2022 ᠣᠨ ᠤ 1 — 2 ᠳ᠋ᠤᠭᠠᠷ ᠰᠠᠷ᠎ᠠ ᠶᠢᠨ ᠤᠯᠠᠭᠠᠨᠬᠤᠲᠠ ᠶᠢᠨ ᠭᠤᠤᠯ ᠪᠣᠯᠬᠤ ᠠᠵᠤ ᠠᠬᠤᠶ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ
ᠨᠡᠶᠢᠲᠡᠯᠡᠭᠰᠡᠨ ᠴᠠᠭ᠄
2022/12/26
         ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ        2022 ᠣᠨ ᠤ 1 — 2 ᠳ᠋ᠤᠭᠠᠷ ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.7% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ ᠭᠤᠷᠪᠠᠳᠤᠭᠠᠷ ᠲᠤ ᠣᠷᠣᠪᠠ᠃        500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ        2022 ᠣᠨ ᠤ 1 — 2 ᠳ᠋ᠤᠭᠠᠷ ᠰᠠᠷ᠎ᠠ ᠳᠤ᠂ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 44.5% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ ᠭᠤᠷᠪᠠᠳᠤᠭᠠᠷ ᠲᠤ ᠣᠷᠣᠪᠠ᠃        ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠨᠤᠷᠮ᠎ᠠ        2022 ᠣᠨ ᠤ 1 — 2 ᠳ᠋ᠤᠭᠠᠷ ᠰᠠᠷ᠎ᠠ ᠳᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 17.28 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 11.9% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ ᠨᠢᠭᠡᠳᠦᠭᠡᠷ ᠲᠤ ᠣᠷᠣᠪᠠ᠃        ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠤᠯᠭ᠎ᠠ ᠵᠠᠷᠤᠯᠭ᠎ᠠ        2022 ᠣᠨ ᠤ 1 — 2 ᠳ᠋ᠤᠭᠠᠷ ᠰᠠᠷ᠎ᠠ ᠳᠤ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ 2.36 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 1.1% ᠪᠠᠷ ᠨᠡᠮᠡᠭᠳᠡᠪᠡ᠃        2022 ᠣᠨ ᠤ 1 — 2 ᠳ᠋ᠤᠭᠠᠷ ᠰᠠᠷ᠎ᠠ ᠳᠤ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠵᠠᠷᠤᠯᠭ᠎ᠠ ᠶᠢ 4.09 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 7.6% ᠪᠠᠷ ᠪᠠᠭᠤᠷᠠᠪᠠ᠃
 
ᠢᠷᠡᠯᠲᠡ᠄ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号