1 — 7 ᠳ᠋ᠤᠭᠠᠷ ᠰᠠᠷ᠎ᠠ ᠶᠢᠨ ᠤᠯᠠᠭᠠᠨᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2022/12/26
       1 — 7 ᠳ᠋ᠤᠭᠠᠷ ᠰᠠᠷ᠎ᠠ ᠳᠤ᠂ ᠮᠠᠨ ᠤ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠢ 138.63 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠪᠥᠬᠦ ᠠᠶᠢᠮᠠᠭ ᠤᠨ 68.9% ᠶᠢ ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 1.2% ᠢᠶᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ ᠭᠤᠷᠪᠠᠳᠤᠭᠠᠷ ᠲᠤ ᠣᠷᠣᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠪᠣᠷᠣᠯᠠᠭᠤᠯᠭ᠎ᠠ ᠶᠢᠨ ᠨᠣᠷᠮ᠎ᠠ 101.6% ᠳᠤ ᠬᠦᠷᠴᠦ᠂ ᠳᠡᠭᠡᠷ᠎ᠡ ᠵᠢᠯ ᠤᠨ ᠬᠢ ᠠᠴᠠ 4.9 ᠵᠠᠭᠤᠨ ᠤ ᠨᠢᠭᠡᠴᠢ ᠪᠠᠷ ᠳᠡᠭᠡᠭᠰᠢᠯᠡᠪᠡ᠃ ᠭᠤᠣᠯ ᠭᠤᠣᠯ ᠦᠢᠯᠡᠳᠬᠦᠨ ᠤ ᠭᠠᠷᠤᠯᠲᠠ ᠶᠢᠨ ᠬᠡᠮᠵᠢᠶ᠎ᠡ ᠨᠡᠮᠡᠭᠳᠡᠵᠦ ᠪᠠᠭᠠᠰᠤᠭᠰᠠᠨ ᠪᠠᠶᠢᠨ᠎ᠠ᠃ ᠮᠠᠨ ᠤ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠳᠤ ᠬᠤᠯᠪᠣᠭᠳᠠᠭᠰᠠᠨ 22 ᠲᠦᠷᠦᠯ ᠤᠨ ᠦᠢᠯᠡᠳᠬᠦᠨ ᠤ ᠳᠣᠲᠣᠷ᠎ᠠ 12 ᠨᠢ ᠨᠡᠮᠡᠭᠳᠡᠵᠦ 10 ᠨᠢ ᠪᠠᠭᠤᠷᠠᠵᠤ᠂ 5 ᠬᠤᠪᠢ ᠠᠴᠠ ᠳᠡᠭᠡᠭᠰᠢᠬᠢ ᠨᠢ ᠶᠠᠭ ᠨᠡᠮᠡᠭᠳᠡᠬᠦ ᠬᠠᠨᠳᠤᠰᠢ ᠲᠠᠢ ᠪᠠᠶᠢᠵᠤ᠂ ᠳᠡᠭᠡᠭᠰᠢ ᠲᠠᠲᠠᠬᠤ ᠦᠢᠯᠡᠳᠦᠯ ᠦᠵᠡᠭᠦᠯᠵᠦ ᠪᠠᠶᠢᠨ᠎ᠠ᠃ ᠡᠭᠦᠨ ᠳᠤ᠂ ᠪᠤᠭᠤᠳᠠᠢ ᠶᠢᠨ ᠭᠤᠯᠢᠷ ᠠᠳᠠᠯᠢ ᠬᠤᠭᠤᠴᠠᠭᠠᠨ ᠤ ᠬᠢ ᠠᠴᠠ 138.0% ᠪᠠᠷ ᠨᠡᠮᠡᠭᠳᠡᠵᠦ᠂ ᠲᠠᠸᠠᠷ ᠤᠨ ᠪᠧᠲ᠋ᠤᠨ ᠠᠳᠠᠯᠢ ᠬᠤᠭᠤᠴᠠᠭᠠᠨ ᠤ ᠬᠢ ᠠᠴᠠ 84.8% ᠪᠠᠷ ᠨᠡᠮᠡᠭᠳᠡᠵᠦ᠂ ᠮᠠᠰᠢᠨᠴᠢᠯᠠᠭᠰᠠᠨ ᠲᠠᠷᠢᠶᠠᠯᠠᠩ ᠵᠢᠴᠢ ᠴᠡᠴᠡᠷᠯᠢᠭ ᠤᠨ ᠮᠠᠰᠢᠨ ᠪᠠᠭᠠᠵᠢ ᠠᠳᠠᠯᠢ ᠬᠤᠭᠤᠴᠠᠭᠠᠨ ᠤ ᠬᠢ ᠠᠴᠠ 62.4% ᠪᠠᠷ ᠨᠡᠮᠡᠭᠳᠡᠵᠦ᠂ ᠴᠠᠭᠠᠰᠤᠨ ᠪᠦᠲᠦᠭᠡᠭᠳᠡᠬᠦᠨ ᠠᠳᠠᠯᠢ ᠬᠤᠭᠤᠴᠠᠭᠠᠨ ᠤ ᠬᠢ ᠠᠴᠠ 23.3% ᠪᠠᠷ ᠨᠡᠮᠡᠭᠳᠡᠵᠦ᠂ ᠴᠥᠮ ᠳᠡᠭᠡᠳᠦ ᠬᠤᠷᠳᠤᠴᠠ ᠪᠠᠷ ᠨᠡᠮᠡᠭᠳᠡᠬᠦ ᠪᠠᠶᠢᠳᠠᠯ ᠢᠶᠠᠨ ᠪᠠᠲᠤᠯᠠᠪᠠ᠃
 
ᠢᠷᠡᠯᠲᠡ᠄ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号