ᠤᠯᠠᠭᠠᠨᠬᠤᠲᠠ ᠶᠢᠨ 2021 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠪᠦᠷᠢᠳᠬᠡᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2022/12/26
       ᠨᠢᠭᠡ᠂ ᠶᠡᠷᠦᠩᠬᠡᠶᠢᠯᠡᠯ        ᠤᠯᠤᠰ ᠠᠷᠠᠳ ᠤᠨ ᠠᠵᠤ ᠠᠬᠤᠶ ᠲᠣᠭᠲᠠᠭᠤᠨ ᠢᠶᠠᠷ ᠨᠡᠮᠡᠭᠳᠡᠪᠡ᠃ ᠠᠩᠬ᠎ᠠ ᠠᠯᠬᠤᠮ ᠲᠣᠭᠠᠴᠠᠭᠠᠯᠠᠭᠰᠠᠨ  ᠢᠶᠠᠷ᠂ 2021 ᠣᠨ ᠳᠤ ᠪᠥᠬᠦ ᠬᠤᠲᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ 2021600 ᠲᠦᠮᠡᠨ ᠲᠥᠭᠦᠷᠢᠭ ᠬᠦᠷᠴᠦ᠂ ᠬᠠᠷᠢᠴᠠᠭᠤᠯᠵᠤ ᠪᠣᠯᠬᠤ ᠪᠠᠷᠢᠮᠵᠢᠶ᠎ᠠ ᠪᠠᠷ ᠪᠤᠳᠤᠪᠠᠯ᠂ ᠲᠦᠷᠦᠭᠦᠤ ᠵᠢᠯ ᠤᠨ ᠬᠢ ᠠᠴᠠ 6.0% ᠪᠠᠷ ᠨᠡᠮᠡᠭᠳᠡᠵᠡᠶ᠃ ᠡᠭᠦᠨ ᠳᠤ᠄ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 122999 ᠲᠦᠮᠡᠨ ᠲᠥᠭᠦᠷᠢᠭ ᠪᠠᠶᠢᠵᠤ᠂ ᠳᠡᠭᠡᠷ᠎ᠡ ᠵᠢᠯ ᠤᠨ ᠬᠢ ᠠᠴᠠ 4.0% ᠪᠠᠷ ᠨᠡᠮᠡᠭᠳᠡᠪᠡ᠃ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 948587 ᠲᠦᠮᠡᠨ ᠲᠥᠭᠦᠷᠢᠭ ᠲᠤ ᠬᠦᠷᠴᠦ᠂ ᠲᠦᠷᠦᠭᠦᠤ ᠵᠢᠯ ᠤᠨ ᠬᠢ ᠠᠴᠠ 8.3% ᠪᠠᠷ ᠨᠡᠮᠡᠭᠳᠡᠪᠡ᠃ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 950014 ᠲᠦᠮᠡᠨ ᠲᠥᠭᠦᠷᠢᠭ ᠲᠤ ᠬᠦᠷᠴᠦ᠂ ᠲᠦᠷᠦᠭᠦᠤ ᠵᠢᠯ ᠤᠨ ᠬᠢ ᠠᠴᠠ 4.5% ᠪᠠᠷ ᠨᠡᠮᠡᠭᠳᠡᠪᠡ᠃ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠲᠤ ᠡᠵᠡᠯᠡᠬᠦ ᠬᠤᠪᠢ ᠶᠢᠨ ᠵᠢᠩ ᠨᠢ 6.1% ᠪᠠᠶᠢᠵᠤ᠂ ᠲᠦᠷᠦᠭᠦᠤ ᠵᠢᠯ ᠤᠨ ᠬᠢ ᠠᠴᠠ 2.3 ᠵᠠᠭᠤᠨ ᠤ ᠨᠢᠭᠡᠴᠢ ᠪᠠᠷ ᠪᠠᠭᠤᠷᠠᠪᠠ ᠃ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠲᠤ ᠡᠵᠡᠯᠡᠬᠦ ᠬᠤᠪᠢ ᠶᠢᠨ ᠵᠢᠩ ᠨᠢ 46.9% ᠪᠠᠶᠢᠵᠤ᠂ ᠲᠦᠷᠦᠭᠦᠤ ᠵᠢᠯ ᠤᠨ ᠬᠢ ᠠᠴᠠ 7.3 ᠵᠠᠭᠤᠨ ᠤ ᠨᠢᠭᠡᠴᠢ ᠪᠠᠷ ᠨᠡᠮᠡᠭᠳᠡᠪᠡ᠃ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠲᠤ ᠡᠵᠡᠯᠡᠬᠦ ᠬᠤᠪᠢ ᠶᠢᠨ ᠵᠢᠩ ᠨᠢ 47.0% ᠪᠠᠶᠢᠵᠤ᠂ ᠲᠦᠷᠦᠭᠦᠤ ᠵᠢᠯ ᠤᠨ ᠬᠢ ᠠᠴᠠ 5.0 ᠵᠠᠭᠤᠨ ᠤ ᠨᠢᠭᠡᠴᠢ ᠪᠠᠷ ᠪᠠᠭᠤᠷᠠᠪᠠ᠃        ᠵᠢᠯ ᠤᠨ ᠡᠴᠦᠰ ᠲᠤ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 4.0% ᠠᠴᠠ ᠳᠣᠷᠣᠭᠰᠢ ᠬᠢᠵᠠᠭᠠᠷᠯᠠᠪᠠ ︵ᠲᠤᠭ᠎ᠠ ᠪᠠᠷᠢᠮᠲᠠ ᠶᠢᠨ ᠬᠠᠩᠭᠠᠯᠲᠠ᠄ ᠬᠤᠲᠠ ᠶᠢᠨ ᠠᠵᠢᠯ ᠣᠯᠭᠤᠯᠲᠠ ᠶᠢᠨ ᠲᠣᠪᠴᠢᠶ᠎ᠠ︶᠃        ᠬᠤᠶᠠᠷ᠂ ᠲᠠᠷᠢᠶᠠᠯᠠᠩ ᠮᠠᠯ ᠠᠵᠤ ᠠᠬᠤᠢ        ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠲᠣᠭᠲᠠᠭᠤᠨ ᠢᠶᠠᠷ ᠬᠥᠭᠵᠢᠵᠡᠢ᠃ ᠲᠠᠷᠢᠮᠠᠯ ᠤᠨ ᠦᠢᠯᠡᠰ ᠤᠨ ᠲᠠᠯ᠎ᠠ ᠪᠠᠷ᠂ 2021 ᠣᠨ ᠳᠤ ᠪᠥᠬᠦ ᠬᠤᠲᠠ ᠶᠢᠨ ᠠᠮᠤ ᠪᠤᠳᠠᠭᠠᠨ ᠤ ᠲᠠᠷᠢᠮᠠᠯ ᠤᠨ ᠳᠠᠷᠢᠬᠤ ᠲᠠᠯᠠᠪᠠᠶ 749010.9 ᠮᠥ ᠬᠦᠷᠴᠦ᠂ ᠠᠮᠤ ᠪᠤᠳᠠᠭᠠᠨ ᠤ ᠲᠠᠷᠢᠮᠠᠯ ᠤᠨ ᠶᠡᠷᠦᠩᠬᠡᠶ ᠤᠨᠠᠯᠲᠠ 329507.24 ᠲᠣᠨ ᠳᠤ ᠬᠦᠷᠴᠦ᠂ ᠲᠦᠷᠦᠭᠦᠤ ᠵᠢᠯ ᠤᠨ ᠬᠢ ᠠᠴᠠ 7.0% ᠪᠠᠷ ᠨᠡᠮᠡᠭᠳᠡᠪᠡ᠃        ᠤᠢ ᠰᠢᠭᠤᠶ ᠶᠢᠨ ᠲᠠᠯ᠎ᠠ ᠪᠠᠷ᠃ 2021 ᠣᠨ ᠳᠤ 4000 ᠮᠥ ᠠᠯᠪᠠᠨ ᠵᠢᠷᠤᠮ ᠤᠨ ᠮᠣᠳᠣ ᠳᠠᠷᠢᠬᠤ ᠠᠵᠢᠯ ᠢ ᠪᠡᠶᠡᠯᠡᠭᠦᠯᠵᠦ᠂ ᠵᠠᠮ ᠤᠨ ᠬᠠᠵᠠᠭᠤ᠂ ᠭᠤᠤ ᠶᠢᠨ ᠬᠠᠵᠠᠭᠤ᠂ ᠰᠤᠪᠠᠭ ᠤᠨ ᠬᠠᠵᠠᠭᠤ ᠪᠠ ᠭᠡᠷ ᠤᠨ ᠬᠠᠵᠠᠭᠤ  ᠳᠤ 40 ᠲᠦᠮᠡᠨ ᠰᠠᠭᠤᠷᠢ ᠮᠣᠳᠣ ᠳᠠᠷᠢᠵᠤ᠂ 1200 ᠮᠥ ᠠᠵᠤ ᠠᠬᠤᠶ ᠶᠢᠨ ᠣᠶ ᠶᠢ ᠲᠠᠷᠢᠵᠤ ᠤᠷᠭᠤᠭᠤᠯᠬᠤ ᠶᠢ ᠪᠡᠶᠡᠯᠡᠭᠦᠯᠵᠦ᠂ 1000 ᠮᠥ ᠭᠤᠤᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢ ᠪᠡᠶᠡᠯᠡᠭᠦᠯᠵᠡᠢ᠃ ︵ᠲᠤᠭ᠎ᠠ ᠪᠠᠷᠢᠮᠲᠠ ᠶᠢᠨ ᠬᠠᠩᠭᠠᠯᠭ᠎ᠠ᠄ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ︶᠃        ᠮᠠᠯ ᠠᠵᠤ ᠠᠬᠤᠶ ᠶᠢᠨ ᠲᠠᠯ᠎ᠠ ᠪᠠᠷ᠃ 2021 ᠣᠨ ᠳᠤ ᠪᠥᠬᠦ ᠬᠤᠲᠠ ᠶᠢᠨ ᠬᠡᠷ ᠤᠨ ᠲᠡᠵᠢᠭᠡᠪᠦᠷᠢ ᠶᠢᠨ ᠲᠤᠭ᠎ᠠ  337140 ᠪᠠᠶᠢᠵᠤ᠂ ᠲᠦᠷᠦᠭᠦᠤ ᠵᠢᠯ ᠤᠨ ᠬᠢ ᠠᠴᠠ 24995 ᠪᠠᠭᠤᠷᠠᠵᠠᠢ᠂ ᠡᠭᠦᠨ ᠳᠤ᠄ ᠪᠤᠳᠠ ᠮᠠᠯ ᠪᠠ ᠬᠤᠨᠢ 311921 ︵ᠲᠣᠯᠣᠭᠠᠶ︶ ᠪᠠᠶᠢᠵᠤ᠂ ᠡᠭᠦᠨ ᠳᠤ ᠪᠤᠳᠠ ᠮᠠᠯ 37532᠂ ᠬᠤᠨᠢ 274389 ᠪᠣᠶ᠃ ᠪᠥᠬᠦ ᠵᠢᠯ ᠤᠨ ᠮᠢᠬᠠᠨ ᠤ ᠲᠥᠷᠥᠯ ᠤᠨ ᠭᠠᠷᠤᠯᠲᠠ 17404.5 ᠲᠣᠨ ᠳᠤ ᠬᠦᠷᠴᠦ᠂ ᠪᠥᠬᠦ ᠵᠢᠯ ᠤᠨ ᠦᠨᠢᠶᠡᠨ ᠰᠦ ᠶᠢᠨ ᠭᠠᠷᠤᠯᠲᠠ 108433.6 ᠲᠣᠨ ᠳᠤ ᠬᠦᠷᠴᠡᠶ᠃        ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠨᠥᠬᠦᠴᠡᠯ ᠤᠯᠠᠮ ᠨᠢᠭᠡ ᠠᠯᠬᠤᠮ ᠰᠠᠶᠢᠵᠢᠷᠠᠪᠠ ᠃ 2021 ᠣᠨ ᠤ ᠡᠴᠦᠰ ᠲᠤ᠂ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠤ ᠶᠡᠷᠦᠩᠬᠡᠶ ᠬᠥᠳᠡᠯᠭᠡᠬᠦ ᠬᠦᠴᠦᠨ 319344 ᠺᠢᠯᠣᠸᠠᠲ ᠲᠤ ᠬᠦᠷᠴᠦ᠂ ᠡᠯ᠎ᠡ ᠵᠦᠢᠯ ᠤᠨ ᠲᠷᠠᠺᠲ᠋ᠣᠷ 9585 ︵ᠲᠤᠭ᠎ᠠ ᠪᠠᠷᠢᠮᠲᠠ ᠶᠢᠨ ᠬᠠᠩᠭᠠᠯᠭ᠎ᠠ ᠄ ᠬᠤᠲᠠ ᠶᠢᠨ ᠲᠠᠷᠢᠶᠠᠯᠠᠩ ᠤᠨ ᠮᠠᠰᠢᠨ ᠤ ᠬᠢᠨᠠᠨ ᠬᠠᠮᠢᠶᠠᠷᠬᠤ ᠥᠷᠲᠡᠭᠡ︶ ᠪᠣᠯᠪᠠ᠃ ᠪᠦᠲᠦᠮᠵᠢᠲᠡᠶ ᠤᠰᠤᠯᠠᠯᠲᠠ ᠶᠢᠨ ᠲᠠᠯᠠᠪᠠᠢ 31.67 ᠮᠢᠩᠭᠠᠨ ᠾᠧᠺᠲ᠋ᠠᠷ ᠲᠤ ᠬᠦᠷᠴᠦ᠂ ᠡᠭᠦᠨ ᠤ ᠳᠣᠲᠣᠷ᠎ᠠ᠄ ᠲᠠᠷᠢᠶᠠᠨ ᠭᠠᠵᠠᠷ ᠤᠨ ᠪᠦᠲᠦᠮᠵᠢᠲᠡᠶ ᠤᠰᠤᠯᠠᠯᠲᠠ ᠶᠢᠨ ᠲᠠᠯᠠᠪᠠᠢ 31.39 ᠮᠢᠩᠭᠠᠨ ᠾᠧᠺᠲ᠋ᠠᠷ᠂ ᠣᠶᠢᠲᠤ ᠭᠠᠵᠠᠷ ᠤᠨ ᠪᠦᠲᠦᠮᠵᠢᠲᠡᠶ ᠤᠰᠤᠯᠠᠯᠲᠠ ᠶᠢᠨ ᠲᠠᠯᠠᠪᠠᠢ 0.28 ᠮᠢᠩᠭᠠᠨ ᠾᠧᠺᠲ᠋ᠠᠷ ᠲᠤ ᠬᠦᠷᠴᠡᠶ᠃ 2021 ᠣᠨ ᠤ ᠡᠴᠦᠰ ᠲᠤ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠶ 22.49 ᠮᠢᠩᠭᠠᠨ ᠾᠧᠺᠲ᠋ᠠᠷ ︵ᠲᠤᠭ᠎ᠠ ᠪᠠᠷᠢᠮᠲᠠ ᠶᠢᠨ ᠬᠠᠩᠭᠠᠯᠭ᠎ᠠ᠄ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ︶ ᠲᠤ ᠬᠥᠷᠪᠡ᠃ ᠲᠠᠷᠢᠶᠠᠯᠠᠩ ᠳᠤ ᠬᠡᠷᠡᠭᠯᠡᠬᠦ ᠬᠢᠮᠢ ᠶᠢᠨ ᠪᠤᠷᠳᠤᠭᠤᠷ ᠤᠨ ᠬᠡᠷᠡᠭᠯᠡᠬᠦ ᠬᠡᠮᠵᠢᠶ᠎ᠡ ︵ᠴᠡᠪᠡᠷ ᠢᠶᠠᠷ ᠨᠤᠭᠤᠯᠤᠨ ᠪᠤᠳᠤᠪᠠ︶ 15983.9 ᠲᠣᠨ ᠳᠤ ᠬᠦᠷᠴᠦ᠂ ᠲᠦᠷᠦᠭᠦᠦ ᠵᠢᠯ ᠤᠨ ᠬᠢ ᠠᠴᠠ 4.6% ᠪᠠᠷ ᠨᠡᠮᠡᠭᠳᠡᠪᠡ᠃ ᠬᠥᠳᠡᠭᠡ ᠲᠣᠰᠬᠤᠨ ᠤ ᠴᠠᠬᠢᠯᠭᠠᠨ ᠬᠡᠷᠡᠭᠯᠡᠭᠰᠡᠨ ᠬᠡᠮᠵᠢᠶ᠎ᠡ 4403.8 ᠲᠦᠮᠡᠨ ᠺᠢᠯᠣᠸᠠᠲ ᠲᠤ ᠬᠦᠷᠴᠦ᠂ ᠲᠦᠷᠦᠭᠦᠦ ᠵᠢᠯ ᠤᠨ ᠬᠢ ᠠᠴᠠ 1.2% ᠢᠶᠠᠷ ᠪᠠᠭᠤᠷᠠᠪᠠ᠃        ᠭᠤᠷᠪᠠ᠂ ᠠᠵᠤ ᠦᠢᠯᠡᠳᠪᠦᠷᠢ ᠪᠠ ᠪᠠᠷᠢᠯᠭ᠎ᠠ ᠶᠢᠨ ᠦᠢᠯᠡᠰ        ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠪᠡᠷᠬᠡ ᠠᠰᠠᠭᠤᠳᠠᠯ ᠢ ᠰᠢᠢᠳᠪᠦᠷᠢᠯᠡᠵᠦ᠂ ᠪᠥᠬᠦ ᠵᠢᠯ ᠳᠤ 834754 ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ ᠪᠡᠶᠡᠯᠡᠭᠦᠯᠵᠦ᠂ ᠲᠦᠷᠦᠭᠦᠤ ᠵᠢᠯ ᠤᠨ ᠬᠢ ᠠᠴᠠ 7.3% ᠪᠠᠷ ᠨᠡᠮᠡᠭᠳᠡᠪᠡ᠃ ᠡᠭᠦᠨ ᠳᠤ᠄ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ  ᠨᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ ᠠᠳᠠᠯᠢ ᠬᠤᠭᠤᠴᠠᠭᠠᠨ ᠤ ᠬᠢ ᠠᠴᠠ 6.5% ᠪᠠᠷ ᠪᠡᠶᠡᠯᠡᠭᠦᠯᠪᠡ᠃ ᠠᠵᠤ ᠦᠢᠯᠡᠳᠪᠦᠷᠢ ᠶᠢᠨ ᠶᠡᠷᠦᠩᠬᠡᠶ ᠦᠢᠯᠡᠳᠪᠦᠷᠢᠯᠡᠯ ᠪᠣᠷᠣᠯᠠᠭᠤᠯᠭ᠎ᠠ ᠰᠠᠶᠢᠵᠢᠷᠠᠬᠤ ᠬᠠᠨᠳᠤᠰᠢ ᠲᠠᠢ ᠪᠤᠯᠵᠤ᠂ ᠦᠢᠯᠡᠳᠬᠦᠨ ᠤ ᠪᠣᠷᠣᠯᠠᠭᠤᠯᠭ᠎ᠠ ᠶᠢᠨ ᠨᠤᠷᠮ᠎ᠠ 96.6% ᠳᠤ ᠬᠦᠷᠴᠦ᠂ ᠲᠦᠷᠦᠭᠦᠦ ᠵᠢᠯ ᠤᠨ ᠬᠢ ᠠᠴᠠ 0.2 ᠵᠠᠭᠤᠨ ᠤ ᠨᠢᠭᠡᠴᠢ ᠪᠠᠷ ᠨᠡᠮᠡᠭᠳᠡᠪᠡ᠃ᠪᠥᠬᠦ ᠵᠢᠯ ᠳᠤ ᠪᠠᠷᠢᠯᠭ᠎ᠠ ᠶᠢᠨ ᠦᠢᠯᠡᠰ ᠤᠨ ᠨᠡᠮᠡᠭᠳᠡᠯ ᠥᠷᠲᠡᠭ 113833 ᠲᠦᠮᠡᠨ ᠲᠥᠭᠦᠷᠢᠭ ᠲᠤ ᠬᠦᠷᠴᠦ᠂ ᠲᠦᠷᠦᠭᠦᠤ ᠵᠢᠯ ᠤᠨ ᠬᠢ ᠠᠴᠠ 14.55% ᠪᠠᠷ ᠨᠡᠮᠡᠭᠳᠡᠪᠡ᠃ ᠬᠡᠷ ᠪᠠᠶᠢᠰᠢᠩ ᠤᠨ ᠪᠠᠷᠢᠯᠭ᠎ᠠ ᠶᠢᠨ ᠠᠵᠢᠯ ᠤᠨ ᠲᠠᠯᠠᠪᠠᠶ 46.4 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠲᠦᠷᠦᠭᠦᠤ ᠵᠢᠯ ᠤᠨ ᠬᠢ ᠠᠴᠠ 45.7% ᠪᠠᠷ ᠪᠠᠭᠤᠷᠠᠪᠠ᠃ ᠭᠡᠷ ᠪᠠᠶᠢᠰᠢᠩ ᠤᠨ ᠪᠠᠷᠢᠯᠭ᠎ᠠ ᠶᠢᠨ ᠪᠠᠷᠢᠯᠭ᠎ᠠ ᠳᠠᠭᠤᠰᠤᠭᠰᠠᠨ ᠲᠠᠯᠠᠪᠠᠢ 20.22 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠲᠦᠷᠦᠭᠦᠦ ᠵᠢᠯ ᠤᠨ ᠬᠢ ᠠᠴᠠ 31.47%  ᠪᠠᠷ ᠨᠡᠮᠡᠭᠳᠡᠪᠡ᠃        ᠲᠥᠷᠪᠡ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ          ᠲᠣᠭᠲᠠᠮᠠᠯ ᠬᠦᠷᠦᠩᠭᠡ ᠶᠢᠨ ᠪᠡᠯᠠ ᠣᠷᠣᠭᠤᠯᠤᠯᠲᠠ ᠶᠡᠷᠦᠩᠬᠡᠶ ᠳᠡᠭᠡᠨ ᠨᠡᠯᠢᠶᠡᠳ ᠥᠨᠳᠥᠷ ᠨᠡᠮᠡᠭᠳᠡᠯ ᠤᠨ ᠬᠤᠷᠳᠤᠴᠠ ᠪᠠᠨ ᠦᠷᠭᠦᠯᠵᠢᠯᠡᠨ ᠪᠠᠲᠤᠯᠠᠪᠠ᠃ ᠪᠦᠬᠦ ᠨᠡᠶᠢᠭᠡᠮ ᠤᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 2.6% ᠪᠠᠷ ᠨᠡᠮᠡᠭᠳᠡᠵᠡᠢ᠂ ᠡᠭᠦᠨ ᠳᠤ᠄ ᠬᠤᠲᠠ ᠪᠠᠯᠭᠠᠰᠤᠨ ᠤ ᠪᠠᠯᠠ ᠣᠷᠣᠭᠤᠯᠤᠯᠲᠠ ᠲᠦᠷᠦᠭᠦᠤ ᠵᠢᠯ ᠤᠨ ᠠᠳᠠᠯᠢ ᠬᠤᠭᠤᠴᠠᠭᠠᠨ ᠤ ᠬᠢ ᠠᠴᠠ 9.4% ᠪᠠᠷ ᠨᠡᠮᠡᠭᠳᠡᠪᠡ᠃ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠠᠯᠠ ᠣᠷᠣᠭᠤᠯᠤᠯᠲᠠ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 4.7% ᠪᠠᠷ ᠪᠠᠭᠤᠷᠠᠵᠠᠢ᠃          ᠪᠥᠬᠦ ᠪᠠᠯᠠ ᠣᠷᠣᠭᠤᠯᠤᠯᠲᠠ ᠶᠢᠨ ᠳᠣᠲᠣᠷ᠎ᠠ᠂ ᠨᠢᠭᠡᠳᠦᠭᠡᠷ ᠠᠵᠤ ᠦᠢᠯᠡᠰ ᠤᠨ ᠪᠠᠯᠠ ᠣᠷᠣᠭᠤᠯᠤᠯᠲᠠ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 23.4% ᠪᠠᠷ ᠪᠠᠭᠤᠷᠠᠵᠤ᠂ ᠬᠤᠶᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 42.3% ᠪᠠᠷ ᠪᠠᠭᠤᠷᠠᠵᠤ᠂ ᠭᠤᠷᠪᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 17.5% ᠪᠠᠷ ᠨᠡᠮᠡᠭᠳᠡᠵᠡᠶ᠃          ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠠᠯᠠ ᠣᠷᠣᠭᠤᠯᠤᠯᠲᠠ ᠳᠤᠮᠳᠠ᠂ ᠲᠠᠸᠠᠷ ᠤᠨ ᠬᠡᠷ ᠪᠠᠶᠢᠰᠢᠩ ᠤᠨ ᠣᠷᠣᠨ ᠰᠠᠭᠤᠴᠠ ᠶᠢᠨ ᠪᠠᠯᠠ ᠣᠷᠣᠭᠤᠯᠤᠯᠲᠠ 207561 ᠲᠦᠮᠡᠨ ᠲᠥᠭᠦᠷᠢᠭ ᠲᠤ ᠬᠦᠷᠴᠦ᠂ ᠲᠦᠷᠦᠭᠦᠤ ᠵᠢᠯ ᠤᠨ ᠬᠢ ᠠᠴᠠ 29.2% ᠢᠶᠠᠷ ᠨᠡᠮᠡᠭᠳᠡᠪᠡ᠃ ᠬᠤᠳᠠᠯᠳᠤᠭᠠᠨ ᠤ ᠡᠵᠡᠩᠨᠡᠯᠲᠡ ᠳᠤ ᠬᠡᠷᠡᠭᠯᠡᠬᠦ ᠬᠡᠷ ᠪᠠᠶᠢᠰᠢᠩ ᠤᠨ ᠪᠠᠯᠠ ᠣᠷᠣᠭᠤᠯᠤᠯᠲᠠ 32033 ᠲᠦᠮᠡᠨ ᠲᠥᠭᠦᠷᠢᠭ ᠲᠤ ᠬᠦᠷᠴᠦ᠂ ᠲᠦᠷᠦᠭᠦᠤ ᠵᠢᠯ ᠤᠨ ᠬᠢ ᠠᠴᠠ 45.9% ᠪᠠᠷ ᠪᠠᠭᠤᠷᠠᠪᠠ᠃            ᠲᠠᠪᠤ᠂ ᠵᠠᠮ ᠬᠠᠷᠢᠯᠴᠠᠭ᠎ᠠ᠂ ᠰᠢᠦᠳᠠᠨ ᠬᠤᠯᠪᠣᠭ᠎ᠠ ᠪᠠ ᠵᠤᠭᠠᠴᠠᠯ          ᠵᠠᠰᠠᠮᠠᠯ ᠵᠠᠮ ᠤᠨ ᠲᠡᠭᠡᠭᠡᠪᠦᠷᠢ᠃ ᠪᠥᠬᠦ ᠨᠡᠶᠢᠭᠡᠮ ᠤᠨ ᠵᠠᠰᠠᠮᠠᠯ ᠵᠠᠮ ᠤᠨ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ 621 ᠲᠦᠮᠡᠨ ᠲᠣᠨ᠂ ᠵᠠᠰᠠᠮᠠᠯ ᠵᠠᠮ ᠤᠨ ᠪᠠᠷᠠᠭ᠎ᠠ ᠲᠡᠭᠡᠭᠡᠪᠦᠷᠢᠯᠡᠬᠦ ᠡᠷᠭᠢᠯᠲᠡ ᠶᠢᠨ ᠬᠡᠮᠵᠢᠶ᠎ᠡ 92079 ᠲᠦᠮᠡᠨ ᠲᠣᠨ / ᠺᠢᠯᠣᠮᠧᠲᠷ᠂ ᠵᠠᠰᠠᠮᠠᠯ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 53 ᠲᠦᠮᠡᠨ ᠬᠥᠮᠦᠨ ᠤᠳᠠᠭ᠎ᠠ ᠳᠤ ᠬᠦᠷᠴᠦ᠂ ᠵᠠᠰᠠᠮᠠᠯ ᠵᠠᠮ ᠤᠨ ᠠᠶᠠᠨᠴᠢᠳ ᠤᠨ ᠡᠷᠭᠢᠯᠲᠡ ᠶᠢᠨ ᠬᠡᠮᠵᠢᠶ᠎ᠡ 10964 ᠲᠦᠮᠡᠨ ᠬᠥᠮᠦᠨ / ᠺᠢᠯᠣᠮᠧᠲᠷ ᠲᠤ ᠬᠥᠷᠪᠡ᠃ ᠠᠭᠠᠷ ᠤᠨ ᠲᠡᠭᠡᠭᠡᠪᠦᠷᠢ᠃ ᠠᠭᠠᠷ ᠤᠨ ᠠᠶᠠᠯᠠᠯ ᠤᠨ ᠪᠠᠷᠠᠭᠠᠨ ᠤ ᠲᠡᠭᠡᠭᠡᠪᠦᠷᠢ ᠶᠢᠨ ᠡᠷᠭᠢᠯᠲᠡ ᠶᠢᠨ ᠬᠡᠮᠵᠢᠶ᠎ᠡ 515 ᠲᠣᠨ / ᠺᠢᠯᠣᠮᠧᠲᠷ᠂ ᠠᠭᠠᠷ ᠤᠨ ᠠᠶᠠᠯᠠᠯ ᠤᠨ ᠠᠶᠠᠨᠴᠢᠳ ᠤᠨ ᠡᠷᠭᠢᠯᠲᠡ ᠶᠢᠨ ᠬᠡᠮᠵᠢᠶ᠎ᠡ 634172 ᠬᠥᠮᠦᠨ / ᠺᠢᠯᠣᠮᠧᠲᠷ ︵ᠲᠤᠭ᠎ᠠ ᠪᠠᠷᠢᠮᠲᠠ ᠶᠢᠨ ᠬᠠᠩᠭᠠᠯᠭ᠎ᠠ᠄ ᠬᠤᠲᠠ ᠶᠢᠨ ᠲᠡᠭᠡᠭᠡᠪᠦᠷᠢ ᠶᠢᠨ ᠬᠠᠮᠢᠶᠠᠷᠤᠯᠲᠠ ᠶᠢᠨ ᠭᠠᠵᠠᠷ᠂ ᠠᠷᠠᠳ ᠤᠨ ᠠᠭᠠᠷ ᠤᠨ ᠲᠡᠭᠡᠭᠡᠪᠦᠷᠢ ᠶᠢᠨ ᠥᠷᠲᠡᠭᠡ︶᠃        ᠪᠥᠬᠦ ᠵᠢᠯ ᠤᠨ ᠰᠢᠤᠳᠠᠨ ᠬᠤᠯᠪᠣᠭᠠᠨ ᠤ ᠲᠤᠬᠠᠶᠢᠯᠠᠭᠰᠠᠨ ᠠᠵᠢᠯ ᠤᠨ ᠣᠷᠣᠯᠭ᠎ᠠ 72127 ᠲᠦᠮᠡᠨ ᠲᠥᠭᠦᠷᠢᠭ ᠲᠤ ᠬᠦᠷᠴᠡᠢ᠂ ᠡᠭᠦᠨ ᠳᠤ᠄ ᠰᠢᠤᠳᠠᠨ ᠤ ᠲᠦᠷᠭᠡᠨ ᠬᠦᠷᠭᠡᠯᠲᠡ ᠶᠢᠨ ᠪᠥᠬᠦ ᠣᠷᠣᠯᠭ᠎ᠠ 18409 ᠲᠦᠮᠡᠨ ᠲᠥᠭᠦᠷᠢᠭ᠃ ᠴᠠᠬᠢᠯᠭᠠᠨ ᠬᠤᠯᠪᠣᠭᠠᠨ ᠤ ᠲᠤᠬᠠᠶᠢᠯᠠᠭᠰᠠᠨ ᠠᠵᠢᠯ ᠤᠨ ᠣᠷᠣᠯᠭ᠎ᠠ 42586 ᠲᠦᠮᠡᠨ ᠲᠥᠭᠦᠷᠢᠭ᠃ ᠪᠦᠬᠦ ᠬᠤᠳᠠ ᠶᠢᠨ ᠭᠠᠷ ᠤᠲᠠᠰᠤ ᠭᠡᠷᠡᠭᠯᠡᠭᠴᠢ 451324 ᠡᠷᠦᠬᠡ᠃ ᠲᠣᠭᠲᠠᠮᠠᠯ ᠳ᠋ᠢᠶᠠᠩᠬᠤᠸᠠ ᠬᠡᠷᠡᠭᠯᠡᠭᠴᠢ 62223 ᠡᠷᠦᠬᠡ᠃ ᠵᠢᠯ ᠤᠨ ᠡᠴᠦᠰ ᠲᠤ ᠢᠨᠲ᠋ᠧᠷ ᠰᠦᠯᠵᠢᠶᠡᠨ ᠤ ᠥᠷᠭᠡᠨ ᠪᠦᠰᠡ ᠶᠢ 265110 ᠡᠷᠦᠬᠡ ᠳᠤ ᠵᠠᠯᠭᠠᠨ ᠣᠷᠣᠭᠤᠯᠪᠠ ︵ᠲᠤᠭ᠎ᠠ ᠪᠠᠷᠢᠮᠲᠠ ᠶᠢᠨ ᠬᠠᠩᠭᠠᠯᠭ᠎ᠠ᠄ ᠰᠢᠤᠳᠠᠨ ᠬᠤᠯᠪᠣᠭᠠᠨ ᠤ ᠡᠯ᠎ᠡ ᠰᠠᠯᠠᠭ᠎ᠠ ᠮᠥᠴᠢᠷ︶᠃        ᠪᠦᠬᠦ ᠵᠢᠯ ᠳᠤ 359.52 ᠲᠦᠮᠡᠨ ᠬᠥᠮᠦᠨ ᠤᠳᠠᠭ᠎ᠠ ᠵᠤᠭᠠᠴᠠᠭᠰᠠᠳ ᠢ ᠬᠦᠯᠢᠶᠡᠨ ᠠᠪᠴᠤ ᠵᠣᠴᠢᠯᠠᠪᠠ᠃ 28.7 ᠳ᠋ᠦᠩᠰᠢᠭᠤᠷ ᠲᠥᠭᠦᠷᠢᠭ ᠤᠨ ᠵᠤᠭᠠᠴᠠᠯ ᠤᠨ ᠣᠷᠣᠯᠭ᠎ᠠ ᠶᠢ ᠪᠡᠶᠡᠯᠡᠭᠦᠯᠵᠠᠢ ︵ᠲᠤᠭ᠎ᠠ ᠪᠠᠷᠢᠮᠲᠠ ᠶᠢᠨ ᠬᠠᠩᠭᠠᠯᠭ᠎ᠠ᠄ ᠬᠤᠲᠠ ᠶᠢᠨ ᠰᠣᠶᠣᠯ ᠵᠤᠭᠠᠴᠠᠯ ᠤᠨ ᠲᠣᠪᠴᠢᠶ᠎ᠠ︶᠃        ᠵᠢᠷᠭᠤᠭ᠎ᠠ᠂ ᠤᠯᠤᠰ ᠤᠨ ᠳᠣᠲᠣᠭᠠᠳᠤ ᠶᠢᠨ ᠠᠷᠠᠯᠵᠢᠶ᠎ᠠ        ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠣᠭᠠᠨ ᠤ ᠨᠡᠮᠡᠭᠳᠡᠯ ᠲᠣᠭᠲᠠᠭᠤᠨ᠃ ᠠᠩᠬ᠎ᠠ ᠠᠯᠬᠤᠮ ᠲᠣᠭᠠᠴᠠᠭᠠᠯᠠᠭᠰᠠᠨ ᠢᠶᠠᠷ᠂ ᠪᠥᠬᠦ ᠵᠢᠯ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 968411.2 ᠲᠦᠮᠡᠨ ᠲᠥᠭᠦᠷᠢᠭ ᠲᠤ ᠬᠦᠷᠴᠡᠶ᠃ ᠠᠵᠢᠯ ᠲᠥᠷᠥᠯ ᠬᠤᠪᠢᠶᠠᠵᠤ ᠦᠵᠡᠪᠡᠯ᠄ ᠪᠥᠭᠡᠮ ᠢᠶᠠᠷ ᠬᠤᠳᠠᠯᠳᠤᠬᠤ ᠦᠢᠯᠡᠰ ᠤᠨ ᠵᠢᠵᠢᠭᠯᠡᠨ ᠬᠤᠳᠠᠯᠳᠤᠭᠰᠠᠨ ᠲᠤᠭ᠎ᠠ 83504 ᠲᠦᠮᠡᠨ ᠲᠥᠭᠦᠷᠢᠭ᠃ ᠵᠢᠵᠢᠭᠯᠡᠨ ᠬᠤᠳᠠᠯᠳᠤᠬᠤ ᠦᠢᠯᠡᠰ ᠤᠨ ᠵᠢᠵᠢᠭᠯᠡᠨ ᠬᠤᠳᠠᠯᠳᠤᠭᠰᠠᠨ ᠲᠤᠭ᠎ᠠ 776127.3 ᠲᠦᠮᠡᠨ ᠲᠥᠭᠦᠷᠢᠭ ᠲᠤ ᠬᠦᠷᠴᠡᠶ᠃ ᠬᠤᠨᠤᠭ ᠤᠨ ᠦᠢᠯᠡᠰ ᠤᠨ ᠵᠢᠵᠢᠭᠯᠡᠨ ᠬᠤᠳᠠᠯᠳᠤᠭᠰᠠᠨ ᠲᠤᠭ᠎ᠠ 7666.9 ᠲᠦᠮᠡᠨ ᠲᠥᠭᠦᠷᠢᠭ ᠲᠤ ᠬᠦᠷᠴᠡᠶ᠃ ᠢᠳᠡᠭᠡᠨ ᠤᠮᠳᠠᠭᠠᠨ ᠤ ᠦᠢᠯᠡᠰ ᠤᠨ ᠵᠢᠵᠢᠭᠯᠡᠨ ᠬᠤᠳᠠᠯᠳᠤᠭᠰᠠᠨ ᠲᠤᠭ᠎ᠠ 101113.0 ᠲᠦᠮᠡᠨ ᠲᠥᠭᠦᠷᠢᠭ ᠪᠣᠯᠤᠨ᠎ᠠ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠣᠭᠠᠨ ᠤ ᠳᠣᠲᠣᠷ᠎ᠠ᠂ ᠬᠢᠵᠠᠭᠠᠷᠲᠤ ᠨᠣᠷᠮ᠎ᠠ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 341379.2 ᠲᠦᠮᠡᠨ ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠬᠢ ᠠᠴᠠ 14.7% ᠪᠠᠷ ᠨᠡᠮᠡᠭᠳᠡᠪᠡ᠃        ᠲᠤᠯᠤᠭ᠎ᠠ᠂ ᠡᠳ᠋ ᠤᠨ ᠵᠠᠰᠠᠭ᠂ ᠮᠥᠩᠭᠦᠨ ᠭᠦᠢᠯᠭᠡᠭᠡ        ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠲᠣᠭᠲᠠᠭᠤᠨ ᠢᠶᠠᠷ ᠨᠡᠮᠡᠭᠳᠡᠪᠡ᠃ ᠪᠦᠬᠦ ᠵᠢᠯ ᠳᠤ 484594 ᠲᠦᠮᠡᠨ ᠲᠥᠭᠦᠷᠢᠭ ᠤᠨ ᠡᠳ᠋ ᠤᠨ ᠵᠠᠰᠠᠭ ᠤᠨ ᠣᠷᠣᠯᠭ᠎ᠠ ᠶᠢ ᠪᠡᠶᠡᠯᠡᠭᠦᠯᠵᠦ᠂ ᠲᠦᠷᠦᠭᠦᠦ ᠵᠢᠯ ᠤᠨ ᠬᠢ ᠠᠴᠠ 11.3% ᠪᠠᠷ ᠨᠡᠮᠡᠭᠳᠡᠵᠡᠶ᠃ ᠡᠭᠦᠨ ᠳᠤ᠄ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ 110193 ᠲᠦᠮᠡᠨ ᠲᠥᠭᠦᠷᠢᠭ ᠲᠤ ᠬᠦᠷᠴᠦ᠂ ᠲᠦᠷᠦᠭᠦᠤ ᠵᠢᠯ ᠤᠨ ᠬᠢ ᠠᠴᠠ 4.8% ᠪᠠᠷ ᠨᠡᠮᠡᠭᠳᠡᠪᠡ᠃ ᠡᠳ᠋ ᠤᠨ ᠵᠠᠰᠠᠭ ᠤᠨ ᠵᠠᠷᠤᠯᠭ᠎ᠠ 396464 ᠲᠦᠮᠡᠨ ᠲᠥᠭᠦᠷᠢᠭ ᠲᠤ ᠬᠦᠷᠴᠦ᠂ ᠲᠦᠷᠦᠭᠦᠤ ᠵᠢᠯ ᠤᠨ ᠬᠢ ᠠᠴᠠ 8.8% ᠪᠠᠷ ᠪᠠᠭᠤᠷᠠᠪᠠ ︵ᠲᠤᠭ᠎ᠠ ᠪᠠᠷᠢᠮᠲᠠ ᠶᠢᠨ ᠬᠠᠩᠭᠠᠭ᠎ᠠ᠄ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ︶᠃        ᠮᠥᠩᠭᠦᠨ ᠭᠦᠢᠯᠭᠡᠭᠡᠨ ᠤ ᠪᠠᠶᠢᠳᠠᠯ ᠲᠣᠭᠲᠠᠭᠤᠨ ᠪᠠᠶᠢᠨ᠎ᠠ᠃ ᠵᠢᠯ ᠤᠨ ᠡᠴᠦᠰ ᠤᠨ ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ ᠲᠤᠭ᠎ᠠ 3874710 ᠲᠦᠮᠡᠨ ᠲᠥᠭᠦᠷᠢᠭ ᠲᠤ ᠬᠦᠷᠴᠡᠢ᠂ ᠡᠭᠦᠨ ᠳᠤ᠄ ᠰᠠᠭᠤᠭᠠᠯᠢ ᠡᠷᠦᠬᠡ ᠶᠢᠨ ᠬᠠᠳᠠᠭᠠᠯᠠᠮᠵᠢ ᠶᠢᠨ ᠦᠯᠡᠳᠡᠪᠦᠷᠢ ᠲᠤᠭ᠎ᠠ 2533207 ᠲᠦᠮᠡᠨ ᠲᠥᠭᠦᠷᠢᠭ᠂ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ 3947942 ᠲᠦᠮᠡᠨ ᠲᠥᠭᠦᠷᠢᠭ ︵ᠲᠤᠭ᠎ᠠ ᠪᠠᠷᠢᠮᠲᠠ ᠶᠢᠨ ᠬᠠᠩᠭᠠᠯᠭ᠎ᠠ᠄ ᠠᠶᠢᠮᠠᠭ ᠤᠨ ᠠᠷᠠᠳ ᠤᠨ ᠪᠠᠩᠬᠢ︶᠃        ᠨᠠᠢᠮᠠ᠂ ᠰᠤᠷᠭᠠᠨ ᠬᠥᠮᠦᠵᠢᠯ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ        ᠰᠤᠷᠭᠠᠨ ᠬᠥᠮᠦᠵᠢᠯ ᠤᠨ ᠥᠭᠡᠷᠡᠴᠢᠯᠡᠯᠲᠡ ᠤᠯᠠᠮ ᠨᠢᠭᠡ ᠠᠯᠬᠤᠮ ᠭᠦᠨᠵᠡᠭᠡᠶᠢᠷᠡᠵᠦ᠂ ᠰᠤᠷᠭᠠᠨ ᠬᠥᠮᠦᠵᠢᠯ ᠤᠨ ᠦᠢᠯᠡᠰ ᠯᠠᠪᠳᠠᠭᠤᠨ ᠢᠶᠠᠷ ᠬᠥᠭᠵᠢᠪᠡ᠃ ᠪᠦᠬᠦ ᠬᠤᠳᠠ ᠶᠢᠨ ᠡᠩ ᠤᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠤᠷᠦᠬᠴᠢ 22639 ᠬᠥᠮᠦᠨ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠪᠠᠶᠢᠭ᠎ᠠ ᠰᠤᠷᠦᠬᠴᠢ 5776 ᠬᠥᠮᠦᠨ᠂ ᠪᠠᠭ᠎ᠠ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠤᠷᠦᠬᠴᠢ 21451 ᠬᠥᠮᠦᠨ ᠪᠤᠢ᠃ ᠪᠥᠬᠦ ᠬᠤᠲᠠ ᠳᠤ ᠨᠡᠶᠢᠲᠡ 707 ᠬᠡᠤᠬᠡᠳ ᠤᠨ ᠴᠡᠴᠡᠷᠯᠢᠭ ᠵᠢᠴᠢ ᠳᠠᠭᠠᠯᠳᠤᠭᠤᠯᠤᠨ ᠪᠠᠶᠢᠭᠤᠯᠤᠭᠰᠠᠨ ᠠᠩᠭᠢ ᠪᠠᠶᠢᠵᠤ᠂ 9883 ᠬᠡᠤᠬᠡᠳ ᠴᠡᠴᠡᠷᠯᠢᠭ ᠲᠤ ᠪᠣᠶ᠃ ᠰᠤᠷᠬᠤ ᠨᠠᠰᠤᠨ ᠤ ᠬᠡᠤᠬᠡᠳ ᠤᠨ ᠰᠤᠷᠭᠠᠭᠤᠯᠢ ᠳᠤ ᠣᠷᠣᠬᠤ ᠨᠣᠷᠮ᠎ᠠ 100.0%᠂ ᠪᠠᠭ᠎ᠠ ᠰᠤᠷᠭᠠᠭᠤᠯᠢ ᠶᠢᠨ ᠰᠤᠷᠭᠠᠭᠤᠯᠢ ᠳᠡᠪᠰᠢᠭᠰᠡᠨ ᠨᠣᠷᠮ᠎ᠠ 100.0% ︵ᠲᠤᠭ᠎ᠠ ᠪᠠᠷᠢᠮᠲᠠ ᠶᠢᠨ ᠬᠠᠩᠭᠠᠯᠭ᠎ᠠ᠄ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ︶᠃        ᠪᠥᠬᠦ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠳᠠᠯ ᠤᠨ ᠵᠠᠷᠤᠯᠭ᠎ᠠ 541 ᠲᠦᠮᠡᠨ ᠲᠥᠭᠦᠷᠢᠭ ᠲᠤ ᠬᠦᠷᠴᠦ᠂ ᠵᠢᠯ ᠤᠨ ᠳᠣᠲᠣᠷ᠎ᠠ ᠡᠯ᠎ᠡ ᠲᠥᠷᠥᠯ ᠤᠨ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠯ ᠤᠨ ᠠᠩᠭᠢ ᠶᠢ 3 ᠬᠤᠭᠤᠴᠠᠭ᠎ᠠ ᠡᠷᠭᠢᠯᠡᠵᠦ᠂ ᠮᠠᠯᠴᠢᠨ ᠲᠠᠷᠢᠶᠠᠴᠢᠨ ᠢ 300 ᠭᠠᠷᠤᠶ ᠬᠥᠮᠦᠨ ᠤᠳᠠᠭ᠎ᠠ ᠪᠣᠯᠪᠠᠰᠤᠷᠠᠭᠤᠯᠵᠠᠢ ︵ᠲᠤᠭ᠎ᠠ ᠪᠠᠷᠢᠮᠲᠠ ᠶᠢᠨ ᠬᠠᠩᠭᠠᠯᠭ᠎ᠠ᠄ ᠬᠤᠲᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ︶᠃        ᠶᠢᠰᠦ᠂ ᠰᠣᠶᠣᠯ᠂ ᠡᠷᠡᠭᠦᠯ ᠬᠠᠮᠠᠭᠠᠯᠠᠯ ᠪᠠ ᠪᠡᠶ᠎ᠡ ᠶᠢᠨ ᠲᠠᠮᠢᠷ        ᠵᠢᠯ ᠤᠨ ᠡᠴᠦᠰ ᠲᠤ ᠪᠥᠬᠦ ᠬᠤᠲᠠ ᠳᠤ ᠨᠡᠶᠢᠲᠡ 2 ᠣᠯᠠᠨ ᠨᠡᠶᠢᠲᠡ ᠶᠢᠨ ᠨᠣᠮ ᠤᠨ ᠰᠠᠩ ᠪᠠᠶᠢᠵᠤ᠂ 32.8 ᠲᠦᠮᠡᠨ ᠳᠡᠪᠲᠡᠷ ᠨᠣᠮ ᠬᠠᠳᠠᠭᠠᠯᠠᠵᠤ᠂ 2.34 ᠲᠦᠮᠡᠨ ᠬᠥᠮᠦᠨ ᠤᠳᠠᠭ᠎ᠠ ᠵᠢᠭᠡᠯᠡᠨ ᠤᠩᠰᠢᠵᠠᠶ᠃ ᠵᠢᠯ ᠤᠨ ᠡᠴᠦᠰ ᠲᠤ ᠪᠥᠬᠦ ᠬᠤᠲᠠ ᠳᠤ 1 ᠰᠡᠯᠭᠦᠭᠡ ᠳᠠᠪᠲᠠᠮᠵᠢᠲᠤ ᠳᠠᠮᠵᠢᠭᠤᠯᠤᠨ ᠨᠡᠪᠲᠡᠷᠡᠭᠦᠯᠬᠦ ᠰᠠᠴᠤᠷᠠᠭᠤᠯᠬᠤ ᠲᠠᠪᠴᠠᠩ᠂ 5 ᠰᠡᠯᠭᠦᠭᠡ ᠳᠠᠪᠲᠠᠮᠵᠢᠲᠤ ᠰᠠᠴᠤᠷᠠᠭᠤᠯᠬᠤ ᠮᠠᠰᠢᠨ ᠲᠠᠢ ᠪᠣᠯᠵᠣ᠂ ᠷᠠᠳᠢᠣ᠋ ᠨᠡᠪᠲᠡᠷᠡᠭᠦᠯᠭᠡ ᠶᠢᠨ ᠶᠡᠷᠦᠩᠬᠡᠶᠢᠯᠡᠭᠰᠡᠨ ᠬᠥᠮᠦᠨ ᠠᠮᠠ ᠶᠢᠨ ᠪᠦᠷᠬᠦᠴᠡ ᠶᠢᠨ ᠨᠣᠷᠮ᠎ᠠ 99.88% ᠪᠣᠯᠪᠠ᠃ ᠰᠡᠯᠭᠦᠭᠡ ᠳᠠᠪᠲᠠᠮᠵᠢᠲᠤ ᠲᠧᠯᠸᠢᠰ ᠳᠠᠮᠵᠢᠭᠤᠯᠬᠤ ᠰᠠᠴᠤᠷᠠᠭᠤᠯᠬᠤ ᠲᠠᠪᠴᠠᠩ 5 ᠰᠠᠭᠤᠷᠢ᠂ ᠲᠧᠯᠸᠢᠰ ᠰᠠᠴᠤᠷᠠᠭᠤᠯᠬᠤ ᠮᠠᠰᠢᠨ 5 ᠰᠠᠭᠤᠷᠢ ᠪᠠᠶᠢᠵᠤ᠂ ᠲᠧᠯᠸᠢᠰ ᠤᠨ ᠶᠡᠷᠦᠩᠬᠡᠶᠢᠯᠡᠭᠰᠡᠨ ᠬᠥᠮᠦᠨ ᠠᠮᠠ ᠶᠢᠨ ᠪᠦᠷᠬᠦᠴᠡ ᠶᠢᠨ ᠨᠣᠷᠮ᠎ᠠ 99.95% ︵ᠲᠤᠭ᠎ᠠ ᠪᠠᠷᠢᠮᠲᠠ ᠶᠢᠨ ᠬᠠᠩᠭᠠᠯᠭ᠎ᠠ᠄ ᠬᠤᠲᠠ ᠶᠢᠨ ᠨᠣᠮ ᠤᠨ ᠰᠠᠩ᠂ ᠠᠶᠢᠮᠠᠭ ᠤᠨ ᠷᠠᠳᠢᠣ᠋ ᠲᠧᠯᠸᠢᠰ ᠤᠨ ᠲᠣᠪᠴᠢᠶ᠎ᠠ︶ ᠪᠣᠯᠤᠨ᠎ᠠ᠃        ᠪᠥᠬᠦ ᠬᠤᠲᠠ ᠳᠤ 332 ᠡᠷᠡᠭᠦᠯ ᠬᠠᠮᠠᠭᠠᠯᠠᠯ ᠤᠨ ᠪᠠᠶᠢᠭᠤᠯᠤᠮᠵᠢ ᠲᠠᠢ᠂ ᠡᠭᠦᠨ ᠳᠤ᠄ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ 305 ᠪᠣᠶ᠃ ᠡᠯ᠎ᠡ ᠲᠥᠷᠥᠯ ᠤᠨ ᠡᠮᠨᠡᠯᠭᠡ ᠶᠢᠨ ᠬᠤᠷᠢᠶ᠎ᠠ 17 ᠪᠣᠶ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠤᠰᠬᠠᠶ ᠪᠠᠶᠢᠭᠤᠯᠤᠮᠵᠢ 7 ᠪᠣᠶ᠃ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠣᠷᠣ ᠶᠢᠨ ᠲᠤᠭ᠎ᠠ 3620᠂ ᠡᠷᠡᠭᠦᠯ ᠬᠠᠮᠠᠭᠠᠯᠠᠯ ᠤᠨ ᠮᠡᠷᠭᠡᠵᠢᠯ ᠤᠨ ᠠᠵᠢᠯᠲᠠᠨ 6183 ︵ᠲᠤᠭ᠎ᠠ ᠪᠠᠷᠢᠮᠲᠠ ᠶᠢᠨ ᠬᠠᠩᠭᠠᠯᠭ᠎ᠠ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ ᠪᠠᠶᠢᠨ᠎ᠠ᠃        ᠪᠥᠬᠦ ᠬᠤᠲᠠ ᠶᠡᠷᠦᠩᠬᠡᠶᠢᠯᠡᠭᠰᠡᠨ ᠪᠡᠶ᠎ᠡ ᠶᠢᠨ ᠲᠠᠮᠢᠷ ᠤᠨ ᠴᠤᠭᠯᠠᠭᠠᠨ ᠢ 1 ᠤᠳᠠᠭ᠎ᠠ ᠡᠷᠭᠢᠯᠡᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ 12 ᠤᠳᠠᠭ᠎ᠠ ᠡᠷᠭᠢᠯᠡᠵᠦ᠂ 3 ᠲᠦᠮᠡ ᠭᠠᠷᠤᠶ ᠬᠥᠮᠦᠨ ᠤᠳᠠᠭ᠎ᠠ ᠣᠷᠣᠯᠴᠠᠵᠠᠶ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠪᠠᠶᠢᠭ᠎ᠠ ᠰᠣᠷᠣᠭᠴᠢ ᠶᠢᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠪᠠᠷᠢᠮᠵᠢᠶ᠎ᠠ ᠶᠢᠨ ᠰᠢᠯᠭᠠᠯᠲᠠ ᠳᠤ ᠣᠷᠣᠯᠴᠠᠭᠰᠠᠳ ᠤᠨ ᠲᠤᠭ᠎ᠠ 32539 ᠪᠠᠶᠢᠵᠤ᠂ ᠬᠢᠷᠢ ᠬᠡᠮ ᠤᠨ ᠨᠣᠷᠮ᠎ᠠ ᠨᠢ 87.54% ︵ᠲᠤᠭ᠎ᠠ ᠪᠠᠷᠢᠮᠲᠠ ᠶᠢᠨ ᠬᠠᠩᠭᠠᠯᠭ᠎ᠠ᠄ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ︶ ᠪᠣᠯᠤᠨ᠎ᠠ᠃        ᠠᠷᠪᠠ᠂ ᠬᠥᠮᠦᠨ ᠠᠮᠠ᠂ ᠠᠷᠠᠳ ᠤᠨ ᠠᠮᠢᠳᠤᠷᠠᠯ ᠪᠠ ᠨᠡᠶᠢᠭᠡᠮ ᠤᠨ ᠪᠠᠲᠤᠯᠠᠭ᠎ᠠ        ᠲᠥᠯᠥᠪᠯᠡᠭᠡᠲᠦ ᠦᠷᠡᠵᠢᠯ ᠤᠨ ᠣᠨ ᠢᠶᠠᠷ ᠪᠤᠳᠤᠪᠠᠯ᠂ ᠪᠥᠬᠦ ᠵᠢᠯ ᠳᠤ ᠲᠥᠷᠥᠭᠰᠡᠨ ᠬᠥᠮᠦᠨ ᠠᠮᠠ 1689 ᠪᠠᠶᠢᠵᠤ᠂ ᠬᠥᠮᠦᠨ ᠠᠮᠠ ᠶᠢᠨ ᠲᠥᠷᠥᠯᠲᠡ ᠶᠢᠨ ᠨᠣᠷᠮ᠎ᠠ 5.03‰᠂ ᠬᠥᠮᠦᠨ ᠠᠮᠠ ᠶᠢᠨ ᠦᠬᠦᠯᠲᠡ ᠶᠢᠨ ᠨᠣᠷᠮ᠎ᠠ 4.02‰᠂ ᠬᠥᠮᠦᠨ ᠠᠮᠠ ᠶᠢᠨ ᠠᠶᠠᠨᠳᠠᠭᠠᠨ ᠨᠡᠮᠡᠭᠳᠡᠬᠦ ᠨᠣᠷᠮ᠎ᠠ 1.01‰ ᠪᠣᠯᠤᠨ᠎ᠠ᠃ ᠵᠢᠯ ᠤᠨ ᠡᠴᠦᠰ ᠲᠤ ᠪᠥᠬᠦ ᠬᠤᠲᠠ ᠶᠢᠨ ᠡᠷᠦᠬᠡ ᠠᠮᠠ ᠶᠢᠨ ᠲᠠᠩᠰᠠ ᠶᠢᠨ ᠶᠡᠷᠦᠩᠬᠡᠶ ᠬᠥᠮᠦᠨ ᠠᠮᠠ 321654 ︵ᠲᠤᠭ᠎ᠠ ᠪᠠᠷᠢᠮᠲᠠ ᠶᠢᠨ ᠬᠠᠩᠭᠠᠯᠭ᠎ᠠ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ︶᠃        ᠬᠤᠳᠠ ᠬᠥᠳᠡᠭᠡ ᠶᠢᠨ ᠠᠷᠠᠳ ᠤᠨ ᠠᠮᠢᠳᠤᠷᠠᠯ ᠤᠨ ᠬᠢᠷᠢ ᠬᠡᠮᠵᠢᠶ᠎ᠡ ᠲᠣᠭᠲᠠᠭᠤᠨ ᠢᠶᠠᠷ ᠳᠡᠭᠡᠭᠰᠢᠯᠡᠵᠦ᠂ ᠠᠮᠢᠳᠤᠷᠠᠯ ᠤᠨ ᠴᠢᠨᠠᠷ ᠴᠢᠨᠰᠠᠭ᠎ᠠ ᠲᠠᠰᠤᠷᠠᠯᠳᠠ ᠦᠭᠡᠢ ᠰᠠᠶᠢᠵᠢᠷᠠᠪᠠ᠃ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 37234 ᠲᠥᠭᠦᠷᠢᠭ ᠲᠤ ᠬᠦᠷᠴᠦ ᠂ ᠲᠦᠷᠦᠭᠦᠤ ᠵᠢᠯ ᠤᠨ ᠬᠢ ᠠᠴᠠ 8.0% ᠪᠠᠷ ᠨᠡᠮᠡᠭᠳᠡᠪᠡ᠃ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 20456 ᠲᠥᠭᠦᠷᠢᠭ ᠲᠤ ᠬᠦᠷᠴᠦ ᠂ ᠲᠦᠷᠦᠭᠦᠦ ᠵᠢᠯ ᠤᠨ ᠬᠢ ᠠᠴᠠ 11.3%  ᠪᠠᠷ ᠨᠡᠮᠡᠭᠳᠡᠪᠡ᠃        ᠵᠢᠯ ᠤᠨ ᠡᠴᠦᠰ ᠲᠤ ᠪᠥᠬᠦ ᠬᠤᠲᠠ ᠶᠢᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 79688 ᠪᠣᠯᠪᠠ᠂ ᠡᠭᠦᠨ ᠳᠤ᠄ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ 44275 ᠬᠥᠮᠦᠨ ᠪᠠᠶᠢᠨ᠎ᠠ᠃ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠨ 35413 ᠪᠠᠶᠢᠨ᠎ᠠ᠃ ᠡᠮ ᠡᠮᠨᠡᠯᠭᠡ ᠶᠢᠨ ᠦᠨᠳᠦᠰᠦᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 226789 ᠪᠣᠯᠵᠠᠶ᠂ ᠡᠭᠦᠨ ᠳᠤ᠄ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ 53781 ᠬᠥᠮᠦᠨ ᠪᠠᠶᠢᠨ᠎ᠠ᠃ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 173008 ᠬᠥᠮᠦᠨ ᠪᠠᠶᠢᠪᠠ᠃ ᠠᠵᠢᠯ ᠠᠯᠳᠠᠯᠲᠠ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 21009 ᠪᠣᠯᠪᠠ᠃ ᠠᠵᠢᠯ ᠤᠨ ᠬᠠᠷᠠᠭ᠎ᠠ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 23825 ᠬᠥᠮᠦᠨ ᠪᠣᠯᠤᠨ᠎ᠠ᠃ ᠵᠢᠯ ᠤᠨ ᠡᠴᠦᠰ ᠲᠤ ᠪᠥᠬᠦ ᠬᠤᠲᠠ ᠶᠢᠨ ᠬᠤᠲᠠ ᠪᠠᠯᠭᠠᠰᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ ᠭᠥᠷᠳᠡᠵᠦ ᠪᠠᠶᠢᠭ᠎ᠠ ᠰᠠᠭᠤᠭᠠᠯᠢ ᠠᠷᠠᠳ 9212 ᠪᠠᠶᠢᠨ᠎ᠠ᠃ ᠬᠥᠳᠡᠭᠡ ᠲᠣᠰᠬᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ ᠬᠦᠷᠳᠡᠵᠦ ᠪᠠᠶᠢᠭ᠎ᠠ ᠲᠠᠷᠢᠶᠠᠴᠢᠨ 9595 ᠬᠥᠮᠦᠨ ᠪᠠᠶᠢᠨ᠎ᠠ᠃ ᠵᠢᠯ ᠤᠨ ᠡᠴᠦᠰ ᠲᠤ ᠪᠥᠬᠦ ᠬᠤᠲᠠ ᠶᠢᠨ ᠠᠷᠠᠳ ᠠᠴᠠ ᠡᠷᠭᠢᠯᠡᠭᠰᠡᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ 16 ᠪᠠᠶᠢᠵᠤ᠂ 1995 ᠡᠪᠡᠳᠴᠢᠲᠡᠨ ᠤ ᠣᠷᠣ ᠲᠠᠢ ᠪᠣᠯᠪᠠ ︵ᠲᠤᠭ᠎ᠠ ᠪᠠᠷᠢᠮᠲᠠ ᠶᠢᠨ ᠬᠠᠩᠭᠠᠯᠭ᠎ᠠ᠄ ᠬᠤᠲᠠ ᠶᠢᠨ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠠᠵᠢᠯ ᠣᠯᠭᠤᠯᠲᠠ ᠶᠢᠨ ᠲᠣᠪᠴᠢᠶ᠎ᠠ᠂ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ︶᠃          ᠳᠠᠭᠠᠯᠳᠤᠭᠤᠯᠤᠯ ᠬᠦᠰᠦᠨᠦᠭᠲᠦ᠄        2021 ᠣᠨ ᠤ ᠠᠵᠤ ᠦᠢᠯᠡᠳᠪᠦᠷᠢ ᠲᠠᠷᠢᠶᠠᠯᠠᠩ ᠤᠨ ᠭᠤᠣᠯ ᠦᠢᠯᠡᠳᠬᠦᠨ ᠤ ᠭᠠᠷᠤᠯᠲᠠ        ᠨᠢᠭᠡ᠂ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ        ᠦᠢᠯᠡᠳᠬᠦᠨ ᠤ ᠨᠡᠷᠡᠶᠢᠳᠦᠯ                          ᠬᠠᠷᠢᠴᠠᠯᠠᠰᠢᠭᠦᠶ ᠲᠤᠭ᠎ᠠ        ᠠᠮᠤ ᠪᠤᠳᠠᠭ᠎ᠠ                                      329507.24 ᠲᠣᠨ        ᠡᠭᠦᠨ ᠳᠤ᠄ ᠡᠷᠳᠡᠨᠢ ᠰᠢᠰᠢ                           234820.46 ᠲᠣᠨ        ᠤᠰᠤᠨ ᠲᠤᠲᠤᠷᠭ᠎ᠠ                                 92038.77 ᠲᠣᠨ        ᠪᠤᠷᠴᠠᠭ ᠤᠨ ᠵᠦᠢᠯ                                 1098.07 ᠲᠣᠨ          ᠮᠢᠬᠠᠨ ᠤ ᠵᠦᠢᠯ ᠤᠨ ᠶᠡᠷᠦᠩᠬᠡᠶ ᠭᠠᠷᠤᠯᠲᠠ            17404.55 ᠲᠣᠨ        ᠡᠭᠦᠨ ᠳᠤ᠄ ᠭᠠᠭ᠋ᠠᠶ ᠶᠢᠨ ᠮᠢᠬ᠎ᠠ                      3887.55 ᠲᠣᠨ        ᠬᠤᠨᠢᠨ ᠮᠢᠬ᠎ᠠ                                     6468.33 ᠲᠣᠨ        ᠦᠨᠢᠶᠡᠨ ᠰᠦ                                     1084333.57 ᠲᠣᠨ        ᠪᠤᠳᠠ ᠮᠠᠯ        ᠵᠢᠯ ᠤᠨ ᠡᠴᠦᠰ ᠤᠨ ᠲᠤᠭ᠎ᠠ                         37532 ᠲᠣᠯᠣᠭᠠᠶ        ᠭᠠᠭ᠋ᠠᠶ        ᠵᠢᠯ ᠤᠨ ᠡᠴᠦᠰ ᠤᠨ ᠲᠤᠭ᠎ᠠ                         25219            ᠬᠤᠶᠠᠷ᠂ ᠠᠵᠤ ᠦᠢᠯᠡᠳᠪᠦᠷᠢ ᠶᠢᠨ ᠭᠤᠣᠯ ᠦᠢᠯᠡᠳᠬᠦᠨ ᠤ ᠭᠠᠷᠤᠯᠲᠠ        ᠦᠢᠯᠡᠳᠬᠦᠨ ᠤ ᠨᠡᠷᠡᠶᠢᠳᠦᠯ      ᠬᠠᠷᠢᠴᠠᠯᠠᠰᠢᠭᠦᠶ ᠲᠤᠭ᠎ᠠ            ᠲᠦᠷᠦᠭᠦᠦ ᠵᠢᠯ ᠤᠨ ᠬᠢ ᠲᠠᠢ ᠬᠠᠷᠢᠴᠠᠭᠤᠯᠤᠭᠰᠠᠨ ᠨᠡᠮᠡᠭᠳᠡᠯ ︵%︶        ᠫᠢᠸᠤ᠋                           7.7 ᠲᠦᠮᠡᠨ ᠯᠢᠲᠷ                 -5.8        ᠴᠠᠭᠠᠨ ᠢᠳᠡᠭᠡ                 11.6 ᠲᠦᠮᠡᠨ ᠲᠣᠨ                -4.4        ᠰᠢᠩᠭᠡᠨ ᠪᠡᠶᠡᠲᠦ ᠰᠦ            11.6 ᠲᠦᠮᠡᠨ ᠲᠣᠨ                -4.4        ᠶᠠᠩᠵᠤᠤᠷ ᠲᠠᠮᠠᠬᠢ               132.6 ᠳ᠋ᠦᠩᠰᠢᠭᠤᠷ ᠰᠢᠷᠬᠡᠭ        3.9        ᠪᠤᠯᠤᠳ ᠮᠠᠲ᠋ᠧᠷᠢᠶᠠᠯ              131.0 ᠲᠦᠮᠡᠨ ᠲᠣᠨ              -15.4        ᠰᠢᠷᠡᠮᠦ                         141.9 ᠲᠦᠮᠡᠨ ᠲᠣᠨ              - 8.4        ᠱᠦᠢᠨᠢ                         119.5 ᠲᠦᠮᠡᠨ ᠲᠣᠨ              -0.1        ᠲᠤᠲᠤᠷᠭ᠎ᠠ                     1.2 ᠲᠦᠮᠡᠨ ᠲᠣᠨ                   - 62.6        ᠪᠤᠭᠤᠳᠠᠢ ᠶᠢᠨ ᠭᠤᠯᠢᠷ           1.9 ᠲᠦᠮᠡᠨ ᠲᠣᠨ                    - 35.1        ᠪᠣᠷᠳᠤᠭ᠎ᠠ                      4.1 ᠲᠦᠮᠡᠨ ᠲᠣᠨ                    8.7
 
ᠢᠷᠡᠯᠲᠡ᠄ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号