1 — 5 ᠳ᠋ᠤᠭᠠᠷ ᠰᠠᠷ᠎ᠠ ᠳᠤ ᠤᠯᠠᠭᠠᠨᠬᠤᠲᠠ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠳᠡᠭᠡᠳᠦ ᠬᠤᠷᠳᠤᠴᠠ ᠪᠠᠷ ᠨᠡᠮᠡᠭᠳᠡᠬᠦ ᠶᠢ ᠪᠠᠲᠤᠯᠠᠪᠠ
ᠨᠡᠶᠢᠲᠡᠯᠡᠭᠰᠡᠨ ᠴᠠᠭ᠄
2022/12/26
       1 — 5 ᠳ᠋ᠤᠭᠠᠷ ᠰᠠᠷ᠎ᠠ ᠳᠤ᠂ ᠪᠥᠬᠦ ᠬᠤᠲᠠ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 9.8 ᠳ᠋ᠦᠩᠰᠢᠭᠤᠷ ᠲᠥᠭᠦᠷᠢᠭ ︵ᠠᠶᠢᠮᠠᠭ ᠤᠨ ᠨᠡᠭᠡᠭᠡᠯᠲᠡ ᠶᠢᠨ ᠲᠣᠭᠤᠷᠢᠭ ᠤᠨ 1.4 ᠳ᠋ᠦᠩᠰᠢᠭᠤᠷ ᠲᠥᠭᠦᠷᠢᠭ ᠪᠠᠭᠲᠠᠨ᠎ᠠ︶ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 75.5% ᠪᠠᠷ ᠨᠡᠮᠡᠭᠳᠡᠪᠡ᠃ ᠡᠭᠦᠨ ᠳᠤ᠂ ᠬᠤᠲᠠ ᠪᠠᠯᠭᠠᠰᠤᠨ ᠤ ᠪᠠᠯᠠ ᠣᠷᠣᠭᠤᠯᠤᠯᠲᠠ 8.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 117.3% ᠪᠠᠷ ᠨᠡᠮᠡᠭᠳᠡᠪᠡ᠃ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠠᠯᠠ ᠣᠷᠣᠭᠤᠯᠤᠯᠲᠠ 1.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.3% ᠪᠠᠷ ᠪᠠᠭᠤᠷᠠᠪᠠ᠃        ᠠᠵᠢᠯ ᠲᠥᠷᠥᠯ ᠤᠨ ᠲᠠᠯ᠎ᠠ ᠠᠴᠠ ᠠᠪᠴᠤ ᠦᠵᠡᠪᠡᠯ᠂ ᠠᠵᠤ ᠦᠢᠯᠡᠳᠪᠦᠷᠢ ᠪᠠ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠨᠢ ᠮᠠᠨ ᠤ ᠬᠤᠲᠠ ᠶᠢᠨ ᠪᠡᠯᠡ ᠣᠷᠣᠭᠤᠯᠤᠯᠲᠠ ᠶᠢ ᠳᠠᠭᠠᠭᠤᠯᠵᠠᠢ᠃ ᠮᠠᠨ ᠤ ᠬᠤᠲᠠ ᠶᠢᠨ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ 4.88 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 217.8% ᠪᠠᠷ ᠨᠡᠮᠡᠭᠳᠡᠵᠦ᠂ ᠪᠦᠬᠦ ᠬᠤᠲᠠ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠢ 60 ᠵᠠᠭᠤᠨ ᠤ ᠨᠢᠭᠡᠴᠢ ᠳᠠᠶᠢᠴᠢᠯᠠᠪᠠ᠃ ᠡᠭᠦᠨ ᠳᠤ᠄ ᠠᠵᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠪᠠᠯᠠ ᠣᠷᠣᠭᠤᠯᠤᠯᠲᠠ 3.39 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 833.1% ᠪᠠᠷ ᠨᠡᠮᠡᠭᠳᠡᠨ᠂ ᠪᠥᠬᠦ ᠬᠤᠲᠠ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠢ 54.2 ᠵᠠᠭᠤᠨ ᠤ ᠨᠢᠭᠡᠴᠢ ᠳᠠᠶᠢᠴᠢᠯᠠᠪᠠ᠃ ᠪᠥᠬᠦ ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠠᠯᠠ ᠣᠷᠣᠭᠤᠯᠤᠯᠲᠠ 2.82 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 37.4%  ᠪᠠᠷ ᠨᠡᠮᠡᠭᠳᠡᠨ᠂ ᠪᠥᠬᠦ ᠬᠤᠲᠠ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠢ 13.8 ᠵᠠᠭᠤᠨ ᠤ ᠨᠢᠭᠡᠴᠢ ᠪᠠᠷ ᠳᠠᠶᠢᠴᠢᠯᠠᠪᠠ᠃        ᠠᠵᠤ ᠦᠢᠯᠡᠰ ᠤᠨ ᠲᠠᠯ᠎ᠠ ᠠᠴᠠ ᠦᠵᠡᠪᠡᠯ᠂ ᠪᠥᠬᠦ ᠬᠤᠲᠠ ᠶᠢᠨ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠲᠣᠰ ᠲᠣᠰ 4.88 ᠳ᠋ᠦᠩᠰᠢᠭᠤᠷ ᠲᠥᠭᠦᠷᠢᠭ᠂ 4.91 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 217.8%᠂ 22.3% ᠪᠠᠷ ᠨᠡᠮᠡᠭᠳᠡᠨ᠂ ᠲᠣᠰ ᠲᠣᠰ ᠪᠥᠬᠦ ᠬᠤᠲᠠ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠢ 60 ᠵᠠᠭᠤᠨ ᠤ ᠨᠢᠭᠡᠴᠢ᠂ 16.1 ᠵᠠᠭᠤᠨ ᠤ ᠨᠢᠭᠡᠴᠢ ᠪᠠᠷ ᠳᠠᠶᠢᠴᠢᠯᠠᠪᠠ᠃        ᠪᠡᠯᠡ ᠣᠷᠣᠭᠤᠯᠤᠯᠲᠠ ᠶᠢᠨ ᠪᠡᠶᠡᠴᠢ ᠴᠣᠭᠴᠠ ᠶᠢᠨ ᠲᠠᠯ᠎ᠠ ᠠᠴᠠ ᠦᠵᠡᠪᠡᠯ᠂ ᠠᠷᠠᠳ ᠤᠨ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠪᠦᠲᠦᠮᠵᠢᠲᠡᠶ ᠪᠠᠷ ᠬᠥᠭᠵᠢᠭᠡᠪᠡ᠃ ᠪᠥᠬᠦ ᠬᠤᠲᠠ ᠶᠢᠨ ᠠᠷᠠᠳ ᠤᠨ ᠪᠠᠯᠠ ᠣᠷᠣᠭᠤᠯᠤᠯᠲᠠ ᠵᠢᠱᠢᠯᠲᠡ ᠪᠠᠷ 6.08 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 86% ᠪᠠᠷ ᠨᠡᠮᠡᠭᠳᠡᠨ᠂ ᠪᠥᠬᠦ ᠬᠤᠲᠠ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠢ 50.3 ᠵᠠᠭᠤᠨ ᠤ ᠨᠢᠭᠡᠴᠢ ᠪᠠᠷ ᠳᠠᠶᠢᠴᠢᠯᠠᠪᠠ᠃
 
ᠢᠷᠡᠯᠲᠡ᠄ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号