| ᠤᠯᠠᠭᠠᠨᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠦᠰᠦᠭᠲᠦ ﹇2022﹈ 19 | ᠳ᠋ᠦ᠋ᠭᠡᠷ ᠲᠣᠭᠠᠲᠤ | | | ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ | ᠰᠠᠯᠠᠭ᠎ᠠ ᠮᠥᠴᠢᠷ᠂ ᠰᠡᠷᠬᠡᠨ ᠣᠲᠣ ᠦᠶ᠎ᠡ ᠶᠢᠨ ᠲᠠᠷᠢᠶᠠᠯᠠᠩ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ | ᠵᠥᠪᠯᠡᠯ ᠳᠤ᠄ | ︽ᠤᠯᠠᠭᠠᠨᠬᠤᠲᠠ ᠶᠢᠨ ᠣᠨᠳᠣᠤ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠭᠰᠡᠨ ᠤ ᠳᠠᠷᠠᠭᠠᠬᠢ ᠲᠡᠳᠬᠦᠨ | ᠳᠡᠮᠵᠢᠬᠦ ᠠᠵᠢᠯ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠠᠵᠢᠯ ᠤᠨ ᠬᠤᠪᠢᠶᠠᠷᠢᠯᠠᠯ ᠤᠨ ᠲᠥᠰᠦᠯ︾ ᠢ ᠡᠳᠦᠭᠡ ᠲᠠᠨᠠᠷ ᠲᠤ ᠳᠠᠷᠤᠮᠠᠯᠯᠠᠨ | ᠲᠠᠷᠬᠠᠭᠠᠪᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠠᠷᠠᠢ᠃ | 2022 ᠣᠨ ᠤ 8 ᠰᠠᠷ᠎ᠠ ᠶᠢᠨ 20 ᠤ ᠡᠳᠦᠷ | | ᠤᠯᠠᠭᠠᠨᠬᠤᠲᠠ ᠶᠢᠨ ᠣᠨᠳᠣᠤ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠭᠰᠡᠨ ᠤ ᠳᠠᠷᠠᠭᠠᠬᠢ ᠲᠡᠳᠬᠦᠨ | ᠳᠡᠮᠵᠢᠬᠦ ᠠᠵᠢᠯ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠠᠵᠢᠯ ᠤᠨ ᠬᠤᠪᠢᠶᠠᠷᠢᠯᠠᠯ ᠤᠨ ᠲᠥᠰᠦᠯ | ᠨᠢᠭᠡ᠂ ᠬᠠᠷᠠᠯᠲᠠ ᠶᠢᠨ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠰᠢᠨ᠎ᠡ ᠬᠥᠭᠵᠢᠯᠲᠡ ᠶᠢᠨ ᠱᠠᠲᠤ ᠦᠶ᠎ᠡ ᠶᠢ | ᠡᠵᠡᠮᠳᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ | ᠪᠠᠶᠢᠷᠢᠰᠢᠯ ᠢ ᠪᠤᠶ ᠪᠣᠯᠭᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠪᠠᠷᠢᠮᠲᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠰᠢᠨ᠎ᠡ ᠮᠠᠶ᠋ᠢᠭ ᠤᠨ ᠬᠤᠲᠠ | ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠲᠠᠢ ᠤᠶᠠᠯᠳᠤᠭᠤᠯᠤᠨ᠂ ᠮᠠᠨ ᠤ ᠬᠤᠲᠠ ᠶᠢᠨ | ᠣᠨᠳᠣᠤ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠵᠦ ᠲᠥᠪᠯᠡᠷᠡᠭᠦᠯᠦᠨ ᠲᠥᠪᠬᠢᠨᠡᠭᠦᠯᠬᠦ 16 ᠲᠣᠭᠤᠷᠢᠭ ᠲᠤ | ᠠᠩᠬᠠᠷᠤᠯ ᠢᠶᠠᠨ ᠲᠥᠪᠯᠡᠷᠡᠭᠦᠯᠵᠦ᠂ ᠣᠷᠣᠨ ᠬᠤᠪᠢᠶᠠᠨ ᠲᠥᠷᠥᠯ ᠬᠤᠪᠢᠶᠠᠬᠤ᠂ ᠨᠠᠷᠢᠯᠢᠭ ᠤᠨᠤᠴᠠᠳᠠᠢ ᠪᠠᠷ ᠠᠷᠭ᠎ᠠ | ᠪᠣᠳᠣᠯᠭ᠎ᠠ ᠬᠡᠷᠡᠭᠵᠢᠭᠦᠯᠬᠦ ᠵᠠᠷᠴᠢᠮ ᠶᠣᠰᠣᠭᠠᠷ ᠲᠡᠳᠬᠦᠨ ᠳᠡᠮᠵᠢᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠣᠯᠠᠨ | ᠠᠷᠭ᠎ᠠ ᠵᠠᠮ ᠢᠶᠠᠷ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠶᠢ ᠠᠬᠢᠭᠤᠯᠵᠤ᠂ ᠠᠵᠤ ᠦᠢᠯᠡᠰ ᠤᠨ | ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠨᠡᠶᠢᠭᠡᠮ ᠤᠨ ᠬᠠᠮᠢᠶᠠᠷᠤᠯᠲᠠ ᠶᠢ ᠴᠢᠩᠭᠠᠳᠬᠠᠨ᠂ | ᠨᠡᠶᠢᠭᠡᠮ ᠤᠨ ᠠᠭᠤᠰᠤᠯᠴᠠᠯ ᠢ ᠠᠬᠢᠭᠤᠯᠵᠤ᠂ ᠨᠡᠭᠦᠭᠰᠡᠨ ᠣᠯᠠᠨ ᠲᠦᠮᠡᠨ ᠤ ︽ᠲᠣᠭᠲᠠᠭᠤᠨ ᠪᠠᠶᠢᠵᠤ ᠳᠡᠶᠢᠯᠬᠦ᠂ | ᠠᠵᠢᠯ ᠤᠯᠬᠤ᠂ ᠠᠯᠬᠤᠮ ᠠᠯᠬᠤᠮ ᠢᠶᠠᠷ ᠪᠠᠶᠠᠵᠢᠨ ᠴᠢᠨᠡᠭᠡᠯᠢᠭᠵᠢᠬᠦ︾ ᠶᠢ ᠪᠡᠶᠡᠯᠡᠭᠦᠯᠦᠨ᠎ᠡ᠃ | ᠬᠤᠶᠠᠷ᠂ ᠨᠡᠭᠦᠭᠰᠡᠨ ᠣᠯᠠᠨ ᠲᠦᠮᠡᠨ ᠤ ᠨᠠᠩ ᠭᠦᠢᠴᠡᠳ ᠨᠠᠩ ᠲᠣᠭᠲᠠᠪᠤᠷᠢᠲᠠᠶ ᠠᠵᠢᠯ ᠣᠯᠭᠤᠯᠲᠠ ᠶᠢ | ᠪᠥᠬᠦ ᠬᠦᠴᠦᠨ ᠢᠶᠠᠷ ᠠᠬᠢᠭᠤᠯᠤᠨ᠎ᠠ | ︵ᠨᠢᠭᠡ︶ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠢ ᠪᠥᠬᠦ ᠲᠠᠯ᠎ᠠ ᠪᠠᠷ | ᠰᠢᠯᠢᠳᠡᠭᠵᠢᠭᠦᠯᠦᠨ᠎ᠡ᠃ ᠮᠠᠨ ᠤ ᠬᠤᠲᠠ ᠶᠢᠨ ᠲᠥᠪᠬᠢᠨᠡᠭᠦᠯᠬᠦ ᠲᠣᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ | ᠬᠥᠳᠡᠯᠮᠦᠷᠢᠯᠡᠬᠦ ᠴᠢᠳᠠᠪᠤᠷᠢ ᠲᠠᠢ ᠨᠡᠭᠦᠯᠭᠡᠬᠦ ᠬᠥᠮᠦᠨ ᠠᠮᠠ ᠶᠢᠨ ᠪᠠᠶᠢᠭ᠎ᠠ ᠲᠥᠪᠬᠢᠨᠡᠭᠦᠯᠬᠦ ᠲᠣᠭᠤᠷᠢᠭ ᠲᠤ | ᠴᠢᠭᠯᠡᠭᠦᠯᠦᠨ ᠪᠠᠶᠢᠭᠤᠯᠬᠤ ᠪᠤᠶᠤ ᠣᠶᠢᠷ᠎ᠠ ᠬᠠᠪᠢ ᠶᠢᠨ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ | ᠲᠠᠪᠴᠠᠩ ᠢ ᠲᠦᠰᠢᠭᠯᠡᠨ ᠠᠵᠢᠯ ᠣᠯᠭᠤᠬᠤ ᠦᠢᠯᠡᠴᠢᠯᠡᠭᠡᠨ ᠤ ᠴᠢᠳᠠᠮᠵᠢ ᠶᠢ ᠥᠷᠭᠡᠳᠬᠡᠵᠦ᠂ ᠨᠡᠭᠦᠯᠭᠡᠬᠦ ᠣᠯᠠᠨ | ᠲᠦᠮᠡᠨ ᠳᠤ ᠲᠥᠷᠥ ᠶᠢᠨ ᠪᠣᠳᠣᠯᠭ᠎ᠠ ᠶᠢᠨ ᠯᠠᠪᠯᠠᠭ᠎ᠠ᠂ ᠲᠤᠬᠠᠶᠢᠯᠠᠭᠰᠠᠨ ᠠᠵᠢᠯ ᠢ ᠭᠦᠢᠴᠡᠳᠬᠡᠬᠦ ᠵᠡᠷᠭᠡ ᠣᠯᠠᠨ | ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠢ ᠬᠠᠩᠭᠠᠨ᠎ᠠ᠃ ᠨᠡᠭᠦᠯᠭᠡᠭᠰᠡᠨ ᠣᠯᠠᠨ ᠲᠦᠮᠡᠨ ᠤ ᠠᠵᠢᠯ ᠣᠯᠵᠤ | ᠦᠢᠯᠡᠰ ᠴᠣᠭᠴᠠᠯᠠᠬᠤ ᠳᠤ ᠡᠷᠦᠬᠡ ᠪᠠᠷ ᠨᠢ ᠬᠦᠷᠴᠦ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ | ᠥᠷᠨᠢᠭᠦᠯᠵᠦ᠂ ᠠᠵᠢᠯ ᠣᠯᠵᠤ ᠦᠢᠯᠡᠰ ᠴᠣᠭᠴᠠᠯᠠᠬᠤ ᠠᠵᠢᠯ ᠠᠯᠳᠠᠯᠲᠠ ᠶᠢᠨ ᠮᠡᠳᠡᠭᠡ ᠵᠠᠩᠭᠢ ᠶᠢᠨ | ᠬᠠᠮᠢᠶᠠᠷᠤᠯᠲᠠ ᠶᠢᠨ ᠡᠬᠡ ᠲᠠᠩᠰᠠ ᠶᠢ ᠪᠠᠶᠢᠭᠤᠯᠤᠨ᠂ ᠨᠠᠷᠢᠯᠢᠭ ᠣᠨᠣᠴᠠᠲᠠᠶ ᠪᠠᠷ ᠠᠵᠢᠯ ᠣᠯᠭᠤᠬᠤ ᠦᠢᠯᠡᠴᠢᠯᠡᠭᠡ | ᠬᠠᠩᠭᠠᠵᠤ᠂ ᠡᠷᠦᠬᠡ ᠪᠤᠯᠤᠨ ᠬᠥᠮᠦᠨ ᠳᠠᠷᠠᠭᠠᠯᠠᠨ ᠬᠥᠳᠡᠯᠮᠦᠷᠢ ᠬᠦᠴᠦᠨ ᠤ ᠨᠠᠰᠤᠨ ᠤ ᠪᠦᠲᠦᠴᠡ᠂ ᠰᠤᠷᠤᠯᠭ᠎ᠠ ᠶᠢᠨ | ᠨᠠᠮᠲᠠᠷ ᠤᠨ ᠬᠢᠷᠢ ᠬᠡᠮᠵᠢᠶ᠎ᠡ᠂ ᠠᠵᠢᠯ ᠣᠯᠤᠭᠰᠠᠨ ᠣᠷᠣᠯᠭ᠎ᠠ᠂ ᠠᠵᠢᠯ ᠤᠯᠬᠤ ᠬᠦᠰᠡᠯ ᠡᠷᠡᠮᠡᠯᠵᠡᠯ ᠵᠡᠷᠭᠡ ᠮᠡᠳᠡᠭᠡ | ᠵᠠᠩᠭᠢ ᠶᠢ ᠬᠢᠨᠠᠨ ᠬᠠᠷᠭᠤᠭᠤᠯᠵᠤ ᠳᠠᠩᠰᠠᠯᠠᠭᠤᠯᠤᠨ᠎ᠠ᠃ ᠨᠢᠭᠡᠨᠲᠡ ᠠᠵᠢᠯ ᠣᠯᠤᠭᠰᠠᠨ ᠬᠥᠮᠦᠰ ᠲᠤ ᠴᠢᠭᠯᠡᠭᠦᠯᠦᠨ᠂ | ᠴᠠᠭ ᠲᠤᠬᠠᠶ ᠳᠤᠨᠢ ᠮᠥᠷᠳᠡᠨ ᠳᠠᠩᠰᠠᠯᠠᠬᠤ ᠠᠵᠢᠯ ᠢ ᠰᠠᠶᠢᠲᠤᠷ ᠬᠢᠨ᠎ᠡ᠃ ᠠᠵᠢᠯ ᠤᠯᠬᠤ ᠬᠦᠰᠡᠯ ᠲᠠᠢ ᠪᠠᠶᠢᠭᠠᠳ | ᠠᠵᠢᠯ ᠣᠯᠤᠭᠠᠳᠤᠶ ᠬᠥᠮᠦᠰ ᠲᠤ ᠴᠢᠭᠯᠡᠭᠦᠯᠦᠨ᠂ ᠪᠠᠭᠤᠷᠠᠶ ᠬᠥᠳᠡᠯᠮᠦᠷᠢ ᠬᠦᠴᠦᠨ ᠪᠠ ᠬᠥᠳᠡᠯᠮᠦᠷᠢᠯᠡᠬᠦ ᠨᠠᠰᠤᠨ ᠠᠴᠠ | ᠬᠡᠲᠦᠷᠡᠭᠰᠡᠨ ᠪᠥᠭᠡᠳ ᠵᠣᠬᠢᠬᠤ ᠬᠥᠳᠡᠯᠮᠦᠷᠢᠯᠡᠬᠦ ᠴᠢᠳᠠᠪᠤᠷᠢ ᠲᠠᠢ ᠬᠥᠮᠦᠰ ᠢ ᠪᠠᠭᠲᠠᠭᠠᠵᠤ᠂ ᠠᠵᠢᠯ ᠤᠯᠬᠤ ᠴᠢᠳᠠᠪᠤᠷᠢ | ᠂ ᠠᠵᠢᠯ ᠤᠯᠬᠤ ᠬᠡᠷᠡᠭᠴᠡᠭᠡ ᠪᠠ ᠠᠵᠢᠯ ᠤᠯᠬᠤ ᠬᠦᠰᠡᠯ ᠡᠷᠡᠮᠡᠯᠵᠡᠯ ᠵᠡᠷᠭᠡ ᠮᠡᠳᠡᠭᠡ ᠵᠠᠩᠭᠢ ᠶᠢ ᠡᠵᠡᠮᠰᠢᠵᠦ᠂ | ᠨᠡᠶᠢᠲᠡ ᠶᠢᠨ ᠳ᠋ᠤᠭᠠᠷ᠂ ᠨᠡᠶᠢᠭᠡᠮ ᠤᠨ ᠪᠥᠯᠬᠦᠮ ᠵᠡᠷᠭᠡ ᠠᠷᠭ᠎ᠠ ᠵᠠᠮ ᠳᠤ ᠲᠦᠰᠢᠭᠯᠡᠨ ᠠᠵᠢᠯ ᠣᠯᠭᠤᠬᠤ ᠠᠵᠢᠯ ᠤᠨ | ᠪᠠᠶᠢᠷᠢ ᠪᠠ ᠠᠵᠢᠯ ᠮᠡᠷᠭᠡᠵᠢᠯ ᠤᠨ ᠪᠣᠯᠪᠠᠰᠤᠷᠠᠯ ᠤᠨ ᠮᠡᠳᠡᠭᠡ ᠵᠠᠩᠭᠢ ᠶᠢ ᠪᠠᠶᠢᠩᠭᠤ ᠬᠦᠷᠭᠡᠨ᠎ᠡ᠃ ︵ᠬᠠᠷᠢᠭᠤᠴᠠᠯᠭᠠᠲᠤ | ᠨᠢᠭᠡᠴᠢ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶ | ︵ᠬᠤᠶᠠᠷ︶ ᠲᠠᠪᠴᠠᠩ ᠪᠠᠶᠢᠭᠤᠯᠤᠨ ᠣᠶᠢᠷ᠎ᠠ ᠬᠠᠪᠢ ᠳᠠᠭᠠᠨ ᠠᠵᠢᠯ ᠤᠯᠬᠤ ᠶᠢ ᠪᠥᠬᠦ ᠬᠦᠴᠦᠨ ᠢᠶᠠᠷ | ᠠᠬᠢᠭᠤᠯᠤᠨ᠎ᠠ᠃ ᠰᠠᠨᠠᠭᠠᠴᠢᠯᠠᠭ᠎ᠠ ᠠᠴᠠ ᠪᠠᠨ ᠪᠡᠭᠡᠵᠢᠩ ᠬᠤᠲᠠ ᠶᠢᠨ ᠪᠡᠭᠡᠵᠢᠩ ᠥᠪᠥᠷ ᠮᠣᠩᠭᠤᠯ ᠤᠨ ᠠᠵᠢᠯ | ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠬᠠᠮᠵᠢᠯᠴᠠᠭᠠᠨ ᠤ ᠪᠠᠶᠢᠭᠤᠯᠤᠮᠵᠢ ᠲᠠᠢ ᠵᠣᠯᠭᠠᠭᠤᠯᠵᠤ᠂ | ᠲᠥᠪᠬᠢᠨᠡᠭᠦᠯᠬᠦ ᠲᠣᠭᠤᠷᠢᠭ ᠲᠤ ᠲᠤᠬᠠᠶ ᠶᠢᠨ ᠭᠠᠵᠠᠷ ᠤᠨ ᠣᠯᠠᠨ ᠲᠦᠮᠡᠨ ᠤ ᠠᠵᠢᠯ ᠣᠯᠭᠤᠯᠲᠠ ᠶᠢᠨ ᠬᠡᠷᠡᠭᠴᠡᠭᠡ | ᠱᠠᠭᠠᠷᠳᠠᠯᠭ᠎ᠠ ᠳᠤ ᠳᠣᠭᠢᠷᠠᠬᠤ ᠬᠥᠳᠡᠯᠮᠦᠷᠢ ᠨᠢᠭᠲᠠᠷᠠᠭᠰᠠᠨ᠂ ᠠᠮᠢ ᠠᠬᠤᠶ ᠶᠢᠨ ᠨᠥᠬᠦᠷᠰᠡᠭ ᠬᠡᠯᠪᠡᠷᠢ ᠶᠢᠨ ᠲᠥᠷᠥᠯ | ᠵᠦᠢᠯ ᠪᠤᠶᠤ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠨᠢᠭᠡ ᠪᠦᠯᠦᠭ ᠲᠤᠰᠠᠯᠠᠨ ᠪᠠᠶᠢᠭᠤᠯᠬᠤ ᠠᠵᠤ | ᠦᠢᠯᠡᠰ ᠤᠨ ᠲᠥᠷᠥᠯ ᠵᠦᠢᠯ᠂ ᠠᠵᠤ ᠠᠬᠤᠶᠢᠯᠠᠯ ᠤᠨ ᠪᠣᠳᠠᠲᠤ ᠴᠣᠭᠴᠠ ᠶᠢ ᠨᠠᠶᠢᠳᠠᠪᠤᠷᠢᠵᠢᠭᠤᠯᠤᠨ᠂ ᠳᠡᠭᠡᠳᠦ | ᠳᠣᠤᠷᠠᠳᠤ ᠤᠷᠤᠰᠬᠠᠯ ᠤᠨ ᠠᠵᠤ ᠠᠬᠤᠶᠢᠯᠠᠯ᠂ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠦᠢᠯᠡᠳᠪᠦᠷᠢ ᠶᠢᠨ | ᠲᠠᠰᠤᠭ ᠤᠨ ᠪᠥᠲᠥᠭᠡᠨ ᠪᠠᠶᠢᠭᠤᠯᠤᠯᠲᠠ ᠶᠢ ᠨᠥᠯᠥᠭᠡᠯᠡᠨ ᠳᠠᠶᠢᠴᠢᠯᠠᠵᠤ᠂ ᠣᠶᠢᠷ᠎ᠠ ᠬᠠᠪᠢ ᠶᠢᠨ ᠠᠵᠢᠯ | ᠣᠯᠭᠤᠯᠲᠠ ᠶᠢᠨ ᠠᠷᠭ᠎ᠠ ᠵᠠᠮ ᠢ ᠥᠷᠭᠡᠳᠬᠡᠨ᠎ᠡ᠃ ᠨᠡᠭᠦᠯᠭᠡᠭᠰᠡᠨ ᠬᠥᠳᠡᠯᠮᠦᠷᠢ ᠬᠦᠴᠦᠨ ᠢ ᠨᠡᠯᠢᠶᠡᠳ ᠠᠷᠪᠢᠨ | ᠰᠢᠩᠭᠡᠭᠡᠨ ᠠᠪᠤᠭᠰᠠᠨ ᠠᠵᠤ ᠠᠬᠤᠶᠢᠯᠠᠯ ᠳᠤ ᠨᠥᠬᠦᠴᠡᠯ ᠲᠠᠢ ᠪᠠᠷ ᠪᠠᠯᠠ ᠲᠣᠬᠢᠷᠠᠭᠤᠯᠭ᠎ᠠ ᠶᠢᠨ ᠵᠢᠭᠡᠯᠡᠯᠭᠡ ᠵᠡᠷᠭᠡ | ᠲᠠᠯ᠎ᠠ ᠪᠠᠷ ᠵᠣᠬᠢᠬᠤ ᠬᠡᠮᠵᠢᠶᠡᠨ ᠤ ᠬᠡᠯᠪᠠᠶᠢᠯᠲᠡ ᠶᠢᠨ ᠳᠡᠮᠵᠢᠯᠭᠡ ᠦᠵᠡᠭᠦᠯᠦᠨ᠎ᠡ᠃ ᠣᠨᠳᠣᠤ ᠭᠠᠵᠠᠷ ᠨᠡᠭᠦᠯᠭᠡᠨ | ᠶᠠᠳᠠᠭᠤ ᠶᠢ ᠲᠡᠳᠬᠦᠬᠦ ᠲᠥᠷᠥᠯ ᠵᠦᠢᠯ ᠪᠠ ᠨᠡᠭᠦᠯᠭᠡᠬᠦ ᠣᠯᠠᠨ ᠲᠦᠮᠡᠨ ᠤ ᠬᠡᠪᠴᠢᠶ᠎ᠡ ᠶᠢ ᠨᠢᠭᠡᠳᠦᠯᠲᠡᠶ ᠲᠥᠯᠥᠪᠯᠡᠨ | ᠪᠣᠳᠣᠯᠬᠢᠯᠠᠵᠤ᠂ ᠬᠠᠷᠢᠴᠠᠯ ᠶᠣᠰᠣᠭᠠᠷ ᠠᠵᠢᠯ ᠣᠯᠭᠤᠬᠤ ᠲᠦᠷᠢᠮ ᠢ ᠰᠠᠶᠢᠲᠤᠷ ᠨᠠᠶᠢᠳᠠᠪᠤᠷᠢᠵᠢᠭᠤᠯᠤᠨ᠂ ᠵᠠᠰᠠᠭ ᠤᠨ | ᠣᠷᠳᠣᠨ ᠠᠴᠠ ᠪᠠᠯᠠ ᠣᠷᠣᠭᠤᠯᠵᠤ ᠪᠥᠲᠥᠭᠡᠨ ᠪᠠᠶᠢᠭᠤᠯᠬᠤ ᠲᠥᠷᠥᠯ ᠵᠦᠢᠯ᠂ ᠦᠨᠳᠦᠰᠦᠨ ᠱᠠᠲᠤᠨ ᠤ | ᠨᠡᠶᠢᠭᠡᠮ ᠤᠨ ᠬᠠᠮᠢᠶᠠᠷᠤᠯᠲᠠ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠲᠥᠷᠥᠯ ᠵᠦᠢᠯ ᠳᠤ ᠵᠣᠬᠢᠬᠤ ᠠᠵᠢᠯ ᠤᠨ | ᠪᠠᠶᠢᠷᠢ ᠳᠣᠭᠢᠷᠠᠭᠤᠯᠬᠤ ᠶᠢ ᠠᠬᠢᠭᠤᠯᠵᠤ᠂ ᠨᠡᠭᠦᠯᠭᠡᠭᠰᠡᠨ ᠣᠯᠠᠨ ᠲᠦᠮᠡᠨ ᠢ ᠰᠢᠩᠭᠡᠭᠡᠨ ᠠᠪᠴᠤ ᠠᠵᠢᠯ ᠣᠯᠭᠤᠬᠤ ᠳᠤ | ᠬᠡᠷᠡᠭᠯᠡᠨ᠎ᠡ᠃ ᠬᠠᠪᠰᠤᠷᠤᠨ ᠲᠡᠳᠬᠦᠬᠦ ᠦᠢᠯᠡᠳᠪᠦᠷᠢ ᠶᠢᠨ ᠲᠠᠰᠤᠭ ᠵᠡᠷᠭᠡ ᠠᠴᠢᠶᠠᠯᠠᠪᠤᠷᠢ ᠶᠢ ᠰᠢᠩᠭᠡᠭᠡᠨ ᠠᠪᠴᠤ | ᠠᠵᠢᠯ ᠣᠯᠭᠤᠬᠤ ᠬᠡᠪᠴᠢᠶ᠎ᠡ ᠶᠢ ᠥᠷᠭᠡᠳᠬᠡᠵᠦ᠂ ᠨᠡᠭᠦᠯᠭᠡᠭᠰᠡᠨ ᠬᠥᠳᠡᠯᠮᠦᠷᠢ ᠶᠢᠨ ᠬᠦᠴᠦᠨ ᠤ ᠬᠤᠳᠠ ᠶᠢᠨ | ᠬᠡᠪᠴᠢᠶᠡᠨ ᠳᠣᠲᠣᠷ᠎ᠠ ᠲᠤᠬᠠᠶ ᠶᠢᠨ ᠭᠠᠵᠠᠷ ᠲᠠᠭᠠᠨ ᠪᠤᠶᠤ ᠤᠢᠢᠷ᠎ᠠ ᠬᠠᠪᠢ ᠳᠠᠭᠠᠨ ᠠᠵᠢᠯ ᠤᠯᠬᠤ ᠶᠢ ᠠᠬᠢᠭᠤᠯᠤᠨ᠎ᠠ᠃ | ᠰᠢᠯᠵᠢᠯᠲᠡ ᠶᠢᠨ ᠬᠤᠭᠤᠴᠠᠭᠠᠨ ᠳᠤ ᠠᠮᠢ ᠠᠬᠤᠶ ᠶᠢᠨ ᠣᠶ ᠬᠠᠮᠠᠭᠠᠯᠠᠭᠴᠢ ᠶᠢᠨ ᠡᠩᠨᠡᠭᠡ ᠶᠢ ᠬᠠᠷᠢᠴᠠᠩᠭᠤᠶ | ᠲᠣᠭᠲᠠᠭᠤᠨ ᠪᠠᠶᠢᠯᠭᠠᠬᠤ ᠶᠢ ᠪᠠᠲᠤᠯᠠᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠨᠡᠶᠢᠲᠡ ᠶᠢᠨ ᠠᠰᠠᠷᠠᠮᠵᠢ ᠶᠢᠨ | ᠴᠢᠨᠠᠷᠲᠠᠶ ᠠᠵᠢᠯ ᠤᠨ ᠪᠠᠶᠢᠷᠢ ᠶᠢ ᠰᠢᠨᠵᠢᠯᠡᠬᠦ ᠤᠬᠠᠭᠠᠨᠴᠢ ᠪᠠᠷ ᠨᠡᠭᠡᠭᠡᠨ ᠬᠥᠭᠵᠢᠭᠦᠯᠵᠦ᠂ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠦᠨᠳᠦᠰᠦᠨ ᠵᠦᠢᠯ ᠢ ᠪᠠᠲᠤᠯᠠᠵᠤ ᠠᠵᠢᠯ ᠣᠯᠭᠤᠬᠤ ᠶᠢ | ᠪᠠᠲᠤᠯᠠᠬᠤ ᠠᠵᠢᠯ ᠢ ᠪᠣᠳᠠᠲᠠᠶᠢᠵᠢᠭᠤᠯᠵᠤ᠂ ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠦᠢᠯᠡᠴᠢᠯᠡᠭᠡᠨ ᠤ | ᠬᠠᠮᠵᠢᠯᠴᠠᠭᠠᠨ ᠤ ᠲᠥᠷᠥᠯ ᠵᠦᠢᠯ ᠤᠨ ᠨᠡᠭᠡᠭᠡᠨ ᠬᠥᠭᠵᠢᠭᠦᠯᠬᠦ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ | ᠪᠠᠶᠢᠷᠢ ᠶᠢ ᠤᠷᠢᠳᠠᠪᠠᠷ ᠲᠦᠪᠬᠢᠨᠡᠭᠦᠯᠬᠦ ᠲᠣᠭᠤᠷᠢᠭ ᠲᠡᠶᠢᠰᠢ ᠬᠡᠯᠪᠡᠶᠢᠯᠭᠡᠨ᠎ᠡ᠃ ︵ᠬᠠᠷᠢᠭᠤᠴᠠᠯᠭᠠᠲᠤ ᠨᠢᠭᠡᠴᠢ᠄ | ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠶ | ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠮᠥᠩᠭᠦᠨ ᠭᠦᠢᠯᠭᠡᠭᠡᠨ ᠤ ᠠᠯᠪᠠᠨ | ᠬᠡᠷ︶ | ︵ᠭᠤᠷᠪᠠ︶ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠵᠤ ᠠᠵᠢᠯ ᠣᠯᠭᠤᠯᠲᠠ ᠶᠢ ᠠᠬᠢᠭᠤᠯᠬᠤ | ᠦᠢᠯᠡᠳᠦᠯ ᠢ ᠪᠠᠳᠠᠷᠠᠭᠤᠯᠤᠨ᠎ᠠ᠃ ᠲᠥᠪᠬᠢᠨᠡᠭᠦᠯᠬᠦ ᠣᠷᠣᠨ ᠤ ᠵᠠᠯᠭᠠᠮᠵᠢ ᠠᠵᠤ ᠦᠢᠯᠡᠰ ᠤᠨ ᠬᠥᠭᠵᠢᠯᠲᠡ ᠪᠠ | ᠨᠡᠭᠦᠯᠭᠡᠭᠰᠡᠨ ᠣᠯᠠᠨ ᠲᠦᠮᠡᠨ ᠳᠤ ᠠᠵᠢᠯ ᠣᠯᠭᠤᠬᠤ ᠶᠢᠨ ᠲᠣᠭᠤᠷᠢᠨ ᠳᠤ᠂ ᠬᠥᠳᠡᠭᠡ ᠲᠣᠰᠬᠤᠨ ᠤ ᠬᠥᠮᠦᠰ ᠤᠨ | ᠣᠷᠣᠰᠢᠨ ᠰᠠᠭᠤᠷᠢᠰᠢᠬᠤ ᠣᠷᠴᠢᠨ ᠲᠣᠭᠤᠷᠢᠨ᠂ ᠵᠠᠮ ᠬᠠᠷᠢᠯᠴᠠᠭ᠎ᠠ᠂ ᠵᠢᠵᠢᠭ ᠬᠡᠯᠪᠡᠷᠢ ᠶᠢᠨ ᠤᠰᠤᠨ ᠠᠰᠢᠭᠯᠠᠯᠲᠠ᠂ | ᠰᠣᠶᠣᠯ ᠵᠤᠭᠠᠴᠠᠯ᠂ ᠣᠶ ᠰᠢᠭᠤᠶ ᠨᠤᠲᠤᠭ ᠪᠡᠯᠴᠢᠭᠡᠷ ᠵᠢᠴᠢ ᠭᠠᠮᠰᠢᠭ ᠤᠨ ᠳᠠᠷᠠᠭᠠᠬᠢ ᠰᠡᠷᠭᠦᠭᠡᠨ ᠳᠠᠬᠢᠨ ᠪᠦᠲᠦᠭᠡᠨ | ᠪᠠᠶᠢᠭᠤᠯᠬᠤ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠤ ᠭᠠᠵᠠᠷ ᠣᠷᠣᠨ ᠤ | ᠪᠠᠶᠢᠳᠠᠯ ᠳᠤᠨᠢ ᠲᠣᠬᠢᠷᠠᠭᠤᠯᠤᠨ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠠᠷᠭ᠎ᠠ ᠶᠢ ᠠᠪᠴᠤ᠂ ᠪᠡᠯᠡ | ᠣᠷᠣᠭᠤᠯᠤᠯᠲᠠ ᠶᠢᠨ ᠬᠡᠪᠴᠢᠶ᠎ᠡ ᠪᠠᠷ ᠪᠠᠭ᠎ᠠ᠂ ᠮᠡᠷᠭᠡᠵᠢᠯ ᠤᠨ ᠱᠠᠭᠠᠷᠳᠠᠯᠭ᠎ᠠ ᠳᠣᠣᠷ᠎ᠠ᠂ ᠡᠮᠦᠨᠡᠬᠢ ᠬᠤᠭᠤᠴᠠᠭᠠᠨ ᠤ | ᠠᠵᠢᠯ ᠨᠢ ᠳᠥᠭᠦᠮᠬᠡᠨ᠂ ᠠᠵᠢᠯ ᠬᠥᠳᠡᠯᠮᠦᠷᠢ ᠬᠢᠬᠦ ᠤᠷ᠎ᠠ ᠴᠢᠳᠠᠪᠤᠷᠢ ᠶᠢᠨ ᠱᠠᠭᠠᠷᠳᠠᠯᠭ᠎ᠠ ᠨᠢ ᠥᠨᠳᠥᠷ ᠪᠢᠰᠢ ᠨᠢᠭᠡ | ᠪᠦᠯᠦᠭ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠲᠦᠷᠦᠯ ᠵᠦᠢᠯ ᠢ ᠬᠡᠷᠡᠭᠵᠢᠭᠦᠯᠵᠦ᠂ ᠨᠡᠭᠦᠯᠭᠡᠭᠰᠡᠨ | ᠤᠯᠠᠨ ᠲᠦᠮᠡᠨ ᠢ ᠤᠷᠢᠳᠠᠪᠠᠷ ᠰᠢᠩᠭᠡᠭᠡᠨ ᠠᠪᠴᠤ ᠠᠵᠢᠯ ᠣᠯᠭᠤᠵᠤ᠂ ᠬᠥᠳᠡᠯᠮᠦᠷᠢ ᠦᠢᠯᠡᠴᠢᠯᠡᠭᠡᠨ ᠤ ᠬᠥᠯᠥᠰᠥ | ᠣᠯᠭᠤᠮᠵᠢ ᠣᠯᠭᠤᠬᠤ ᠬᠠᠷᠢᠴᠠᠯ ᠢ ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠦᠨ᠎ᠡ᠃ ᠠᠵᠢᠯ ᠣᠯᠭᠤᠬᠤ ᠪᠠᠷ | ᠲᠡᠳᠬᠦᠮᠵᠢ ᠶᠢ ᠣᠷᠣᠯᠠᠭᠤᠯᠬᠤ ᠲᠥᠷᠥᠯ ᠵᠦᠢᠯ ᠤᠨ ᠬᠡᠷᠡᠭᠵᠢᠭᠦᠯᠦᠯᠲᠡ ᠶᠢ ᠬᠥᠳᠡᠯᠮᠦᠷᠢᠴᠢᠳ ᠤᠨ ᠮᠡᠷᠭᠡᠵᠢᠯ | ᠴᠢᠳᠠᠪᠤᠷᠢ ᠶᠢᠨ ᠪᠣᠯᠪᠠᠰᠤᠷᠠᠯ᠂ ᠬᠡᠪ ᠴᠢᠨᠠᠷ ᠤᠨ ᠳᠡᠭᠡᠭᠰᠢᠯᠡᠯᠲᠡ ᠲᠠᠢ ᠬᠠᠷᠢᠯᠴᠠᠨ ᠤᠶᠠᠯᠳᠤᠭᠤᠯᠵᠤ᠂ ᠨᠡᠭᠦᠯᠭᠡᠭᠰᠡᠨ | ᠣᠯᠠᠨ ᠲᠦᠮᠡᠨ ᠤ ᠪᠡᠶ᠎ᠡ ᠪᠠᠨ ᠳᠠᠭᠠᠭᠠᠵᠤ ᠬᠥᠭᠵᠢᠬᠦ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃ ︵ | ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︶ | ︵ᠳᠥᠷᠪᠡ︶ ᠨᠡᠭᠦᠯᠭᠡᠭᠰᠡᠨ ᠣᠯᠠᠨ ᠲᠦᠮᠡᠨ ᠤ ᠪᠡᠶ᠎ᠡ ᠪᠠᠨ ᠳᠠᠭᠠᠭᠠᠵᠤ ᠦᠢᠯᠡᠰ ᠴᠣᠭᠴᠠᠯᠠᠬᠤ ᠶᠢ | ᠢᠳᠡᠪᠬᠢᠲᠡᠶ ᠳᠡᠮᠵᠢᠨ᠎ᠡ᠃ ᠲᠥᠪᠬᠢᠨᠡᠭᠦᠯᠬᠦ ᠣᠷᠣᠨ ᠤ ᠦᠢᠯᠡᠰ ᠴᠣᠭᠴᠠᠯᠠᠬᠤ ᠠᠴᠢᠶᠠᠯᠠᠪᠤᠷᠢ ᠶᠢᠨ ᠪᠥᠲᠥᠭᠡᠨ | ᠪᠠᠶᠢᠭᠤᠯᠤᠯᠲᠠ ᠶᠢ ᠳᠡᠮᠵᠢᠵᠦ᠂ ᠦᠢᠯᠡᠰ ᠴᠣᠭᠴᠠᠯᠠᠬᠤ ᠴᠢᠳᠠᠪᠤᠷᠢ ᠪᠠ ᠨᠡᠬᠦᠬᠦ ᠶᠢ ᠬᠦᠰᠡᠵᠦ ᠪᠠᠶᠢᠭ᠎ᠠ ᠣᠯᠠᠨ | ᠲᠦᠮᠡᠨ ᠤ ᠤᠷᠢᠳᠠᠪᠠᠷ ᠣᠷᠣᠵᠤ ᠰᠠᠭᠤᠬᠤ ᠶᠢ ᠬᠥᠲᠥᠯᠦᠨ ᠵᠢᠯᠣᠭᠤᠳᠴᠤ᠂ ᠲᠠᠯᠠᠪᠤᠷ ᠭᠠᠵᠠᠷ ᠤᠨ ᠲᠦᠷᠢᠶᠡᠰᠦᠨ | ᠮᠥᠩᠭᠦ᠂ ᠡᠵᠡᠩᠨᠡᠯᠲᠡ ᠶᠢᠨ ᠵᠠᠷᠤᠳᠠᠯ ᠵᠡᠷᠭᠡ ᠲᠠᠯ᠎ᠠ ᠪᠠᠷ ᠵᠣᠬᠢᠬᠤ ᠬᠠᠷᠠᠭᠠᠯᠵᠠᠯ ᠦᠵᠡᠭᠦᠯᠦᠨ᠎ᠡ᠃ ᠨᠡᠭᠦᠯᠭᠡᠭᠰᠡᠨ | ᠣᠯᠠᠨ ᠲᠦᠮᠡᠨ ᠤ ᠨᠤᠲᠤᠭ ᠲᠠᠭᠠᠨ ᠪᠤᠴᠠᠵᠤ ᠨᠤᠲᠤᠭ ᠲᠠᠭᠠᠨ ᠬᠦᠷᠴᠦ ᠦᠢᠯᠡᠰ ᠴᠣᠭᠴᠠᠯᠠᠬᠤ᠂ ᠲᠤᠬᠠᠶ ᠶᠢᠨ | ᠭᠠᠵᠠᠷ ᠲᠤᠨᠢ ᠦᠢᠯᠡᠰ ᠴᠣᠭᠴᠠᠯᠠᠬᠤ ᠶᠢ ᠳᠡᠮᠵᠢᠵᠦ᠂ ᠮᠡᠳᠡᠭᠡ ᠵᠠᠩᠭᠢ ᠨᠡᠶᠢᠲᠡᠯᠡᠬᠦ᠂ ᠬᠠᠤᠯᠢ ᠴᠠᠭᠠᠵᠠ ᠶᠢᠨ | ᠲᠤᠰᠠᠯᠠᠮᠵᠢ ᠦᠵᠡᠭᠦᠯᠬᠦ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠢ ᠴᠢᠩᠭᠠᠷᠠᠭᠤᠯᠤᠨ᠂ ᠭᠠᠶᠢᠯᠢ ᠳᠠᠳᠠᠪᠤᠷᠢ ᠶᠢ | ᠬᠠᠰᠤᠵᠤ ᠭᠡᠯᠳᠦᠷᠢᠭᠦᠯᠬᠦ᠂ ᠲᠠᠯᠠᠪᠤᠷ ᠭᠠᠵᠠᠷ ᠲᠤᠬᠢᠷᠠᠭᠤᠯᠵᠤ ᠦᠭᠬᠦ᠂ ᠦᠢᠯᠡᠰ ᠴᠣᠭᠴᠠᠯᠠᠬᠤ ᠳᠠᠭᠠᠭᠠᠯᠲᠠ ᠶᠢᠨ | ᠵᠢᠭᠡᠯᠡᠯᠭᠡ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ᠂ ᠨᠢᠭᠡ | ᠤᠳᠠᠭ᠎ᠠ ᠶᠢᠨ ᠴᠢᠨᠠᠷᠲᠠᠶ ᠦᠢᠯᠡᠰ ᠴᠣᠭᠴᠠᠯᠠᠬᠤ ᠨᠥᠬᠦᠪᠥᠷᠢ᠂ ᠠᠵᠤ ᠦᠢᠯᠡᠰ ᠤᠨ ᠬᠠᠪᠰᠤᠷᠤᠨ ᠲᠡᠳᠬᠦᠬᠦ | ᠳᠠᠭᠠᠳᠬᠠᠯ ᠪᠠ ᠦᠢᠯᠡᠰ ᠴᠣᠭᠴᠠᠯᠠᠬᠤ ᠪᠣᠯᠪᠠᠰᠤᠷᠠᠯ ᠵᠡᠷᠭᠡ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠲᠣᠭᠲᠠᠭᠠᠯ | ᠶᠣᠰᠣᠭᠠᠷ ᠨᠠᠶᠢᠳᠠᠪᠤᠷᠢᠵᠢᠭᠤᠯᠤᠨ᠎ᠠ᠃ ᠨᠡᠭᠦᠯᠭᠡᠭᠰᠡᠨ ᠵᠠᠯᠠᠭᠤᠴᠤᠳ ᠤᠨ ᠪᠡᠶ᠎ᠡ ᠪᠠᠨ ᠳᠠᠭᠠᠭᠠᠵᠤ ᠦᠢᠯᠡᠰ ᠪᠤᠰᠬᠠᠬᠤ ᠶᠢ | ᠳᠡᠮᠵᠢᠵᠦ᠂ ᠵᠠᠯᠠᠭᠤᠴᠤᠳ ᠢ ᠬᠠᠪᠰᠤᠷᠤᠨ ᠣᠷᠣᠯᠭ᠎ᠠ᠂ ᠰᠤᠷᠭᠠᠨ ᠬᠥᠮᠦᠵᠢᠯ ᠵᠡᠷᠭᠡ ᠲᠠᠯ᠎ᠠ ᠶᠢᠨ ᠬᠦᠴᠢᠷᠳᠡᠯ ᠪᠣᠯᠤᠨ | ᠠᠰᠠᠭᠤᠳᠠᠯ ᠢ ᠨᠢ ᠰᠢᠢᠳᠪᠦᠷᠢᠯᠡᠵᠦ᠂ ᠵᠠᠯᠠᠭᠤᠴᠤᠳ ᠤᠨ ᠦᠢᠯᠡᠰ ᠪᠤᠰᠬᠠᠬᠤ ᠶᠢ ᠳᠡᠮᠵᠢᠨ᠎ᠡ᠃ ︵ᠬᠠᠷᠢᠭᠤᠴᠠᠯᠭᠠᠲᠤ | ᠨᠢᠭᠡᠴᠢ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ | ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠬᠤᠲᠠ ᠶᠢᠨ ᠡᠪᠯᠡᠯ ᠤᠨ ᠬᠤᠷᠢᠶ᠎ᠠ︶ | ︵ᠲᠠᠪᠤ︶ ᠬᠥᠳᠡᠯᠮᠦᠷᠢᠯᠡᠭᠴᠢᠳ ᠤᠨ ᠠᠵᠢᠯ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠯ ᠢ | ᠴᠢᠩᠭᠠᠳᠬᠠᠨ᠎ᠠ᠃ ᠨᠡᠭᠦᠯᠭᠡᠭᠰᠡᠨ ᠣᠯᠠᠨ ᠲᠦᠮᠡᠨ ᠳᠤ ᠳᠣᠭᠢᠷᠠᠬᠤ ᠠᠵᠢᠯ ᠣᠯᠭᠤᠬᠤ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠪᠣᠯᠪᠠᠰᠤᠷᠠᠯ ᠪᠠ ᠰᠢᠨ᠎ᠡ ᠠᠵᠢᠯ ᠮᠡᠷᠭᠡᠵᠢᠯ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ | ᠪᠣᠯᠪᠠᠰᠤᠷᠠᠯ ᠢ ᠶᠡᠬᠡᠪᠡᠷ ᠥᠷᠨᠢᠭᠦᠯᠵᠦ᠂ ᠲᠠᠷᠢᠮᠠᠯ ᠤᠨ ᠦᠢᠯᠡᠰ᠂ ᠲᠡᠵᠢᠭᠡᠨ ᠦᠷᠡᠵᠢᠭᠦᠯᠬᠦ ᠦᠢᠯᠡᠰ᠂ ᠮᠠᠯ ᠠᠵᠤ | ᠠᠬᠤᠶ᠂ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ | ᠠᠰᠢᠭ ᠰᠢᠮ᠎ᠡ ᠶᠢ ᠡᠳ᠋ᠰᠢᠭᠦᠯᠬᠦ ᠵᠡᠷᠭᠡ ᠶᠢᠨ ᠲᠣᠭᠤᠷᠢᠨ ᠳᠤ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠯ ᠥᠷᠨᠢᠭᠦᠯᠦᠨ᠎ᠡ | ᠃ ᠬᠥᠳᠡᠭᠡ ᠲᠣᠰᠬᠤᠨ ᠤ ᠤᠨᠴᠠᠯᠢᠭᠳᠤ ᠠᠵᠤ ᠦᠢᠯᠡᠰ᠂ ᠬᠥᠳᠡᠭᠡ ᠲᠣᠰᠬᠤᠨ ᠤ ᠵᠤᠭᠠᠴᠠᠯ᠂ ᠬᠡᠷ ᠪᠦᠯᠢ ᠶᠢᠨ | ᠦᠢᠯᠡᠴᠢᠯᠡᠭᠡᠨ ᠤ ᠦᠢᠯᠡᠰ ᠵᠡᠷᠭᠡ ᠶᠢᠨ ᠲᠣᠭᠤᠷᠢᠨ ᠳᠤ ᠤᠨᠴᠠᠯᠢᠭᠳᠤ ᠪᠣᠯᠪᠠᠰᠤᠷᠠᠯ ᠥᠷᠨᠢᠭᠦᠯᠦᠨ᠎ᠡ᠃ ᠠᠵᠢᠯ | ᠣᠯᠤᠭᠰᠠᠨ ᠭᠠᠵᠠᠷ ᠣᠷᠣᠨ ᠤ ᠠᠵᠤ ᠠᠬᠤᠶ ᠶᠢᠨ ᠬᠥᠭᠵᠢᠯᠲᠡ ᠪᠠ ᠠᠵᠢᠯᠴᠢᠨ ᠬᠡᠷᠡᠭᠯᠡᠬᠦ ᠠᠵᠤ ᠠᠬᠤᠶᠢᠯᠠᠯ ᠤᠨ | ᠬᠡᠷᠡᠭᠴᠡᠭᠡ ᠶᠢᠨ ᠲᠣᠭᠤᠷᠢᠨ ᠳᠤ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠠᠵᠢᠯ ᠣᠯᠭᠤᠯᠲᠠ ᠶᠢᠨ ᠤᠷ᠎ᠠ | ᠴᠢᠳᠠᠪᠤᠷᠢ ᠶᠢᠨ ᠪᠣᠯᠪᠠᠰᠤᠷᠠᠯ ᠥᠷᠨᠢᠭᠦᠯᠦᠨ᠎ᠡ᠃ ᠨᠠᠰᠤᠨ ᠳᠤ ᠬᠦᠷᠦᠭᠰᠡᠳ ᠤᠨ ᠬᠥᠳᠡᠯᠮᠦᠷᠢᠴᠢᠳ ᠤᠨ ᠠᠵᠢᠯ | ᠮᠡᠷᠭᠡᠵᠢᠯ ᠤᠨ ᠰᠤᠷᠭᠠᠭᠤᠯᠢ ᠳᠤ ᠰᠤᠷᠤᠯᠴᠠᠬᠤ ᠶᠢ ᠵᠣᠷᠢᠭᠵᠢᠭᠤᠯᠵᠤ᠂ ᠡᠯ᠎ᠡ ᠭᠠᠵᠠᠷ ᠤᠨ ᠬᠢᠨ ᠤ ᠲᠥᠪᠬᠢᠨᠡᠭᠦᠯᠬᠦ | ᠭᠠᠵᠠᠷ ᠲᠤ ᠪᠠᠨ ᠨᠡᠭᠦᠯᠭᠡᠭᠰᠡᠨ ᠤᠯᠠᠨ ᠲᠦᠮᠡᠨ ᠳᠤ ᠤᠯᠠᠨ ᠵᠦᠢᠯ ᠤᠨ ᠬᠡᠯᠪᠡᠷᠢ ᠶᠢᠨ ᠰᠦᠨᠢ ᠶᠢᠨ ᠰᠤᠷᠭᠠᠭᠤᠯᠢ | ᠡᠷᠬᠢᠯᠡᠬᠦ ᠶᠢ ᠵᠣᠷᠢᠭᠵᠢᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠪᠠ ᠦᠨᠳᠦᠰᠦᠨ | ᠦᠢᠯᠡᠳᠪᠦᠷᠢᠯᠡᠯ ᠠᠮᠢᠳᠤᠷᠠᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠥᠷᠨᠢᠭᠦᠯᠦᠨ᠎ᠡ᠃ ᠬᠠᠮᠢᠶ᠎ᠠ ᠪᠥᠬᠦᠶ ᠪᠠᠯᠠ | ᠮᠥᠩᠭᠦ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠡᠷᠡᠭᠯᠡᠵᠦ᠂ ᠲᠣᠰ ᠲᠣᠰ ᠤᠨ ᠭᠤᠤᠯᠳᠠᠯᠭ᠎ᠠ ᠲᠠᠢ ᠪᠠᠶᠢᠵᠤ᠂ | ᠬᠠᠷᠢᠯᠴᠠᠨ ᠨᠥᠬᠦᠪᠥᠷᠢᠯᠡᠨ᠎ᠡ᠃ ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠤᠨ ᠰᠢᠰᠲ᠋ᠧᠮ ᠢᠶᠠᠷ ᠢᠶᠠᠨ | ᠬᠠᠮᠵᠢᠯᠴᠠᠬᠤ ᠲᠣᠭᠲᠠᠴᠠ ᠪᠠᠷ ᠳᠠᠮᠵᠢᠨ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨᠠᠬᠢ᠂ ︽ᠤᠷᠢᠵᠤ | ᠠᠪᠴᠢᠷᠠᠬᠤ︾ ︽ᠭᠠᠳᠠᠭᠰᠢ ᠭᠠᠷᠭᠠᠬᠤ︾ ᠠᠷᠭ᠎ᠠ ᠮᠠᠶ᠋ᠢᠭ ᠢ ᠠᠪᠴᠤ᠂ ᠴᠡᠭ ᠴᠡᠭ ᠢᠶᠠᠷ ᠲᠥᠪᠬᠢᠨᠡᠭᠦᠯᠬᠦ | ᠣᠷᠣᠨ ᠳᠤ ᠪᠣᠯᠪᠠᠰᠤᠷᠠᠯ ᠤᠨ ᠦᠢᠯᠡᠴᠢᠯᠡᠭᠡ ᠬᠠᠩᠭᠠᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠰᠤᠷᠭᠠᠨ | ᠬᠥᠮᠦᠵᠢᠯ ᠤᠨ ᠲᠣᠪᠴᠢᠶ᠎ᠠ︶ | ᠭᠤᠷᠪᠠ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠲᠥᠪᠬᠢᠨᠡᠭᠦᠯᠬᠦ ᠣᠷᠣᠨ ᠤ | ᠵᠠᠯᠭᠠᠮᠵᠢ ᠠᠵᠤ ᠦᠢᠯᠡᠰ ᠤᠨ ᠬᠥᠭᠵᠢᠯᠲᠡ ᠶᠢ ᠨᠡᠩ ᠦᠷᠭᠦᠯᠵᠢᠯᠡᠭᠦᠯᠬᠦ ᠶᠢ ᠠᠬᠢᠭᠤᠯᠤᠨ᠎ᠠ | ︵ᠵᠢᠷᠭᠤᠭ᠎ᠠ︶ ᠲᠥᠪᠬᠢᠨᠡᠭᠦᠯᠬᠦ ᠣᠷᠣᠨ ᠤ ᠡᠷᠬᠢᠨ ᠲᠣᠭᠤᠷᠢᠨ ᠤ ᠳᠠᠪᠠᠭᠤᠯᠢᠭ ᠣᠨᠴᠠᠯᠢᠭᠲᠤ ᠠᠵᠤ | ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ᠡᠬᠢ ᠪᠠᠶᠠᠯᠢᠭ ᠤᠨ ᠳᠠᠪᠠᠭᠤᠯᠢᠭ ᠪᠠ ᠠᠵᠤ ᠦᠢᠯᠡᠰ ᠤᠨ | ᠰᠠᠭᠤᠷᠢ ᠳᠤ ᠲᠦᠰᠢᠭᠯᠡᠨ᠂ ᠲᠥᠪᠬᠢᠨᠡᠭᠦᠯᠬᠦ ᠣᠷᠣᠨ ᠤ ᠵᠠᠯᠭᠠᠮᠵᠢ ᠠᠵᠤ ᠦᠢᠯᠡᠰ ᠤᠨ ᠬᠥᠭᠵᠢᠯᠲᠡ ᠶᠢ ᠶᠠᠳᠠᠭᠤ ᠠᠴᠠ | ᠠᠩᠭᠢᠵᠢᠷᠠᠭᠤᠯᠬᠤ ᠭᠠᠵᠠᠷ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ︾ ᠶᠢᠨ | ᠣᠨᠴᠠᠯᠢᠠᠠᠳᠦ ᠠᠵᠤ ᠦᠢᠯᠡᠰ ᠤᠨ ᠬᠥᠭᠵᠢᠯᠲᠡ ᠶᠢᠨ ᠬᠠᠮᠢᠶ᠎ᠠ ᠪᠥᠬᠦᠶ ᠲᠥᠯᠥᠪᠵᠢᠭᠦᠯᠭᠡ ᠳᠤ ᠣᠷᠣᠭᠤᠯᠤᠨ᠎ᠠ᠃ | ᠨᠥᠬᠦᠴᠡᠯ ᠲᠠᠢ ᠬᠤᠲᠠ ᠪᠠᠯᠭᠠᠰᠤ ᠶᠢᠨ ᠲᠥᠪᠬᠢᠨᠡᠭᠦᠯᠬᠦ ᠲᠣᠭᠤᠷᠢᠭ ᠤᠨ ᠳᠡᠭᠡᠭᠰᠢᠯᠡᠯᠲᠡ ᠶᠢ ᠳᠡᠮᠵᠢᠵᠦ᠂ ᠨᠢᠭᠡ | ᠪᠦᠯᠦᠭ ᠢᠵᠢ ᠪᠥᠷᠢᠳᠦᠭᠰᠡᠨ ᠭᠠᠷᠤᠯᠲᠠ ᠶᠢᠨ ᠣᠷᠣᠨ ᠤ ᠲᠣᠭᠤᠷᠢᠭ᠂ ᠲᠠᠷᠢᠶᠠᠯᠠᠩ ᠤᠨ ᠪᠦᠲᠦᠭᠡᠭᠳᠡᠬᠦᠨ ᠢ | ᠬᠥᠮᠥᠷᠭᠡᠯᠡᠨ ᠬᠠᠳᠠᠭᠠᠯᠠᠵᠤ ᠰᠢᠨ᠎ᠡ ᠰᠣᠷᠭᠤᠭ ᠪᠠᠶᠢᠯᠭᠠᠬᠤ ᠬᠦᠢᠲᠡᠨ ᠬᠡᠯᠬᠢᠶᠡᠲᠦ ᠢᠳᠡᠭᠡᠨ ᠤ ᠰᠠᠭᠤᠷᠢᠨ ᠭᠠᠵᠠᠷ ᠢ | ᠰᠢᠨ᠎ᠡ ᠪᠠᠷ ᠪᠠᠶᠢᠭᠤᠯᠵᠤ᠂ ᠬᠥᠳᠡᠭᠡ ᠲᠣᠰᠬᠤᠨ ᠤ ᠲᠥᠪᠬᠢᠨᠡᠭᠦᠯᠬᠦ ᠲᠣᠭᠤᠷᠢᠭ ᠤᠨ ᠲᠤᠬᠠᠶ ᠶᠢᠨ ᠭᠠᠵᠠᠷ ᠣᠷᠣᠨ ᠤ | ᠪᠠᠶᠢᠳᠠᠯ ᠳᠠᠭᠠᠨ ᠳᠣᠭᠢᠷᠠᠭᠤᠯᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ᠂ ᠬᠡᠷᠡᠯ ᠸᠣᠯᠲ᠂ ᠵᠤᠭᠠᠴᠠᠯ᠂ | ᠡᠯᠧᠺᠲᠷᠣᠨ ᠬᠤᠳᠠᠯᠳᠤᠭ᠎ᠠ᠂ ᠠᠮᠢ ᠠᠬᠤᠶ᠂ ᠬᠦᠷᠢᠶ᠎ᠡ ᠬᠠᠰᠢᠶᠠᠨ ᠤ ᠠᠵᠤ ᠠᠬᠤᠶ᠂ ᠦᠨᠳᠦᠰᠦᠲᠡᠨ ᠤ ᠭᠠᠷ | ᠤᠷᠠᠯᠠᠯ ᠤᠨ ᠪᠦᠲᠦᠭᠡᠭᠳᠡᠬᠦᠨ ᠵᠡᠷᠭᠡ ᠠᠵᠤ ᠦᠢᠯᠡᠰ ᠢ ᠬᠥᠭᠵᠢᠭᠦᠯᠬᠦ ᠶᠢ ᠵᠣᠷᠢᠭᠵᠢᠭᠤᠯᠬᠤ ᠪᠠ ᠬᠥᠲᠥᠯᠦᠨ | ᠵᠢᠯᠣᠭᠤᠳᠴᠤ᠂ ᠨᠥᠬᠦᠴᠡᠯ ᠲᠠᠢ ᠲᠥᠪᠬᠢᠨᠡᠭᠦᠯᠬᠦ ᠲᠣᠭᠤᠷᠢᠭ ᠤᠨ ᠦᠵᠡᠮᠵᠢ ᠶᠢᠨ ᠲᠠᠷᠢᠶᠠᠯᠠᠩ᠂ ᠲᠣᠭᠤᠷᠢᠨ ᠦᠵᠡᠵᠦ | ᠪᠡᠶᠡᠴᠢᠯᠡᠨ ᠣᠶᠢᠯᠠᠭᠠᠬᠤ᠂ ᠰᠣᠶᠣᠯ ᠰᠡᠯᠡᠭᠦᠴᠡᠯ᠂ ᠡᠷᠡᠭᠦᠯ ᠢᠶᠠᠷ ᠪᠡᠶ᠎ᠡ ᠰᠤᠪᠢᠯᠠᠬᠤ ᠵᠡᠷᠭᠡ ᠰᠢᠨ᠎ᠡ ᠬᠡᠯᠪᠡᠷᠢ ᠶᠢᠨ | ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠭᠵᠢᠭᠦᠯᠬᠦ ᠶᠢ ᠳᠡᠮᠵᠢᠨ᠎ᠡ᠃ ᠶᠠᠳᠠᠭᠤ ᠠᠴᠠ ᠠᠩᠭᠢᠵᠢᠷᠠᠭᠤᠯᠬᠤ ᠭᠠᠵᠠᠷ | ᠣᠷᠣᠨ ᠤ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠥᠨᠳᠥᠷ ᠪᠠᠷᠢᠮᠵᠢᠶᠠᠲᠤ | ᠲᠠᠷᠢᠶᠠᠨ ᠭᠠᠵᠠᠷ᠂ ᠠᠵᠤ ᠦᠢᠯᠡᠰ ᠤᠨ ᠪᠥᠭᠡᠮᠨᠡᠷᠡᠯ ᠵᠡᠷᠭᠡ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠪᠠᠶᠢᠷᠢᠰᠢᠭᠤᠯᠵᠤ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠦᠷᠢᠶᠡᠯᠡᠩ᠂ | ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠪᠠ ᠠᠵᠤ ᠦᠢᠯᠡᠰ ᠤᠨ ᠠᠭᠤᠰᠤᠯᠴᠠᠨ ᠬᠥᠭᠵᠢᠬᠦ ᠵᠢᠱᠢᠶ᠎ᠡ | ᠦᠵᠡᠭᠦᠯᠬᠦ ᠬᠦᠷᠢᠶᠡᠯᠡᠩ ᠪᠠᠶᠢᠭᠤᠯᠬᠤ ᠶᠢ ᠳᠡᠮᠵᠢᠨ᠎ᠡ᠃ ᠳᠡᠮᠵᠢᠨ ᠲᠥᠪᠬᠢᠨᠡᠭᠦᠯᠬᠦ ᠣᠷᠣᠨ ᠤ ᠢᠵᠢ | ᠪᠥᠷᠢᠳᠦᠭᠦᠯᠦᠭᠰᠡᠨ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠤᠨ ᠬᠠᠷᠠᠭᠠᠯᠵᠠᠯᠲᠤ ᠲᠥᠷᠥ ᠶᠢᠨ | ᠪᠣᠳᠣᠯᠭ᠎ᠠ ᠶᠢ ᠦᠷᠭᠦᠯᠵᠢᠯᠡᠭᠦᠯᠵᠦ᠂ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠤᠨ ᠦᠷᠭᠦᠯᠵᠢᠯᠡᠨ | ᠬᠥᠭᠵᠢᠬᠦ ᠶᠢ ᠳᠡᠮᠵᠢᠨ᠎ᠡ᠃ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠭᠤᠤᠯ | ᠴᠣᠭᠴᠠ ᠶᠢ ᠬᠥᠲᠥᠯᠦᠨ ᠵᠢᠯᠣᠭᠤᠳᠴᠤ ᠨᠡᠭᠦᠯᠭᠡᠭᠰᠡᠨ ᠣᠯᠠᠨ ᠲᠦᠮᠡᠨ ᠤ ᠤᠤᠯ ᠤᠨ ᠳᠠᠭᠠᠭᠠᠴᠢᠯᠠᠭᠰᠠᠨ ᠭᠠᠵᠠᠷ ︵ | ᠲᠠᠷᠢᠶᠠᠨ ᠭᠠᠵᠠᠷ᠂ ᠣᠶᠢᠲᠤ ᠭᠠᠵᠠᠷ᠂ ᠡᠪᠡᠰᠦᠲᠦ ᠭᠠᠵᠠᠷ ᠵᠡᠷᠭᠡ︶ ᠢ ᠡᠷᠭᠢᠯᠳᠦᠭᠦᠯᠬᠦ ᠪᠠ ᠬᠡᠪᠴᠢᠶᠡᠵᠢᠭᠦᠯᠦᠨ | ᠡᠵᠡᠩᠨᠡᠬᠦ ᠳᠤ ᠣᠷᠣᠯᠴᠠᠭᠤᠯᠵᠤ᠂ ᠠᠰᠢᠭ ᠲᠤᠰᠠ ᠶᠢ ᠬᠤᠯᠪᠣᠬᠤ ᠨᠢᠭᠲᠠ ᠲᠣᠭᠲᠠᠴᠠ ᠶᠢ ᠪᠠᠶᠢᠭᠤᠯᠤᠨ᠎ᠠ᠃ | ᠨᠡᠭᠦᠯᠭᠡᠭᠰᠡᠨ ᠣᠯᠠᠨ ᠲᠦᠮᠡᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ | ᠪᠣᠯᠤᠭᠰᠠᠨ ᠤ ᠬᠤᠪᠢ ᠳᠠᠬᠢ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠬᠠᠮᠲᠤ ᠶᠢᠨ ᠬᠤᠪᠢ | ᠣᠷᠣᠭᠤᠯᠤᠭᠰᠠᠨ ︵ᠠᠵᠤ ᠠᠬᠤᠶ︶ ᠬᠤᠷᠰᠢᠶ᠎ᠠ ᠳᠤ ᠲᠦᠰᠢᠭᠯᠡᠨ᠂ ᠣᠯᠠᠨ ᠵᠦᠢᠯ ᠤᠨ ᠬᠡᠯᠪᠡᠷᠢ ᠪᠠᠷ ᠬᠠᠮᠲᠤ ᠶᠢᠨ | ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠵᠤ᠂ ᠬᠥᠳᠡᠭᠡ ᠲᠣᠰᠬᠤᠨ ᠤ ᠡᠬᠢ ᠪᠠᠶᠠᠯᠢᠭ ᠢ ᠡᠳ᠋ ᠬᠥᠷᠥᠩᠭᠡ | ᠪᠣᠯᠭᠠᠨ ᠬᠤᠪᠢᠷᠠᠭᠤᠯᠬᠤ᠂ ᠪᠠᠯᠠ ᠮᠥᠩᠭᠦ ᠶᠢ ᠬᠤᠪᠢ ᠣᠷᠣᠭᠤᠯᠤᠭᠰᠠᠨ ᠮᠥᠩᠭᠦ ᠪᠣᠯᠭᠠᠨ ᠬᠤᠪᠢᠷᠠᠭᠤᠯᠬᠤ᠂ ᠮᠠᠯᠴᠢᠨ | ᠲᠠᠷᠢᠶᠠᠴᠢᠨ ᠢ ᠬᠤᠪᠢ ᠣᠷᠣᠭᠤᠯᠤᠭᠴᠢ ᠪᠣᠯᠭᠠᠨ ᠬᠤᠪᠢᠷᠠᠭᠤᠯᠬᠤ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ | ᠄ ᠬᠤᠲᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠰᠣᠶᠣᠯ | ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ︶ | ︵ᠳᠣᠯᠤᠭ᠎ᠠ︶ ᠬᠡᠷᠡᠭᠯᠡᠭᠡ ᠪᠠᠷ ᠬᠠᠪᠰᠤᠷᠤᠨ ᠲᠡᠳᠬᠦᠬᠦ ᠶᠢ ᠦᠷᠭᠦᠯᠵᠢᠯᠡᠨ ᠥᠷᠨᠢᠭᠦᠯᠵᠦ ᠲᠥᠪᠬᠢᠨᠡᠭᠦᠯᠬᠦ | ᠣᠷᠣᠨ ᠤ ᠪᠠᠶᠢᠭ᠎ᠠ ᠭᠠᠵᠠᠷ ᠤᠨ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠠᠷᠭ᠎ᠠ ᠵᠠᠮ ᠢ | ᠥᠷᠭᠡᠳᠬᠡᠨ᠎ᠡ᠃ ᠬᠡᠷᠡᠭᠯᠡᠭᠡ ᠪᠠᠷ ᠬᠠᠪᠰᠤᠷᠤᠨ ᠲᠡᠳᠬᠦᠬᠦ ᠶᠢ ᠦᠷᠭᠦᠯᠵᠢᠯᠡᠨ ᠬᠡᠷᠡᠭᠵᠢᠭᠦᠯᠵᠦ᠂ ᠲᠣᠮᠣ ᠬᠡᠯᠪᠡᠷᠢ ᠶᠢᠨ | ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ᠂ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠬᠢᠭᠡᠳ | ᠲᠥᠪᠬᠢᠨᠡᠭᠦᠯᠬᠦ ᠣᠷᠣᠨ ᠤ ᠪᠠᠶᠢᠭ᠎ᠠ ᠭᠠᠵᠠᠷ ᠤᠨ ᠣᠷᠳᠣ ᠬᠤᠭᠤᠴᠠᠭᠠᠨ ᠤ ᠲᠣᠭᠲᠠᠪᠤᠷᠢᠲᠠᠶ ᠦᠢᠯᠡᠳᠪᠦᠷᠢᠯᠡᠯ | ᠪᠣᠷᠣᠯᠠᠭᠤᠯᠭ᠎ᠠ ᠶᠢᠨ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠬᠤ ᠶᠢ ᠳᠡᠮᠵᠢᠵᠦ᠂ ᠲᠥᠪᠬᠢᠨᠡᠭᠦᠯᠬᠦ ᠣᠷᠣᠨ ᠤ | ᠤᠨᠴᠠᠯᠢᠬᠳᠤ ᠦᠢᠯᠡᠳᠬᠦᠨ ᠤ ᠬᠠᠩᠭᠠᠯᠭ᠎ᠠ ᠶᠢᠨ ᠬᠡᠯᠬᠢᠶ᠎ᠡ ᠶᠢ ᠨᠡᠪᠲᠡᠷᠡᠭᠦᠯᠦᠨ᠎ᠡ᠃ ᠪᠠᠶᠢᠭᠤᠯᠭ᠎ᠠ᠂ ᠤᠯᠤᠰ ᠤᠨ | ᠦᠮᠴᠢᠯᠡᠯᠳᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢ ᠵᠣᠬᠢᠶᠠᠨ ᠪᠠᠶᠢᠭᠤᠯᠤᠨ ᠲᠠᠶᠢᠴᠢᠯᠠᠵᠤ᠂ | ᠨᠥᠬᠦᠴᠡᠯ ᠲᠠᠢ ᠲᠥᠪᠬᠢᠨᠡᠭᠦᠯᠬᠦ ᠲᠣᠭᠤᠷᠢᠭ ᠲᠠᠢ ᠬᠠᠮᠵᠢᠯᠴᠠᠨ ᠬᠠᠪᠰᠤᠷᠤᠨ ᠲᠡᠳᠬᠦᠬᠦ ᠬᠠᠷᠢᠴᠠᠭ᠎ᠠ ᠪᠠᠶᠢᠭᠤᠯᠵᠤ᠂ | ᠡᠯ᠎ᠡ ᠱᠠᠲᠤᠨ ᠤ ᠠᠵᠢᠯᠴᠢᠨ ᠤ ᠡᠪᠯᠡᠯ᠂ ᠪᠠᠶᠢᠭᠤᠯᠭ᠎ᠠ ᠶᠢᠨ ᠬᠤᠭᠤᠯᠠᠨ ᠭᠡᠷ ᠠᠴᠠ ᠠᠳᠠᠯᠢ ᠨᠥᠬᠦᠴᠡᠯ ᠳᠣᠣᠷ᠎ᠠ | ᠲᠥᠪᠬᠢᠨᠡᠭᠦᠯᠬᠦ ᠲᠣᠭᠤᠷᠢᠭ ᠤᠨ ᠪᠠᠶᠢᠭ᠎ᠠ ᠭᠠᠵᠠᠷ ᠤᠨ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ | ᠤᠷᠢᠳᠠᠪᠠᠷ ᠬᠤᠳᠠᠯᠳᠤᠨ ᠠᠪᠬᠤ ᠶᠢ ᠵᠣᠷᠢᠭᠵᠢᠭᠤᠯᠤᠨ᠎ᠠ᠃ ᠡᠯᠧᠺᠲᠷᠣᠨ ᠬᠤᠳᠠᠯᠳᠤᠭᠠᠨ ᠤ ᠲᠠᠪᠴᠠᠩ ᠤᠨ ᠬᠦᠰᠡᠯ | ᠡᠷᠡᠮᠡᠯᠵᠡᠯ ᠲᠠᠢ ᠲᠠᠷᠢᠶᠠᠯᠠᠩ ᠤᠨ ᠪᠦᠲᠦᠭᠡᠭᠳᠡᠬᠦᠨ ᠤ ᠭᠦᠢᠯᠭᠡᠭᠡᠨ ᠤ ᠠᠵᠤ ᠠᠬᠤᠶᠢᠯᠠᠯ᠂ ᠬᠤᠷᠰᠢᠶ᠎ᠠ ᠵᠢᠴᠢ | ᠴᠢᠳᠠᠪᠤᠷᠢ ᠲᠠᠢ ᠨᠡᠭᠦᠯᠭᠡᠭᠰᠡᠨ ᠣᠯᠠᠨ ᠲᠦᠮᠡᠨ ᠢ ᠵᠢᠯᠣᠭᠤᠳᠤᠨ ᠬᠠᠪᠰᠤᠷᠴᠤ ᠰᠦᠯᠵᠢᠶᠡᠨ ᠤ ᠳᠡᠯᠭᠡᠭᠦᠷ᠂ ᠰᠢᠭᠤᠳ | ᠨᠡᠪᠳᠡᠷᠡᠭᠦᠯᠭᠡ ᠶᠢᠨ ᠲᠠᠪᠴᠠᠩ ᠵᠡᠷᠭᠡ ᠪᠠᠷ ᠳᠠᠮᠵᠢᠨ᠂ ᠲᠣᠰ ᠭᠠᠵᠠᠷ ᠤᠨ ᠲᠠᠷᠢᠶᠠᠯᠠᠩ ᠤᠨ ᠪᠦᠲᠦᠭᠡᠭᠳᠡᠬᠦᠨ ᠤ | ᠰᠦᠯᠵᠢᠶᠡᠨ ᠳᠡᠭᠡᠷ᠎ᠡ ᠪᠣᠷᠣᠯᠠᠭᠤᠯᠬᠤ ᠶᠢ ᠠᠬᠢᠭᠤᠯᠤᠨ᠎ᠠ᠃ ᠪᠠᠷᠠᠭᠠᠨ ᠤ ᠭᠦᠢᠯᠭᠡᠭᠡᠨ ᠤ ᠳᠣᠭᠢᠷᠠᠭᠤᠯᠤᠨ ᠬᠦᠷᠭᠡᠬᠦ | ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ᠂ ᠨᠥᠬᠦᠴᠡᠯ ᠲᠠᠢ ᠲᠥᠪᠬᠢᠨᠡᠭᠦᠯᠬᠦ ᠲᠣᠭᠤᠷᠢᠭ ᠲᠤ | ᠦᠢᠯᠡᠴᠢᠯᠡᠭᠡᠨ ᠤ ᠲᠣᠤᠷ ᠴᠡᠭ ᠪᠠᠶᠢᠭᠤᠯᠬᠤ ᠶᠢ ᠳᠡᠮᠵᠢᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︶ | ︵ᠨᠠᠢᠮᠠ︶ ᠲᠥᠪᠬᠢᠨᠡᠭᠦᠯᠬᠦ ᠣᠷᠣᠨ ᠤ ᠡᠳ᠋ ᠬᠥᠷᠥᠩᠭᠡ ᠶᠢᠨ ᠠᠰᠢᠭ ᠣᠷᠣᠯᠭ᠎ᠠ ᠶᠢᠨ ᠬᠡᠷᠡᠭᠯᠡᠯᠲᠡ | ᠬᠠᠮᠢᠶᠠᠷᠤᠯᠲᠠ ᠶᠢᠨ ᠰᠢᠨ᠎ᠡ ᠶᠢ ᠡᠭᠦᠳᠦᠨ᠎ᠡ᠃ ᠬᠠᠮᠢᠶ᠎ᠠ ᠪᠥᠬᠦᠶ ᠲᠣᠭᠲᠠᠭᠠᠯ ᠶᠣᠰᠣᠭᠠᠷ᠂ ᠡᠯ᠎ᠡ ᠲᠥᠷᠥᠯ ᠤᠨ ᠪᠠᠯᠠ | ᠮᠥᠩᠭᠦ ᠶᠢ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠪᠠ ᠲᠠᠷᠢᠶᠠᠯᠠᠩ ᠮᠠᠯ ᠠᠵᠤ ᠠᠬᠤᠶ᠂ ᠠᠷᠠᠯᠵᠢᠶ᠎ᠠ | ᠬᠤᠳᠠᠯᠳᠤᠭ᠎ᠠ ᠪᠠᠷᠠᠭᠠᠨ ᠤ ᠭᠦᠢᠯᠭᠡᠭᠡᠨ᠂ ᠵᠤᠭᠠᠴᠠᠯ ᠤᠨ ᠦᠢᠯᠡᠰ ᠵᠡᠷᠭᠡ ᠢᠵᠢ ᠪᠥᠷᠢᠳᠦᠭᠦᠯᠬᠦ ᠲᠦᠬᠦᠭᠡᠷᠦᠮᠵᠢ ᠶᠢᠨ | ᠪᠥᠲᠥᠭᠡᠨ ᠪᠠᠶᠢᠭᠤᠯᠤᠯᠲᠠ ᠳᠤ ᠬᠡᠷᠡᠭᠯᠡᠵᠦ ᠪᠦᠷᠢᠯᠳᠦᠭᠰᠡᠨ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ | ᠬᠥᠷᠥᠩᠭᠡ ᠶᠢ ᠲᠠᠰ ᠲᠥᠷᠥᠯ ᠬᠤᠪᠢᠶᠠᠨ ᠨᠤᠲᠠᠯᠠᠨ ᠳᠡᠩᠰᠡᠯᠡᠵᠦ᠂ ᠬᠠᠮᠢᠶᠠᠷᠴᠤ ᠬᠠᠮᠠᠭᠠᠯᠠᠬᠤ ᠭᠤᠤᠯ ᠴᠣᠭᠴᠠ ᠶᠢ | ᠨᠠᠶᠢᠳᠠᠪᠤᠷᠢᠵᠢᠭᠤᠯᠤᠨ᠂ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠨ᠎ᠠ᠃ ᠶᠠᠳᠠᠭᠤ ᠶᠢ ᠲᠡᠳᠬᠦᠬᠦ ᠡᠳ᠋ | ᠬᠥᠷᠥᠩᠭᠡ ᠶᠢ ᠡᠵᠡᠩᠨᠡᠨ ᠬᠡᠷᠡᠭᠯᠡᠬᠦ᠂ ᠠᠰᠢᠭ ᠣᠷᠣᠯᠭ᠎ᠠ ᠶᠢ ᠬᠤᠪᠢᠶᠠᠷᠢᠯᠠᠬᠤ ᠪᠠ ᠬᠢᠨᠠᠯᠲᠠ ᠲᠠᠯᠪᠢᠵᠤ ᠰᠢᠢᠳᠪᠦᠷᠢᠯᠡᠬᠦ | ᠲᠣᠭᠲᠠᠴᠠ ᠶᠢ ᠪᠦᠷᠢᠨᠰᠢᠬᠦᠯᠵᠦ᠂ ᠲᠣᠭᠲᠠᠭᠠᠯ ᠳᠤ ᠨᠡᠶᠢᠴᠡᠬᠦ ᠮᠥᠷᠲᠡᠭᠡᠨ ᠨᠥᠬᠦᠴᠡᠯ ᠢ ᠪᠦᠷᠢᠯᠳᠦᠭᠦᠯᠦᠭᠰᠡᠨ ᠡᠳ᠋ | ᠬᠥᠷᠥᠩᠭᠡ ᠶᠢ ᠬᠤᠪᠢ ᠪᠣᠯᠭᠠᠨ ᠨᠤᠭᠤᠯᠤᠨ ᠪᠤᠳᠤᠵᠤ ᠬᠡᠮᠵᠢᠶᠡᠵᠢᠭᠦᠯᠦᠨ ᠠᠰᠢᠭ ᠬᠤᠪᠢᠶᠠᠬᠤ ᠵᠡᠷᠭᠡ ᠣᠷᠳᠣ | ᠬᠤᠭᠤᠴᠠᠭ᠎ᠠ ᠪᠠᠷ ᠲᠣᠭᠲᠠᠪᠤᠷᠢᠲᠠᠶ ᠠᠰᠢᠭ ᠲᠤᠰᠠ ᠶᠢ ᠬᠤᠯᠪᠣᠬᠤ ᠲᠣᠭᠲᠠᠴᠠ ᠶᠢ ᠰᠦᠪᠡᠭᠴᠢᠯᠡᠵᠦ᠂ ᠦᠷᠭᠦᠯᠵᠢᠯᠡᠨ | ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ᠂ ᠦᠢᠯᠡᠳᠦᠯ ᠢ ᠨᠢ ᠪᠠᠳᠠᠷᠠᠭᠤᠯᠬᠤ ᠶᠢ ᠦᠨᠡᠨ ᠬᠦ ᠪᠠᠲᠤᠯᠠᠨ᠎ᠠ᠃ | ᠬᠠᠮᠢᠶ᠎ᠠ ᠪᠥᠬᠦᠶ ᠡᠳ᠋ ᠬᠥᠷᠥᠩᠭᠡ ᠶᠢᠨ ᠠᠰᠢᠭ ᠣᠯᠵᠠᠪᠤᠷᠢ ᠶᠢ ᠨᠡᠭᠦᠯᠭᠡᠭᠰᠡᠨ ᠣᠯᠠᠨ ᠲᠦᠮᠡᠨ ᠤ ᠠᠵᠤ ᠦᠢᠯᠡᠰ ᠢᠶᠠᠨ | ᠬᠥᠭᠵᠢᠭᠦᠯᠬᠦ᠂ ᠦᠢᠯᠡᠰ ᠴᠣᠭᠴᠠᠯᠠᠨ ᠠᠵᠢᠯ ᠣᠯᠭᠤᠵᠤ ᠣᠷᠣᠯᠭ᠎ᠠ ᠪᠠᠨ ᠨᠡᠮᠡᠭᠳᠡᠭᠦᠯᠬᠦ ᠶᠢ ᠳᠡᠮᠵᠢᠬᠦ᠂ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠨᠥᠬᠦᠪᠥᠷᠢ ᠣᠯᠭᠤᠬᠤ ᠪᠠ ᠨᠡᠭᠦᠯᠭᠡᠭᠰᠡᠨ ᠣᠯᠠᠨ ᠲᠦᠮᠡᠨ ᠳᠤ | ᠲᠤᠯᠭᠠᠷᠠᠵᠤ ᠪᠠᠶᠢᠭ᠎ᠠ ᠲᠣᠪᠤᠶᠢᠮ᠎ᠠ ᠬᠦᠴᠢᠷᠳᠡᠯ ᠢ ᠰᠢᠢᠳᠪᠦᠷᠢᠯᠡᠬᠦ ᠵᠡᠷᠭᠡ ᠳᠤ ᠲᠣᠭᠲᠠᠭᠠᠯ ᠶᠣᠰᠣᠭᠠᠷ ᠬᠡᠷᠡᠭᠯᠡᠵᠦ᠂ | ᠲᠥᠪᠬᠢᠨᠡᠭᠦᠯᠬᠦ ᠲᠣᠭᠤᠷᠢᠭ ᠤᠨ ᠬᠤᠶᠢᠰᠢᠳᠠ ᠶᠢᠨ ᠬᠥᠭᠵᠢᠯᠲᠡ ᠳᠤ ᠴᠢᠬᠤᠯᠠ ᠪᠥᠬᠦᠶ ᠪᠠᠯᠠ ᠮᠥᠩᠭᠦ ᠶᠢᠨ ᠪᠠᠲᠤᠯᠠᠭ᠎ᠠ | ᠬᠠᠩᠭᠠᠬᠤ ᠬᠡᠷᠡᠭᠲᠡᠶ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ | ᠵᠠᠰᠠᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︶ | ᠳᠥᠷᠪᠡ᠂ ᠪᠣᠬᠢᠷᠲᠤᠯ ᠥᠬᠡᠶ ᠬᠥᠭᠵᠢᠯᠲᠡ ᠨᠢ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ | ᠬᠠᠮᠲᠤ ᠣᠷᠣᠰᠢᠬᠤ ᠶᠢ ᠠᠬᠢᠭᠤᠯᠤᠨ᠎ᠠ | ︵ᠶᠢᠰᠦ︶ ᠨᠡᠭᠦᠵᠦ ᠭᠠᠷᠤᠭᠰᠠᠨ ᠭᠠᠵᠠᠷ ᠤᠨ ᠬᠠᠭᠤᠴᠢᠨ ᠭᠡᠷ ᠪᠠᠶᠢᠰᠢᠩ ᠢ ᠨᠤᠷᠠᠭᠠᠵᠤ ᠳᠠᠬᠢᠨ | ᠬᠠᠭᠠᠯᠪᠤᠷᠢᠯᠠᠵᠤ ᠳᠠᠬᠢᠨ ᠨᠣᠭᠤᠭᠠᠷᠠᠭᠤᠯᠬᠤ ᠶᠢ ᠡᠮᠬᠢ ᠵᠢᠷᠤᠮ ᠲᠠᠢ ᠪᠠᠷ ᠠᠬᠢᠭᠤᠯᠤᠨ᠎ᠠ᠃ ᠣᠨᠳᠣᠤ ᠭᠠᠵᠠᠷ ᠨᠡᠭᠦᠯᠭᠡᠨ | ᠶᠠᠳᠠᠭᠤ ᠶᠢ ᠲᠡᠳᠬᠦᠬᠦ ᠳᠤ ᠬᠠᠭᠤᠴᠢᠨ ᠬᠡᠷ ᠪᠠᠶᠢᠰᠢᠩ ᠢ ᠨᠤᠷᠠᠭᠠᠬᠤ ᠵᠢᠴᠢ ᠳᠠᠬᠢᠨ ᠬᠠᠭᠠᠯᠪᠤᠷᠢᠯᠠᠵᠤ ᠳᠠᠬᠢᠨ | ᠨᠣᠭᠤᠭᠠᠷᠠᠭᠤᠯᠬᠤ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠲᠣᠭᠲᠠᠭᠠᠯ ᠢ ᠴᠢᠩᠭ᠎ᠠ | ᠨᠠᠶᠢᠳᠠᠪᠤᠷᠢᠵᠢᠭᠤᠯᠵᠤ᠂ ᠣᠨᠳᠣᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠳᠤ ᠬᠠᠭᠤᠴᠢᠨ ᠬᠡᠷ ᠪᠠᠶᠢᠰᠢᠩ ᠢ | ᠨᠤᠷᠠᠭᠠᠬᠤ ᠪᠠ ᠣᠷᠣᠨ ᠰᠠᠭᠤᠴᠠ ᠶᠢᠨ ᠰᠠᠭᠤᠷᠢ ᠭᠠᠵᠠᠷ ᠢ ᠳᠠᠬᠢᠨ ᠬᠠᠭᠠᠯᠪᠤᠷᠢᠯᠠᠵᠤ ᠳᠠᠬᠢᠨ ᠨᠣᠭᠤᠭᠠᠷᠠᠭᠤᠯᠬᠤ | ᠠᠵᠢᠯ ᠢ ᠢᠳᠡᠪᠬᠢᠲᠡᠶ ᠯᠠᠪᠳᠠᠭᠤᠨ ᠢᠶᠠᠷ ᠠᠬᠢᠭᠤᠯᠵᠤ᠂ ᠲᠣᠭᠲᠠᠭᠠᠯ ᠶᠣᠰᠣᠭᠠᠷ ᠪᠤᠰᠤᠳ ᠬᠠᠭᠤᠴᠢᠨ ᠬᠡᠷ ᠪᠠᠶᠢᠰᠢᠩ ᠢ | ᠦᠯᠡᠳᠡᠭᠡᠵᠦ᠂ ᠨᠤᠷᠠᠭᠠᠬᠤ ᠶᠣᠰᠣᠲᠠᠶ ᠶᠢ ᠨᠢ ᠪᠦᠬᠦᠨ ᠢ ᠨᠤᠷᠠᠭᠠᠬᠤ ᠶᠢ ᠪᠡᠶᠡᠯᠡᠭᠦᠯᠦᠨ᠎ᠡ᠃ ᠬᠠᠭᠤᠴᠢᠨ ᠲᠣᠭᠤᠷᠢᠭ ᠢ | ᠨᠤᠷᠠᠭᠠᠵᠤ ᠳᠠᠬᠢᠨ ᠬᠠᠭᠠᠯᠪᠤᠷᠢᠯᠠᠵᠤ ᠳᠠᠬᠢᠨ ᠨᠣᠭᠤᠭᠠᠷᠠᠭᠤᠯᠬᠤ ᠠᠬᠢᠴᠠ ᠶᠢ ᠲᠦᠷᠭᠡᠳᠬᠡᠨ ᠠᠬᠢᠭᠤᠯᠵᠤ᠂ | ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠡᠮᠬᠢᠯᠡᠬᠦ᠂ ᠳᠠᠬᠢᠨ ᠬᠠᠭᠠᠯᠪᠤᠷᠢᠯᠠᠬᠤ᠂ ᠳᠠᠬᠢᠨ | ᠨᠣᠭᠤᠭᠠᠷᠠᠭᠤᠯᠬᠤ ᠵᠡᠷᠭᠡ ᠠᠷᠭ᠎ᠠ ᠮᠠᠶ᠋ᠢᠭ ᠢ ᠠᠪᠴᠤ᠂ ᠰᠤᠯᠠᠯᠠᠵᠤ ᠪᠤᠴᠠᠭᠠᠭᠰᠠᠨ ᠣᠷᠣᠨ ᠰᠠᠭᠤᠴᠠ ᠶᠢᠨ ᠭᠠᠵᠠᠷ ᠢ | ᠴᠡᠭᠴᠡᠯᠡᠨ ᠵᠠᠰᠠᠬᠤ ᠶᠢ ᠬᠡᠷᠡᠭᠵᠢᠭᠦᠯᠵᠦ᠂ ᠬᠠᠭᠤᠴᠢᠨ ᠬᠡᠷ ᠪᠠᠶᠢᠰᠢᠩ ᠢ ᠨᠤᠷᠠᠭᠠᠭᠰᠠᠨ ᠤ ᠳᠠᠷᠠᠭ᠎ᠠ ᠳᠠᠬᠢᠨ | ᠬᠠᠭᠠᠯᠪᠤᠷᠢᠯᠠᠵᠤ ᠳᠠᠬᠢᠨ ᠨᠣᠭᠤᠭᠠᠷᠠᠭᠤᠯᠬᠤ ᠠᠵᠢᠯ ᠢ ᠴᠠᠭ ᠲᠤᠬᠠᠶ ᠳᠤᠨᠢ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ | ᠨᠡᠭᠦᠵᠦ ᠭᠠᠷᠤᠭᠰᠠᠨ ᠭᠠᠵᠠᠷ ᠤᠨ ᠡᠬᠢ ᠪᠠᠶᠠᠯᠢᠭ ᠢ ᠨᠠᠩ ᠲᠥᠪᠯᠡᠷᠡᠩᠭᠦᠶ ᠪᠥᠭᠡᠳ ᠥᠨᠳᠥᠷ ᠦᠷ᠎ᠡ ᠪᠦᠲᠦᠮᠵᠢᠲᠡᠶ ᠪᠠᠷ | ᠨᠡᠭᠡᠭᠡᠨ ᠠᠰᠢᠭᠯᠠᠬᠤ ᠶᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ︶ | ︵ᠠᠷᠪᠠ︶ ᠲᠥᠪᠬᠢᠨᠡᠭᠦᠯᠬᠦ ᠲᠣᠭᠤᠷᠢᠭ ᠤᠨ ᠬᠥᠮᠦᠰ ᠤᠨ ᠣᠷᠣᠰᠢᠨ ᠰᠠᠭᠤᠷᠢᠰᠢᠬᠤ ᠣᠷᠴᠢᠨ | ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠤᠨ᠎ᠠ᠃ ᠲᠥᠪᠬᠢᠨᠡᠭᠦᠯᠬᠦ ᠲᠣᠭᠤᠷᠢᠭ ᠤᠨ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠣᠷᠴᠢᠨ ᠲᠣᠭᠤᠷᠢᠨ ᠤ ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ | ᠬᠠᠮᠠᠭᠠᠯᠠᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠲᠥᠪᠬᠢᠨᠡᠭᠦᠯᠬᠦ ᠲᠣᠭᠤᠷᠢᠭ ᠤᠨ ᠲᠤᠬᠠᠶ ᠶᠢᠨ ᠭᠠᠵᠠᠷ | ᠣᠷᠣᠨ ᠤ ᠪᠠᠶᠢᠳᠠᠯ ᠳᠠᠭᠠᠨ ᠳᠣᠭᠢᠷᠠᠭᠤᠯᠤᠨ ᠵᠣᠷᠯᠣᠩ ᠤᠨ ᠬᠤᠪᠢᠰᠬᠠᠯ ᠢ ᠯᠠᠪᠳᠠᠭᠤᠨ ᠪᠠᠲᠤᠲᠠᠶ ᠠᠬᠢᠭᠤᠯᠬᠤ ᠶᠢ | ᠳᠡᠮᠵᠢᠵᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠳᠦᠷᠰᠦ ᠪᠠᠶᠢᠳᠠᠯ ᠢ ᠦᠷᠭᠦᠯᠵᠢᠯᠡᠨ ᠰᠠᠶᠢᠵᠢᠷᠠᠭᠤᠯᠤᠨ᠎ᠠ | ᠃ ᠲᠥᠪᠬᠢᠨᠡᠭᠦᠯᠬᠦ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠪᠠ ᠠᠮᠢᠳᠤᠷᠠᠯ ᠤᠨ ᠪᠣᠬᠢᠷ ᠤᠰᠤᠨ | ᠬᠤᠭᠤᠯᠠᠢ ᠶᠢ ᠵᠠᠰᠠᠬᠤ ᠠᠵᠢᠯ ᠢ ᠢᠳᠡᠪᠬᠢᠲᠡᠶ ᠥᠷᠨᠢᠭᠦᠯᠵᠦ᠂ ᠬᠤᠲᠠ ᠪᠠᠯᠭᠠᠰᠤᠨ ᠤ ᠲᠥᠪᠬᠢᠨᠡᠭᠦᠯᠬᠦ ᠲᠣᠭᠤᠷᠢᠭ ᠤᠨ | ᠡᠷᠬᠢᠨ ᠲᠣᠭᠤᠷᠢᠨ ᠤ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠵᠡᠷᠭᠡ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠤᠨ ᠢᠵᠢ ᠪᠦᠷᠢᠳᠦᠭᠦᠯᠬᠦ ᠲᠦᠬᠦᠭᠡᠷᠦᠮᠵᠢ ᠶᠢᠨ ᠳᠡᠰ ᠳᠡᠪᠰᠢᠬᠦ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ | ᠬᠥᠳᠡᠭᠡ ᠲᠣᠰᠬᠤᠨ ᠤ ᠲᠥᠪᠬᠢᠨᠡᠭᠦᠯᠬᠦ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ | ᠬᠡᠮᠵᠢᠶ᠎ᠡ ᠶᠢ ᠨᠢ ᠪᠠᠭᠠᠰᠬᠠᠵᠤ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠵᠠᠭᠪᠤᠷ ᠢ ᠰᠦᠪᠡᠭᠴᠢᠯᠡᠨ ᠪᠠᠶᠢᠭᠤᠯᠵᠤ᠂ | ᠪᠣᠬᠢᠷ ᠤᠰᠤ ᠶᠢ ᠰᠢᠢᠳᠪᠦᠷᠢᠯᠡᠬᠦ ᠲᠦᠬᠦᠭᠡᠷᠦᠮᠵᠢ ᠶᠢᠨ ᠬᠡᠪ ᠤᠨ ᠪᠥᠭᠡᠳ ᠲᠣᠭᠲᠠᠭᠤᠨ ᠢᠶᠠᠷ ᠠᠵᠢᠯᠯᠠᠬᠤ ᠶᠢ ᠦᠨᠡᠨ | ᠬᠦ ᠪᠠᠲᠤᠯᠠᠨ᠎ᠠ᠃ ᠲᠥᠪᠬᠢᠨᠡᠭᠦᠯᠬᠦ ᠲᠣᠭᠤᠷᠢᠭ ᠲᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ | ᠬᠥᠳᠡᠯᠭᠡᠭᠡᠨ ᠢ ᠶᠡᠬᠡᠪᠡᠷ ᠥᠷᠨᠢᠭᠦᠯᠵᠦ᠂ ᠨᠡᠭᠦᠯᠭᠡᠭᠰᠡᠨ ᠣᠯᠠᠨ ᠲᠦᠮᠡᠨ ᠤ ᠪᠣᠯᠪᠠᠰᠤᠨ ᠡᠷᠡᠭᠦᠯ ᠬᠠᠮᠠᠭᠠᠯᠠᠯ ᠤᠨ ᠦᠵᠡᠯ | ᠤᠬᠠᠮᠰᠠᠷ ᠢ ᠴᠢᠩᠭᠠᠷᠠᠭᠤᠯᠤᠨ᠂ ᠨᠡᠭᠦᠯᠭᠡᠭᠰᠡᠨ ᠣᠯᠠᠨ ᠲᠦᠮᠡᠨ ᠢ ᠬᠥᠲᠥᠯᠦᠨ ᠵᠢᠯᠣᠭᠤᠳᠴᠤ ᠰᠠᠶᠢᠨ ᠰᠠᠶᠢᠬᠠᠨ | ᠡᠷᠡᠭᠦᠯ ᠬᠠᠮᠠᠭᠠᠯᠠᠯ ᠤᠨ ᠳᠠᠳᠬᠠᠯ ᠪᠠ ᠪᠣᠯᠪᠠᠰᠤᠨ ᠡᠷᠡᠭᠦᠯ ᠴᠢᠭᠢᠷᠠᠭ᠂ ᠪᠣᠬᠢᠷᠲᠤᠯ ᠥᠬᠡᠶ ᠣᠷᠴᠢᠨ ᠲᠣᠭᠤᠷᠢᠨ ᠢ | ᠬᠠᠮᠠᠭᠠᠯᠠᠬᠤ ᠠᠮᠢᠳᠤᠷᠠᠯ ᠤᠨ ᠠᠷᠭ᠎ᠠ ᠮᠠᠶ᠋ᠢᠭ ᠲᠠᠢ ᠪᠣᠯᠭᠠᠵᠤ᠂ ᠨᠡᠭᠦᠯᠭᠡᠭᠰᠡᠨ ᠣᠯᠠᠨ ᠲᠦᠮᠡᠨ ᠤ ᠡᠷᠡᠭᠦᠯ ᠮᠡᠨᠳᠦ ᠶᠢᠨ | ᠬᠡᠪ ᠪᠣᠯᠪᠠᠰᠤᠷᠠᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠨᠡᠭᠦᠯᠭᠡᠭᠰᠡᠨ ᠣᠯᠠᠨ ᠲᠦᠮᠡᠨ ᠤ ᠠᠮᠢᠳᠤᠷᠠᠯ ᠤᠨ ᠶᠠᠰᠤ | ᠴᠢᠨᠠᠷ ᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠠᠶᠢᠮᠠᠭ ᠤᠨ ᠠᠮᠢ ᠠᠬᠤᠶ | ᠣᠷᠴᠢᠨ ᠲᠣᠭᠤᠷᠢᠨ ᠤ ᠲᠣᠪᠴᠢᠶ᠎ᠠ ᠶᠢᠨ ᠤᠯᠠᠭᠠᠨᠬᠤᠲᠠ ᠳᠠᠬᠢ ᠬᠤᠪᠢᠶᠠᠷᠢ ᠲᠣᠪᠴᠢᠶ᠎ᠠ᠂ ᠴᠧᠩ ᠽᠧ ᠤᠰᠤᠨ ᠤ | ᠶᠠᠪᠤᠳᠠᠯ ᠤᠨ ᠪᠦᠯᠦᠭᠯᠡᠯ︶ | ︵ᠠᠷᠪᠠᠨ ᠨᠢᠭᠡ︶ ᠠᠮᠢ ᠠᠬᠤᠶ ᠶᠢᠨ ᠨᠥᠬᠦᠷᠰᠡᠭ ᠬᠡᠯᠪᠡᠷᠢ ᠶᠢᠨ ᠦᠢᠯᠡᠳᠪᠦᠷᠢᠯᠡᠯ ᠤᠨ ᠠᠷᠭ᠎ᠠ ᠮᠠᠶ᠋ᠢᠭ ᠢ | ᠬᠡᠷᠡᠭᠵᠢᠭᠦᠯᠦᠨ᠎ᠡ᠃ ᠲᠥᠪᠬᠢᠨᠡᠭᠦᠯᠬᠦ ᠲᠣᠭᠤᠷᠢᠭ ᠤᠨ ᠣᠷᠴᠢᠨ ᠲᠣᠭᠤᠷᠢᠨ ᠢ ᠰᠠᠶᠢᠵᠢᠷᠠᠭᠤᠯᠵᠤ ᠪᠣᠬᠢᠷᠲᠤᠯ ᠦᠭᠡᠢ | ᠬᠥᠭᠵᠢᠯᠲᠡ ᠶᠢ ᠠᠬᠢᠭᠤᠯᠤᠨ᠎ᠠ᠃ ᠲᠥᠪᠬᠢᠨᠡᠭᠦᠯᠬᠦ ᠴᠡᠭ ᠤᠨ ᠡᠷᠬᠢᠨ ᠲᠣᠭᠤᠷᠢᠨ ᠤ ᠡᠯ᠎ᠡ ᠲᠥᠷᠥᠯ ᠤᠨ ᠠᠵᠤ | ᠦᠢᠯᠡᠰ ᠤᠨ ᠲᠣᠭᠤᠷᠢᠭ᠂ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠡᠰᠤᠬ᠂ ᠵᠤᠭᠠᠴᠠᠯ ᠤᠨ ᠲᠦᠬᠦᠭᠡᠷᠦᠮᠵᠢ | ᠵᠡᠷᠭᠡ ᠳᠤ ᠣᠷᠴᠢᠨ ᠲᠣᠭᠤᠷᠢᠨ ᠢ ᠬᠠᠮᠠᠭᠠᠯᠠᠬᠤ ᠵᠣᠬᠢᠴᠠᠩᠭᠤᠶ ᠲᠦᠬᠦᠭᠡᠷᠦᠮᠵᠢ ᠶᠢ ᠢᠵᠢ ᠪᠦᠷᠢᠳᠦᠭᠦᠯᠦᠨ ᠪᠥᠳᠥᠭᠡᠨ | ᠪᠠᠶᠢᠭᠤᠯᠵᠤ᠂ ᠪᠣᠬᠢᠷ ᠪᠣᠳᠠᠰ ᠢ ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠬᠤ ᠪᠤᠶᠤ ᠡᠬᠢ ᠪᠠᠶᠠᠯᠢᠭᠵᠢᠭᠤᠯᠤᠨ | ᠠᠰᠢᠭᠯᠠᠬᠤ ᠶᠢ ᠦᠨᠡᠨ ᠬᠦ ᠪᠠᠲᠤᠯᠠᠨ᠎ᠠ᠃ ᠤᠨᠴᠠᠯᠢᠬᠳᠤ ᠲᠠᠷᠢᠵᠦ ᠲᠡᠵᠢᠭᠡᠬᠦ ᠠᠵᠤ ᠦᠢᠯᠡᠰ ᠢ ᠬᠥᠭᠵᠢᠭᠦᠯᠬᠦ ᠳᠡᠭᠡᠨ | ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠶᠢ ᠴᠢᠬᠤᠯᠠᠴᠢᠯᠠᠵᠤ᠂ ᠡᠬᠢ ᠪᠠᠶᠠᠯᠢᠭ ᠢ ᠠᠷᠪᠢᠯᠠᠬᠤ ᠪᠠ | ᠡᠷᠭᠢᠯᠳᠦᠭᠦᠯᠦᠨ ᠠᠰᠢᠭᠯᠠᠬᠤ ᠶᠢ ᠠᠬᠢᠭᠤᠯᠤᠨ᠎ᠠ᠃ ᠲᠥᠪᠬᠢᠨᠡᠭᠦᠯᠬᠦ ᠲᠣᠭᠤᠷᠢᠭ ᠤᠨ ᠬᠠᠮᠲᠤ ᠶᠢᠨ ᠲᠠᠸᠠᠷ ᠤᠨ ᠲᠡᠮᠳᠡᠭ | ᠂ ᠭᠠᠵᠠᠷ ᠵᠦᠶ ᠶᠢᠨ ᠪᠡᠯᠭᠡ ᠳᠡᠮᠳᠡᠭᠳᠦ ᠭᠡᠷᠡᠴᠢᠯᠡᠬᠦ ᠲᠠᠸᠠᠷ ᠤᠨ ᠲᠡᠮᠳᠡᠭ ᠢ ᠳᠠᠩᠰᠠᠯᠠᠭᠤᠯᠬᠤ ᠶᠢ ᠢᠳᠡᠪᠬᠢᠲᠡᠶ | ᠵᠢᠯᠣᠭᠤᠳᠴᠤ᠂ ᠭᠠᠵᠠᠷ ᠵᠦᠶ ᠶᠢᠨ ᠪᠡᠯᠭᠡ ᠳᠡᠮᠳᠡᠭᠳᠦ ᠲᠠᠷᠢᠶᠠᠯᠠᠩ ᠤᠨ ᠪᠦᠲᠦᠭᠡᠭᠳᠡᠬᠦᠨ ᠢ ᠳᠡᠩᠰᠡᠯᠡᠨ | ᠬᠠᠮᠠᠭᠠᠯᠠᠬᠤ ᠶᠢ ᠭᠤᠶᠤᠴᠢᠯᠠᠵᠤ᠂ ᠭᠠᠵᠠᠷ ᠵᠦᠶ ᠶᠢᠨ ᠪᠡᠯᠭᠡ ᠳᠡᠮᠳᠡᠭᠳᠦ ᠲᠤᠰᠬᠠᠶ ᠬᠡᠷᠡᠭᠯᠡᠬᠦ ᠪᠡᠯᠭᠡ ᠲᠡᠮᠳᠡᠭ ᠢ | ᠬᠡᠷᠡᠭᠯᠡᠨ᠂ ᠪᠣᠬᠢᠷᠲᠤᠯ ᠥᠬᠡᠶ᠂ ᠣᠷᠭᠠᠨᠢᠭ᠂ ᠨᠠᠷᠠᠲᠤ ᠣᠨᠴᠠ ᠰᠢᠯᠢᠳᠡᠭ ᠰᠢᠨ᠎ᠡ ᠵᠡᠷᠭᠡ ᠴᠢᠨᠠᠷ ᠰᠠᠶᠢᠲᠠᠶ ᠲᠠᠷᠢᠶᠠᠯᠠᠩ | ᠤᠨ ᠪᠦᠲᠦᠬᠡᠭᠳᠡᠬᠦᠨ ᠮᠠᠯ ᠤᠨ ᠠᠰᠢᠭ ᠰᠢᠮ᠎ᠡ ᠶᠢᠨ ᠭᠡᠷᠡᠴᠢᠯᠡᠯ ᠥᠷᠨᠢᠭᠦᠯᠬᠦ ᠶᠢ ᠵᠣᠷᠢᠭᠵᠢᠭᠤᠯᠤᠨ᠎ᠠ᠃ ︵ | ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠤᠯᠠᠭᠠᠨᠬᠤᠲᠠ | ᠳᠠᠬᠢ ᠬᠤᠪᠢᠶᠠᠷᠢ ᠲᠣᠪᠴᠢᠶ᠎ᠠ᠂ ᠬᠤᠲᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︶ | ᠲᠠᠪᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠲᠥᠪᠬᠢᠨᠡᠭᠦᠯᠬᠦ ᠨᠡᠶᠢᠭᠡᠮ | ᠲᠣᠭᠤᠷᠢᠭ ᠢ ᠨᠠᠩ ᠦᠵᠡᠰᠬᠦᠯᠡᠩᠲᠦ ᠰᠠᠶᠢᠬᠠᠨ ᠪᠣᠯᠭᠠᠬᠤ ᠶᠢ ᠠᠬᠢᠭᠤᠯᠤᠨ᠎ᠠ | ︵ᠠᠷᠪᠠᠨ ᠬᠤᠶᠠᠷ︶ ᠨᠡᠶᠢᠭᠡᠮ ᠲᠣᠭᠤᠷᠢᠭ ᠤᠨ ᠵᠣᠬᠢᠶᠠᠨ ᠪᠠᠶᠢᠭᠤᠯᠵᠤ ᠲᠥᠪᠬᠢᠨᠡᠭᠦᠯᠬᠦ ᠦᠢᠯᠡᠴᠢᠯᠡᠭᠡᠨ ᠤ | ᠰᠢᠰᠲ᠋ᠧᠮ ᠢ ᠪᠠᠶᠢᠭᠤᠯᠤᠨ ᠪᠥᠷᠢᠨᠰᠢᠬᠦᠯᠥᠨ᠎ᠡ᠃ ᠬᠤᠳᠠ ᠪᠠᠶᠢᠭᠤᠯᠬᠤ ᠳᠤ ᠲᠤᠬᠢᠷᠠᠪᠠᠯ ᠬᠤᠳᠠ ᠪᠣᠯᠭᠠᠬᠤ᠂ ᠰᠢᠶᠠᠩ | ᠪᠠᠶᠢᠭᠤᠯᠬᠤ ᠳᠤ ᠲᠤᠬᠢᠷᠠᠪᠠᠯ ᠰᠢᠶᠠᠩ ᠪᠣᠯᠭᠠᠬᠤ ᠵᠠᠷᠴᠢᠮ ᠢ ᠪᠠᠷᠢᠮᠲᠠᠯᠠᠨ᠂ ᠨᠠᠮ ᠤᠨ ᠵᠣᠬᠢᠶᠠᠨ ᠪᠠᠶᠢᠭᠤᠯᠤᠯᠲᠠ ᠠᠴᠠ | ᠤᠳᠤᠷᠢᠳᠤᠭᠰᠠᠨ᠂ ᠦᠨᠳᠦᠰᠦᠨ ᠱᠠᠲᠤᠨ ᠤ ᠤᠯᠠᠨ ᠲᠦᠮᠡᠨᠴᠢ ᠴᠢᠨᠠᠷᠲᠠᠶ ᠥᠪᠡᠷᠲᠡᠭᠡᠨ ᠵᠠᠰᠠᠬᠤ ᠵᠣᠬᠢᠶᠠᠨ | ᠪᠠᠶᠢᠭᠤᠯᠤᠯᠲᠠ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠪᠠ ᠤᠯᠠᠨ | ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠦᠮᠴᠢᠳᠡᠨ ᠤ | ᠵᠥᠪᠯᠡᠯ ᠵᠡᠷᠭᠡ ᠲᠤᠰ ᠲᠤᠰ ᠤᠨ ᠪᠠᠶᠢᠷᠢ ᠰᠠᠭᠤᠷᠢ ᠲᠠᠢ᠂ ᠲᠤᠰ ᠲᠤᠰ ᠤᠨ ᠡᠭᠦᠷᠭᠡ ᠲᠤᠰᠢᠶᠠᠯ ᠢᠶᠠᠨ | ᠭᠦᠢᠴᠡᠳᠬᠡᠭᠰᠡᠨ᠂ ᠴᠢᠳᠠᠮᠵᠢ ᠨᠢ ᠪᠦᠷᠢᠨ ᠲᠡᠭᠦᠯᠳᠡᠷ᠂ ᠠᠵᠢᠯᠯᠠᠭᠠᠨ ᠨᠢ ᠡᠮᠬᠢ ᠵᠢᠷᠤᠮ ᠲᠠᠢ ᠨᠡᠶᠢᠭᠡᠮ ᠲᠣᠭᠤᠷᠢᠭ ᠤᠨ | ᠵᠣᠬᠢᠶᠠᠨ ᠪᠠᠶᠢᠭᠤᠯᠤᠯᠲᠠ ᠶᠢᠨ ᠲᠥᠪᠬᠢᠨᠡᠭᠦᠯᠬᠦ ᠦᠢᠯᠡᠴᠢᠯᠡᠭᠡᠨ ᠤ ᠰᠢᠰᠲ᠋ᠧᠮ ᠢ ᠲᠦᠷᠭᠡᠪᠴᠢᠯᠡᠨ ᠪᠠᠶᠢᠭᠤᠯᠵᠤ | ᠲᠡᠭᠦᠯᠳᠡᠷᠵᠢᠭᠦᠯᠦᠨ᠎ᠡ᠃ ᠨᠡᠭᠦᠵᠦ ᠣᠷᠣᠬᠤ ᠲᠣᠭᠤᠷᠢᠭ ᠤᠨ ᠬᠥᠮᠦᠨ ᠠᠮᠠ ᠶᠢᠨ ᠬᠡᠪᠴᠢᠶ᠎ᠡ ᠶᠢ ᠦᠨᠳᠦᠰᠦᠯᠡᠨ᠂ | ᠤᠯᠠᠨ ᠲᠦᠮᠡᠨ ᠤ ᠬᠦᠰᠡᠯ ᠰᠠᠨᠠᠭ᠎ᠠ ᠶᠢ ᠬᠦᠨᠳᠦᠳᠬᠡᠨ ᠲᠥᠪᠬᠢᠨᠡᠭᠦᠯᠬᠦ ᠨᠡᠶᠢᠭᠡᠮ ᠲᠣᠭᠤᠷᠢᠭ ᠢ ᠵᠦᠢ ᠵᠣᠬᠢᠰᠲᠠᠶ | ᠬᠤᠪᠢᠶᠠᠷᠢᠯᠠᠵᠤ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢ ᠵᠡᠷᠭᠡ ᠳᠤᠨᠢ ᠲᠣᠬᠢᠷᠠᠭᠤᠯᠤᠨ | ᠪᠥᠷᠢᠨᠰᠢᠬᠦᠯᠵᠤ᠂ ᠦᠨᠳᠦᠰᠦᠨ ᠱᠠᠲᠤᠨ ᠤ ᠤᠯᠠᠨ ᠲᠦᠮᠡᠨᠴᠢ ᠴᠢᠨᠠᠷᠲᠠᠶ ᠥᠪᠡᠷᠲᠡᠭᠡᠨ ᠵᠠᠰᠠᠬᠤ ᠵᠣᠬᠢᠶᠠᠨ | ᠪᠠᠶᠢᠭᠤᠯᠤᠯᠲᠠ ᠶᠢ ᠴᠠᠭ ᠲᠤᠬᠠᠶ ᠳᠤᠨᠢ ᠪᠠᠶᠢᠭᠤᠯᠵᠤ᠂ ︽ᠦᠨᠳᠦᠰᠦᠨ ᠱᠠᠲᠤᠨ ᠤ ᠤᠯᠠᠨ ᠲᠦᠮᠡᠨᠴᠢ ᠴᠢᠨᠠᠷᠲᠠᠶ | ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ ᠣᠨᠴᠠᠭᠠᠢ ᠬᠠᠤᠯᠢ ᠶᠢᠨ ᠡᠷᠬᠡᠲᠡᠨ ᠤ ᠨᠢᠭᠡᠳᠦᠯᠲᠡᠶ ᠨᠡᠶᠢᠭᠡᠮ ᠤᠨ | ᠢᠲᠡᠭᠡᠮᠵᠢ ᠶᠢᠨ ᠣᠷᠣᠯᠠᠬᠤ ᠲᠡᠮᠳᠡᠭ ᠤᠨ ᠦᠨᠡᠮᠯᠡᠯ︾ ᠢ ᠭᠦᠢᠴᠡᠳᠬᠡᠵᠦ᠂ ᠨᠡᠭᠦᠵᠦ ᠣᠷᠣᠬᠤ ᠲᠣᠭᠤᠷᠢᠭ ᠤᠨ | ᠵᠡᠭᠡᠯᠢ ᠭᠤᠳᠤᠮᠵᠢ ︵ᠰᠢᠶᠠᠩ ᠪᠠᠯᠭᠠᠰᠤ︶ ᠳᠤ ᠣᠷᠣᠭᠤᠯᠤᠨ ᠬᠠᠮᠢᠶᠠᠷᠤᠭᠤᠯᠤᠨ᠎ᠠ᠃ ᠰᠠᠭᠤᠭᠠᠯᠢ ᠠᠷᠠᠳ ᠤᠨ | ᠲᠣᠭᠤᠷᠢᠭ ︵ᠭᠠᠴᠠᠭ᠎ᠠ ᠲᠣᠰᠬᠤᠨ︶ ᠤᠨ ᠬᠡᠷᠡᠭ ᠵᠥᠪᠯᠡᠵᠦ ᠵᠥᠪᠳᠡᠯᠴᠡᠬᠦ ᠲᠥᠷᠢᠮ ᠢ ᠪᠠᠶᠢᠭᠤᠯᠤᠨ ᠪᠥᠷᠢᠨᠰᠢᠬᠦᠯᠵᠤ | ᠂ ᠨᠡᠭᠦᠯᠭᠡᠭᠰᠡᠨ ᠤᠯᠠᠨ ᠲᠦᠮᠡᠨ ᠢ ᠬᠥᠲᠥᠯᠥᠨ ᠵᠢᠯᠣᠭᠤᠳᠴᠤ ᠨᠡᠶᠢᠭᠡᠮ ᠲᠣᠭᠤᠷᠢᠭ ᠤᠨ ᠬᠡᠷᠡᠭ ᠵᠥᠪᠯᠡᠵᠦ | ᠵᠥᠪᠳᠡᠯᠴᠡᠬᠦ ᠳᠤ ᠥᠷᠭᠡᠨ ᠢᠶᠠᠷ ᠣᠷᠣᠯᠴᠠᠭᠤᠯᠤᠨ᠎ᠠ᠃ ᠬᠡᠪᠴᠢᠶ᠎ᠡ ᠪᠠᠷ ᠨᠡᠯᠢᠶᠡᠳ ᠶᠡᠭᠡ᠂ ᠪᠠᠶᠢᠳᠠᠯ ᠨᠢ ᠪᠤᠳᠤᠯᠢᠶᠠᠨᠲᠠᠶ | ᠲᠥᠪᠬᠢᠨᠡᠭᠦᠯᠬᠦ ᠨᠡᠶᠢᠭᠡᠮ ᠲᠣᠭᠤᠷᠢᠭ ᠲᠤ ᠲᠣᠰᠬᠤᠨ ᠳᠤ ᠰᠠᠭᠤᠬᠤ ᠨᠢᠭᠡᠳᠦᠭᠡᠷ ᠱᠦᠵᠢ ᠶᠢ ᠰᠠᠶᠢᠲᠤᠷ ᠰᠣᠩᠭᠤᠨ | ᠲᠣᠮᠢᠯᠠᠵᠤ᠂ ᠦᠨᠡᠬᠡᠷ ᠴᠢᠬᠤᠯᠠᠲᠠᠶ ᠪᠠᠶᠢᠪᠠᠯ᠂ ᠭᠠᠴᠠᠭ᠎ᠠ ᠲᠣᠰᠬᠤᠨ ᠤ ᠠᠵᠢᠯ ᠤᠨ ᠠᠩᠬᠢ ᠶᠢ ᠬᠠᠮᠲᠤ ᠳᠤᠨᠢ | ᠲᠣᠮᠢᠯᠠᠨ ᠰᠠᠭᠤᠯᠭᠠᠵᠤ᠂ ᠲᠥᠪᠬᠢᠨᠡᠭᠦᠯᠬᠦ ᠨᠡᠶᠢᠭᠡᠮ ᠲᠣᠭᠤᠷᠢᠭ ᠤᠨ ᠵᠠᠰᠠᠯᠲᠠ ᠳᠠᠬᠢ ᠭᠠᠴᠠᠭ᠎ᠠ ᠲᠣᠰᠬᠤᠨ ᠳᠤ | ᠰᠠᠭᠤᠵᠤ ᠳᠠᠭᠠᠭᠠᠴᠢᠯᠠᠨ ᠬᠤᠯᠪᠣᠭᠠᠯᠠᠵᠤ ᠬᠠᠪᠰᠤᠷᠤᠨ ᠲᠡᠳᠬᠦᠬᠦ ᠬᠦᠴᠦᠨ ᠤ ᠦᠢᠯᠡᠳᠦᠯ ᠢ ᠭᠦᠢᠴᠡᠳ | ᠪᠠᠳᠠᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ | ᠬᠡᠯᠲᠡᠰ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ᠂ ᠬᠤᠲᠠ ᠶᠢᠨ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ︶ | ︵ᠠᠷᠪᠠᠨ ᠭᠤᠷᠪᠠ︶ ᠲᠥᠪᠬᠢᠨᠡᠭᠦᠯᠬᠦ ᠨᠡᠶᠢᠭᠡᠮ ᠲᠣᠭᠤᠷᠢᠭ ᠤᠨ ᠪᠦᠬᠦᠯᠢ ᠴᠣᠭᠴᠠ ᠶᠢᠨ ᠵᠠᠰᠠᠯᠲᠠ ᠶᠢᠨ | ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠲᠥᠪᠬᠢᠨᠡᠭᠦᠯᠬᠦ ᠲᠣᠭᠤᠷᠢᠭ ᠤᠨ ᠬᠡᠪᠴᠢᠶ᠎ᠡ᠂ ᠠᠮᠤᠷ ᠲᠦᠪᠰᠢᠨ ᠤ ᠪᠠᠶᠢᠳᠠᠯ | ᠵᠡᠷᠭᠡ ᠶᠢ ᠦᠨᠳᠦᠰᠦᠯᠡᠨ᠂ ᠴᠠᠭᠳᠠᠭᠠᠨ ᠤ ᠶᠠᠪᠤᠳᠠᠯ ᠤᠨ ᠲᠠᠰᠤᠭ ᠢ ᠵᠦᠶ ᠵᠣᠬᠢᠰᠲᠠᠶ ᠪᠠᠶᠢᠷᠢᠯᠠᠭᠤᠯᠵᠤ᠂ | ᠲᠥᠪᠬᠢᠨᠡᠭᠦᠯᠬᠦ ᠴᠡᠭ ᠤᠨ ᠠᠮᠤᠷ ᠲᠦᠪᠰᠢᠨ ᠤ ᠶᠡᠷᠦᠩᠬᠡᠶᠢᠯᠡᠭᠰᠡᠨ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠎ᠠ᠃ | ᠨᠡᠶᠢᠭᠡᠮ ᠤᠨ ᠵᠥᠷᠢᠴᠡᠯ ᠤᠨ ᠠᠶᠤᠯ ᠲᠦᠭᠰᠢᠭᠦᠷᠢ ᠶᠢᠨ ᠲᠠᠯᠳᠠ ᠭᠡᠮ ᠢ ᠵᠠᠳᠠᠯᠤᠨ ᠰᠤᠳᠤᠯᠵᠤ ᠮᠠᠭᠠᠳᠯᠠᠬᠤ ᠪᠠ | ᠤᠷᠢᠳᠴᠢᠯᠠᠨ ᠰᠡᠷᠭᠡᠶᠢᠯᠡᠵᠦ ᠠᠷᠢᠯᠭᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠵᠠᠬᠢᠳᠠᠯ ᠰᠤᠷᠪᠤᠯᠵᠢᠯᠠᠯ | ᠪᠠ ᠠᠰᠢᠭ ᠲᠤᠰᠠ ᠶᠢᠨ ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ | ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢᠨ ᠬᠠᠷᠢᠶᠠᠯᠠᠯ ᠤᠨ ᠵᠢᠭᠤᠷᠠᠯᠳᠤᠭᠠᠨ᠂ ᠠᠴᠢᠯᠠᠨ ᠲᠡᠵᠢᠭᠡᠬᠦ | ᠵᠢᠭᠤᠷᠠᠯᠳᠤᠭᠠᠨ᠂ ᠭᠡᠷ ᠪᠦᠯᠢ ᠬᠥᠷᠰᠢ ᠵᠡᠷᠭᠡᠯᠡᠳᠡᠭᠡ ᠶᠢᠨ ᠬᠤᠭᠤᠷᠤᠨᠳᠤᠬᠢ ᠵᠢᠭᠤᠷᠠᠯᠳᠤᠭᠠᠨ ᠵᠡᠷᠭᠡ ᠶᠢ | ᠲᠣᠬᠢᠷᠠᠭᠤᠯᠬᠤ ᠠᠵᠢᠯ ᠢ ᠴᠢᠩᠭᠠᠳᠬᠠᠵᠤ᠂ ᠵᠥᠷᠢᠴᠡᠯ ᠢ ᠡᠬᠢ ᠡᠭᠦᠰᠦᠯ ᠠᠴᠠ ᠨᠢ ᠬᠠᠤᠯᠢ ᠶᠣᠰᠣᠭᠠᠷ ᠠᠷᠢᠯᠭᠠᠨ᠎ᠠ᠃ | ᠬᠦᠴᠢᠷᠳᠡᠯ ᠲᠠᠢ ᠤᠯᠠᠨ ᠲᠦᠮᠡᠨ ᠢ ᠬᠢᠨᠠᠨ ᠪᠠᠶᠢᠴᠠᠭᠠᠵᠤ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ | ᠪᠦᠷᠢᠨᠰᠢᠬᠦᠯᠵᠤ᠂ ᠨᠥᠬᠦᠴᠡᠯ ᠳᠤ ᠨᠡᠶᠢᠴᠡᠭᠰᠡᠨ ᠢ ᠨᠢ ᠴᠠᠭ ᠲᠤᠬᠠᠶ ᠳᠤᠨᠢ ᠠᠪᠤᠷᠠᠨ ᠲᠤᠰᠠᠯᠠᠵᠤ ᠬᠠᠪᠰᠤᠷᠤᠨ | ᠲᠡᠳᠬᠦᠨ᠎ᠡ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠶᠢᠭᠠᠯᠢ ᠶᠢᠨ ᠭᠠᠮᠰᠢᠭ ᠤᠨ ᠭᠡᠨᠡᠳᠲᠡ ᠶᠢᠨ ᠬᠡᠷᠡᠭ | ᠵᠡᠷᠭᠡ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠨᠡᠶᠢᠭᠡᠮ ᠲᠣᠭᠤᠷᠢᠭ ᠠᠴᠠ | ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠨ᠎ᠡ᠃ ᠠᠳᠠᠯ ᠠᠬᠤᠶ ᠶᠢᠨ ᠬᠠᠮᠢᠶᠠᠷᠤᠯᠲᠠ ᠶᠢ | ᠤᠯᠠᠮ ᠨᠢᠭᠡ ᠠᠯᠬᠤᠮ ᠵᠢᠷᠤᠮᠵᠢᠭᠤᠯᠵᠤ᠂ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠭᠡᠷ᠎ᠡ ᠳᠤ | ᠪᠣᠯᠵᠣᠨ ᠲᠣᠭᠲᠠᠭᠰᠠᠨ ᠶᠣᠰᠣᠭᠠᠷ ᠡᠯ᠎ᠡ ᠵᠦᠢᠯ ᠤᠨ ᠦᠢᠯᠡᠴᠢᠯᠡᠭᠡ ᠶᠢ ᠰᠠᠶᠢᠲᠤᠷ ᠬᠢᠬᠦ ᠶᠢ ᠵᠢᠯᠣᠭᠤᠳᠤᠨ ᠬᠢᠨᠠᠯᠲᠠ | ᠲᠠᠯᠪᠢᠵᠤ᠂ ᠲᠥᠪᠬᠢᠨᠡᠭᠦᠯᠬᠦ ᠣᠷᠣᠨ ᠰᠠᠭᠤᠴᠠ᠂ ᠲᠥᠬᠦᠷ ᠪᠡᠯᠡᠳᠬᠡᠮᠵᠢ ᠲᠥᠬᠦᠭᠡᠷᠦᠮᠵᠢ ᠶᠢᠨ ᠡᠳᠦᠷ ᠲᠤᠲᠤᠮ ᠤᠨ | ᠰᠡᠯᠪᠢᠨ ᠵᠠᠰᠠᠵᠤ ᠬᠠᠮᠠᠭᠠᠯᠠᠬᠤ ᠵᠢᠴᠢ ᠲᠡᠷᠭᠡ ᠬᠥᠰᠬᠡ ᠵᠣᠭᠰᠣᠭᠠᠬᠤ ᠵᠡᠷᠭᠡ ᠠᠵᠢᠯ ᠢ ᠰᠠᠶᠢᠲᠤᠷ ᠬᠢᠵᠦ᠂ | ᠨᠡᠭᠦᠯᠭᠡᠭᠰᠡᠨ ᠣᠯᠠᠨ ᠲᠦᠮᠡᠨ ᠢ ᠬᠥᠲᠥᠯᠦᠨ ᠵᠢᠯᠣᠭᠤᠳᠴᠤ ᠠᠳᠠᠯ ᠠᠬᠤᠶ ᠶᠢᠨ ᠬᠠᠮᠢᠶᠠᠷᠤᠯᠲᠠ ᠶᠢᠨ ᠲᠣᠬᠢᠷᠠᠮᠵᠢᠲᠠᠶ | ᠠᠷᠭ᠎ᠠ ᠮᠠᠶ᠋ᠢᠭ ᠢ ᠰᠣᠩᠭᠤᠭᠤᠯᠵᠤ᠂ ᠠᠳᠠᠯ ᠠᠬᠤᠶ ᠶᠢᠨ ᠦᠢᠯᠡᠴᠢᠯᠡᠭᠡᠨ ᠤ ᠬᠡᠷᠡᠭᠯᠡᠭᠡᠨ ᠤ ᠦᠵᠡᠯᠲᠡ ᠶᠢ | ᠬᠥᠮᠦᠵᠢᠭᠦᠯᠦᠨ ᠪᠣᠶ ᠪᠣᠯᠭᠠᠨ᠎ᠠ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ | ᠡᠮᠡᠭᠲᠡᠶᠢᠴᠦᠳ ᠤᠨ ᠬᠤᠯᠪᠣᠭ᠎ᠠ ᠵᠡᠷᠭᠡ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ | ᠪᠠᠳᠠᠷᠠᠭᠤᠯᠬᠤ ᠶᠢ ᠴᠢᠬᠤᠯᠠᠴᠢᠯᠠᠵᠤ᠂ ᠡᠯ᠎ᠡ ᠲᠦᠷᠦᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ | ᠲᠤᠰᠬᠠᠶ ᠠᠵᠢᠯᠳᠠᠨ ᠢ ᠬᠥᠲᠥᠯᠥᠨ ᠵᠢᠯᠣᠭᠤᠳᠴᠤ ᠨᠡᠶᠢᠭᠡᠮ ᠲᠣᠭᠤᠷᠢᠭ ᠤᠨ ᠦᠢᠯᠡᠴᠢᠯᠡᠭᠡ ᠬᠠᠩᠭᠠᠬᠤ᠂ ᠨᠡᠶᠢᠭᠡᠮ | ᠲᠣᠭᠤᠷᠢᠭ ᠤᠨ ᠰᠣᠶᠣᠯ ᠢ ᠪᠣᠢ ᠪᠣᠯᠭᠠᠬᠤ᠂ ᠨᠡᠶᠢᠭᠡᠮ ᠲᠣᠭᠤᠷᠢᠭ ᠤᠨ ᠡᠶ᠎ᠡ ᠵᠣᠬᠢᠴᠠᠯ ᠢ ᠠᠬᠢᠭᠤᠯᠬᠤ ᠵᠡᠷᠭᠡ | ᠲᠠᠯ᠎ᠠ ᠪᠠᠷ ᠬᠢ ᠢᠳᠡᠪᠬᠢᠲᠡᠶ ᠦᠢᠯᠡᠳᠦᠯ ᠢ ᠨᠢ ᠪᠠᠳᠠᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ | ᠠᠷᠠᠳ ᠤᠨ ᠶᠠᠪᠤᠳᠠᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠠᠵᠢᠯᠴᠢᠨ ᠤ | ᠶᠡᠷᠦᠩᠬᠡᠶ ᠡᠪᠯᠡᠯ᠂ ᠬᠤᠲᠠ ᠶᠢᠨ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ︶ | ︵ᠠᠷᠪᠠᠨ ᠳᠥᠷᠪᠡ︶ ᠲᠥᠪᠬᠢᠨᠡᠭᠦᠯᠬᠦ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠦᠬᠦᠭᠡᠷᠦᠮᠵᠢ ᠶᠢᠨ | ᠳᠤᠲᠠᠭᠤᠳᠠᠯ ᠢ ᠬᠦᠴᠦᠯᠡᠨ ᠨᠥᠬᠦᠪᠥᠷᠢᠯᠡᠨ᠎ᠡ᠃ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ ᠬᠡᠷᠡᠭᠴᠡᠭᠡ ᠶᠢ | ᠦᠨᠳᠦᠰᠦᠯᠡᠨ᠂ ᠶᠡᠷᠦᠩᠬᠡᠶᠢᠯᠡᠭᠰᠡᠨ ᠦᠢᠯᠡᠴᠢᠯᠡᠭᠡᠨ ᠤ ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ | ᠲᠥᠪᠬᠢᠨᠡᠭᠦᠯᠬᠦ ᠨᠡᠶᠢᠭᠡᠮ ᠲᠣᠭᠤᠷᠢᠭ ᠤᠨ ᠲᠥᠯᠥᠪᠵᠢᠭᠦᠯᠭᠡ ᠳᠤ ᠣᠷᠣᠭᠤᠯᠵᠤ᠂ ᠨᠠᠮ ᠪᠠ ᠣᠯᠠᠨ ᠲᠦᠮᠡᠨ ᠤ ᠠᠵᠢᠯ | ᠤᠨ ᠦᠢᠯᠡᠴᠢᠯᠡᠭᠡᠨ ᠤ ᠲᠥᠪ ᠢᠶᠠᠷ ᠦᠨᠳᠦᠰᠦᠨ ᠵᠢᠭᠰᠠᠭᠠᠯ ᠤᠨ ᠭᠠᠵᠠᠷ ᠪᠣᠯᠭᠠᠭᠰᠠᠨ ᠶᠡᠷᠦᠩᠬᠡᠢ ᠦᠢᠯᠡᠴᠢᠯᠡᠭᠡᠨ ᠤ | ᠲᠦᠬᠦᠭᠡᠷᠦᠮᠵᠢ ᠶᠢ ᠪᠦᠬᠦᠨ ᠢ ᠬᠠᠮᠤᠷᠬᠤ ᠶᠢ ᠲᠦᠷᠭᠡᠳᠬᠡᠨ ᠠᠬᠢᠭᠤᠯᠤᠨ᠎ᠠ᠃ ᠲᠣᠮᠣ ᠳᠤᠮᠳᠠ ᠬᠡᠯᠪᠡᠷᠢ ᠶᠢᠨ | ᠲᠥᠪᠬᠢᠨᠡᠭᠦᠯᠬᠦ ᠲᠣᠭᠤᠷᠢᠭ ᠲᠤ ᠡᠷᠦᠬᠡ ᠠᠮᠠ ᠶᠢᠨ ᠲᠠᠩᠰᠠ ᠶᠢᠨ ᠬᠠᠮᠢᠶᠠᠷᠤᠯᠲᠠ᠂ ᠠᠵᠢᠯ ᠣᠯᠭᠤᠯᠲᠠ᠂ | ᠰᠤᠷᠭᠠᠭᠤᠯᠢ ᠳᠤ ᠣᠷᠣᠬᠤ᠂ ᠡᠪᠡᠳᠴᠢᠨ ᠦᠵᠡᠭᠦᠯᠬᠦ ᠪᠠ ᠨᠡᠶᠢᠭᠡᠮ ᠤᠨ ᠪᠠᠲᠤᠯᠠᠭ᠎ᠠ᠂ ᠬᠠᠤᠯᠢ ᠴᠠᠭᠠᠵᠠ ᠶᠢᠨ | ᠯᠠᠪᠯᠠᠭ᠎ᠠ ᠵᠡᠷᠭᠡ ︽ᠨᠢᠭᠡ ᠯᠡ ᠦᠷᠳᠡᠭᠡᠳᠦ ᠮᠠᠶ᠋ᠢᠭ︾ ᠤᠨ ᠦᠢᠯᠡᠴᠢᠯᠡᠭᠡ ᠬᠠᠩᠭᠠᠵᠤ᠂ ᠪᠠᠭ᠎ᠠ ᠵᠢᠵᠢᠭ ᠲᠥᠪᠬᠢᠨᠡᠭᠦᠯᠬᠦ | ᠲᠣᠭᠤᠷᠢᠭ ᠲᠤ ᠵᠣᠬᠢᠴᠠᠭᠤᠯᠤᠨ ᠦᠢᠯᠡᠴᠢᠯᠡᠬᠦ ᠶᠢ ᠴᠢᠩᠭᠠᠷᠠᠭᠤᠯᠤᠨ᠂ ᠰᠣᠶᠣᠯ ᠪᠡᠶ᠎ᠡ ᠶᠢᠨ ᠲᠠᠮᠢᠷ᠂ ᠰᠢᠨᠵᠢᠯᠡᠬᠦ | ᠤᠬᠠᠭᠠᠨ ᠢ ᠲᠦᠭᠡᠮᠡᠯᠵᠢᠭᠦᠯᠬᠦ ᠦᠢᠯᠡᠴᠢᠯᠡᠭᠡᠨ ᠤ ᠴᠢᠳᠠᠮᠵᠢ ᠶᠢ ᠢᠳᠡᠪᠬᠢᠲᠡᠶ ᠪᠠᠷ ᠥᠷᠭᠡᠳᠬᠡᠵᠦ᠂ ᠪᠥᠬᠦ ᠠᠷᠠᠳ ᠤᠨ | ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠲᠦᠬᠦᠭᠡᠷᠦᠮᠵᠢ ᠪᠠ ᠨᠡᠭᠦᠯᠭᠡᠭᠰᠡᠨ ᠣᠯᠠᠨ ᠲᠦᠮᠡᠨ ᠤ ᠠᠷᠠᠳ ᠤᠨ ᠵᠠᠩ | ᠦᠢᠯᠡ ᠶᠢᠨ ᠰᠣᠶᠣᠯ ᠵᠡᠷᠭᠡ ᠠᠵᠢᠯᠯᠠᠭ᠎ᠠ ᠡᠷᠭᠢᠯᠡᠬᠦ ᠣᠯᠠᠨ ᠨᠡᠶᠢᠲᠡ ᠶᠢᠨ ᠲᠠᠯᠠᠪᠤᠷ ᠢ ᠵᠦᠶ ᠵᠣᠬᠢᠰᠲᠠᠶ | ᠳᠣᠭᠢᠷᠠᠭᠤᠯᠤᠨ᠎ᠠ᠃ ᠰᠢᠦᠳᠠᠨ᠂ ᠮᠥᠩᠭᠦᠨ ᠭᠦᠢᠯᠭᠡᠭᠡᠨ᠂ ᠴᠠᠬᠢᠯᠭᠠᠨ ᠬᠤᠯᠪᠣᠭ᠎ᠠ᠂ ᠬᠠᠩᠭᠠᠨ ᠪᠣᠷᠣᠯᠠᠭᠤᠯᠭ᠎ᠠ᠂ | ᠰᠢᠲᠠᠮᠠᠬᠠᠶ ᠬᠡᠢ᠂ ᠴᠠᠬᠢᠯᠭᠠᠨ ᠬᠦᠴᠦᠨ ᠵᠡᠷᠭᠡ ᠤᠯᠠᠨ ᠨᠡᠶᠢᠲᠡ ᠶᠢᠨ ᠦᠢᠯᠡᠰ ᠤᠨ ᠦᠢᠯᠡᠴᠢᠯᠡᠭᠡ ᠪᠠ ᠪᠠᠷᠠᠭᠠᠨ ᠤ | ᠭᠦᠢᠯᠭᠡᠭᠡᠨ ᠢ ᠲᠣᠬᠢᠷᠠᠭᠤᠯᠤᠨ ᠬᠦᠷᠭᠡᠬᠦ᠂ ᠡᠬᠢ ᠪᠠᠶᠠᠯᠢᠭ ᠢ ᠡᠭᠡᠭᠦᠯᠦᠨ ᠬᠤᠷᠢᠶᠠᠬᠤ ᠬᠤᠳᠠᠯᠳᠤᠭᠠᠨ ᠤ ᠲᠣᠣᠷ | ᠴᠡᠭ ᠢ ᠵᠣᠬᠢᠬᠤ ᠬᠡᠪᠴᠢᠶᠡᠨ ᠤ ᠲᠥᠪᠬᠢᠨᠡᠭᠦᠯᠬᠦ ᠲᠣᠭᠤᠷᠢᠭ ᠲᠤ ᠲᠦᠷᠭᠡᠬᠡᠨ ᠪᠦᠷᠬᠦᠭᠦᠯᠦᠨ᠎ᠡ᠃ ᠨᠡᠭᠦᠯᠭᠡᠭᠰᠡᠨ ᠣᠯᠠᠨ | ᠲᠦᠮᠡᠨ ᠤ ᠡᠷᠦᠬᠡ ᠠᠮᠠ ᠶᠢᠨ ᠲᠠᠩᠰᠠ ᠶᠢ ᠵᠡᠷᠭᠡᠪᠡᠷ ᠰᠢᠯᠵᠢᠭᠦᠯᠦᠭᠡᠳᠦᠢ ᠠᠴᠠ ᠠᠵᠢᠯ ᠶᠠᠪᠤᠳᠠᠯ ᠭᠦᠢᠴᠡᠳᠬᠡᠬᠦ ᠳᠤ | ᠳᠥᠭᠦᠮ ᠦᠭᠡᠢ ᠵᠡᠷᠭᠡ ᠠᠰᠠᠭᠤᠳᠠᠯ ᠳᠤ ᠴᠢᠭᠯᠡᠭᠦᠯᠦᠨ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠴᠡᠭ᠂ | ᠣᠷᠣᠯᠠᠨ ᠭᠦᠢᠴᠡᠳᠬᠡᠬᠦ ᠴᠡᠭ ᠭᠠᠷᠭᠠᠵᠤ᠂ ᠰᠤᠷᠠᠭ ᠵᠠᠩᠭᠢᠵᠢᠯᠲᠠ ᠶᠢᠨ ᠠᠷᠭ᠎ᠠ ᠪᠠᠷᠢᠯ ᠤᠨ ᠬᠡᠷᠡᠭᠯᠡᠯᠲᠡ ᠶᠢ | ᠴᠢᠩᠭᠠᠳᠬᠠᠨ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠠᠷᠭ᠎ᠠ ᠵᠠᠮ ᠢ ᠥᠷᠭᠡᠳᠬᠡᠵᠦ᠂ ︽ᠣᠯᠠᠨ | ᠲᠦᠮᠡᠨ ᠢ ᠳᠤᠲᠠᠭᠤ ᠭᠦᠶᠦᠯᠭᠡᠵᠦ᠂ ᠰᠤᠷᠠᠭ ᠵᠠᠩᠭᠢ ᠶᠢ ᠨᠠᠭᠠᠰᠢ ᠴᠠᠭᠠᠰᠢ ᠢᠯᠡᠭᠦᠬᠡᠨ ᠳᠠᠮᠵᠢᠭᠤᠯᠬᠤ︾ ᠵᠡᠷᠭᠡ ᠪᠠᠷ | ᠨᠡᠭᠦᠯᠭᠡᠭᠰᠡᠨ ᠣᠯᠠᠨ ᠲᠦᠮᠡᠨ ᠳᠤ ᠦᠨᠡᠨ ᠬᠦ ᠲᠥᠬᠦᠮ ᠦᠵᠡᠭᠦᠯᠬᠦ ᠦᠢᠯᠡᠴᠢᠯᠡᠭᠡ ᠬᠠᠩᠭᠠᠨ᠎ᠠ᠃ ︵ | ᠬᠠᠷᠢᠭᠤᠴᠠᠯᠭᠠᠲᠤ ᠨᠢᠭᠡᠴᠢ᠄ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ | ᠠᠷᠠᠳ ᠤᠨ ᠶᠠᠪᠤᠳᠠᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ︶ | ︵ᠠᠷᠪᠠᠨ ᠲᠠᠪᠤ︶ ᠨᠡᠭᠦᠯᠭᠡᠭᠰᠡᠨ ᠣᠯᠠᠨ ᠲᠦᠮᠡᠨ ᠤ ᠨᠡᠶᠢᠭᠡᠮ ᠲᠣᠭᠤᠷᠢᠭ ᠲᠤ ᠠᠭᠤᠰᠤᠯᠴᠠᠬᠤ ᠶᠢ | ᠠᠬᠢᠭᠤᠯᠤᠨ᠎ᠠ᠃ ᠲᠥᠪᠬᠢᠨᠡᠭᠦᠯᠬᠦ ᠨᠡᠶᠢᠭᠡᠮ ᠲᠣᠭᠤᠷᠢᠭ ᠲᠤ ᠲᠥᠪᠬᠢᠨᠡᠭᠦᠯᠬᠦ ᠨᠡᠶᠢᠭᠡᠮ ᠲᠣᠭᠤᠷᠢᠭ ᠤᠨ ᠣᠶᠤᠨ ᠤ | ᠪᠣᠯᠪᠠᠰᠤᠨ ᠤ ᠪᠠᠶᠢᠭᠤᠯᠤᠯᠲᠠ᠂ ᠰᠣᠶᠣᠯ ᠪᠡᠶ᠎ᠡ ᠶᠢᠨ ᠲᠠᠮᠢᠷ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠡᠷᠭᠡ | ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠵᠦ᠂ ᠪᠣᠯᠪᠠᠰᠤᠨ ᠬᠡᠷ ᠪᠦᠯᠢ ᠶᠢ ᠡᠭᠦᠳᠦᠨ ᠪᠠᠶᠢᠭᠤᠯᠬᠤ᠂ | ᠬᠥᠳᠡᠯᠮᠦᠷᠢ ᠶᠢᠨ ᠵᠢᠱᠢᠶᠡᠴᠢ ᠶᠢ ᠠᠳᠠᠯᠢᠳᠬᠠᠨ ᠰᠢᠯᠭᠠᠷᠠᠭᠤᠯᠬᠤ᠂ ᠪᠣᠯᠪᠠᠰᠤᠨ ᠦᠢᠯᠡᠳᠦᠯᠭᠡ ᠪᠠᠷ ᠳᠡᠮᠵᠢᠨ | ᠦᠢᠯᠡᠴᠢᠯᠡᠬᠦ ᠵᠡᠷᠭᠡ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ | ᠦᠵᠡᠯᠲᠡ ᠪᠠ ᠨᠠᠰᠤᠲᠠᠨ ᠢᠶᠠᠨ ᠠᠴᠢᠯᠠᠵᠤ ᠲᠥᠷᠥᠯ ᠰᠠᠳᠤᠨ ᠢᠶᠠᠨ ᠬᠠᠶᠢᠷᠠᠯᠠᠬᠤ᠂ ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠬᠤ᠂ ᠥᠪᠡᠷ ᠢ ᠪᠠᠨ ᠬᠦᠴᠦᠷᠬᠡᠭᠵᠢᠭᠦᠯᠬᠦ ᠦᠨᠡᠨᠴᠢ ᠢᠲᠡᠭᠡᠮᠵᠢᠲᠡᠶ ᠪᠠᠶᠢᠬᠤ᠂ ᠶᠣᠰᠣ ᠰᠤᠷᠲᠠᠬᠤᠨ ᠢ | ᠳᠡᠭᠡᠳᠦᠯᠡᠨ ᠪᠤᠶᠠᠨ ᠦᠢᠯᠡᠳᠬᠦ ᠵᠡᠷᠭᠡ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠠᠶᠢᠨ ᠰᠠᠶᠢᠬᠠᠨ ᠶᠣᠰᠣ ᠮᠣᠷᠠᠯ ᠢ | ᠶᠡᠬᠡᠪᠡᠷ ᠪᠠᠳᠠᠷᠠᠭᠤᠯᠵᠤ᠂ ᠨᠡᠶᠢᠭᠡᠮ ᠤᠨ ᠲᠤᠰᠬᠠᠶ ᠦᠢᠯᠡᠴᠢᠯᠡᠭᠡ᠂ ᠰᠡᠳᠬᠢᠴᠡ ᠶᠢᠨ ᠵᠥᠪᠯᠡᠯᠭᠡ ᠥᠭᠬᠦ ᠵᠡᠷᠭᠡ | ᠠᠵᠢᠯ ᠢ ᠰᠠᠶᠢᠲᠤᠷ ᠬᠢᠵᠦ᠂ ᠨᠡᠭᠦᠯᠭᠡᠭᠰᠡᠨ ᠣᠯᠠᠨ ᠲᠦᠮᠡᠨ ᠤ ᠰᠢᠨ᠎ᠡ ᠣᠷᠴᠢᠨ ᠲᠣᠭᠤᠷᠢᠨ ᠳᠤ ᠵᠣᠬᠢᠴᠠᠬᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ᠳᠤᠮᠳᠠᠳᠤ ᠶᠢᠨ ᠤᠯᠠᠮᠵᠢᠯᠠᠯᠲᠤ ᠪᠠᠶᠠᠷ ᠳᠤᠷᠠᠰᠬᠠᠯ ᠤᠨ ᠡᠳᠦᠷ᠂ ᠴᠢᠬᠤᠯᠠ | ᠪᠠᠶᠠᠷ ᠳᠤᠷᠠᠰᠬᠠᠯ ᠤᠨ ᠡᠳᠦᠷ᠂ ᠴᠥᠭᠡᠨ ᠲᠣᠭᠠᠲᠤ ᠦᠨᠳᠦᠰᠦᠲᠡᠨ ᠤ ᠣᠨᠴᠠᠯᠢᠭ ᠲᠠᠢ ᠪᠠᠶᠠᠷ ᠳᠤᠷᠠᠰᠬᠠᠯ ᠤᠨ ᠡᠳᠦᠷ | ᠵᠡᠷᠭᠡ ᠪᠠᠶᠠᠷ ᠳᠤᠷᠠᠰᠬᠠᠯ ᠤᠨ ᠠᠵᠢᠯᠯᠠᠭ᠎ᠠ ᠲᠠᠢ ᠤᠶᠠᠯᠳᠤᠭᠤᠯᠤᠨ᠂ ᠠᠭᠤᠳᠠᠮ ᠲᠠᠯᠠᠪᠠᠶ ᠶᠢᠨ ᠪᠥᠵᠢᠭ ᠵᠡᠷᠭᠡ | ᠰᠣᠶᠣᠯ ᠤᠨ ᠠᠵᠢᠯᠯᠠᠭ᠎ᠠ ᠶᠢᠨ ᠡᠷᠡᠭᠦᠯ᠂ ᠵᠢᠷᠤᠮᠵᠢᠯ ᠲᠠᠢ᠂ ᠡᠮᠬᠢ ᠵᠢᠷᠤᠮ ᠲᠠᠢ ᠬᠥᠭᠵᠢᠯᠲᠡ ᠶᠢ ᠠᠬᠢᠭᠤᠯᠵᠤ᠂ | ᠨᠡᠭᠦᠭᠰᠡᠨ ᠣᠯᠠᠨ ᠲᠦᠮᠡᠨ ᠬᠢᠭᠡᠳ ᠰᠠᠭᠤᠭ᠎ᠠ ᠭᠠᠵᠠᠷ ᠤᠨ ᠰᠠᠭᠤᠭᠠᠯᠢ ᠠᠷᠠᠳ ᠤᠨ ᠬᠤᠭᠤᠷᠣᠨᠳᠣᠬᠢ ᠬᠠᠷᠢᠯᠴᠠᠭ᠎ᠠ᠂ | ᠬᠠᠶᠢᠷ᠎ᠠ ᠰᠡᠳᠬᠢᠯᠭᠡ ᠶᠢᠨ ᠠᠭᠤᠰᠤᠯᠴᠠᠯ ᠵᠡᠷᠭᠡ ᠲᠠᠯ᠎ᠠ ᠶᠢᠨ ᠠᠭᠤᠰᠤᠯᠴᠠᠯ ᠢ ᠬᠥᠲᠥᠯᠦᠨ ᠵᠢᠯᠣᠭᠤᠳᠬᠤ ᠪᠠ | ᠠᠬᠢᠭᠤᠯᠵᠤ᠂ ᠨᠡᠭᠦᠭᠰᠡᠨ ᠣᠯᠠᠨ ᠲᠦᠮᠡᠨ ᠤ ᠨᠡᠭᠦᠭᠰᠡᠨ ᠭᠠᠵᠠᠷ ᠤᠨ ᠰᠠᠭᠤᠭᠠᠯᠢ ᠠᠷᠠᠳ ᠲᠠᠢ ᠠᠳᠠᠯᠢ ᠲᠡᠭᠰᠢ | ᠬᠠᠷᠠᠭᠠᠯᠵᠠᠯ ᠭᠥᠷᠳᠡᠬᠦ ᠶᠢ ᠪᠠᠲᠤᠯᠠᠵᠤ᠂ ᠨᠡᠭᠦᠭᠰᠡᠨ ᠣᠯᠠᠨ ᠲᠦᠮᠡᠨ ᠤ ᠬᠠᠷᠢᠶᠠᠯᠠᠭᠳᠠᠬᠤ ᠰᠡᠳᠬᠢᠯᠭᠡ᠂ ᠮᠡᠳᠡᠷᠡᠬᠦ | ᠰᠡᠳᠬᠢᠯᠭᠡ ᠪᠠ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠬᠠᠤᠯᠢ ᠪᠠᠷ ᠵᠠᠰᠠᠬᠤ | ᠤᠬᠠᠭᠤᠯᠭ᠎ᠠ ᠬᠥᠮᠦᠵᠢᠯ ᠢ ᠠᠬᠢᠭᠤᠯᠵᠤ᠂ ᠨᠡᠭᠦᠯᠭᠡᠭᠰᠡᠨ ᠤᠯᠠᠨ ᠲᠦᠮᠡᠨ ᠢ ᠬᠥᠲᠥᠯᠥᠨ ᠵᠢᠯᠣᠭᠤᠳᠴᠤ ᠬᠠᠤᠯᠢ ᠪᠠᠷ | ᠵᠠᠰᠠᠬᠤ ᠦᠵᠡᠯᠲᠡ ᠶᠢ ᠨᠢ ᠴᠢᠩᠭᠠᠷᠠᠭᠤᠯᠵᠤ᠂ ᠨᠡᠶᠢᠭᠡᠮ ᠤᠨ ᠬᠠᠷᠢᠭᠤᠴᠠᠯᠭ᠎ᠠ ᠶᠢᠨ ᠤᠬᠠᠮᠰᠠᠷ᠂ ᠲᠦᠷᠢᠮ ᠤᠨ | ᠤᠬᠠᠮᠰᠠᠷ᠂ ᠬᠠᠮᠲᠤ ᠶᠢᠨ ᠴᠣᠭᠴᠠ ᠶᠢᠨ ᠤᠬᠠᠮᠰᠠᠷ ᠢ ᠨᠢ ᠴᠢᠩᠭᠠᠷᠠᠭᠤᠯᠵᠤ᠂ ᠭᠤᠮᠣᠳᠠᠯ ᠱᠠᠭᠠᠷᠳᠠᠯᠭ᠎ᠠ ᠪᠠᠨ ᠬᠠᠤᠯᠢ | ᠶᠣᠰᠣᠭᠠᠷ ᠣᠶᠤᠨᠴᠢ ᠪᠠᠷ ᠢᠯᠡᠳᠬᠡᠨ᠎ᠡ᠃ ᠵᠠᠩ ᠳᠠᠳᠬᠠᠯ ᠢ ᠦᠭᠡᠷᠡᠴᠢᠯᠡᠵᠦ ᠰᠢᠨᠵᠢᠯᠡᠬᠦ ᠤᠬᠠᠭᠠᠨ ᠤ | ᠲᠦᠭᠡᠮᠡᠯᠵᠢᠭᠦᠯᠦᠯᠲᠡ ᠶᠢ ᠶᠡᠬᠡᠪᠡᠷ ᠠᠬᠢᠭᠤᠯᠵᠤ᠂ ᠨᠡᠭᠦᠭᠰᠡᠨ ᠣᠯᠠᠨ ᠲᠦᠮᠡᠨ ᠢ ᠬᠥᠲᠥᠯᠦᠨ ᠵᠢᠯᠣᠭᠤᠳᠴᠤ ᠬᠤᠷᠢᠮ | ᠪᠡᠯᠪᠡᠰᠦᠷᠡᠯ ᠤᠨ ᠪᠠᠶᠠᠷ ᠨᠠᠶᠢᠷ ᠢ ᠶᠡᠭᠡ ᠪᠠᠷ ᠡᠷᠭᠢᠯᠡᠬᠦ ᠵᠢᠴᠢ ᠱᠠᠯᠢᠨ ᠪᠦᠷᠢᠯᠭᠡᠬᠦ᠂ ᠳᠦᠭᠦᠮᠬᠡᠨ ᠠᠰᠠᠷᠠᠵᠤ ᠬᠦᠨᠳᠦ ᠪᠠᠷ | ᠣᠷᠣᠰᠢᠭᠤᠯᠬᠤ᠂ ᠠᠲᠠᠭᠠᠷᠬᠠᠨ ᠭᠠᠶᠢᠬᠠᠭᠤᠯᠬᠤ᠂ ᠵᠣᠭᠤᠰ ᠨᠠᠭᠠᠳᠴᠤ ᠠᠷᠢᠬᠢ ᠤᠤᠭᠤᠬᠤ ᠵᠡᠷᠭᠡ ᠮᠠᠭᠤ ᠰᠤᠷᠲᠠᠯ ᠢ | ᠡᠰᠡᠷᠭᠦᠴᠡᠨ ᠬᠤᠷᠢᠭᠯᠠᠵᠤ᠂ ᠡᠷᠡᠭᠦᠯ ᠰᠠᠷᠠᠭᠤᠯ ᠠᠮᠢᠳᠤᠷᠠᠯ ᠤᠨ ᠦᠵᠡᠯᠲᠡ ᠪᠠ ᠰᠢᠨᠵᠢᠯᠡᠬᠦ ᠤᠬᠠᠭᠠᠨᠴᠢ | ᠠᠮᠢᠳᠤᠷᠠᠯ ᠤᠨ ᠠᠷᠭ᠎ᠠ ᠮᠠᠶ᠋ᠢᠭ ᠢ ᠪᠣᠶ ᠪᠣᠯᠭᠠᠨ᠎ᠠ᠃ ᠲᠥᠪᠬᠢᠨᠡᠭᠦᠯᠬᠦ ᠨᠡᠶᠢᠭᠡᠮ ᠲᠣᠭᠤᠷᠢᠭ ᠲᠤ ᠤᠯᠤᠰ ᠤᠨ ᠨᠡᠶᠢᠳᠡᠮ | ᠬᠡᠷᠡᠭᠯᠡᠬᠦ ᠦᠭᠡ ᠬᠡᠯᠡ ᠦᠰᠦᠭ ᠪᠢᠴᠢᠭ ᠢ ᠶᠡᠭᠡ ᠪᠠᠷ ᠳᠡᠯᠭᠡᠷᠡᠭᠦᠯᠦᠨ ᠬᠡᠷᠡᠭᠯᠡᠵᠦ᠂ ᠰᠣᠯᠢᠯᠴᠠᠨ ᠠᠭᠤᠰᠤᠯᠴᠠᠭᠰᠠᠨ | ᠨᠡᠶᠢᠭᠡᠮ ᠲᠣᠭᠤᠷᠢᠭ ᠤᠨ ᠣᠷᠴᠢᠨ ᠨᠥᠬᠦᠴᠡᠯ ᠢ ᠪᠠᠶᠢᠭᠤᠯᠬᠤ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠡᠶ᠎ᠡ | ᠨᠠᠶᠢᠷᠲᠠᠶ ᠨᠢᠭᠡ ᠭᠡᠷ ᠤᠨ ᠬᠥᠮᠦᠨ ᠮᠡᠲᠦ ᠳᠣᠲᠣᠨᠣ ᠪᠠᠶᠢᠬᠤ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ | ᠬᠤᠲᠠ ᠶᠢᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ | ᠰᠤᠷᠭᠠᠨ ᠬᠥᠮᠦᠵᠢᠯ ᠤᠨ ᠲᠣᠪᠴᠢᠶ᠎ᠠ︶ | ᠵᠢᠷᠭᠤᠭ᠎ᠠ᠂ ᠲᠥᠪᠬᠢᠨᠡᠭᠦᠯᠬᠦ ᠣᠷᠣᠨ ᠤ ᠢᠵᠢ ᠪᠥᠷᠢᠳᠦᠭᠦᠯᠬᠦ ᠲᠦᠭᠦᠬᠡᠷᠦᠮᠵᠢ ᠶᠢ ᠬᠦᠴᠦᠯᠡᠨ | ᠲᠡᠭᠦᠯᠳᠡᠷᠵᠢᠭᠦᠯᠵᠦ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ | ︵ᠠᠷᠪᠠᠨ ᠵᠢᠷᠭᠤᠭ᠎ᠠ︶ ᠨᠡᠭᠦᠯᠭᠡᠭᠰᠡᠨ ᠣᠯᠠᠨ ᠲᠦᠮᠡᠨ ᠤ ᠠᠮᠢᠳᠤᠷᠠᠯ ᠤᠨ ᠬᠢᠷᠢ ᠲᠦᠪᠰᠢᠨ ᠪᠠ | ᠦᠷᠭᠦᠯᠵᠢᠯᠡᠨ ᠬᠥᠭᠵᠢᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠳᠤᠲᠠᠭᠤᠳᠠᠯ ᠢ ᠨᠥᠬᠦᠪᠥᠷᠢᠯᠡᠵᠦ᠂ ᠬᠤᠳᠠ | ᠪᠠᠯᠭᠠᠰᠤᠨ ᠤ ᠲᠥᠪᠬᠢᠨᠡᠭᠦᠯᠬᠦ ᠲᠣᠭᠤᠷᠢᠭ ᠤᠨ ᠰᠠᠭᠤᠷᠢ ᠲᠥᠬᠦᠭᠡᠷᠦᠮᠵᠢ ᠪᠣᠯᠤᠨ ᠤᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡᠨ ᠤ ᠲᠥᠬᠦᠭᠡᠷᠦᠮᠵᠢ ᠶᠢ ᠨᠢᠭᠡ ᠴᠤᠭᠴᠠᠵᠢᠭᠤᠯᠤᠨ ᠲᠥᠯᠥᠪᠵᠢᠭᠦᠯᠵᠦ᠂ ᠳᠤᠲᠠᠭᠤᠳᠠᠯ ᠢ ᠨᠥᠬᠦᠪᠥᠷᠢᠯᠡᠵᠦ | ᠂ ᠲᠥᠪᠬᠢᠨᠡᠭᠦᠯᠬᠦ ᠲᠣᠭᠤᠷᠢᠭ ᠤᠨ ᠡᠷᠬᠢᠨ ᠲᠣᠭᠤᠷᠢᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ | ᠲᠥᠬᠦᠭᠡᠷᠦᠮᠵᠢ᠂ ᠬᠤᠳᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠲᠥᠬᠦᠭᠡᠷᠦᠮᠵᠢ᠂ ᠤᠯᠠᠨ ᠨᠡᠶᠢᠲᠡ ᠶᠢᠨ | ᠦᠢᠯᠡᠴᠢᠯᠡᠭᠡᠨ ᠤ ᠲᠥᠬᠦᠭᠡᠷᠦᠮᠵᠢ᠂ ᠠᠵᠤ ᠦᠢᠯᠡᠰ ᠤᠨ ᠲᠠᠪᠴᠠᠩ ᠤᠨ ᠢᠵᠢ ᠪᠦᠷᠢᠳᠦᠭᠦᠯᠬᠦ ᠲᠥᠬᠦᠭᠡᠷᠦᠮᠵᠢ ᠶᠢᠨ | ᠲᠡᠰ ᠳᠡᠪᠰᠢᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ᠃ ᠲᠣᠮᠣ ᠳᠤᠮᠳᠠ ᠬᠡᠯᠪᠡᠷᠢ ᠶᠢᠨ ᠲᠥᠪᠬᠢᠨᠡᠭᠦᠯᠬᠦ | ᠲᠣᠭᠤᠷᠢᠭ ᠤᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢᠨ ᠰᠢᠨ᠎ᠡ ᠱᠠᠲᠤ | ᠳᠠᠶᠢᠰᠢ ᠰᠢᠯᠵᠢᠬᠦ ᠬᠥᠭᠵᠢᠯᠲᠡ ᠶᠢᠨ ᠱᠠᠭᠠᠷᠳᠠᠯᠭ᠎ᠠ ᠳᠤ ᠵᠣᠬᠢᠴᠠᠭᠤᠯᠤᠨ᠂ ᠨᠡᠭᠦᠯᠭᠡᠭᠰᠡᠨ ᠣᠯᠠᠨ ᠲᠦᠮᠡᠨ ᠢ | ᠬᠤᠲᠠ ᠶᠢᠨ ᠠᠷᠠᠳ ᠪᠣᠯᠭᠠᠬᠤ ᠠᠬᠢᠴᠠ ᠶᠢ ᠲᠦᠷᠭᠡᠳᠬᠡᠨ ᠠᠬᠢᠭᠤᠯᠵᠤ᠂ ᠠᠵᠤ ᠦᠢᠯᠡᠰ ᠤᠨ ᠠᠵᠢᠯ | ᠣᠯᠭᠤᠯᠲᠠ ᠶᠢᠨ ᠲᠤᠯᠭᠠᠭᠤᠷᠢᠯᠠᠯ ᠢ ᠴᠢᠩᠭᠠᠷᠠᠭᠤᠯᠤᠨ᠂ ᠨᠡᠭᠦᠯᠭᠡᠭᠰᠡᠨ ᠣᠯᠠᠨ ᠲᠦᠮᠡᠨ ᠢ ᠬᠠᠪᠰᠤᠷᠤᠨ | ᠲᠣᠭᠲᠠᠭᠤᠨ ᠢᠶᠠᠷ ᠬᠥᠭᠵᠢᠬᠦ ᠠᠰᠠᠭᠤᠳᠠᠯ ᠢ ᠨᠢ ᠲᠦᠷᠭᠡᠬᠡᠨ ᠰᠢᠢᠳᠪᠦᠷᠢᠯᠡᠵᠦ᠂ ᠰᠢᠨ᠎ᠡ ᠣᠷᠴᠢᠨ ᠲᠣᠭᠤᠷᠢᠨ ᠳᠤ | ᠵᠣᠬᠢᠴᠠᠭᠤᠯᠤᠨ᠂ ᠰᠢᠨ᠎ᠡ ᠨᠡᠶᠢᠭᠡᠮ ᠲᠣᠭᠤᠷᠢᠭ ᠲᠤ ᠠᠭᠤᠰᠤᠯᠴᠠᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ | ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ | ︵ᠠᠷᠪᠠᠨ ᠳᠣᠯᠤᠭ᠎ᠠ︶ ᠲᠥᠪᠬᠢᠨᠡᠭᠦᠯᠬᠦ ᠲᠣᠭᠤᠷᠢᠭ ᠤᠨ ᠢᠵᠢ ᠪᠥᠷᠢᠳᠦᠭᠦᠯᠬᠦ ᠰᠠᠭᠤᠷᠢ | ᠲᠦᠬᠦᠭᠡᠷᠦᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠬᠤᠲᠠ ᠪᠠᠯᠭᠠᠰᠤᠨ ᠤ ᠲᠥᠪᠬᠢᠨᠡᠭᠦᠯᠬᠦ | ᠲᠣᠭᠤᠷᠢᠭ ᠤᠨ ᠤᠰᠤ ᠬᠠᠩᠭᠠᠬᠤ ᠤᠰᠤ ᠵᠠᠯᠠᠬᠤ ᠬᠤᠭᠤᠯᠠᠶ ᠶᠢᠨ ᠲᠣᠤᠷ᠂ ᠬᠤᠭ ᠨᠣᠪᠰᠢ ᠪᠣᠬᠢᠷ ᠤᠰᠤ ᠶᠢ | ᠰᠢᠢᠳᠪᠦᠷᠢᠯᠡᠬᠦ᠂ ᠬᠡᠶ ᠬᠠᠩᠭᠠᠵᠤ ᠢᠯᠴᠢ ᠬᠠᠩᠭᠠᠬᠤ ᠵᠡᠷᠭᠡ ᠲᠦᠬᠦᠭᠡᠷᠦᠮᠵᠢ ᠶᠢ ᠲᠠᠰ ᠳᠡᠪᠰᠢᠭᠦᠯᠬᠦ ᠶᠢ ᠳᠡᠮᠵᠢᠵᠦ᠂ | ᠴᠠᠬᠢᠯᠭᠠᠨ ᠲᠣᠤᠷ ᠤᠨ ᠪᠠᠭᠲᠠᠭᠠᠮᠵᠢ ᠶᠢ ᠨᠡᠮᠡᠭᠳᠡᠭᠦᠯᠬᠦ ᠥᠭᠡᠷᠡᠴᠢᠯᠡᠯᠲᠡ᠂ ᠰᠦᠯᠵᠢᠶᠡᠨ ᠤ ᠪᠦᠷᠬᠦᠴᠡ ᠶᠢᠨ ᠪᠥᠲᠥᠭᠡᠨ | ᠪᠠᠶᠢᠭᠤᠯᠤᠯᠲᠠ ᠶᠢ ᠲᠦᠷᠭᠡᠳᠬᠡᠨ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠵᠠᠮ ᠲᠣᠤᠷ ᠤᠨ | ᠲᠠᠰ ᠵᠡᠷᠭᠡ ᠶᠢ ᠳᠡᠭᠡᠭᠰᠢᠯᠡᠭᠦᠯᠵᠦ᠂ ︽ᠮᠤᠬᠤᠷ ᠵᠠᠮ︾ ᠢ ᠵᠠᠰᠠᠨ ᠨᠡᠪᠲᠡᠷᠡᠭᠦᠯᠵᠦ᠂ ᠲᠥᠪᠬᠢᠨᠡᠭᠦᠯᠬᠦ ᠲᠣᠭᠤᠷᠢᠭ | ᠬᠢᠭᠡᠳ ᠭᠠᠳᠠᠨᠠᠬᠢ ᠲᠠᠢ ᠬᠠᠷᠢᠯᠴᠠᠬᠤ ᠱᠤᠭᠤᠮ ᠤᠨ ᠨᠠᠩ ᠳᠥᠭᠦᠮ ᠳᠥᠲᠡ ᠬᠠᠷᠢᠯᠴᠠᠨ ᠬᠤᠯᠪᠣᠭᠠᠯᠠᠵᠤ ᠬᠠᠷᠢᠯᠴᠠᠨ | ᠨᠡᠪᠲᠡᠷᠡᠯᠴᠡᠬᠦ ᠶᠢ ᠪᠡᠶᠡᠯᠡᠭᠦᠯᠦᠨ᠎ᠡ᠃ ᠬᠥᠳᠡᠭᠡ ᠲᠣᠰᠬᠤᠨ ᠤ ᠲᠥᠪᠬᠢᠨᠡᠭᠦᠯᠬᠦ ᠲᠣᠭᠤᠷᠢᠭ ᠤᠨ ᠤᠰᠤ᠂ ᠴᠠᠬᠢᠯᠭᠠᠨ᠂ | ᠵᠠᠮ᠂ ᠬᠡᠢ᠂ ᠮᠡᠳᠡᠭᠡ ᠬᠤᠯᠪᠣᠭ᠎ᠠ ᠵᠡᠷᠭᠡ ᠢᠵᠢ ᠪᠦᠷᠢᠳᠦᠭᠦᠯᠬᠦ ᠰᠠᠭᠤᠷᠢ ᠲᠥᠬᠦᠭᠡᠷᠦᠮᠵᠢ ᠶᠢ ᠬᠥᠳᠡᠭᠡ ᠲᠣᠰᠬᠤᠨ ᠤ | ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠳᠤ ᠣᠷᠣᠭᠤᠯᠤᠨ ᠨᠢᠭᠡᠳᠦᠯᠲᠡᠶ ᠲᠥᠯᠥᠪᠵᠢᠭᠦᠯᠵᠦ᠂ ᠨᠢᠭᠡᠳᠦᠯᠲᠡᠶ | ᠪᠦᠲᠦᠭᠡᠨ ᠪᠠᠶᠢᠭᠤᠯᠤᠨ᠎ᠠ᠃ ︽ᠳᠥᠷᠪᠡᠨ ᠰᠠᠶᠢᠲᠠᠶ ᠬᠥᠳᠡᠭᠡ ᠲᠣᠰᠬᠤᠨ ᠤ ᠵᠠᠮ︾ ᠤᠨ ᠪᠥᠲᠥᠭᠡᠨ | ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠠᠵᠤ ᠦᠢᠯᠡᠰ ᠤᠨ ᠵᠠᠮ᠂ | ᠵᠤᠭᠠᠴᠠᠯ ᠤᠨ ᠵᠠᠮ᠂ ᠰᠦᠯᠵᠢᠶᠡᠨ ᠱᠣᠭᠤᠮ ᠤᠨ ᠪᠥᠲᠥᠭᠡᠨ ᠪᠠᠶᠢᠭᠤᠯᠤᠯᠲᠠ ᠶᠢ ᠳᠡᠮᠵᠢᠨ᠎ᠡ᠃ ᠮᠠᠯᠵᠢᠬᠤ ᠲᠠᠷᠢᠶᠠᠯᠠᠬᠤ | ᠣᠷᠣᠨ ᠤ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ | ᠠᠵᠢᠯᠯᠠᠭ᠎ᠠ ᠶᠢ ᠬᠡᠷᠡᠭᠵᠢᠭᠦᠯᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠵᠣᠷᠯᠣᠩ ᠤᠨ | ᠬᠤᠪᠢᠰᠬᠠᠯ᠂ ᠠᠮᠢᠳᠤᠷᠠᠯ ᠤᠨ ᠬᠤᠭ ᠨᠣᠪᠰᠢ ᠪᠠ ᠪᠣᠬᠢᠷ ᠤᠰᠤ ᠶᠢ ᠵᠠᠰᠠᠬᠤ᠂ ᠬᠠᠷᠰᠢ ᠰᠠᠭᠠᠳ ᠥᠬᠡᠶ ᠣᠷᠴᠢᠨ | ᠲᠣᠭᠤᠷᠢᠨ ᠤ ᠪᠥᠲᠥᠭᠡᠨ ᠪᠠᠶᠢᠭᠤᠯᠤᠯᠲᠠ᠂ ᠭᠠᠴᠠᠭ᠎ᠠ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ ᠶᠢ | ᠠᠬᠢᠭᠤᠯᠤᠨ᠎ᠠ᠃ ᠲᠥᠪᠬᠢᠨᠡᠭᠦᠯᠬᠦ ᠲᠣᠭᠤᠷᠢᠭ ᠤᠨ ᠨᠢᠭᠡᠨᠲᠡ ᠪᠠᠶᠢᠭᠤᠯᠤᠭᠰᠠᠨ ᠢᠵᠢ ᠪᠥᠷᠢᠳᠦᠭᠰᠡᠨ ᠰᠠᠭᠤᠷᠢ | ᠲᠦᠬᠦᠭᠡᠷᠦᠮᠵᠢ ᠶᠢ ᠨᠡᠭᠦᠯᠭᠡᠨ ᠣᠷᠣᠭᠤᠯᠬᠤ ᠭᠠᠵᠠᠷ ᠲᠤ ᠣᠷᠣᠭᠤᠯᠤᠨ ᠨᠢᠭᠡᠳᠦᠯᠲᠡᠶ ᠬᠠᠮᠢᠶᠠᠷᠴᠤ᠂ ᠬᠠᠮᠠᠭᠠᠯᠠᠨ | ᠬᠠᠮᠢᠶᠠᠷᠬᠤ ᠬᠠᠷᠢᠭᠤᠴᠠᠯᠭ᠎ᠠ ᠪᠠ ᠵᠠᠷᠤᠳᠠᠯ ᠤᠨ ᠪᠠᠲᠤᠯᠠᠭ᠎ᠠ ᠶᠢ ᠨᠠᠶᠢᠳᠠᠪᠤᠷᠢᠵᠢᠭᠤᠯᠤᠨ᠂ ᠰᠠᠭᠤᠷᠢ ᠲᠦᠬᠦᠭᠡᠷᠦᠮᠵᠢ ᠶᠢ | ᠰᠠᠶᠢᠲᠤᠷ ᠬᠠᠮᠢᠶᠠᠷᠴᠤ ᠰᠠᠶᠢᠲᠤᠷ ᠬᠡᠷᠡᠭᠯᠡᠬᠦ ᠶᠢ ᠦᠨᠡᠨ ᠬᠦ ᠪᠠᠲᠤᠯᠠᠨ᠎ᠠ᠃ ︵ᠬᠠᠷᠢᠭᠤᠴᠠᠯᠭᠠᠲᠤ ᠨᠢᠭᠡᠴᠢ᠄ | ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠮ ᠲᠡᠭᠡᠭᠡᠪᠦᠷᠢ ᠶᠢᠨ ᠲᠣᠪᠴᠢᠶ᠎ᠠ᠂ | ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠲᠣᠪᠴᠢᠶ᠎ᠠ᠂ ᠴᠧᠩ ᠽᠧ ᠤᠰᠤᠨ ᠤ ᠶᠠᠪᠤᠳᠠᠯ ᠤᠨ ᠺᠣᠮᠫᠠᠨᠢ︶ | ︵ᠠᠷᠪᠠᠨ ᠨᠠᠢᠮᠠ︶ ᠲᠥᠪᠬᠢᠨᠡᠭᠦᠯᠬᠦ ᠲᠣᠭᠤᠷᠢᠭ ᠤᠨ ᠣᠯᠠᠨ ᠨᠡᠶᠢᠲᠡ ᠶᠢᠨ ᠦᠢᠯᠡᠴᠢᠯᠡᠭᠡᠨ ᠤ | ᠲᠦᠬᠦᠭᠡᠷᠦᠮᠵᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠲᠥᠪᠬᠢᠨᠡᠭᠦᠯᠬᠦ ᠲᠣᠭᠤᠷᠢᠭ ᠤᠨ ᠬᠥᠮᠦᠨ ᠠᠮᠠ ᠶᠢᠨ | ᠬᠡᠪᠴᠢᠶ᠎ᠡ ᠬᠢᠭᠡᠳ ᠨᠡᠭᠦᠵᠦ ᠣᠷᠣᠬᠤ ᠲᠣᠭᠤᠷᠢᠭ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ | ᠪᠠᠶᠢᠳᠠᠯ ᠢ ᠶᠡᠷᠦᠩᠬᠡᠶᠢᠯᠡᠨ ᠪᠣᠳᠣᠯᠬᠢᠯᠠᠵᠤ᠂ ᠲᠤᠮᠤ ᠳᠤᠮᠳᠠ ᠬᠡᠯᠪᠡᠷᠢ ᠶᠢᠨ ᠲᠥᠪᠬᠢᠨᠡᠭᠦᠯᠬᠦ ᠲᠣᠭᠤᠷᠢᠭ ᠤᠨ | ᠨᠡᠭᠦᠯᠭᠡᠭᠰᠡᠨ ᠤᠯᠠᠨ ᠲᠦᠮᠡᠨ ᠤ ᠬᠡᠦᠬᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ᠂ ᠡᠮᠨᠡᠯᠭᠡ ᠶᠢᠨ | ᠬᠤᠷᠢᠶ᠎ᠠ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ︵ᠦᠷᠳᠡᠭᠡ︶᠂ | ᠠᠰᠠᠷᠠᠮᠵᠢ ᠶᠢᠨ ᠬᠦᠷᠢᠶᠡᠯᠡᠩ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠤᠯᠠᠨ | ᠨᠡᠶᠢᠲᠡ ᠶᠢᠨ ᠦᠢᠯᠡᠴᠢᠯᠡᠭᠡᠨ ᠤ ᠲᠦᠬᠦᠭᠡᠷᠦᠮᠵᠢ ᠶᠢᠨ ᠲᠠᠯ᠎ᠠ ᠪᠠᠷ ᠬᠢ ᠬᠡᠷᠡᠭᠴᠡᠭᠡ ᠱᠠᠭᠠᠷᠳᠠᠯᠭ᠎ᠠ ᠶᠢ ᠦᠨᠡᠨ ᠬᠦ | ᠬᠠᠩᠭᠠᠨ᠎ᠠ᠃ ᠵᠢᠵᠢᠭ ᠪᠢᠴᠢᠯ ᠬᠡᠯᠪᠡᠷᠢ ᠶᠢᠨ ᠲᠥᠪᠬᠢᠨᠡᠭᠦᠯᠬᠦ ᠲᠣᠭᠤᠷᠢᠭ ᠪᠠ ᠲᠠᠷᠠᠬᠠᠶ ᠪᠤᠲᠠᠷᠬᠠᠶ ᠲᠥᠪᠬᠢᠨᠡᠭᠦᠯᠦᠨ | ᠨᠡᠭᠦᠯᠭᠡᠬᠦ ᠡᠷᠦᠬᠡ ᠶᠢ ᠨᠡᠭᠦᠵᠦ ᠣᠷᠣᠬᠤ ᠣᠷᠣᠨ ᠤ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ | ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ᠂ ᠨᠡᠭᠦᠵᠦ ᠣᠷᠣᠬᠤ ᠲᠣᠭᠤᠷᠢᠭ ᠤᠨ ᠬᠥᠮᠦᠨ ᠠᠮᠠ ᠶᠢᠨ ᠬᠡᠪᠴᠢᠶᠡᠨ | ᠤ ᠬᠤᠪᠢᠷᠠᠯᠲᠠ ᠶᠢ ᠦᠨᠳᠦᠰᠦᠯᠡᠨ᠂ ᠰᠤᠷᠭᠠᠨ ᠬᠥᠮᠦᠵᠢᠯ᠂ ᠡᠮ ᠡᠮᠨᠡᠯᠭᠡ᠂ ᠨᠡᠶᠢᠭᠡᠮ ᠤᠨ ᠠᠰᠠᠷᠠᠮᠵᠢ᠂ ᠨᠠᠰᠤᠵᠢᠯ | ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ ᠲᠦᠬᠦᠭᠡᠷᠦᠮᠵᠢ ᠶᠢᠨ ᠪᠠᠭᠲᠠᠭᠠᠮᠵᠢ ᠶᠢ ᠥᠷᠭᠡᠳᠬᠡᠨ ᠲᠡᠰ | ᠳᠡᠪᠰᠢᠭᠦᠯᠬᠦ ᠶᠢ ᠠᠬᠢᠭᠤᠯᠵᠤ᠂ ᠲᠥᠪᠬᠢᠨᠡᠭᠦᠯᠬᠦ ᠲᠣᠭᠤᠷᠢᠭ ᠤᠨ ᠰᠤᠷᠬᠤ ᠨᠠᠰᠤᠨ ᠤ ᠬᠡᠦᠬᠡᠳ ᠤᠨ ᠤᠢᠢᠷ᠎ᠠ ᠬᠠᠪᠢ | ᠳᠤ ᠪᠠᠨ ᠴᠡᠴᠡᠷᠯᠢᠭ ᠲᠤ ᠣᠷᠣᠬᠤ ᠪᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠳᠤ ᠦᠶ᠎ᠡ ᠳᠤ ᠨᠡᠶᠢᠴᠡᠬᠦ | ᠰᠤᠷᠬᠤ ᠨᠠᠰᠤᠨ ᠤ ᠬᠡᠦᠬᠡᠳ ᠤᠨ ᠤᠢᠢᠷ᠎ᠠ ᠬᠠᠪᠢ ᠳᠤ ᠪᠠᠨ ᠰᠤᠷᠭᠠᠭᠤᠯᠢ ᠳᠤ ᠣᠷᠣᠬᠤ ᠶᠢ ᠦᠨᠡᠨ ᠬᠦ ᠪᠠᠲᠤᠯᠠᠵᠤ᠂ | ᠨᠡᠭᠦᠯᠭᠡᠭᠰᠡᠨ ᠤᠯᠠᠨ ᠲᠦᠮᠡᠨ ᠬᠢᠭᠡᠳ ᠨᠡᠭᠦᠵᠦ ᠣᠷᠣᠬᠤ ᠲᠣᠭᠤᠷᠢᠭ ᠤᠨ ᠤᠯᠠᠨ ᠲᠦᠮᠡᠨ ᠤ ᠤᠯᠠᠨ ᠨᠡᠶᠢᠲᠡ ᠶᠢᠨ | ᠦᠢᠯᠡᠴᠢᠯᠡᠭᠡᠨ ᠤ ᠡᠬᠢ ᠪᠠᠶᠠᠯᠢᠭ ᠢ ᠡᠷᠬᠡ ᠲᠡᠭᠰᠢ ᠪᠠᠷ ᠬᠠᠮᠲᠤᠪᠠᠷ ᠡᠳ᠋ᠯᠡᠬᠦ ᠶᠢ ᠦᠨᠡᠨ ᠬᠦ ᠪᠠᠲᠤᠯᠠᠨ᠎ᠠ᠃ | ᠨᠥᠬᠦᠴᠡᠯ ᠲᠠᠢ ᠭᠠᠵᠠᠷ ᠣᠷᠣᠨ ᠨᠤᠭᠤᠳ ᠵᠠᠭᠤᠨ ᠡᠷᠦᠬᠡ ᠪᠦᠷᠢ ᠳᠤ 20 ᠲᠡᠭᠰᠢ ᠳᠥᠷᠪᠡᠯᠵᠢᠨ ᠮᠧᠲᠷ ᠠᠴᠠ | ᠳᠤᠲᠠᠭᠤ ᠥᠬᠡᠶ ᠪᠠᠷᠢᠯᠭ᠎ᠠ ᠶᠢᠨ ᠲᠠᠯᠠᠪᠠᠶ ᠶᠢᠨ ᠪᠠᠷᠢᠮᠵᠢᠶ᠎ᠠ ᠪᠠᠷ ᠨᠠᠰᠤᠵᠢᠯ ᠤᠨ ᠦᠢᠯᠡᠴᠢᠯᠡᠭᠡᠨ ᠤ ᠲᠦᠬᠦᠭᠡᠷᠦᠮᠵᠢ ᠶᠢ | ᠢᠵᠢ ᠪᠥᠷᠢᠳᠦᠭᠦᠯᠦᠨ ᠪᠥᠲᠥᠭᠡᠨ ᠪᠠᠶᠢᠭᠤᠯᠬᠤ ᠶᠢ ᠳᠡᠮᠵᠢᠵᠦ᠂ ᠣᠯᠠᠨ ᠨᠡᠶᠢᠲᠡ ᠶᠢᠨ ᠲᠠᠯᠠᠪᠤᠷ ᠤᠨ ᠬᠠᠷᠰᠢ ᠰᠠᠭᠠᠳ | ᠥᠬᠡᠶ ᠲᠦᠬᠦᠭᠡᠷᠦᠮᠵᠢ ᠶᠢ ᠪᠥᠲᠥᠭᠡᠨ ᠪᠠᠶᠢᠭᠤᠯᠬᠤ ᠪᠠ ᠥᠭᠡᠷᠡᠴᠢᠯᠡᠨ ᠰᠠᠶᠢᠵᠢᠷᠠᠭᠤᠯᠵᠤ᠂ ᠲᠥᠪᠬᠢᠨᠡᠭᠦᠯᠬᠦ ᠲᠣᠭᠤᠷᠢᠭ | ᠤᠨ ᠨᠠᠰᠤᠲᠠᠶᠢᠴᠤᠳ ᠲᠤ ᠬᠠᠷᠢᠯᠴᠠᠨ ᠬᠠᠪᠰᠤᠷᠤᠯᠴᠠᠵᠤ ᠨᠠᠰᠤᠵᠢᠯ ᠤᠨ ᠠᠰᠠᠷᠠᠮᠵᠢ ᠬᠦᠷᠲᠡᠭᠡᠬᠦ᠂ ᠡᠳᠦᠷ | ᠲᠤᠲᠤᠮ ᠤᠨ ᠬᠠᠷᠠᠭᠠᠯᠵᠠᠯ ᠦᠵᠡᠭᠦᠯᠬᠦ᠂ ᠨᠠᠶᠢᠳᠠᠨ ᠠᠰᠠᠷᠠᠭᠤᠯᠵᠤ ᠰᠠᠭᠤᠷᠢᠰᠢᠭᠤᠯᠬᠤ᠂ ᠬᠤᠭᠤᠯᠠ ᠳᠣᠭᠢᠷᠠᠭᠤᠯᠤᠨ | ᠬᠤᠭᠤᠯᠠ ᠬᠦᠷᠭᠡᠬᠦ᠂ ᠬᠡᠷ ᠲᠤᠨᠢ ᠬᠦᠷᠴᠦ ᠰᠤᠪᠢᠯᠠᠬᠤ ᠵᠡᠷᠭᠡ ᠣᠯᠠᠨ ᠶᠠᠩᠵᠤ ᠶᠢᠨ ᠦᠢᠯᠡᠴᠢᠯᠡᠭᠡᠨ ᠬᠠᠩᠭᠠᠨ᠎ᠠ᠃ | ᠥᠨᠥᠴᠢᠨ ᠬᠡᠦᠬᠡᠳ᠂ ᠬᠡᠷᠡᠭ ᠳᠡᠭᠡᠷ᠎ᠡ ᠪᠠᠨ ᠠᠰᠠᠷᠠᠨ ᠲᠡᠵᠢᠭᠡᠬᠦ ᠬᠥᠮᠦᠨ ᠦᠭᠡᠢ ᠬᠡᠦᠬᠡᠳ ᠤᠨ ᠪᠠᠳᠤᠯᠠᠭ᠎ᠠ ᠶᠢᠨ | ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠲᠣᠭᠤᠷᠢᠭ ᠤᠨ ᠠᠳᠠᠯ ᠠᠬᠤᠶ᠂ ᠰᠡᠯᠪᠢᠨ ᠵᠠᠰᠠᠬᠤ᠂ ᠭᠡᠷ ᠤᠨ ᠶᠠᠪᠤᠳᠠᠯ᠂ | ᠢᠳᠡᠭᠡᠨ ᠤᠮᠳᠠᠭᠠᠨ᠂ ᠵᠢᠵᠢᠭᠯᠡᠨ ᠬᠤᠳᠠᠯᠳᠤᠬᠤ᠂ ᠵᠢᠰᠦ ᠭᠤᠶᠣᠯᠠᠬᠤ ᠵᠡᠷᠭᠡ ᠠᠮᠢᠳᠤᠷᠠᠯ ᠤᠨ ᠦᠢᠯᠡᠴᠢᠯᠡᠭᠡᠨ ᠤ | ᠦᠢᠯᠡᠰ ᠤᠨ ᠪᠠᠶᠢᠳᠠᠯ ᠢ ᠵᠣᠷᠢᠭᠵᠢᠭᠤᠯᠤᠨ ᠬᠥᠭᠵᠢᠭᠦᠯᠵᠦ᠂ ᠠᠷᠢᠭᠤᠨ ᠴᠡᠪᠡᠷ᠂ ᠤᠯᠠᠨ ᠨᠡᠶᠢᠲᠡ ᠶᠢᠨ | ᠲᠥᠬᠦᠭᠡᠷᠦᠮᠵᠢ ᠶᠢ ᠬᠠᠮᠠᠭᠠᠯᠠᠬᠤ᠂ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ᠂ ᠡᠭᠡ ᠨᠢᠯᠬᠠᠰ ᠤᠨ | ᠡᠷᠡᠭᠦᠯᠵᠢᠯ ᠤᠨ ᠦᠢᠯᠡᠴᠢᠯᠡᠭᠡ᠂ ᠨᠠᠰᠤᠲᠠᠨ ᠨᠢᠯᠬᠠᠰ ᠢ ᠨᠠᠶᠢᠳᠠᠵᠤ ᠵᠡᠮᠳᠡᠭᠴᠦᠳ ᠢ ᠬᠠᠪᠰᠤᠷᠬᠤ᠂ ᠬᠥᠳᠡᠭᠡ | ᠲᠣᠰᠬᠤᠨ ᠤ ᠲᠦᠷᠭᠡᠨ ᠬᠦᠷᠭᠡᠯᠲᠡ ᠶᠢ ᠬᠤᠷᠢᠶᠠᠵᠤ ᠲᠠᠷᠬᠠᠭᠠᠬᠤ ᠵᠡᠷᠭᠡ ᠠᠷᠠᠳ ᠲᠤ ᠲᠦᠬᠦᠮ ᠦᠵᠡᠭᠦᠯᠬᠦ | ᠦᠢᠯᠡᠴᠢᠯᠡᠭᠡᠨ ᠤ ᠲᠦᠷᠦᠯ ᠤᠨ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ | ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠷᠠᠳ ᠤᠨ | ᠶᠠᠪᠤᠳᠠᠯ ᠤᠨ ᠲᠣᠪᠴᠢᠶ᠎ᠠ︶ | ︵ᠠᠷᠪᠠ ᠶᠢᠰᠦ︶ ᠨᠡᠭᠦᠯᠭᠡᠭᠰᠡᠨ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ | ᠬᠠᠮᠠᠭᠠᠯᠠᠨ᠎ᠠ᠃ ᠨᠡᠭᠦᠯᠭᠡᠭᠰᠡᠨ ᠣᠯᠠᠨ ᠲᠦᠮᠡᠨ ᠤ ᠡᠳ᠋ᠯᠡᠬᠦ ᠨᠡᠭᠦᠵᠦ ᠭᠠᠷᠤᠭᠰᠠᠨ ᠣᠷᠣᠨ ᠤ ᠳᠠᠭᠠᠭᠠᠴᠢᠯᠠᠭᠰᠠᠨ | ᠭᠠᠵᠠᠷ ᠤᠨ ᠠᠭᠤᠯᠠ ᠣᠶᠢᠲᠤ ᠭᠠᠵᠠᠷ ᠤᠨ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠶᠢ ᠰᠡᠷᠭᠦᠭᠡᠬᠦ᠂ ᠣᠶ | ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ᠂ ᠨᠤᠲᠤᠭ ᠪᠡᠯᠴᠢᠭᠡᠷ ᠤᠨ ᠠᠮᠢ ᠠᠬᠤᠶ ᠶᠢᠨ | ᠬᠠᠮᠠᠭᠠᠯᠠᠯᠲᠠ᠂ ᠲᠠᠷᠢᠶᠠᠨ ᠭᠠᠵᠠᠷ ᠤᠨ ᠭᠠᠵᠠᠷ ᠤᠨ ᠬᠦᠴᠦᠨ ᠤ ᠬᠠᠮᠠᠭᠠᠯᠠᠯᠲᠠ ᠵᠡᠷᠭᠡ ᠡᠯ᠎ᠡ ᠵᠦᠢᠯ ᠤᠨ | ᠲᠠᠷᠢᠶᠠᠯᠠᠩ ᠤᠨ ᠨᠥᠬᠦᠪᠥᠷᠢ ᠪᠠ ᠠᠮᠢ ᠠᠬᠤᠶ ᠶᠢᠨ ᠨᠥᠬᠦᠪᠥᠷᠢ ᠵᠡᠷᠭᠡ ᠶᠢ ᠣᠲᠣ ᠶᠢᠨ ᠬᠡᠷᠡᠭᠵᠢᠭᠦᠯᠵᠦ ᠪᠠᠶᠢᠭ᠎ᠠ | ᠲᠥᠷᠥ ᠶᠢᠨ ᠪᠣᠳᠣᠯᠭ᠎ᠠ ᠶᠢᠨ ᠶᠣᠰᠣᠭᠠᠷ ᠬᠡᠷᠡᠭᠵᠢᠭᠦᠯᠦᠨ᠎ᠡ᠃ ᠡᠭᠦᠨ ᠤ ᠬᠠᠮᠲᠤ ᠨᠥᠬᠦᠴᠡᠯ ᠳᠤ ᠨᠡᠶᠢᠴᠡᠬᠦ | ᠬᠦᠴᠢᠷᠳᠡᠯᠲᠡᠶ ᠣᠯᠠᠨ ᠲᠦᠮᠡᠨ ᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ | ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠬᠡᠪᠴᠢᠶᠡᠨ ᠳᠤ ᠣᠷᠣᠭᠤᠯᠵᠤ᠂ ᠣᠷᠣᠯᠭ᠎ᠠ ᠪᠠᠭᠠᠲᠠᠶ | ᠬᠥᠮᠦᠨ ᠠᠮᠠ ᠶᠢ ᠬᠥᠳᠡᠯᠦᠩᠭᠦᠶ ᠪᠠᠷ ᠬᠢᠨᠠᠨ ᠬᠡᠮᠵᠢᠬᠦ ᠲᠣᠭᠲᠠᠴᠠ ᠶᠢ ᠪᠦᠷᠢᠨᠰᠢᠬᠦᠯᠵᠦ᠂ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠦᠨ ᠵᠣᠯᠭᠠᠭᠤᠯᠬᠤ ᠠᠵᠢᠯ ᠢ | ᠰᠠᠶᠢᠲᠤᠷ ᠬᠢᠨ᠎ᠠ᠃ ᠬᠠᠭᠤᠴᠢᠨ ᠭᠡᠷ ᠪᠠᠶᠢᠰᠢᠩ ᠢ ᠨᠤᠷᠠᠭᠠᠵᠤ ᠳᠠᠬᠢᠨ ᠬᠠᠭᠠᠯᠪᠤᠷᠢᠯᠠᠵᠤ ᠳᠠᠬᠢᠨ | ᠨᠣᠭᠤᠭᠠᠷᠠᠭᠤᠯᠤᠭᠰᠠᠨ ᠤ ᠳᠠᠷᠠᠭᠠᠬᠢ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢ ᠬᠠᠤᠯᠢ ᠶᠣᠰᠣᠭᠠᠷ | ᠰᠠᠶᠢᠲᠤᠷ ᠬᠢᠵᠦ᠂ ᠨᠡᠭᠦᠯᠭᠡᠭᠰᠡᠨ ᠣᠯᠠᠨ ᠲᠦᠮᠡᠨ ᠤ ᠬᠠᠤᠯᠢ ᠶᠣᠰᠣᠨ ᠤ ᠭᠠᠵᠠᠷ ᠰᠢᠷᠣᠶ ᠶᠢᠨ ᠡᠷᠬᠡ ᠠᠰᠢᠭ ᠢ ᠦᠨᠡᠨ | ᠬᠦ ᠬᠠᠮᠠᠭᠠᠯᠠᠨ᠎ᠠ᠃ ᠲᠥᠪᠬᠢᠨᠡᠭᠦᠯᠬᠦ ᠣᠷᠣᠨ ᠰᠠᠭᠤᠴᠠ ᠶᠢᠨ ᠲᠦᠷᠦᠯ ᠵᠦᠢᠯ ᠤᠨ ᠭᠠᠷ ᠭᠦᠢᠴᠡᠳᠬᠡᠯ ᠢ ᠲᠦᠷᠭᠡᠬᠡᠨ | ᠲᠡᠭᠦᠯᠳᠡᠷᠵᠢᠭᠦᠯᠵᠦ᠂ ᠦᠯᠦ ᠬᠥᠳᠡᠯᠬᠦ ᠬᠦᠷᠦᠩᠭᠡ ᠶᠢᠨ ᠲᠠᠩᠰᠠᠯᠠᠯᠳᠠ ᠶᠢᠨ ᠮᠠᠲ᠋ᠧᠷᠢᠶᠠᠯ ᠢ ᠵᠢᠷᠤᠮᠵᠢᠭᠤᠯᠤᠨ᠂ | ᠲᠥᠪᠬᠢᠨᠡᠭᠦᠯᠬᠦ ᠣᠷᠣᠨ ᠰᠠᠭᠤᠴᠠ ᠶᠢᠨ ᠦᠯᠦ ᠬᠥᠳᠡᠯᠬᠦ ᠬᠦᠷᠦᠩᠭᠡ ᠶᠢᠨ ᠲᠠᠩᠰᠠᠯᠠᠯᠳᠠ ᠶᠢ ᠲᠦᠷᠭᠡᠪᠴᠢᠯᠡᠨ | ᠪᠡᠶᠡᠯᠡᠭᠦᠯᠵᠦ᠂ ᠦᠯᠦ ᠬᠥᠳᠡᠯᠬᠦ ᠬᠦᠷᠦᠩᠭᠡ ᠶᠢᠨ ᠡᠷᠬᠡ ᠶᠢᠨ ᠦᠨᠡᠮᠯᠡᠯ ᠢ ᠨᠡᠭᠦᠯᠭᠡᠭᠰᠡᠨ ᠤᠯᠠᠨ ᠲᠦᠮᠡᠨ ᠳᠤ | ᠣᠯᠭᠤᠵᠤ᠂ ᠨᠡᠭᠦᠯᠭᠡᠭᠰᠡᠨ ᠤᠯᠠᠨ ᠲᠦᠮᠡᠨ ᠤ ᠲᠥᠪᠬᠢᠨᠡᠭᠦᠯᠬᠦ ᠣᠷᠣᠨ ᠰᠠᠭᠤᠴᠠ ᠶᠢᠨ ᠬᠠᠤᠯᠢ ᠶᠣᠰᠣᠨ ᠤ ᠡᠷᠬᠡ | ᠠᠰᠢᠭ ᠢ ᠪᠠᠲᠤᠯᠠᠨ᠎ᠠ᠃ ᠡᠯ᠎ᠡ ᠪᠠᠯᠭᠠᠰᠤ ︵ᠬᠦᠷᠢᠶᠡᠯᠡᠩ ᠲᠣᠭᠤᠷᠢᠭ︶ ᠨᠢ ᠬᠠᠷᠢᠭᠤᠴᠠᠯᠭᠠᠲᠠᠨ ᠢ ᠲᠣᠳᠣᠷᠬᠠᠶᠢᠯᠠᠵᠤ᠂ | ᠣᠨᠳᠣᠤ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠳᠤ ᠨᠢᠭᠡᠨᠲᠡ ᠦᠨᠡᠮᠯᠡᠯ ᠣᠯᠭᠤᠭᠠᠳ ᠨᠥᠬᠦᠪᠥᠷᠢᠯᠡᠭᠰᠡᠨ ᠥᠬᠡᠶ | ᠡᠯ᠎ᠡ ᠵᠦᠢᠯ ᠤᠨ ᠬᠢᠨᠠᠨ ᠵᠥᠪᠰᠢᠶᠡᠷᠡᠬᠦ ᠭᠠᠷᠳᠠᠮ ᠢ ᠲᠦᠷᠭᠡᠬᠡᠨ ᠲᠡᠭᠦᠯᠳᠡᠷᠵᠢᠭᠦᠯᠵᠦ᠂ ᠣᠯᠭᠤᠭᠰᠠᠨ ᠥᠯᠥ ᠬᠥᠳᠡᠯᠬᠦ | ᠬᠥᠷᠥᠩᠭᠡ ᠶᠢᠨ ᠦᠨᠡᠮᠯᠡᠯ ᠤᠨ ᠬᠠᠤᠯᠢ ᠴᠠᠭᠠᠵᠠ ᠶᠢᠨ ᠲᠣᠭᠲᠠᠭᠠᠯ ᠳᠤ ᠨᠡᠶᠢᠴᠡᠬᠦ ᠶᠢ ᠦᠨᠡᠨ ᠬᠦ ᠪᠠᠲᠤᠯᠠᠨ᠎ᠠ᠃ | ᠲᠥᠪᠬᠢᠨᠡᠭᠦᠯᠬᠦ ᠣᠷᠣᠨ ᠰᠠᠭᠤᠴᠠ ᠶᠢᠨ ᠠᠷᠠᠯᠵᠢᠶᠠᠨ ᠤ ᠬᠢᠵᠠᠭᠠᠷᠯᠠᠬᠤ ᠬᠤᠭᠤᠴᠠᠭ᠎ᠠ ᠶᠢᠨ ᠬᠠᠮᠢᠶ᠎ᠠ ᠪᠥᠬᠦᠶ | ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠲᠥᠪᠬᠢᠨᠡᠭᠦᠯᠬᠦ ᠣᠷᠣᠨ ᠰᠠᠭᠤᠴᠠ ᠲᠦᠷᠢᠶᠡᠰᠦᠯᠡᠭᠦᠯᠬᠦ ᠠᠵᠢᠯᠯᠠᠭ᠎ᠠ ᠶᠢ | ᠵᠢᠷᠤᠮᠵᠢᠭᠤᠯᠤᠨ᠎ᠠ᠃ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠪᠠ ᠪᠠᠲᠤᠯᠠᠭ᠎ᠠ ᠶᠢᠨ ᠴᠢᠨᠠᠷᠲᠠᠶ | ᠲᠦᠷᠢᠶᠡᠰᠦᠨ ᠣᠷᠣᠨ ᠰᠠᠭᠤᠴᠠ ᠶᠢ ᠨᠥᠬᠦᠴᠡᠯ ᠳᠤ ᠨᠡᠶᠢᠴᠡᠬᠦ ᠣᠨᠳᠣᠤ ᠭᠠᠵᠠᠷ ᠲᠤ ᠨᠡᠭᠦᠯᠭᠡᠬᠦ ᠬᠥᠮᠦᠨ ᠠᠮᠠ ᠶᠢᠨ | ᠰᠢᠨ᠎ᠡ ᠪᠠᠷ ᠨᠡᠮᠡᠭᠳᠡᠬᠦ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠬᠤ ᠳᠤ ᠬᠡᠷᠡᠭᠯᠡᠬᠦ ᠲᠥᠷᠥ ᠶᠢᠨ | ᠪᠣᠳᠣᠯᠭ᠎ᠠ ᠶᠢ ᠰᠦᠪᠡᠭᠴᠢᠯᠡᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠠᠷᠢᠶᠠᠯᠠᠩ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠡᠯ᠎ᠡ | ᠪᠠᠯᠭᠠᠰᠤ᠂ ᠬᠦᠷᠢᠶᠡᠯᠡᠩ ᠲᠣᠭᠤᠷᠢᠭ︶ | ︵ᠬᠤᠷᠢ︶ ᠨᠡᠭᠦᠯᠭᠡᠬᠦ ᠣᠯᠠᠨ ᠲᠦᠮᠡᠨ ᠤ ᠭᠠᠮᠰᠢᠭ ᠠᠴᠠ ᠪᠣᠯᠵᠣ ᠳᠠᠬᠢᠨ ᠶᠠᠳᠠᠭᠤᠷᠠᠬᠤ ᠶᠢ ᠡᠷᠡᠰ | ᠰᠡᠷᠭᠡᠶᠢᠯᠡᠨ᠎ᠡ᠃ ᠲᠥᠪᠬᠢᠨᠡᠭᠦᠯᠬᠦ ᠲᠣᠭᠤᠷᠢᠭ ᠪᠠ ᠨᠡᠭᠦᠯᠭᠡᠭᠰᠡᠨ ᠣᠯᠠᠨ ᠲᠦᠮᠡᠨ ᠤ ᠭᠠᠮᠰᠢᠭᠳᠠᠭᠰᠠᠨ ᠪᠠᠶᠢᠳᠠᠯ ᠢ | ᠭᠦᠨᠵᠡᠭᠡᠶ ᠵᠢᠭᠰᠠᠭᠠᠨ ᠪᠠᠶᠢᠴᠠᠭᠠᠵᠤ᠂ ᠭᠠᠮᠰᠢᠭᠳᠠᠭᠰᠠᠨ ᠡᠬᠡ ᠲᠠᠩᠰᠠ ᠶᠢ ᠡᠷᠦᠬᠡ ᠳᠠᠷᠠᠭᠠᠯᠠᠨ ᠪᠠᠶᠢᠭᠤᠯᠵᠤ᠂ ᠳᠠᠬᠢᠨ | ᠶᠠᠳᠠᠭᠤᠷᠠᠬᠤ ᠶᠢ ᠰᠡᠷᠭᠡᠶᠢᠯᠡᠬᠦ ᠶᠢ ᠬᠥᠳᠡᠯᠦᠩᠭᠦᠶ ᠪᠠᠷ ᠬᠢᠨᠠᠨ ᠪᠠᠶᠢᠴᠠᠭᠠᠬᠤ ᠪᠠ ᠬᠠᠪᠰᠤᠷᠤᠨ ᠲᠡᠳᠬᠦᠬᠦ ᠲᠣᠭᠲᠠᠴᠠ ᠶᠢ | ᠪᠦᠷᠢᠨᠰᠢᠬᠦᠯᠵᠦ᠂ ᠭᠠᠮᠰᠢᠭ ᠠᠴᠠ ᠪᠣᠯᠵᠣ ᠬᠢᠨᠠᠨ ᠪᠠᠶᠢᠴᠠᠭᠠᠵᠤ ᠬᠠᠪᠰᠤᠷᠤᠨ ᠲᠡᠳᠬᠦᠬᠦ ᠳᠤ ᠣᠷᠣᠭᠤᠯᠤᠭᠰᠠᠨ | ᠨᠡᠭᠦᠯᠭᠡᠭᠰᠡᠨ ᠣᠯᠠᠨ ᠲᠦᠮᠡᠨ ᠤ ᠬᠠᠪᠰᠤᠷᠤᠨ ᠲᠡᠳᠬᠦᠬᠦ ᠬᠡᠷᠡᠭᠴᠡᠭᠡ ᠱᠠᠭᠠᠷᠳᠠᠯᠭ᠎ᠠ ᠶᠢ ᠲᠣᠳᠣᠷᠬᠠᠶ ᠤᠶᠢᠯᠠᠭᠠᠨ᠂ | ᠡᠯ᠎ᠡ ᠲᠥᠷᠥᠯ ᠤᠨ ᠬᠠᠪᠰᠤᠷᠤᠨ ᠲᠡᠳᠬᠦᠬᠦ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠶ ᠪᠠᠷ | ᠨᠠᠶᠢᠳᠠᠪᠤᠷᠢᠵᠢᠭᠤᠯᠵᠤ᠂ ᠬᠡᠪᠴᠢᠶᠡᠵᠢᠭᠰᠡᠨ ᠴᠢᠨᠠᠷᠲᠠᠶ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠤᠷᠢᠭ᠎ᠠ ᠱᠤᠭᠤᠮ ᠢ | ᠡᠷᠡᠰ ᠰᠠᠬᠢᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ︶ | ᠳᠣᠯᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠬᠤᠷᠢᠨ ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠤᠨ᠎ᠠ᠃ | ᠤᠯᠠᠭᠠᠨᠬᠤᠲᠠ ᠶᠢᠨ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠠᠵᠢᠯ ᠤᠨ ᠳᠠᠷᠠᠭᠠᠬᠢ ᠲᠡᠳᠬᠦᠮᠵᠢ ᠶᠢᠨ | ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠪᠦᠷᠢᠯᠳᠦᠬᠦᠨ ᠨᠢᠭᠡᠴᠢ ᠳᠤ ᠬᠤᠳᠠ ᠶᠢᠨ ᠨᠠᠮ ᠤᠨ | ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠤᠳᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ | ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠢ ᠣᠷᠴᠢᠨ | ᠲᠣᠭᠤᠷᠢᠨ ᠤ ᠲᠣᠪᠴᠢᠶ᠎ᠠ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠬᠡᠨ ᠪᠠᠶᠢᠭᠤᠯᠤᠯᠲᠠ ᠶᠢᠨ | ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ᠂ ᠮᠥᠩᠭᠦᠨ ᠭᠦᠢᠯᠭᠡᠭᠡᠨ ᠤ ᠠᠯᠪᠠᠨ ᠭᠡᠷ ᠪᠠᠭᠲᠠᠵᠤ᠂ ᠤᠳᠤᠷᠢᠳᠬᠤ ᠳᠤᠭᠤᠶᠢᠯᠠᠩ ᠤᠨ ᠠᠯᠪᠠᠨ | ᠬᠡᠷ ᠢ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠪᠠᠶᠢᠷᠢᠯᠠᠭᠤᠯᠵᠤ᠂ ᠡᠯ᠎ᠡ ᠵᠦᠢᠯ ᠤᠨ | ᠦᠷᠭᠦᠯᠵᠢᠯᠡᠨ ᠲᠡᠳᠬᠦᠬᠦ ᠠᠵᠢᠯ ᠤᠨ ᠨᠢᠭᠡᠳᠦᠭᠡᠷ ᠬᠠᠷᠢᠭᠤᠴᠠᠯᠭᠠᠲᠤ ᠨᠢᠭᠡᠴᠢ ᠠᠴᠠ ᠬᠠᠮᠢᠶ᠎ᠠ ᠪᠥᠬᠦᠶ ᠰᠠᠯᠠᠭ᠎ᠠ | ᠮᠥᠴᠢᠷ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠵᠤ᠂ ᠰᠠᠯᠠᠭ᠎ᠠ ᠮᠥᠴᠢᠷ ᠤᠨ ᠡᠭᠦᠷᠭᠡ | ᠴᠢᠳᠠᠪᠤᠷᠢ ᠶᠢ ᠭᠦᠢᠴᠡᠳᠬᠡᠨ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠡᠯ᠎ᠡ ᠪᠠᠯᠭᠠᠰᠤ ︵ | ᠬᠦᠷᠢᠶᠡᠯᠡᠩ ᠲᠣᠭᠤᠷᠢᠭ︶᠂ ᠰᠢᠨ᠎ᠡ ᠬᠤᠲᠠ ᠶᠢᠨ ᠬᠡᠷᠡᠭ ᠡᠷᠬᠢᠯᠡᠬᠦ ᠭᠠᠵᠠᠷ ᠤᠨ ᠬᠠᠪᠰᠤᠷᠤᠨ ᠲᠡᠳᠬᠦᠬᠦ ᠠᠷᠭ᠎ᠠ | ᠬᠡᠮᠵᠢᠶ᠎ᠡ ᠶᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠵᠢᠯᠣᠭᠤᠳᠤᠨ᠎ᠠ᠃ ᠡᠯ᠎ᠡ ᠬᠠᠷᠢᠭᠤᠴᠠᠯᠭᠠᠲᠤ ᠰᠠᠯᠠᠭ᠎ᠠ | ᠮᠥᠴᠢᠷ ᠤᠳ ᠠᠵᠢᠯ ᠢᠶᠠᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠱᠠᠯᠠᠪᠳᠠᠭᠤᠯᠤᠨ ᠵᠢᠯᠣᠭᠤᠳᠬᠤ ᠪᠠᠨ | ᠴᠢᠩᠭᠠᠳᠬᠠᠵᠤ᠂ ᠴᠢᠬᠤᠯᠠ ᠶᠡᠭᠡ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠦᠷᠭᠦᠯᠵᠢᠯᠡᠨ ᠲᠡᠳᠬᠦᠬᠦ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠲᠠᠬᠢᠨ | ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠬᠦᠯᠦᠨ | ᠰᠠᠶᠢᠲᠤᠷ ᠬᠡᠷᠡᠭᠵᠢᠭᠦᠯᠵᠦ᠂ ᠠᠮᠠᠷᠬᠠᠨ ᠲᠠᠬᠢᠨ ᠶᠠᠳᠠᠭᠤᠷᠠᠬᠤ ᠤᠯᠠᠨ ᠲᠦᠮᠡᠨ ᠳᠤ ᠬᠠᠪᠰᠤᠷᠤᠨ ᠲᠡᠳᠬᠦᠬᠦ ᠠᠷᠭ᠎ᠠ | ᠬᠡᠮᠵᠢᠶ᠎ᠡ ᠶᠢ ᠴᠠᠭ ᠲᠤᠬᠠᠢ ᠳᠤᠨᠢ ᠨᠠᠶᠢᠳᠠᠪᠤᠷᠢᠵᠢᠭᠤᠯᠤᠨ᠎ᠠ᠃ ᠡᠯ᠎ᠡ ᠪᠠᠯᠭᠠᠰᠤ ︵ᠬᠦᠷᠢᠶᠡᠯᠡᠩ ᠲᠣᠭᠤᠷᠢᠭ︶᠂ ᠰᠢᠨ᠎ᠡ | ᠬᠤᠲᠠ ᠶᠢᠨ ᠬᠡᠷᠡᠭ ᠡᠷᠬᠢᠯᠡᠬᠦ ᠭᠠᠵᠠᠷ ᠨᠢ ᠬᠠᠷᠢᠶ᠎ᠠ ᠣᠷᠣᠨᠴᠢᠯᠠᠭᠰᠠᠨ ᠬᠠᠮᠢᠶᠠᠷᠤᠯᠲᠠ ᠶᠢᠨ ᠭᠤᠤᠯ ᠴᠣᠭᠴᠠ ᠶᠢᠨ | ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠲᠥᠷᠥ ᠶᠢᠨ ᠪᠣᠳᠣᠯᠭ᠎ᠠ᠂ ᠪᠠᠯᠠ ᠮᠥᠩᠭᠦ᠂ ᠠᠵᠢᠯᠲᠠᠨ ᠵᠡᠷᠭᠡ | ᠬᠦᠴᠦᠨ ᠵᠦᠢᠯ ᠢ ᠡᠮᠬᠢᠯᠡᠨ ᠨᠡᠶᠢᠯᠡᠭᠦᠯᠵᠦ᠂ ᠦᠷᠭᠦᠯᠵᠢᠯᠡᠨ ᠲᠡᠳᠬᠦᠬᠦ ᠡᠯ᠎ᠡ ᠵᠦᠢᠯ ᠤᠨ ᠠᠵᠢᠯ ᠢ ᠯᠠᠪᠳᠠᠭᠤᠨ | ᠪᠠᠲᠤᠲᠠᠶ ᠠᠬᠢᠭᠤᠯᠣᠨ᠎ᠠ᠃ | ︵ᠬᠤᠷᠢᠨ ᠬᠤᠶᠠᠷ︶ ᠡᠳ᠋ ᠤᠨ ᠵᠠᠰᠠᠭ ᠤᠨ ᠣᠷᠣᠭᠤᠯᠤᠯᠲᠠ ᠶᠢ ᠨᠡᠮᠡᠭᠳᠡᠭᠦᠯᠦᠨ᠎ᠡ᠃ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠡᠳ᠋ ᠤᠨ ᠵᠠᠰᠠᠭ ᠤᠨ ᠨᠥᠬᠦᠪᠥᠷᠢ ᠪᠡᠯᠡ ᠮᠥᠩᠭᠦ ᠶᠢᠨ | ᠬᠥᠲᠥᠯᠥᠨ ᠵᠢᠯᠣᠭᠤᠳᠬᠤ ᠦᠢᠯᠡᠳᠦᠯ ᠢ ᠪᠠᠳᠠᠷᠠᠭᠤᠯᠵᠤ᠂ ᠣᠨᠳᠣᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠠᠵᠢᠯ | ᠤᠨ ᠳᠠᠷᠠᠭᠠᠬᠢ ᠲᠡᠳᠬᠦᠮᠵᠢ ᠶᠢ ᠳᠡᠮᠵᠢᠵᠦ᠂ ᠣᠷᠣᠨ ᠨᠤᠲᠤᠭ ᠤᠨ ᠡᠳ᠋ ᠤᠨ ᠵᠠᠰᠠᠭ ᠤᠨ ᠪᠠᠯᠠ ᠮᠥᠩᠭᠦ᠂ ᠮᠥᠩᠭᠦᠨ | ᠭᠦᠢᠯᠭᠡᠭᠡᠨ ᠤ ᠢᠲᠡᠭᠡᠮᠵᠢᠲᠦ ᠵᠢᠭᠡᠯᠡᠯᠭᠡ ᠶᠢᠨ ᠪᠠᠯᠠ ᠮᠥᠩᠭᠦ᠂ ᠨᠡᠶᠢᠭᠡᠮ ᠤᠨ ᠬᠥᠷᠥᠩᠭᠡ ᠵᠡᠷᠭᠡ ᠶᠢᠨ ᠬᠠᠮᠲᠤ ᠶᠢᠨ | ᠣᠷᠣᠭᠤᠯᠤᠯᠲᠠ ᠶᠢ ᠳᠠᠶᠢᠴᠢᠯᠠᠨ᠂ ᠨᠡᠭᠦᠯᠭᠡᠭᠰᠡᠨ ᠣᠯᠠᠨ ᠲᠦᠮᠡᠨ ᠤ ᠬᠥᠭᠵᠢᠯᠲᠡ ᠶᠢ ᠳᠠᠶᠢᠴᠢᠯᠠᠬᠤ ᠲᠥᠷᠥᠯ ᠵᠦᠢᠯ ᠢ | ᠳᠡᠮᠵᠢᠨ ᠬᠡᠷᠡᠭᠵᠢᠭᠦᠯᠵᠦ᠂ ᠲᠥᠪᠯᠡᠷᠡᠭᠦᠯᠦᠨ ᠲᠥᠪᠬᠢᠨᠡᠭᠦᠯᠬᠦ ᠲᠣᠭᠤᠷᠢᠭ ᠤᠨ ᠨᠡᠭᠦᠯᠭᠡᠭᠰᠡᠨ ᠣᠯᠠᠨ ᠲᠦᠮᠡᠨ ᠢ ᠤᠷᠢᠨ | ᠬᠡᠷᠡᠭᠯᠡᠭᠰᠡᠨ ᠣᠯᠠᠨ ᠨᠡᠶᠢᠲᠡ ᠶᠢᠨ ᠦᠢᠯᠡᠴᠢᠯᠡᠭᠡᠨ ᠤ ᠠᠵᠢᠯ ᠤᠨ ᠪᠠᠶᠢᠷᠢ ᠪᠠ ︽ᠨᠢᠭᠡᠯᠡ ᠦᠷᠳᠡᠭᠡᠳᠦ ᠮᠠᠶ᠋ᠢᠭ︾ ᠤᠨ | ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ | ᠵᠡᠷᠭᠡ ᠶᠢᠨ ᠵᠠᠷᠤᠳᠠᠯ ᠳᠤ ᠵᠣᠬᠢᠬᠤ ᠨᠥᠬᠦᠪᠥᠷᠢ ᠣᠯᠭᠤᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ | ᠲᠤᠰᠬᠠᠶ ᠵᠢᠭᠡᠯᠡᠯᠭᠡ ᠶᠢᠨ ᠲᠡᠮᠳᠡᠭᠲᠦ ᠪᠠᠷ ᠳᠡᠮᠵᠢᠬᠦ ᠬᠦᠷᠢᠶ᠎ᠡ ᠴᠠᠷᠠᠭ᠎ᠠ ᠳᠤ ᠨᠡᠶᠢᠴᠡᠬᠦ ᠲᠥᠪᠬᠢᠨᠡᠭᠦᠯᠬᠦ ᠲᠣᠭᠤᠷᠢᠭ ᠤᠨ | ᠵᠠᠯᠭᠠᠮᠵᠢ ᠪᠥᠲᠥᠭᠡᠨ ᠪᠠᠶᠢᠭᠤᠯᠤᠯᠲᠠ ᠶᠢᠨ ᠬᠠᠮᠢᠶ᠎ᠠ ᠪᠥᠬᠦᠶ ᠲᠥᠷᠥᠯ ᠵᠦᠢᠯ ᠢ ᠣᠷᠣᠨ ᠨᠤᠲᠤᠭ ᠤᠨ ᠵᠠᠰᠠᠭ ᠤᠨ | ᠣᠷᠳᠣᠨ ᠤ ᠵᠢᠭᠡᠯᠡᠯᠭᠡ ᠶᠢᠨ ᠲᠡᠮᠳᠡᠭᠲᠦ ᠪᠠᠷ ᠳᠡᠮᠵᠢᠬᠦ ᠬᠦᠷᠢᠶ᠎ᠡ ᠴᠠᠷᠠᠭ᠎ᠠ ᠳᠤ ᠣᠷᠤᠭᠤᠯᠤᠨ᠎ᠠ᠃ ᠲᠥᠪ ᠤᠨ | ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ ᠶᠢᠨ ᠡᠯ᠎ᠡ ᠲᠤᠰᠬᠠᠶ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠵᠦ | ᠂ ᠲᠥᠪᠬᠢᠨᠡᠭᠦᠯᠬᠦ ᠲᠣᠭᠤᠷᠢᠭ ᠤᠨ ᠰᠠᠭᠤᠷᠢ ᠲᠦᠬᠦᠭᠡᠷᠦᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ | ᠲᠦᠬᠦᠭᠡᠷᠦᠮᠵᠢ ᠶᠢ ᠳᠡᠭᠡᠭᠰᠢᠯᠡᠭᠦᠯᠦᠨ ᠲᠡᠭᠦᠯᠳᠡᠷᠵᠢᠭᠦᠯᠬᠦ ᠶᠢ ᠦᠷᠭᠦᠯᠵᠢᠯᠡᠨ ᠳᠡᠮᠵᠢᠵᠦ᠂ ᠵᠠᠯᠭᠠᠮᠵᠢ ᠠᠵᠤ | ᠦᠢᠯᠡᠰ ᠤᠨ ᠬᠥᠭᠵᠢᠯᠲᠡ ᠪᠠ ᠨᠡᠭᠦᠯᠭᠡᠭᠰᠡᠨ ᠣᠯᠠᠨ ᠲᠦᠮᠡᠨ ᠤ ᠠᠵᠢᠯ ᠣᠯᠵᠤ ᠦᠢᠯᠡᠰ ᠴᠣᠭᠴᠠᠯᠠᠬᠤ ᠶᠢ | ᠠᠬᠢᠭᠤᠯᠤᠨ᠎ᠠ᠃ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ | ᠬᠤᠷᠤᠭᠳᠠᠯ ᠲᠠᠢ ᠨᠢ ᠬᠤᠯᠪᠣᠯᠳᠤᠭᠤᠯᠬᠤ ᠲᠦᠷᠦ ᠶᠢᠨ ᠪᠤᠳᠤᠯᠭ᠎ᠠ ᠶᠢ ᠰᠠᠶᠢᠲᠤᠷ ᠬᠡᠷᠡᠭᠯᠡᠵᠦ᠂ ᠣᠷᠣᠨ ᠨᠤᠲᠤᠭ ᠤᠨ | ᠡᠵᠡᠮᠳᠡᠵᠦ ᠪᠣᠯᠬᠤ ᠡᠳ᠋ ᠤᠨ ᠬᠦᠴᠦᠨ ᠢ ᠨᠢᠭᠡᠳᠦᠯᠲᠡᠶ ᠲᠥᠯᠥᠪᠯᠡᠨ᠂ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ | ᠲᠡᠳᠬᠦᠬᠦ ᠪᠡᠯᠡ ᠲᠤᠬᠢᠷᠠᠭᠤᠯᠭ᠎ᠠ ᠶᠢᠨ ᠪᠡᠯᠡ ᠮᠥᠩᠭᠦ ᠶᠢ ᠲᠦᠯᠦᠬᠦ ᠶᠢ ᠲᠣᠭᠲᠠᠭᠠᠯ ᠶᠣᠰᠣᠭᠠᠷ ᠲᠡᠮᠵᠢᠨ᠎ᠠ᠃ ︵ | ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ︶ | ︵ᠬᠤᠷᠢᠨ ᠭᠤᠷᠪᠠ︶ ᠮᠥᠩᠭᠦᠨ ᠭᠦᠢᠯᠭᠡᠭᠡᠨ ᠤ ᠳᠡᠮᠵᠢᠯᠭᠡ ᠶᠢ ᠰᠠᠶᠢᠲᠤᠷ ᠬᠢᠨ᠎ᠠ᠃ ᠡᠯ᠎ᠡ ᠲᠥᠷᠥᠯ ᠤᠨ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠣᠰ ᠪᠡᠶ᠎ᠡ ᠶᠢᠨ ᠡᠭᠦᠷᠭᠡ ᠴᠢᠳᠠᠪᠤᠷᠢ ᠶᠢᠨ ᠪᠠᠶᠢᠷᠢ ᠲᠣᠭᠲᠠᠭᠠᠯᠲᠠ ᠪᠠ | ᠲᠤᠬᠠᠶᠢᠯᠠᠭᠰᠠᠨ ᠠᠵᠢᠯ ᠤᠨ ᠳᠠᠪᠠᠭᠤᠯᠢᠭ ᠲᠠᠢ ᠪᠠᠨ ᠤᠶᠠᠯᠳᠤᠭᠤᠯᠤᠨ᠂ ᠮᠥᠩᠭᠦᠨ ᠭᠦᠢᠯᠭᠡᠭᠡᠨ ᠤ ᠦᠢᠯᠡᠳᠬᠦᠨ ᠤ | ᠰᠢᠨ᠎ᠡ ᠶᠢ ᠡᠭᠦᠳᠬᠦ ᠶᠢ ᠳᠡᠮᠵᠢᠵᠦ᠂ ᠲᠥᠪᠬᠢᠨᠡᠭᠦᠯᠬᠦ ᠲᠣᠭᠤᠷᠢᠭ ᠤᠨ ᠵᠠᠯᠭᠠᠮᠵᠢ ᠠᠵᠤ ᠦᠢᠯᠡᠰ ᠲᠠᠬᠢ ᠢᠲᠡᠭᠡᠮᠵᠢᠲᠦ | ᠵᠢᠭᠡᠯᠡᠯᠭᠡ ᠶᠢᠨ ᠣᠷᠣᠭᠤᠯᠤᠯᠲᠠ ᠪᠠᠨ ᠨᠡᠮᠡᠭᠳᠡᠭᠦᠯᠵᠦ᠂ ᠣᠨᠳᠣᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠠᠵᠢᠯ ᠤᠨ | ᠵᠠᠯᠭᠠᠮᠵᠢ ᠲᠡᠳᠬᠦᠮᠵᠢ ᠳᠤ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠨ᠎ᠠ᠃ ᠬᠠᠮᠢᠶ᠎ᠠ ᠪᠥᠬᠦᠶ ᠡᠬᠢ ᠪᠠᠶᠠᠯᠢᠭ | ᠪᠠ ᠲᠥᠷᠥᠯ ᠵᠦᠢᠯ ᠤᠨ ᠪᠠᠯᠠ ᠮᠥᠩᠭᠦ ᠶᠢ ᠡᠮᠬᠢᠯᠡᠨ ᠨᠡᠶᠢᠯᠡᠭᠦᠯᠵᠦ᠂ ᠨᠡᠶᠢᠭᠡᠮ ᠤᠨ ᠬᠥᠷᠥᠩᠭᠡ ᠶᠢᠨ ᠲᠥᠪᠬᠢᠨᠡᠭᠦᠯᠬᠦ | ᠲᠣᠭᠤᠷᠢᠭ ᠤᠨ ᠵᠠᠯᠭᠠᠮᠵᠢ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠶᠢ ᠳᠠᠶᠢᠴᠢᠯᠠᠨ᠎ᠠ᠃ ︵ᠬᠠᠷᠢᠭᠤᠴᠠᠯᠭᠠᠲᠤ | ᠨᠢᠭᠡᠴᠢ᠄ ᠬᠤᠲᠠ ᠶᠢᠨ ᠮᠥᠩᠭᠦᠨ ᠭᠦᠢᠯᠭᠡᠭᠡᠨ ᠤ ᠠᠯᠪᠠᠨ ᠬᠡᠷ︶ | | |