| ᠤᠶᠢᠷ᠎ᠠ ᠳᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠤᠨᠲ ᠤᠨ ᠬᠡᠯᠳᠡᠰ | ᠂ ᠦᠪᠡᠷᠳᠡᠭᠡᠨ ᠵᠠᠰᠠᠬᠤ ᠤᠷᠤᠨ ᠤ ᠠᠵᠤ ᠦᠢᠯᠡᠳᠪᠤᠷᠢ ᠪᠠ ᠮᠡᠳᠡᠭᠡ ᠵᠠᠩᠭᠢᠵᠢᠯᠳᠠ ᠶᠢᠨ ᠲᠢᠩᠬᠢᠮ᠂ ᠦᠪᠡᠷᠳᠡᠭᠡᠨ | ᠵᠠᠰᠠᠬᠤ ᠤᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠪᠤᠷᠢ ᠶᠢᠨ ᠲᠢᠩᠬᠢᠮ᠂ | ᠦᠪᠡᠷᠳᠡᠭᠡᠨ ᠵᠠᠰᠠᠬᠤ ᠤᠷᠤᠨ ᠤ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ᠂ ᠦᠪᠡᠷᠳᠡᠭᠡᠨ | ᠵᠠᠰᠠᠬᠤ ᠤᠷᠤᠨ ᠤ ᠦᠢᠯᠡᠳᠪᠤᠷᠢ ᠬᠤᠳᠠᠯᠳᠤᠭᠠᠨ ᠤ ᠬᠤᠯᠪᠤᠭᠠᠳᠤ ᠬᠤᠷᠠᠯ ᠬᠠᠮᠳᠤᠷᠠᠨ ︽ᠳᠠᠪᠤᠳᠤᠭᠠᠷ | ᠬᠤᠭᠤᠴᠠᠭᠠᠨ ᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠡᠶᠢᠳᠡ ᠶᠢᠨ ᠪᠤᠰᠤ ᠦᠮᠴᠢᠯᠠᠯᠳᠤ ᠠᠵᠤ | ᠠᠬᠤᠢ ᠳᠠᠬᠢ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠰᠢᠯᠢᠳᠡᠭ ᠪᠦᠳᠦᠭᠡᠨ | ᠪᠠᠶᠢᠭᠤᠯᠤᠭᠴᠢ︾ ᠶᠢ ᠱᠠᠩᠨᠠᠨ ᠬᠦᠬᠢᠬᠦᠯᠬᠦ ᠠᠵᠢᠯᠯᠠᠭ᠎ᠠ ᠦᠷᠨᠢᠭᠦᠯᠵᠡᠢ᠃ | ᠠᠵᠢᠯᠯᠠᠭ᠎ᠠ ᠳᠤ᠂ ᠮᠠᠨ ᠤ ᠠᠶᠢᠮᠠᠭ ᠤᠨ ᠨᠡᠶᠢᠳᠡ ᠶᠢᠨ ᠪᠤᠰᠤ ᠦᠮᠴᠢᠯᠠᠯᠳᠦ ᠠᠵᠤ ᠠᠬᠤᠢ ᠶᠢᠨ ᠦᠪᠦᠷ | ᠮᠤᠩᠭᠤᠯ ᠤᠨ ᠵᠧᠵᠢᠶᠠᠩ ᠤᠨ ᠬᠤᠳᠠᠯᠳᠤᠭᠠᠨ ᠤ ᠱᠢ ᠶᠧ ᠪᠦᠯᠦᠭᠯᠡᠯ ᠤᠨ ᠬᠢᠵᠠᠭᠠᠷᠳᠤ ᠺᠤᠮᠫᠠᠨᠢ ᠶᠢᠨ ᠬᠡᠷᠡᠭ | ᠮᠡᠳᠡᠭᠴᠢᠳ ᠤᠨ ᠳᠠᠷᠤᠭ᠎ᠠ ᠴᠢᠦ ᠵᠢᠶᠦ᠋ᠨ ᠮᠢᠩ᠂ ᠦᠪᠦᠷ ᠮᠤᠩᠭᠤᠯ ᠤᠨ ᠬᠤᠩ ᠳ᠋ᠠ ᠳᠠᠷᠤᠵᠤ ᠴᠢᠳᠬᠤᠬᠤ | ᠬᠢᠵᠠᠭᠠᠷᠳᠤ ᠺᠤᠮᠫᠠᠨᠢ ᠶᠢᠨ ᠬᠡᠷᠡᠭ ᠮᠡᠳᠡᠭᠴᠢᠳ ᠤᠨ ᠲᠠᠷᠤᠭ᠎ᠠ ᠰᠦᠩ ᠭᠥᠸᠧ ᠬᠤᠩ᠂ ᠦᠪᠦᠷ ᠮᠤᠩᠭᠤᠯ ᠤᠨ | ᠤᠳᠠᠴᠢ ᠮᠤᠩᠭᠤᠯ ᠡᠮ ᠤᠨ ᠬᠤᠪᠢ ᠤᠷᠤᠭᠤᠯᠤᠭᠰᠠᠨ ᠬᠢᠵᠠᠭᠠᠷᠳᠤ ᠺᠤᠮᠫᠠᠨᠢ ᠶᠢᠨ ᠬᠡᠷᠡᠭ ᠮᠡᠳᠡᠭᠴᠢᠳ ᠤᠨ ᠲᠠᠷᠤᠭ᠎ᠠ | ᠰᠢᠶᠠᠩ ᠭᠥᠩ ᠸᠧᠢ᠂ ᠦᠪᠦᠷ ᠮᠤᠩᠭᠤᠯ ᠤᠨ ᠡᠯ ᠯᠦᠩ ᠲᠥᠨ ᠤᠷᠭᠠᠨᠢᠭ ᠲᠠᠷᠢᠶᠠᠯᠠᠩ ᠤᠨ ᠬᠢᠵᠠᠭᠠᠷᠳᠤ ᠺᠤᠮᠫᠠᠨᠢ | ᠶᠢᠨ ᠬᠡᠷᠡᠭ ᠮᠡᠳᠡᠭᠴᠢᠳ ᠤᠨ ᠲᠠᠷᠤᠭ᠎ᠠ ᠰᠢᠤᠸᠠᠢ ᠶᠢᠨ ᠯᠢ ᠵᠡᠷᠭᠡ 4 ᠬᠦᠮᠦᠨ ᠲᠤᠰ ᠲᠤᠰ ︽ᠳᠠᠪᠤᠳᠤᠭᠠᠷ | ᠬᠤᠭᠤᠴᠠᠭᠠᠨ ᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠡᠶᠢᠳᠡ ᠶᠢᠨ ᠪᠤᠰᠤ ᠦᠮᠴᠢᠯᠠᠯᠳᠤ ᠠᠵᠤ | ᠠᠬᠤᠢ ᠳᠠᠬᠢ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠰᠢᠯᠢᠳᠡᠭ ᠪᠦᠳᠦᠭᠡᠨ | ᠪᠠᠶᠢᠭᠤᠯᠤᠭᠴᠢ︾ ᠶᠢᠨ ᠢᠷᠠᠭᠤ ᠠᠯᠳᠠᠷ ᠢ ᠬᠦᠷᠳᠡᠪᠡ᠃ ︵ᠨᠢᠩᠵᠢᠨ︶ | |