ᠤᠯᠠᠭᠠᠨᠬᠤᠲᠠ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠩᠬᠠᠨ ᠤ ᠤᠯᠠᠷᠢᠯ ᠳᠤ ᠰᠠᠶᠢᠨ ᠡᠬᠢᠯᠡᠯᠲᠡ ᠲᠠᠢ ᠪᠣᠯᠪᠠ
ᠨᠡᠶᠢᠲᠡᠯᠡᠭᠰᠡᠨ ᠴᠠᠭ᠄
2022/12/26
       ᠨᠢᠭᠡᠳᠦᠭᠡᠷ ᠤᠯᠠᠷᠢᠯ ᠳᠤ᠂ ᠤᠯᠠᠭᠠᠨᠬᠤᠲᠠ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ︵ᠲᠠᠷᠢᠶᠠᠴᠢᠨ ᠡᠷᠦᠬᠡ ᠪᠠᠭᠲᠠᠬᠤ ᠥᠬᠡᠶ︶ ᠠᠳᠠᠯᠢ ᠬᠤᠭᠤᠴᠠᠭᠠᠨ ᠤ ᠬᠢ ᠠᠴᠠ 152.1% ᠪᠠᠷ ᠨᠡᠮᠡᠭᠳᠡᠪᠡ᠃        ᠬᠦᠷᠢᠶ᠎ᠡ ᠬᠡᠪᠴᠢᠶ᠎ᠡ ᠪᠠᠷ ᠨᠢ ᠦᠵᠡᠪᠡᠯ᠂ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ 288.3% ᠪᠠᠷ ᠨᠡᠮᠡᠭᠳᠡᠵᠦ᠂ ᠪᠦᠬᠦ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠢ 71.7 ᠵᠠᠭᠤᠨ  ᠤ ᠨᠢᠭᠡᠴᠢ ᠪᠠᠷ ᠳᠠᠶᠢᠴᠢᠯᠠᠵᠠᠢ᠃ ᠭᠡᠷ ᠪᠠᠶᠢᠰᠢᠩ ᠭᠠᠵᠠᠷ ᠬᠦᠷᠦᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠡᠯᠡ ᠣᠷᠣᠭᠤᠯᠤᠯᠲᠠ 182.5% ᠪᠠᠷ ᠨᠡᠮᠡᠭᠳᠡᠵᠦ᠂ ᠪᠦᠬᠦ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠢ 60.6 ᠵᠠᠭᠤᠨ ᠤ ᠨᠢᠭᠡᠴᠢ ᠪᠠᠷ ᠳᠠᠶᠢᠴᠢᠯᠠᠪᠠ᠃ ᠠᠷᠠᠳ ᠤᠨ ᠪᠡᠯᠡ ᠣᠷᠣᠭᠤᠯᠤᠯᠲᠠ 110.9% ᠪᠠᠷ ᠨᠡᠮᠡᠭᠳᠡᠵᠦ᠂ ᠪᠦᠬᠦ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠢ 74.8 ᠵᠠᠭᠤᠨ ᠤ ᠨᠢᠭᠡᠴᠢ  ᠪᠠᠷ ᠳᠠᠶᠢᠴᠢᠯᠠᠪᠠ᠃        ᠠᠵᠤ ᠦᠢᠯᠡᠰ ᠢᠶᠠᠷ ᠬᠤᠪᠢᠶᠠᠵᠤ ᠦᠵᠡᠪᠡᠯ᠂ ᠬᠤᠶᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ 95.2% ᠢᠶᠠᠷ ᠨᠡᠮᠡᠭᠳᠡᠵᠦ᠂ ᠪᠥᠬᠦ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠢ 31.3 ᠵᠠᠭᠤᠨ ᠤ ᠨᠢᠭᠡᠴᠢ ᠪᠠᠷ ᠳᠠᠶᠢᠴᠢᠯᠠᠪᠠ᠃ ᠭᠤᠷᠪᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ ᠶᠢᠨ ᠨᠡᠮᠡᠭᠳᠡᠯ 180% ᠪᠠᠶᠢᠵᠤ᠂ ᠪᠥᠬᠦ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠢ 120.8 ᠵᠠᠭᠤᠨ ᠤ ᠨᠢᠭᠡᠴᠢ ᠪᠠᠷ ᠳᠠᠶᠢᠴᠢᠯᠠᠪᠠ᠃        ᠠᠵᠢᠯ ᠲᠥᠷᠥᠯ ᠢᠶᠠᠷ ᠬᠤᠪᠢᠶᠠᠵᠤ ᠦᠵᠡᠪᠡᠯ᠂ ᠦᠢᠯᠡᠳᠬᠦ ᠦᠢᠯᠡᠰ ᠤᠨ ᠪᠠᠯᠠ ᠣᠷᠣᠭᠤᠯᠤᠯᠲᠠ 82.2% ᠢᠶᠠᠷ ᠨᠡᠮᠡᠭᠳᠡᠵᠦ᠂ ᠪᠥᠬᠦ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠢ 12.1 ᠵᠠᠭᠤᠨ ᠤ ᠨᠢᠭᠡᠴᠢ ᠪᠠᠷ ᠳᠠᠶᠢᠴᠢᠯᠠᠪᠠ᠃ ᠴᠠᠬᠢᠯᠭᠠᠨ ᠬᠦᠴᠦᠨ ᠢᠯᠴᠢ ᠶᠢᠨ ᠬᠦᠴᠦᠨ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ 105.6% ᠪᠠᠷ ᠨᠡᠮᠡᠭᠳᠡᠵᠦ᠂ ᠪᠥᠬᠦ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠢ 19.3 ᠵᠠᠭᠤᠨ ᠤ ᠨᠢᠭᠡᠴᠢ  ᠪᠠᠷ ᠳᠠᠶᠢᠴᠢᠯᠠᠵᠠᠢ᠃ ᠬᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ 261.8% ᠪᠠᠷ ᠨᠡᠮᠡᠭᠳᠡᠵᠦ᠂ ᠪᠥᠬᠦ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠢ 86.9 ᠵᠠᠭᠤᠨ ᠤ ᠨᠢᠭᠡᠴᠢ ᠪᠠᠷ ᠳᠠᠶᠢᠴᠢᠯᠠᠪᠠ᠃ ᠡᠷᠡᠭᠦᠯ ᠬᠠᠮᠠᠭᠠᠯᠠᠯ ᠪᠠ ᠨᠡᠶᠢᠭᠡᠮ ᠤᠨ ᠠᠵᠢᠯ ᠠᠳᠠᠯᠢ ᠬᠤᠭᠤᠴᠠᠭᠠᠨ ᠤ ᠬᠢ ᠠᠴᠠ 195.5% ᠪᠠᠷ ᠨᠡᠮᠡᠭᠳᠡᠵᠦ᠂ ᠪᠥᠬᠦ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ  ᠶᠢᠨ ᠨᠡᠮᠡᠭᠳᠡᠯ ᠢ 4.1 ᠵᠠᠭᠤᠨ ᠤ ᠨᠢᠭᠡᠴᠢ ᠪᠠᠷ ᠳᠠᠶᠢᠴᠢᠯᠠᠪᠠ᠃
 
ᠢᠷᠡᠯᠲᠡ᠄ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号