠᠯᠢ ᠬᠤᠭᠤᠴᠠᠭᠠᠨ ᠤ ᠬᠢ ᠠᠴᠠ 55.6% ᠪᠠᠷ ᠨᠡᠮᠡᠭᠳᠡᠵᠦ᠂ ᠴᠠᠭᠠᠰᠤᠨ ᠪᠦᠲᠦᠭᠡᠭᠳᠡᠬᠦᠨ ᠠᠳᠠᠯᠢ ᠬᠤᠭᠤᠴᠠᠭᠠᠨ ᠤ ᠬᠢ ᠠᠴᠠ 26.4% ᠪᠠᠷ ᠨᠡᠮᠡᠭᠳᠡᠪᠡ᠃ 10 ᠵᠦᠢᠯ ᠪᠠᠭᠤᠷᠠᠵᠤ᠂ ᠡᠭᠦᠨ ᠳᠤ ᠢᠯᠡᠳᠲᠡ ᠪᠠᠭᠤᠷᠠᠭᠰᠠᠨ ᠨᠢ᠄ ᠲᠤᠲᠤᠷᠭ᠎ᠠ ᠠᠳᠠᠯᠢ ᠬᠤᠭᠤᠴᠠᠭᠠᠨ ᠤ ᠬᠢ ᠠᠴᠠ 78.6% ᠪᠠᠷ ᠪᠠᠭᠤᠷᠠᠵᠤ᠂ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠠᠳᠠᠯᠢ ᠬᠤᠭᠤᠴᠠᠭᠠᠨ ᠤ ᠬᠢ ᠠᠴᠠ 63.2% ᠢᠶᠠᠷ ᠪᠠᠭᠤᠷᠠᠵᠤ᠂ ᠤᠮᠳᠠᠭᠠᠨ ᠠᠳᠠᠯᠢ ᠬᠤᠭᠤᠴᠠᠭᠠᠨ ᠤ ᠬᠢ ᠠᠴᠠ 41.3% ᠪᠠᠷ ᠪᠠᠭᠤᠷᠠᠵᠤ᠂ ᠬᠢᠲᠠᠳ ᠪᠡᠯᠡᠨ ᠡᠮ ᠠᠳᠠᠯᠢ ᠬᠤᠭᠤᠴᠠᠭᠠᠨ ᠤ ᠬᠢ ᠠᠴᠠ 18.7% ᠪᠠᠷ ᠪᠠᠭᠤᠷᠠᠪᠠ᠃
 
ᠢᠷᠡᠯᠲᠡ᠄ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号