ᠮᠠᠨ ᠤ ᠣᠷᠤᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠢᠷᠢ ᠲᠡᠩᠴᠡᠭᠰᠡᠨ ᠨᠣᠷᠮ᠎ᠠ 98% ᠶᠢ ᠳᠠᠪᠠᠪᠠ
ᠨᠡᠶᠢᠲᠡᠯᠡᠭᠰᠡᠨ ᠴᠠᠭ᠄
2022/2/16
       ᠮᠠᠨ ᠤ ᠣᠷᠤᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠬᠡᠭᠳᠡᠬᠦᠨ ᠤ ᠶᠠᠰᠤ ᠴᠢᠨᠠᠷ ᠤᠨ ᠠᠮᠤᠷ ᠲᠥᠪᠰᠢᠨ ᠤ ᠵᠤᠷᠰᠢᠯᠲᠤ ᠬᠢᠨᠠᠨ ᠬᠡᠮᠵᠢᠯᠲᠡ ᠳᠤ ᠬᠢᠷᠢ ᠲᠡᠩᠴᠡᠭᠰᠡᠨ ᠨᠣᠷᠮ᠎ᠠ 99.4% ᠳᠤ ᠬᠦᠷᠴᠦ᠂ 2020 ᠣᠨ ᠤ ᠬᠢ ᠠᠴᠠ ᠵᠠᠭᠤᠨ ᠤ ᠬᠠᠷᠢᠴᠠᠯ ᠢᠶᠠᠷ 0.7 ᠬᠤᠪᠢ ᠳᠡᠭᠡᠭᠰᠢᠯᠡᠵᠡᠢ᠃        2021 ᠣᠨ ᠳᠤ ᠪᠦᠬᠦ ᠣᠷᠤᠨ ᠤ 12 ᠠᠶᠢᠮᠠᠭ ᠬᠤᠲᠠ᠂ ᠲᠦᠯᠦᠪᠯᠡᠭᠡ ᠳᠤ ᠲᠤᠰᠠᠭᠠᠷ ᠵᠢᠭᠰᠠᠭᠠᠭᠰᠠᠨ 2 ᠬᠤᠲᠠ ᠪᠣᠯᠤᠨ 99 ᠬᠤᠰᠢᠭᠤ ᠰᠢᠶᠠᠨ ︵ᠬᠤᠲᠠ ᠲᠣᠭᠤᠷᠢᠭ︶ ᠳᠤ ᠮᠠᠯ ᠤᠨ ᠠᠰᠢᠭ ᠰᠢᠮ᠎ᠡ ᠲᠠᠷᠢᠶᠠᠯᠠᠩ ᠪᠦᠲᠦᠬᠡᠭᠳᠡᠬᠦᠨ ᠤ ᠶᠠᠰᠤ ᠴᠢᠨᠠᠷ ᠤᠨ ᠠᠮᠤᠷ ᠲᠥᠪᠰᠢᠨ ᠤ ᠵᠣᠷᠰᠢᠯᠲᠤ ᠬᠢᠨᠠᠨ ᠬᠡᠮᠵᠢᠯᠲᠡ ᠶᠢᠨ ᠠᠵᠢᠯ ᠢ ᠥᠷᠨᠢᠭᠦᠯᠪᠡ᠃ ᠪᠦᠷᠢᠳᠭᠡᠯ ᠢ ᠦᠨᠳᠦᠰᠦᠯᠡᠪᠡᠯ᠂ ᠲᠤᠰ ᠵᠢᠯ ᠤᠨ ᠰᠤᠭᠤᠴᠢᠨ ᠪᠠᠶᠢᠴᠠᠭᠠᠭᠰᠠᠨ ᠭᠤᠤᠯ ᠴᠣᠭᠴᠠ 2020 ᠣᠨ ᠳᠤ 2287 ᠪᠠᠶᠢᠭᠰᠠᠨ ᠠᠴᠠ 2739 ᠪᠣᠯᠵᠤ ᠨᠡᠮᠡᠭᠳᠡᠨ᠂ ᠰᠤᠭᠤᠴᠢᠨ ᠪᠠᠶᠢᠴᠠᠭᠠᠭᠰᠠᠨ ᠲᠤᠭ᠎ᠠ ᠬᠡᠮᠵᠢᠶ᠎ᠡ 2020 ᠣᠨ ᠤ 1.1 ᠲᠦᠮᠡᠨ ᠪᠦᠯᠦᠭ ᠤᠳᠠᠭ᠎ᠠ ᠠᠴᠠ 1.3 ᠲᠦᠮᠡᠨ ᠪᠦᠯᠦᠭ ᠤᠳᠠᠭ᠎ᠠ ᠪᠣᠯᠵᠤ ᠨᠡᠮᠡᠭᠳᠡᠨ᠂ ᠪᠠᠶᠢᠴᠠᠭᠠᠨ ᠰᠢᠯᠭᠠᠬᠤ ᠵᠦᠢᠯ ᠨᠢ 2020 ᠣᠨ ᠤ 135 ᠵᠦᠢᠯ ᠪᠠᠶᠢᠭᠰᠠᠨ 138 ᠵᠦᠢᠯ ᠪᠣᠯᠵᠤ ᠨᠡᠮᠡᠭᠳᠡᠪᠠ᠃ ᠡᠭᠦᠨ ᠤ ᠬᠠᠮᠲᠤ᠂ ᠪᠦᠬᠦ ᠤᠯᠤᠰ ᠤᠨ ᠴᠢᠨᠠᠷᠲᠠᠢ ᠠᠰᠠᠭᠤᠳᠠᠯ ᠨᠡᠯᠢᠶᠡᠳ ᠳᠣᠪᠤᠶᠢᠮ᠎ᠠ ᠪᠠᠶᠢᠭ᠎ᠠ ︽ᠭᠤᠷᠪᠠᠨ ᠵᠦᠢᠯ ᠤᠨ ᠨᠣᠭᠤᠭ᠎ᠠ︾᠂ ︽ᠭᠤᠷᠪᠠᠨ ᠵᠦᠢᠯ ᠤᠨ ᠮᠢᠬ᠎ᠠ︾᠂ ︽ᠨᠢᠭᠡ ᠵᠦᠢᠯ ᠤᠨ ᠥᠨᠳᠡᠭᠡ︾᠂ ︽ᠳᠦᠷᠪᠡᠨ ᠵᠦᠢᠯ ᠤᠨ ᠵᠢᠭᠠᠰᠤ︾ ᠶᠢᠨ 11 ᠦᠢᠯᠡᠳᠬᠦᠨ ᠳᠤ ᠲᠤᠰᠬᠠᠢ ᠴᠡᠭᠴᠡᠯᠡᠨ ᠵᠠᠰᠯᠠᠲᠠ ᠬᠢᠵᠦ᠂ ᠬᠠᠤᠯᠢ ᠬᠡᠷᠡᠭᠵᠢᠭᠦᠯᠬᠦ ᠬᠢᠨᠠᠨ ᠬᠠᠮᠢᠶᠠᠷᠤᠯᠲᠠ ᠶᠢᠨ 1.2 ᠲᠦᠮᠡᠨ ᠠᠵᠢᠯᠲᠠᠨ ︵ᠤᠳᠠᠭ᠎ᠠ︶ ᠢ ᠬᠦᠳᠡᠯᠭᠡᠵᠦ᠂ ᠦᠢᠯᠡᠳᠪᠦᠷᠢᠯᠡᠯ ᠡᠵᠡᠩᠨᠡᠯᠲᠡ ᠶᠢᠨ ᠭᠤᠤᠯ ᠴᠣᠭᠴᠠ ᠶᠢ 3889 ᠡᠷᠦᠬᠡ ︵ᠤᠳᠠᠭ᠎ᠠ︶ ᠪᠠᠶᠢᠴᠠᠭᠠᠨ᠂ ᠭᠤᠭᠤᠳ᠂ ᠤᠯᠠᠭᠠᠨ ᠪᠣᠷᠴᠠᠭ᠂ ᠴᠣᠬᠤᠷ ᠨᠤᠭᠤᠭ᠎ᠠ᠂ ᠳᠠᠬᠢᠶᠠᠨ ᠥᠨᠳᠡᠭᠡ᠂ ᠦᠬᠡᠷ ᠤᠨ ᠮᠢᠬ᠎ᠠ᠂ ᠬᠤᠨᠢᠨ ᠮᠢᠬ᠎ᠠ ᠵᠡᠷᠭᠡ ᠪᠦᠲᠦᠬᠡᠭᠳᠡᠬᠦᠨ ᠢ 2459 ᠪᠥᠯᠦᠭ ᠤᠳᠠᠭ᠎ᠠ ᠲᠤᠰᠬᠠᠢ ᠪᠠᠶᠢᠴᠠᠭᠠᠨ ᠰᠢᠯᠭᠠᠵᠤ᠂ ᠲᠤᠰᠬᠠᠢ ᠴᠡᠭᠴᠡᠯᠡᠨ ᠵᠠᠰᠠᠬᠤ ᠠᠵᠢᠯ ᠠᠩᠬ᠎ᠠ ᠠᠯᠬᠤᠮ ᠤᠨ ᠦᠷ᠎ᠡ ᠪᠦᠲᠦᠮᠵᠢ ᠣᠯᠪᠠ᠃        ᠮᠠᠨ ᠤ ᠣᠷᠤᠨ ᠨᠢᠳᠤᠨᠤᠨ ᠬᠢᠨᠠᠨ ᠬᠠᠮᠢᠶᠠᠷᠤᠯᠲᠠ ᠶᠢᠨ ᠬᠠᠮᠲᠤᠷᠠᠯ ᠬᠦᠴᠦᠨ ᠢᠶᠠᠨ ᠲᠠᠰᠤᠷᠠᠯᠲᠠ ᠦᠭᠡᠢ ᠴᠢᠩᠭᠠᠳᠬᠠᠨ᠂ ᠬᠤᠤᠰ ᠭᠠᠷᠠᠭ ᠪᠠ ᠬᠠᠭᠠᠰ ᠵᠢᠯ ᠳᠤ ᠮᠡᠳᠡᠭᠳᠡᠬᠦ ᠲᠣᠭᠲᠠᠴᠠ ᠶᠢ ᠬᠡᠷᠡᠭᠵᠢᠭᠦᠯᠵᠦ᠂ ᠬᠤᠶᠠᠷ ᠭᠠᠷᠠᠭ ᠪᠦᠷᠢ ᠳᠤ ᠡᠯ᠎ᠡ ᠠᠶᠢᠮᠠᠭ ᠬᠤᠲᠠ ᠳᠤ ᠬᠢᠷᠢ ᠲᠡᠩᠴᠡᠭᠰᠡᠨ ᠦᠭᠡᠢ ᠦᠯᠢᠭᠡᠷ ᠡᠳ᠋ ᠢ ᠪᠠᠶᠢᠴᠠᠭᠠᠵᠤ ᠭᠠᠷᠭᠠᠭᠰᠠᠨ ᠪᠠᠶᠢᠳᠠᠯ ᠢ ᠨᠢᠭᠡ ᠤᠳᠠᠭ᠎ᠠ ᠮᠡᠳᠡᠭᠳᠡᠨ᠂ ᠬᠠᠭᠠᠰ ᠵᠢᠯ ᠪᠦᠷᠢ ᠳᠤ ᠲᠠᠷᠢᠮᠠᠯ᠂ ᠮᠠᠯ ᠠᠵᠤ ᠠᠬᠤᠢ᠂ ᠮᠠᠯ ᠡᠮᠨᠡᠯᠭᠡ ᠪᠠ ᠵᠢᠭᠠᠰᠤᠨ ᠠᠵᠤ ᠠᠬᠤᠢ ᠵᠡᠷᠭᠡ ᠰᠠᠯᠠᠭ᠎ᠠ ᠮᠦᠴᠢᠷ ᠲᠤ ᠲᠠᠷᠢᠶᠠᠨ ᠡᠮ ᠤᠨ ᠦᠯᠡᠳᠡᠭᠳᠡᠯ ᠪᠠ ᠬᠡᠷᠡᠭᠯᠡᠬᠦ ᠶᠢ ᠴᠠᠭᠠᠵᠠᠯᠠᠭᠰᠠᠨ ᠪᠠ ᠬᠢᠵᠠᠭᠠᠷᠯᠠᠭᠰᠠᠨ ᠡᠮ ᠤᠨ ᠵᠦᠢᠯ ᠢ ᠪᠠᠶᠢᠴᠠᠭᠠᠵᠤ ᠭᠠᠷᠭᠠᠭᠰᠠᠨ ᠪᠠᠶᠢᠳᠠᠯ ᠢ ᠨᠢᠭᠡ ᠤᠳᠠᠭ᠎ᠠ ᠮᠡᠳᠡᠭᠳᠡᠵᠦ᠂ ᠡᠯ᠎ᠡ ᠠᠶᠢᠮᠠᠭ ᠬᠤᠲᠠ ᠪᠠ ᠰᠢᠰᠲ᠋ᠧᠮ ᠤᠨ ᠳᠣᠲᠤᠷᠠᠬᠢ ᠠᠵᠢᠯ ᠲᠦᠷᠦᠯ ᠤᠨ ᠰᠠᠯᠠᠭ᠎ᠠ ᠮᠦᠴᠢᠷ ᠤᠳ ᠲᠠᠷᠢᠵᠤ ᠲᠡᠵᠢᠭᠡᠬᠦ ᠭᠤᠤᠯ ᠴᠣᠭᠴᠠ ᠶᠢᠨ ᠲᠠᠷᠢᠶᠠᠨ ᠡᠮ ᠤᠨ ᠡᠮ ᠬᠡᠷᠡᠭᠯᠡᠬᠦ ᠶᠡᠷᠦ ᠶᠢᠨ ᠮᠡᠳᠡᠯᠭᠡ ᠶᠢᠨ ᠤᠬᠠᠭᠤᠯᠭ᠎ᠠ ᠪᠣᠯᠪᠠᠰᠤᠷᠠᠯ ᠪᠠ ᠵᠢᠯᠤᠭᠤᠳᠤᠯᠭ᠎ᠠ ᠦᠢᠯᠡᠴᠢᠯᠡᠭᠡᠨ ᠤ ᠡᠷᠴᠢᠮ ᠢᠶᠠᠨ ᠴᠢᠩᠭᠠᠷᠠᠭᠤᠯᠬᠤ ᠶᠢ ᠠᠬᠢᠭᠤᠯᠵᠤ᠂ ᠦᠢᠯᠡᠳᠪᠦᠷᠢᠯᠡᠭᠴᠢᠳ ᠢ ᠱᠠᠯᠠᠪᠳᠠᠭᠤᠯᠵᠤ ᠪᠠᠶᠢᠭᠠᠳ ᠭᠤᠤᠯ ᠴᠤᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠠᠢ᠃ ᠪᠠᠰᠠ ᠥᠪᠡᠷᠲᠡᠭᠡᠨ ᠵᠠᠰᠠᠬᠤ ᠣᠷᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠲᠤᠰᠬᠠᠢ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠬᠡᠭᠳᠡᠬᠦᠨ ᠤ ᠦᠢᠯᠡᠳᠪᠦᠷᠢᠯᠡᠯ ᠤᠨ ᠭᠤᠭᠴᠤᠭ᠎ᠠ ᠪᠠ ᠭᠦᠢᠯᠭᠡᠭᠡᠨ ᠤ ᠭᠤᠭᠴᠤᠭ᠎ᠠ ᠳᠤ ᠬᠠᠤᠯᠢ ᠲᠣᠭᠲᠠᠭᠠᠯ ᠢ ᠵᠦᠷᠢᠴᠡᠨ ᠬᠡᠷᠡᠭᠯᠡᠬᠦ ᠶᠢ ᠴᠠᠭᠠᠵᠠᠯᠠᠭᠰᠠᠨ ᠪᠠ ᠬᠢᠵᠠᠭᠠᠷᠯᠠᠭᠰᠨ ᠡᠮ ᠢ ᠭᠡᠷᠡᠭᠯᠡᠭᠰᠡᠨ ᠵᠢᠴᠢ ᠡᠩ ᠤᠨ ᠡᠮ ᠢ ᠳᠣᠷ᠎ᠠ ᠪᠠᠷ ᠢᠶᠠᠨ ᠬᠡᠷᠡᠭᠯᠡᠭᠰᠡᠨ 216 ᠬᠡᠷᠡᠭ ᠢ ᠪᠠᠶᠢᠴᠠᠭᠠᠨ ᠰᠢᠢᠳᠪᠦᠷᠢᠯᠡᠵᠦ᠂ 6 ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠭᠰᠡᠨ ᠪᠠᠶᠢᠨ᠎ᠠ᠃
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号