1 — 7 ᠳ᠋ᠤᠭᠠᠷ ᠰᠠᠷ᠎ᠠ ᠳᠤ ᠤᠯᠠᠭᠠᠨᠬᠤᠲᠠ ᠶᠢᠨ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠲᠣᠭᠲᠠᠭᠤᠨ ᠪᠠᠶᠢᠬᠤ ᠶᠢᠨ ᠵᠡᠷᠭᠡ ᠳᠤ ᠳᠡᠭᠡᠭᠰᠢᠯᠡᠯᠲᠡ ᠲᠠᠢ ᠪᠣᠯᠪᠠ
ᠨᠡᠶᠢᠲᠡᠯᠡᠭᠰᠡᠨ ᠴᠠᠭ᠄
2022/12/26
       1 — 7 ᠳ᠋ᠤᠭᠠᠷ ᠰᠠᠷ᠎ᠠ ᠳᠤ᠂ ᠮᠠᠨ ᠤ ᠬᠤᠲᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 53.69 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.2% ᠢᠶᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ ᠳᠤᠮᠳᠠᠴᠢ ᠬᠢᠷᠢ ᠲᠦᠪᠰᠢᠨ ᠠᠴᠠ 0.5 ᠵᠠᠭᠤᠨ ᠤ ᠨᠢᠭᠡᠴᠢ ᠪᠠᠷ ᠥᠨᠳᠥᠷ ᠪᠠᠶᠢᠵᠤ᠂ ᠪᠥᠬᠦ ᠠᠶᠢᠮᠠᠭ ᠤᠨ ᠨᠢᠭᠡᠳᠦᠭᠡᠷ ᠲᠤ ᠣᠷᠣᠪᠠ᠃ ᠴᠢᠯᠠᠭᠤᠨ ᠲᠣᠰᠣ ᠵᠢᠴᠢ ᠪᠦᠲᠦᠭᠡᠭᠳᠡᠬᠦᠨ ᠤ ᠲᠥᠷᠥᠯ ᠤᠨ ᠪᠣᠷᠣᠯᠠᠭᠤᠯᠭ᠎ᠠ ᠶᠢᠨ ᠪᠠᠶᠢᠳᠠᠯ ᠨᠡᠯᠢᠶᠡᠳ ᠰᠠᠶᠢᠨ ᠪᠠᠶᠢᠵᠤ᠂ ᠪᠥᠬᠦ ᠬᠤᠲᠠ ᠶᠢᠨ ᠬᠢᠵᠠᠭᠠᠷᠲᠤ ᠨᠣᠷᠮ᠎ᠠ ᠠᠴᠠ ᠳᠡᠭᠡᠭᠰᠢᠬᠢ ᠨᠡᠶᠢᠭᠡᠮ ᠤᠨ ᠲᠠᠸᠠᠷ ᠤᠨ ᠵᠢᠵᠢᠭᠯᠡᠨ ᠬᠤᠳᠠᠯᠳᠤᠬᠰᠠᠨ ᠶᠡᠷᠦᠩᠬᠡᠶ ᠲᠣᠭᠠᠨ ᠤ ᠨᠡᠮᠡᠭᠳᠡᠯ ᠤᠨ ᠬᠤᠷᠳᠤᠴᠠ ᠶᠢ 26.8 ᠵᠠᠭᠤᠨ ᠤ ᠨᠢᠭᠡᠴᠢ ᠪᠠᠷ ᠳᠠᠶᠢᠴᠢᠯᠠᠪᠠ᠃ 1 — 7 ᠳ᠋ᠤᠭᠠᠷ ᠰᠠᠷ᠎ᠠ ᠳᠤ᠂ ᠣᠯᠠᠨ ᠤᠯᠤᠰ ᠤᠨ ᠲᠣᠰᠣᠨ ᠤ ᠦᠨ᠎ᠡ ᠶᠢᠨ ᠥᠰᠥᠯᠲᠡ ᠵᠢᠴᠢ ᠬᠡᠷᠡᠭᠯᠡᠭᠡᠨ ᠤ ᠲᠡᠮᠳᠡᠭᠲᠦ ᠲᠠᠷᠬᠠᠭᠠᠬᠤ ᠵᠡᠷᠭᠡ ᠪᠣᠷᠣᠯᠠᠭᠤᠯᠭ᠎ᠠ ᠶᠢ ᠠᠬᠢᠭᠤᠯᠬᠤ ᠬᠠᠷᠠᠭᠠᠯᠵᠠᠯ ᠤᠨ ᠠᠵᠢᠯᠯᠠᠭ᠎ᠠ ᠶᠢᠨ ᠬᠦᠴᠦᠨ ᠵᠦᠢᠯ ᠤᠨ ᠨᠥᠯᠥᠭᠡ ᠠᠴᠠ ᠪᠣᠯᠵᠣ᠂ ᠬᠢᠵᠠᠭᠠᠷᠲᠤ ᠨᠣᠷᠮ᠎ᠠ ᠠᠴᠠ ᠳᠡᠭᠡᠭᠰᠢᠬᠢ ᠴᠢᠯᠠᠭᠤᠨ ᠲᠣᠰᠣ ᠵᠢᠴᠢ ᠦᠢᠯᠡᠳᠬᠦᠨ ᠤ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ 18.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 37.5% ᠪᠠᠷ ᠨᠡᠮᠡᠭᠳᠡᠪᠡ᠃
 
ᠢᠷᠡᠯᠲᠡ᠄ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号