2022 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2022/2/16
 2022 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ          ᠵᠠᠰᠠᠭ ᠤᠨ ᠣᠷᠳᠣᠨ ᠤ ᠠᠵᠢᠯ ᠤᠨ ᠢᠯᠡᠳᠬᠡᠯ        — 2022 ᠣᠨ ᠤ 1 ᠰᠠᠷ᠎ᠠ ᠶᠢᠨ 6 ᠤ ᠡᠳᠦᠷ ᠤᠨ ᠤᠯᠠᠭᠠᠨᠬᠤᠲᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠡᠭᠡᠷ᠎ᠡ         ᠬᠤᠳᠠ ᠶᠢᠨ ᠣᠷᠣᠯᠠᠭᠴᠢ ᠳᠠᠷᠤᠭ᠎ᠠ ᠯᠢᠦ ᠢᠦᠢ ᠲᠥᠯᠥᠭᠡᠯᠡᠭᠴᠢᠳ ᠡ᠄        ᠤᠳᠤ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃        ᠥᠩᠭᠡᠷᠡᠭᠰᠡᠨ ᠳᠥᠷᠪᠡᠨ ᠵᠢᠯ ᠤᠨ ᠠᠵᠢᠯ ᠤᠨ ᠡᠷᠭᠢᠴᠡᠭᠦᠯᠦᠯ        ᠥᠩᠭᠡᠷᠡᠭᠰᠡᠨ ᠳᠥᠷᠪᠡᠨ ᠵᠢᠯ ᠳᠤ᠂ ᠪᠢᠳᠡ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠣᠯᠤᠨ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠳᠤ ᠴᠢᠩᠭ᠎ᠠ ᠲᠦᠰᠢᠭᠯᠡᠵᠦ᠂ ᠠᠵᠠ ᠲᠣᠬᠢᠶᠠᠯ ᠢ ᠠᠮᠵᠢᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠬᠤᠳᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠤᠳᠠᠭ᠎ᠠ ᠪᠦᠷᠢ ᠶᠢᠨ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠴᠢᠨᠠᠷ ᠰᠠᠶᠢᠲᠠᠢ ᠬᠥᠭᠵᠢᠯᠲᠡ ᠳᠤ ᠯᠠᠪᠳᠠᠭᠤᠨ ᠪᠠᠲᠤᠲᠠᠢ ᠠᠯᠬᠤᠮ ᠢ ᠠᠯᠬᠤᠵᠠᠢ᠃        ᠲᠦᠷᠪᠡᠨ ᠵᠢᠯ ᠡᠷᠡᠯᠬᠡᠭᠯᠡᠨ ᠤᠷᠤᠭᠰᠢᠯᠠᠵᠤ᠂ ᠠᠵᠤ ᠠᠬᠤᠶ ᠶᠢᠨ ᠪᠣᠳᠠᠲᠤ ᠬᠦᠴᠦᠨ ᠲᠠᠰᠤᠷᠠᠯᠳᠠ ᠦᠭᠡᠢ ᠪᠤᠵᠠᠭᠠᠶᠢᠷᠠᠪᠠ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 10 ᠳ᠋ᠦᠩᠰᠢᠭᠤᠷ ᠲᠥᠭᠦᠷᠢᠭ ᠢ ᠳᠠᠪᠠᠵᠤ᠂ ᠲᠣᠭᠲᠠᠭᠠᠭᠰᠠᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ 200 ᠳ᠋ᠦᠩᠰᠢᠭᠤᠷ ᠲᠥᠭᠦᠷᠢᠭ ᠢ ᠳᠠᠪᠠᠵᠤ᠂ ᠬᠥᠮᠦᠨ ᠳᠤᠮᠳᠠᠴᠢ GDP ᠳᠥᠷᠪᠡᠨ ᠵᠢᠯ ᠳᠠᠷᠠᠭᠠᠯᠠᠨ ᠪᠥᠬᠦ ᠠᠶᠢᠮᠠᠭ ᠤᠨ ᠨᠢᠭᠡᠳᠦᠭᠡᠷ ᠲᠤ ᠣᠷᠣᠪᠠ᠃ ᠳ᠋ᠦᠩᠰᠢᠭᠤᠷ ᠲᠥᠭᠦᠷᠢᠭ ᠠᠴᠠ ᠳᠡᠭᠡᠭᠰᠢᠬᠢ 79 ᠴᠢᠬᠤᠯᠠ ᠶᠡᠭᠡ ᠲᠦᠷᠦᠯ ᠵᠦᠢᠯ ᠢ ᠬᠡᠷᠡᠭᠵᠢᠭᠦᠯᠵᠦ᠂ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ ᠲᠣᠭᠲᠠᠭᠤᠨ ᠢᠶᠠᠷ ᠨᠡᠮᠡᠭᠳᠡᠭᠦᠯᠪᠡ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ 157 ᠲᠦᠷᠦᠯ ᠵᠦᠢᠯ ᠢ ᠣᠷᠣᠭᠤᠯᠤᠨ ᠠᠪᠴᠢᠷᠠᠵᠤ᠂ 213 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ 33 ᠪᠣᠯᠭᠠᠵᠤ᠂ ᠬᠢᠵᠠᠭᠠᠷᠲᠤ ᠨᠣᠷᠮ᠎ᠠ ᠠᠴᠠ ᠳᠡᠭᠡᠭᠰᠢᠬᠢ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠢ 36 ᠪᠣᠯᠭᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ 4.1 ᠲᠦᠮᠡ ᠳᠤ ᠬᠦᠷᠭᠡᠵᠡᠢ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ 132 ᠵᠦᠢᠯ ᠤᠨ ᠶᠠᠪᠤᠳᠠᠯ ᠢ ︽ᠨᠢᠭᠡ ᠯᠡ ᠤᠳᠠᠭ᠎ᠠ ᠳᠤ ᠭᠦᠢᠴᠡᠳᠭᠡᠬᠦ︾ ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ 1711 ᠵᠦᠢᠯ ᠢ ᠭᠠᠷ  ᠤᠲᠠᠰᠤᠨ ᠳᠡᠭᠡᠷ᠎ᠡ ᠪᠠᠶᠢᠴᠠᠭᠠᠨ ᠯᠠᠪᠯᠠᠵᠤ ᠪᠣᠯᠬᠤ ᠶᠢ ᠪᠡᠶᠡᠯᠡᠭᠦᠯᠵᠦ᠂ ᠰᠦᠯᠵᠢᠶᠡᠨ ᠳᠡᠭᠡᠷ᠎ᠡ ᠭᠦᠢᠴᠡᠳᠭᠡᠬᠦ ᠨᠤᠷᠮ᠎ᠠ ᠶᠢ 94% ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠪᠡ᠃ ᠠᠮᠤ ᠪᠤᠳᠠᠭᠠᠨ ᠤ ᠦᠢᠯᠡᠳᠪᠦᠷᠢᠯᠡᠯ ︽ᠠᠷᠪᠠ ᠶᠢᠰᠦᠨ ᠵᠢᠯ ᠳᠠᠷᠠᠭᠠᠯᠠᠨ ᠡᠯᠪᠡᠭ ᠬᠤᠷᠢᠶᠠᠯᠲᠠ ᠤᠯᠵᠤ︾᠂ ᠬᠡᠪᠴᠢᠶᠡᠵᠢᠯ ᠠᠴᠠ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠬᠦᠨ ᠤ ᠥᠷᠲᠡᠭ ᠪᠥᠬᠦ ᠠᠶᠢᠮᠠᠭ ᠤᠨ 75% ᠠᠴᠠ ᠳᠡᠭᠡᠭᠰᠢᠬᠢ ᠶᠢ ᠡᠵᠡᠯᠡᠨ᠂ ᠬᠤᠳᠠᠯᠳᠤᠭᠠᠨ ᠤ ᠬᠦᠷᠢᠶᠡᠨ ᠤ ᠠᠵᠤ ᠠᠬᠤᠶ ᠂ ᠡᠯᠧᠺᠲᠷᠣᠨ ᠬᠤᠳᠠᠯᠳᠤᠭᠠᠨ ᠤ ᠠᠵᠤ ᠠᠬᠤᠶ᠂ ᠵᠤᠭᠠᠴᠠᠯ ᠤᠨ ᠠᠵᠤ ᠠᠬᠤᠶ ᠴᠥᠮ ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠢ ᠪᠠᠲᠤᠯᠠᠵᠤ᠂ ᠭᠤᠷᠪᠠᠨ ᠠᠵᠤ ᠦᠢᠯᠡᠰ ᠤᠨ ᠬᠠᠷᠢᠴᠠᠯ ᠢ 8.4:39.6:52 ᠪᠣᠯᠭᠠᠨ ᠰᠢᠯᠢᠳᠡᠭᠵᠢᠭᠦᠯᠪᠡ᠃        ᠲᠦᠷᠪᠡᠨ ᠵᠢᠯ ᠪᠡᠷᠬᠡ ᠰᠡᠳᠦᠪ ᠢ ᠰᠢᠢᠳᠪᠦᠷᠢᠯᠡᠵᠦ᠂ ᠭᠤᠷᠪᠠᠨ ᠶᠡᠭᠡ ᠳᠠᠶᠢᠯᠠᠯᠳᠤᠭᠠᠨ ᠪᠦᠷᠢᠨ ᠢᠯᠠᠯᠲᠠ ᠣᠯᠵᠤ ᠲᠡᠭᠦᠰᠪᠡ᠃ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠠᠷᠠᠳ ᠤᠨ ᠰᠡᠳᠬᠢᠯ ᠤᠨ ᠬᠠᠮᠤᠭ ᠤᠨ ᠶᠡᠭᠡ ᠢᠨᠵᠧᠨᠧᠷᠢᠩ ᠪᠣᠯᠭᠠᠬᠤ ᠶᠢ ᠪᠠᠷᠢᠮᠲᠠᠯᠠᠵᠤ᠂ ᠨᠡᠶᠢᠳᠡ 3.3 ᠳ᠋ᠦᠩᠰᠢᠭᠤᠷ ᠲᠥᠭᠦᠷᠢᠭ ᠤᠨ ᠬᠠᠪᠰᠤᠷᠤᠨ ᠲᠡᠳᠬᠦᠬᠦ ᠪᠡᠯᠡ ᠮᠥᠩᠭᠦ ᠣᠷᠣᠭᠤᠯᠵᠤ᠂ 83 ᠬᠠᠪᠰᠤᠷᠤᠨ ᠲᠡᠳᠬᠦᠬᠦ ᠲᠦᠷᠦᠯ ᠵᠦᠢᠯ ᠢ ᠬᠡᠷᠡᠭᠵᠢᠭᠦᠯᠪᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ︽ᠰᠡᠭᠦᠯᠴᠢ ᠶᠢᠨ ᠬᠠᠭᠠᠰ ᠶᠠᠪᠤᠴᠠ︾ ᠶᠢ ᠪᠣᠳᠠᠲᠠᠶᠢᠵᠢᠭᠤᠯᠤᠨ ᠨᠠᠷᠢᠯᠢᠬᠵᠢᠭᠤᠯᠵᠤ᠂ ︽ᠲᠦᠷᠪᠡ ᠶᠢ ᠲᠠᠶᠠᠭᠳᠠᠬᠤ ᠦᠭᠡᠢ︾ ᠶᠢ ᠴᠢᠩᠭ᠎ᠠ ᠨᠠᠶᠢᠳᠠᠪᠤᠷᠢᠵᠢᠭᠤᠯᠵᠤ᠂ ︽ᠭᠤᠷᠪᠠ ᠶᠢ ᠰᠡᠷᠭᠡᠶᠢᠯᠡᠬᠦ︾ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠦᠬᠦ ᠤᠯᠤᠰ ᠤᠨ ᠠᠷᠠᠳ ᠲᠦᠮᠡᠨ ᠲᠠᠢ ᠬᠠᠮᠲᠤᠪᠠᠷ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠳᠤ ᠲᠠᠪᠰᠢᠨ ᠣᠷᠣᠵᠠᠢ᠃ ᠵᠠᠰᠠᠭ ᠤᠨ ᠣᠷᠳᠣᠨ ᠤ ᠥᠷᠢ ᠥᠭᠴᠡᠭᠡ ᠶᠢᠨ ᠨᠤᠷᠮ᠎ᠠ ᠶᠢ ᠤᠯᠠᠭᠠᠨ ᠱᠣᠭᠤᠮ ᠤᠨ ᠲᠦᠭᠰᠢᠭᠦᠷᠢ ᠶᠢᠨ ᠲᠡᠰ ᠠᠴᠠ ᠤᠬᠤᠷᠢᠭᠤᠯᠵᠤ᠂ ᠪᠦᠬᠦ ᠤᠯᠤᠰ ᠤᠨ ᠪᠠᠶᠢᠭᠤᠯᠤᠮᠵᠢᠳᠤ ᠰᠢᠶᠠᠨ ᠤ ᠳᠡᠰ ᠤᠨ ᠬᠤᠲᠠ ᠶᠢᠨ ᠳᠠᠯᠳᠠ ᠥᠷᠢ ᠥᠭᠴᠡᠭᠡ ᠶᠢᠨ ᠲᠦᠭᠰᠢᠭᠦᠷᠢ ᠶᠢ ᠠᠷᠢᠯᠭᠠᠬᠤ ᠲᠤᠷᠰᠢᠯᠲᠠ ᠶᠢᠨ ᠴᠡᠭ ᠪᠣᠯᠪᠠ᠃ ᠠᠮᠢ ᠠᠬᠤᠶ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠤᠯᠭᠠᠬᠤ ᠶᠢ ᠨᠠᠶᠢᠳᠠᠪᠤᠷᠢᠵᠢᠭᠤᠯᠵᠤ᠂ ᠠᠭᠠᠷ ᠨᠢ ᠰᠢᠯᠢᠳᠡᠭ ᠰᠠᠶᠢᠨ ᠪᠠᠶᠢᠬᠤ ᠨᠣᠷᠮ᠎ᠠ ᠶᠢ ᠣᠷᠳᠣ ᠬᠤᠭᠤᠴᠠᠭ᠎ᠠ ᠪᠠᠷ 97% ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠪᠠ ᠪᠠᠶᠢᠭᠤᠯᠤᠭᠰᠠᠨ ᠲᠣᠭᠤᠷᠢᠭ ᠤᠨ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ ᠶᠢ ᠲᠣᠰ ᠲᠣᠰ 34%᠂ 40% ᠳᠤ ᠬᠦᠷᠭᠡᠭᠰᠡᠨ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠪᠠᠷ ᠦᠨᠡᠯᠡᠭᠳᠡᠪᠡ᠃        ᠲᠦᠷᠪᠡᠨ ᠵᠢᠯ ᠳᠤ ᠰᠢᠨᠲᠠᠷᠠᠰᠢ ᠦᠭᠡᠢ ᠴᠢᠷᠮᠠᠶᠢᠵᠤ᠂ ᠠᠷᠠᠳ ᠤᠨ ᠠᠮᠢᠳᠤᠷᠠᠯ ᠤᠨ ᠬᠡᠰᠢᠭ ᠪᠤᠶᠠᠨ ᠢ ᠦᠷᠭᠦᠯᠵᠢᠯᠡᠨ ᠨᠡᠮᠡᠭᠳᠡᠭᠦᠯᠪᠡ᠃ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠢᠢᠳᠪᠦᠷᠢ ᠲᠣᠭᠲᠠᠭᠠᠯ ᠢ ᠴᠢᠩᠭ᠎ᠠ ᠬᠡᠷᠡᠭᠵᠢᠭᠦᠯᠦᠨ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ ᠠᠵᠢᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠨᠡᠶᠢᠭᠡᠮ ᠤᠨ ᠬᠢᠨᠠᠯᠲᠠ ᠶᠢ ᠪᠦᠬᠦ ᠲᠠᠯ᠎ᠠ ᠪᠠᠷ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ 1260 ᠬᠤᠪᠢ ᠰᠢᠢᠳᠪᠦᠷᠢᠯᠡᠵᠦ᠂ ᠲᠠᠢ ᠺᠠᠩ ᠵᠠᠮ᠂ ᠬᠤᠲᠠ ᠶᠢᠨ ᠬᠤᠶᠢᠲᠤ ᠲᠠᠯ᠎ᠠ ᠶᠢᠨ ᠶᠡᠭᠡ ᠵᠠᠮ ᠤᠨ ᠨᠣᠭᠤᠭᠠᠷᠠᠭᠤᠯᠤᠯᠲᠠ ᠵᠡᠷᠭᠡ ᠠᠷᠠᠳ ᠤᠨ ᠠᠮᠢᠳᠤᠷᠠᠯ ᠤᠨ 28 ᠲᠥᠷᠥᠯ ᠵᠦᠢᠯ ᠢ ᠬᠡᠷᠡᠭᠵᠢᠭᠦᠯᠵᠦ᠂ ᠠᠶᠢᠮᠠᠭ ᠬᠤᠲᠠ ᠶᠢᠨ ᠬᠠᠮᠲᠤ ᠪᠠᠷ ᠪᠠᠶᠢᠭᠤᠯᠬᠤ ᠲᠥᠷᠥ ᠶᠢᠨ ᠪᠣᠳᠣᠯᠭ᠎ᠠ ᠶᠢᠨ ᠪᠠᠯᠠ ᠮᠥᠩᠭᠦᠨ ᠤ ᠳᠠᠪᠠᠭᠤᠯᠢᠭ ᠡᠳᠦᠷ ᠢᠷᠡᠬᠦᠶ᠎ᠡ ᠢᠯᠡᠷᠬᠡᠶ ᠪᠣᠯᠪᠠ᠃ ᠭᠡᠷ ᠪᠠᠶᠢᠰᠢᠩ ᠭᠠᠵᠠᠷ ᠬᠦᠷᠦᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠲᠦᠷᠦᠯ ᠵᠦᠢᠯ ᠢ ᠰᠢᠢᠳᠪᠦᠷᠢᠯᠡᠬᠦ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ 3.7 ᠲᠦᠮᠡᠨ ᠡᠷᠦᠬᠡ ᠰᠠᠭᠤᠭᠠᠯᠢ ᠠᠷᠠᠳ ᠤᠨ ᠦᠯᠦ ᠬᠥᠳᠡᠯᠬᠦ ᠬᠦᠷᠦᠩᠭᠡ ᠶᠢ ᠳᠠᠩᠰᠠᠯᠠᠬᠤ ᠨᠥᠬᠦᠴᠡᠯ ᠢ ᠪᠦᠷᠢᠳᠦᠭᠦᠯᠵᠦ᠂ 6000 ᠰᠢᠬᠠᠮ ᠡᠷᠦᠬᠡ ᠰᠠᠭᠤᠭᠠᠯᠢ ᠠᠷᠠᠳ ᠢ ᠪᠤᠴᠠᠭᠠᠨ ᠨᠡᠭᠦᠯᠭᠡᠵᠦ ᠰᠠᠭᠤᠷᠢᠭᠤᠯᠪᠠ᠃ 20 ᠮᠤᠬᠤᠷ ᠵᠠᠮ ᠢ ᠨᠡᠪᠲᠡᠷᠡᠭᠦᠯᠵᠦ᠂ ᠵᠡᠭᠡᠯᠢ ᠭᠤᠳᠤᠮᠵᠢ ᠶᠢᠨ 205 ᠵᠢᠵᠢᠭ ᠭᠤᠳᠤᠮᠵᠢ ᠶᠢ ᠵᠠᠰᠠᠭᠠᠳ᠂ ᠳᠥᠭᠦᠮ ᠪᠦᠳᠦᠴᠡᠲᠦ ᠣᠷᠣᠨ ᠰᠠᠭᠤᠴᠠ ᠶᠢᠨ ᠲᠣᠭᠤᠷᠢᠭ ᠢ 1800 ᠡᠷᠦᠬᠡ᠂ 18 ᠲᠦᠮᠡᠨ ᠲᠡᠭᠰᠢ ᠳᠥᠷᠪᠡᠯᠵᠢᠨ ᠮᠧᠲᠷ ᠥᠭᠡᠷᠡᠴᠢᠯᠡᠨ ᠵᠠᠰᠠᠵᠤ᠂ 100 ᠬᠠᠭᠤᠴᠢᠨ ᠪᠠᠭ᠎ᠠ ᠲᠣᠭᠤᠷᠢᠭ ᠢ ᠥᠭᠡᠷᠡᠴᠢᠯᠡᠨ ᠰᠢᠨᠡᠳᠬᠡᠵᠦ᠂ 1.2 ᠲᠦᠮᠡᠨ ᠡᠷᠦᠬᠡ ᠶᠢᠨ ᠬᠥᠮᠦᠰ ᠤᠨ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠶ ᠵᠢᠭᠠᠯᠲᠠ ᠲᠤᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠪᠠᠢ ᠯᠤ᠋ ᠰᠤᠷᠭᠠᠭᠤᠯᠢ ᠶᠢ ᠠᠰᠢᠭᠯᠠᠯᠲᠠ ᠳᠤ ᠣᠷᠣᠭᠤᠯᠵᠤ᠂ ᠠᠶᠢᠭᠦ᠋ᠸᠧ ᠨᠢᠭᠡᠳᠦᠭᠡᠷ ᠪᠠᠭ᠎ᠠ ᠰᠤᠷᠭᠠᠭᠤᠯᠢ᠂ ᠠᠷᠪᠠᠨ ᠭᠤᠷᠪᠠᠳᠤᠭᠠᠷ ᠳᠤᠮᠳᠠᠳᠤ ᠰᠤᠷᠭᠠᠭᠤᠯᠢ ᠵᠡᠷᠭᠡ 17 ᠰᠤᠷᠭᠠᠭᠤᠯᠢ ᠶᠢ ᠥᠭᠡᠷᠡᠴᠢᠯᠡᠨ ᠥᠷᠭᠡᠳᠬᠡᠨ ᠪᠠᠶᠢᠭᠤᠯᠵᠤ᠂ ᠰᠤᠷᠭᠠᠨ ᠬᠥᠮᠦᠵᠢᠯ ᠤᠨ ᠰᠠᠭᠤᠷᠢ ᠲᠥᠬᠦᠭᠡᠷᠦᠮᠵᠢ ᠶᠢ ᠵᠢᠯ ᠳᠠᠷᠠᠭᠠᠯᠠᠨ ᠲᠡᠭᠦᠯᠳᠡᠷᠵᠢᠭᠦᠯᠪᠡ᠃ ︽ᠬᠠᠶᠢᠷ᠎ᠠ ᠰᠡᠳᠬᠢᠯᠭᠡ ᠪᠠᠷ ᠳᠤᠯᠠᠭᠠᠴᠠᠭᠤᠯᠬᠤ︾ ᠪᠠᠷ ᠳᠠᠮᠵᠢᠨ ᠲᠦᠮᠡ ᠰᠢᠬᠠᠮ ᠬᠥᠮᠦᠨ ᠢ ᠬᠠᠪᠰᠤᠷᠤᠨ ᠲᠡᠳᠬᠦᠵᠦ ᠠᠪᠤᠷᠠᠨ ᠲᠤᠰᠠᠯᠠᠵᠤ᠂ 2.1 ᠲᠦᠮᠡᠨ ᠬᠥᠮᠦᠨ ︵ᠤᠳᠠᠭ᠎ᠠ︶ ᠳᠤ ᠰᠢᠨ᠎ᠡ ᠪᠠᠷ ᠠᠵᠢᠯ ᠣᠯᠭᠤᠵᠤ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4.5% ᠶᠢᠨ ᠳᠣᠲᠣᠷ᠎ᠠ ᠬᠢᠵᠠᠭᠠᠷᠯᠠᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠱᠠᠭᠠᠷᠳᠠᠯᠭ᠎ᠠ ᠶᠢ ᠨᠠᠷᠢᠯᠢᠭ ᠣᠨᠣᠴᠠᠲᠠᠶ ᠪᠠᠷ ᠨᠠᠶᠢᠳᠠᠪᠤᠷᠢᠵᠢᠭᠤᠯᠵᠤ᠂ ᠸᠠᠺᠼᠢᠨ ᠤ ᠲᠠᠷᠢᠯᠭ᠎ᠠ ᠶᠢ 63.7 ᠲᠦᠮᠡᠨ ᠬᠥᠮᠦᠨ ︵ᠤᠳᠠᠭ᠎ᠠ︶ ᠳᠤ ᠰᠢᠨ᠎ᠡ ᠪᠠᠷ ᠬᠢᠵᠦ᠂ ᠭᠤᠣᠯᠳᠠᠯᠭ᠎ᠠ ᠲᠠᠢ ᠬᠥᠮᠦᠰ᠂ ᠲᠠᠯᠠᠪᠤᠷ ᠭᠠᠵᠠᠷ ᠪᠠ ᠣᠷᠴᠢᠨ ᠠᠬᠤᠶ ᠶᠢᠨ ᠤᠯᠠᠨ ᠭᠠᠵᠠᠷ ᠲᠤ ᠬᠥᠨᠳᠡᠭᠳᠡᠬᠦ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠡᠳᠦᠷ ᠢᠷᠡᠬᠦᠶ᠎ᠡ ᠲᠡᠭᠦᠯᠳᠡᠷᠵᠢᠭᠦᠯᠪᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶ ᠥᠷᠨᠢᠭᠦᠯᠵᠦ᠂ ᠠᠮᠤᠷ ᠢ ᠬᠠᠮᠠᠭᠠᠯᠠᠬᠤ᠂ ᠡᠷᠡᠭᠦᠦ ᠶᠢᠨ ᠬᠡᠷᠡᠭ ᠤᠨ ᠲᠤᠭ᠎ᠠ ᠬᠡᠮᠵᠢᠶ᠎ᠡ ᠵᠢᠯ ᠳᠠᠷᠠᠭᠠᠯᠠᠨ ᠪᠠᠭᠠᠰᠪᠠ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠪᠠᠲᠤᠳᠬᠠᠵᠤ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠲᠣᠭᠲᠠᠭᠤᠨ ᠠᠴᠠ ᠰᠠᠶᠢᠨ ᠲᠡᠶᠢᠰᠢ ᠬᠥᠭᠵᠢᠪᠡ᠃        ᠲᠦᠷᠪᠡᠨ ᠵᠢᠯ ᠤᠨ ᠴᠢᠷᠮᠠᠶᠢᠯᠭ᠎ᠠ ᠪᠠᠷ᠂ ᠨᠡᠷᠡᠲᠦ ᠲᠡᠮᠳᠡᠭᠲᠦ ᠶᠢᠨ ᠦᠢᠯᠡᠳᠦᠯ ᠬᠥᠮᠦᠰ ᠤᠨ ᠰᠡᠳᠬᠢᠯ ᠢ ᠨᠢᠭᠲᠠᠷᠠᠭᠤᠯᠵᠡᠢ᠃ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠠᠷᠢᠭᠤᠨ ᠭᠠᠯ ᠠᠰᠠᠭᠠᠬᠤ ᠵᠢᠴᠢ ᠭᠠᠯ ᠪᠠᠮᠪᠠᠷ ᠳᠠᠮᠵᠢᠭᠤᠯᠬᠤ ᠠᠩᠬᠠᠨ ᠤ ᠶᠣᠰᠣᠯᠠᠯ᠂ ᠪᠥᠬᠦ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠤᠨ ᠰᠢᠭᠤᠳ ᠨᠡᠪᠲᠡᠷᠡᠭᠦᠯᠭᠡ᠂ ᠪᠥᠬᠦ ᠤᠯᠤᠰ ᠤᠨ ᠬᠠᠭᠠᠰ ᠵᠠᠶᠢᠲᠤ ᠮᠠᠷᠠᠽᠣᠨ ᠤ ᠤᠷᠢᠯᠭ᠎ᠠ ᠶᠢᠨ ᠤᠷᠤᠯᠳᠤᠭᠠᠨ ᠵᠡᠷᠭᠡ ᠤᠷᠤᠯᠳᠤᠭᠠᠨ ᠤ ᠠᠵᠢᠯᠯᠠᠭ᠎ᠠ ᠶᠢ ᠥᠨᠳᠥᠷ ᠬᠢᠷᠢ ᠲᠦᠪᠰᠢᠨ ᠢᠶᠠᠷ ᠳᠠᠭᠠᠭᠠᠴᠢᠯᠠᠨ ᠡᠷᠭᠢᠯᠡᠵᠦ᠂ ᠪᠥᠬᠦ ᠤᠯᠤᠰ ᠤᠨ ᠠᠩᠬᠠᠷᠤᠯ ᠢ ᠲᠥᠪᠯᠡᠷᠡᠭᠦᠯᠦᠨ᠂ ᠣᠯᠠᠨ ᠲᠠᠯ᠎ᠠ ᠶᠢᠨ ᠮᠠᠭᠲᠠᠭᠠᠯ ᠰᠠᠶᠢᠰᠢᠶᠠᠯ ᠢ ᠤᠯᠪᠠ᠃ ᠤᠯᠤᠰ ᠤᠨ ᠡᠷᠡᠭᠦᠯ ᠬᠠᠮᠠᠭᠠᠯᠠᠯ ᠤᠨ ᠬᠤᠲᠠ᠂ ᠪᠥᠬᠦ ᠤᠯᠤᠰ ᠤᠨ ᠨᠣᠭᠤᠭᠠᠷᠠᠭᠤᠯᠤᠯᠲᠠ ᠶᠢᠨ ᠵᠢᠱᠢᠶᠡᠴᠢ ᠬᠤᠲᠠ᠂ ᠥᠪᠡᠷᠲᠡᠭᠡᠨ ᠵᠠᠰᠠᠬᠤ ᠣᠷᠣᠨ ᠤ ᠲᠦᠷᠦᠭᠦᠤ ᠪᠦᠯᠦᠭ ᠤᠨ ᠰᠡᠶᠢᠮᠡᠬᠡᠢ ᠬᠤᠲᠠ ᠶᠢᠨ ᠵᠢᠱᠢᠶ᠎ᠡ ᠦᠵᠡᠭᠦᠯᠬᠦ ᠬᠤᠲᠠ ᠵᠡᠷᠭᠡ ᠤᠯᠤᠰ ᠪᠠ ᠥᠪᠡᠷᠲᠡᠭᠡᠨ ᠵᠠᠰᠠᠬᠤ ᠣᠷᠣᠨ ᠤ ᠵᠠᠭᠤ ᠭᠠᠷᠤᠶ ᠢᠷᠠᠭᠤ ᠠᠯᠳᠠᠷ ᠢ ᠲᠤᠰᠴᠤ᠂ ᠬᠤᠶᠠᠷ ᠤᠳᠠᠭ᠎ᠠ ᠤᠯᠤᠰ ᠤᠨ ᠲᠠᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ ᠤ ᠳᠡᠰ ᠤᠨ ᠬᠤᠲᠠ ᠪᠠᠷ ᠦᠨᠡᠯᠡᠭᠳᠡᠵᠦ᠂ ᠵᠠᠯᠭᠠᠭ᠎ᠠ ᠪᠠᠷ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠳᠤ ᠵᠠᠯᠭᠠᠭ᠎ᠠ ᠪᠠᠷ ᠳᠣᠯᠤᠭ᠎ᠠ ᠤᠳᠠᠭ᠎ᠠ ᠮᠠᠩᠯᠠᠶᠢᠯᠠᠵᠤ᠂ ᠺᠠᠳ᠋ᠷ ᠤᠨ ᠡᠩᠨᠡᠭᠡᠨ ᠴᠤᠭ ᠰᠦᠯᠳᠡ ᠲᠠᠰᠤᠷᠠᠯᠲᠠ ᠥᠬᠡᠶ ᠪᠠᠳᠠᠷᠠᠨ᠂ ᠬᠥᠭᠵᠢᠯᠲᠡ ᠶᠢᠨ ᠢᠲᠡᠭᠡᠯ ᠵᠣᠷᠢᠭ ᠨᠠᠩ ᠪᠠᠲᠤᠵᠢᠪᠠ᠃        ᠲᠥᠯᠥᠭᠡᠯᠡᠭᠴᠢᠳ ᠡ᠂ ᠡᠳᠡᠭᠡᠷ ᠠᠮᠵᠢᠯᠲᠠ ᠶᠢ ᠣᠯᠤᠭᠰᠠᠨ ᠨᠢ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠠᠴᠢ ᠲᠤᠰᠠ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠬᠦᠴᠦᠲᠡᠶ ᠳᠡᠮᠵᠢᠯᠭᠡ ᠶᠢᠨ ᠠᠴᠢ ᠲᠤᠰᠠ᠂ ᠪᠦᠬᠦ ᠬᠤᠳᠠ ᠶᠢᠨ ᠥᠷᠭᠡᠨ ᠤᠯᠠᠨ ᠺᠠᠳ᠋ᠷ ᠤᠯᠠᠨ ᠲᠦᠮᠡᠨ ᠤ ᠪᠦᠯᠬᠦᠮᠳᠡᠨ ᠲᠡᠮᠡᠴᠡᠭᠰᠡᠨ ᠤ ᠠᠴᠢ ᠲᠤᠰᠠ ᠶᠤᠮ᠃ ᠡ᠊ᠡᠳᠡ᠂ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ᠂ ᠥᠩᠭᠡᠷᠡᠭᠰᠡᠨ ᠳᠤ ᠲᠤᠰᠢᠶᠠᠯ ᠳᠤ ᠪᠠᠶᠢᠭᠰᠠᠨ ᠠᠬᠠᠮᠠᠳ ᠤᠳᠤᠷᠢᠳᠤᠯᠭ᠎ᠠ᠂  ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ᠂ ᠡᠯ᠎ᠡ ᠠᠷᠠᠳᠴᠢᠯᠠᠭᠰᠠᠨ ᠨᠠᠮ ᠪᠦᠯᠦᠭ ᠪᠠ ᠨᠠᠮ ᠪᠦᠯᠦᠭ ᠤᠨ ᠪᠤᠰᠤ ᠬᠥᠮᠦᠰ᠂ ᠠᠷᠠᠳ ᠤᠨ ᠪᠦᠯᠬᠦᠮ᠂ ᠰᠢᠭᠤᠳ ᠬᠠᠮᠢᠶᠠᠷᠤᠯᠲᠠ ᠶᠢᠨ ᠨᠢᠭᠡᠴᠢ᠂ ᠤᠯᠠᠭᠠᠨᠬᠤᠲᠠ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠨᠥᠬᠦᠳ᠂ ᠨᠠᠶᠢᠵᠠ ᠨᠠᠷ ᠲᠤ᠂ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕         ᠲᠥᠯᠥᠭᠡᠯᠡᠭᠴᠢᠳ ᠡ᠂ ᠪᠢᠳᠡ ᠠᠮᠵᠢᠯᠲᠠ ᠪᠠᠨ ᠳ᠋ᠦᠩᠨᠡᠬᠦ ᠶᠢᠨ ᠬᠠᠮᠲᠤ᠂ ᠤᠷᠤᠭᠰᠢᠯᠠᠯᠲᠠ ᠶᠢᠨ ᠳᠤᠮᠳᠠ ᠪᠠᠰᠠ ᠵᠠᠷᠢᠮ ᠲᠤᠪᠤᠶᠢᠮ᠎ᠠ ᠠᠰᠠᠭᠤᠳᠠᠯ ᠪᠠ ᠳᠤᠲᠠᠭᠤᠳᠠᠯ ᠣᠷᠣᠰᠢᠵᠤ ᠪᠠᠶᠢᠬᠤ ᠶᠢ ᠪᠠᠰᠠ ᠰᠡᠷᠭᠡᠭ ᠢᠶᠠᠷ ᠣᠯᠵᠤ ᠬᠠᠷᠠᠪᠠ᠃ ᠨᠢᠭᠡ ᠳᠤ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠬᠦ ᠴᠢᠬᠤᠯᠠᠲᠠᠶ᠂ ᠠᠵᠤ ᠠᠬᠤᠶ ᠶᠢᠨ ᠬᠥᠭᠵᠢᠯᠲᠡ ᠪᠠᠷ ᠠᠨᠠᠶ ᠪᠠᠶᠢᠭ᠎ᠠ ᠵᠠᠬ᠎ᠠ ᠳᠡᠯᠭᠡᠭᠦᠷ ᠤᠨ ᠪᠠᠶᠢᠳᠠᠯ ᠢ ᠬᠤᠪᠢᠷᠠᠭᠤᠯᠤᠭᠠᠳᠤᠶ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠨᠡᠯᠢᠶᠡᠳ ᠲᠤᠪᠤᠶᠢᠮ᠎ᠠ ᠪᠠᠶᠢᠵᠤ᠂ ᠴᠠᠯᠢᠩ ᠢ ᠪᠠᠲᠤᠯᠠᠬᠤ᠂ ᠡᠷᠭᠢᠯᠲᠡ ᠶᠢ ᠪᠠᠲᠤᠯᠠᠬᠤ᠂ ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠬᠤ ᠳᠠᠷᠤᠯᠲᠠ ᠨᠡᠯᠢᠶᠡᠳ ᠶᠡᠭᠡ᠂ ᠠᠮᠢ ᠠᠬᠤᠶ ᠶᠢᠨ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠲᠠᠯ᠎ᠠ ᠪᠠᠷ ᠭᠦᠢᠴᠡᠳ ᠪᠤᠰᠤ ᠪᠠᠶᠢᠨ᠎ᠠ᠃ ᠬᠤᠶᠠᠷ ᠲᠤ ᠬᠦᠴᠦᠨ ᠵᠦᠢᠯ ᠤᠨ ᠬᠢᠵᠠᠭᠠᠷᠯᠠᠯ ᠨᠡᠯᠢᠶᠡᠳ ᠶᠡᠭᠡ᠂ ᠴᠢᠬᠤᠯᠠ ᠶᠡᠭᠡ ᠲᠦᠷᠦᠯ ᠵᠦᠢᠯ ᠤᠨ ᠨᠥᠭᠡᠴᠡ ᠬᠦᠷᠦᠯᠴᠡᠬᠦ ᠦᠭᠡᠢ᠂ ᠪᠡᠯᠡ ᠣᠷᠣᠭᠤᠯᠤᠯᠲᠠ ᠶᠢᠨ ᠳᠠᠶᠢᠴᠢᠯᠠᠬᠤ ᠴᠢᠳᠠᠪᠤᠷᠢ ᠴᠢᠩᠭ᠎ᠠ ᠪᠢᠰᠢ᠂ ᠪᠡᠯᠡ ᠲᠣᠬᠢᠷᠠᠭᠤᠯᠬᠤ ᠳᠤ ᠬᠦᠴᠢᠷ᠂ ᠭᠠᠵᠠᠷ ᠬᠡᠷᠡᠭᠯᠡᠬᠦ ᠳᠤ ᠬᠦᠴᠢᠷ᠂ ᠴᠢᠳᠠᠪᠤᠷᠢᠲᠠᠨ ᠳᠤᠲᠠᠭᠳᠠᠵᠤ ᠪᠠᠶᠢᠬᠤ ᠵᠡᠷᠭᠡ ᠪᠣᠭᠤᠮᠢ ᠶᠢᠨ ᠬᠢᠵᠠᠭᠠᠷᠯᠠᠯ ᠢ ᠮᠥᠨ ᠬᠦ ᠪᠦᠲᠦᠮᠵᠢᠲᠡᠶ ᠰᠢᠢᠳᠪᠦᠷᠢᠯᠡᠵᠦ ᠴᠢᠳᠠᠭᠠᠳᠤᠶ ᠪᠠᠶᠢᠨ᠎ᠠ᠃ ᠭᠤᠷᠪᠠ ᠳᠤ ᠣᠯᠠᠨ ᠨᠡᠶᠢᠲᠡ ᠶᠢᠨ ᠦᠢᠯᠡᠴᠢᠯᠡᠭᠡ ᠲᠡᠩᠴᠡᠭᠦᠷᠢ ᠥᠬᠡᠶ᠂ ᠬᠤᠲᠠ ᠬᠥᠳᠡᠭᠡ ᠶᠢᠨ ᠬᠥᠭᠵᠢᠯᠲᠡ ᠲᠡᠩᠴᠡᠭᠦᠷᠢ ᠥᠬᠡᠶ᠂ ᠭᠦᠢᠴᠡᠳ ᠥᠬᠡᠶ ᠪᠠᠶᠢᠬᠤ ᠠᠰᠠᠭᠤᠳᠠᠯ ᠮᠥᠨ ᠬᠦ ᠲᠣᠪᠤᠶᠢᠮ᠎ᠠ ᠪᠠᠶᠢᠵᠤ᠂ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠᠲᠠᠶ ᠪᠠᠶᠢᠵᠤ᠂ ᠰᠤᠷᠭᠠᠨ ᠬᠥᠮᠦᠵᠢᠯ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠨᠢᠯᠬ᠎ᠠ ᠶᠢ ᠨᠠᠶᠢᠳᠠᠨ ᠬᠠᠮᠢᠶᠠᠷᠤᠭᠤᠯᠬᠤ ᠵᠡᠷᠭᠡ ᠣᠯᠠᠨ ᠨᠡᠶᠢᠲᠡ ᠶᠢᠨ ᠢᠵᠢ ᠲᠦᠬᠦᠷ ᠲᠡᠭᠦᠯᠳᠡᠷ ᠪᠤᠰᠤ ᠪᠠᠶᠢᠨ᠎ᠠ᠃ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠣᠶᠢᠯᠠᠭᠠᠭᠳᠠᠬᠤᠨ᠂ ᠠᠷᠭ᠎ᠠ ᠮᠠᠶ᠋ᠢᠭ᠂ ᠲᠣᠭᠲᠠᠴᠠ ᠶᠢ ᠰᠢᠨᠡᠳᠬᠡᠬᠦ ᠴᠢᠬᠤᠯᠠᠲᠠᠶ ᠪᠠᠶᠢᠵᠤ᠂ ᠭᠤᠣᠯ ᠬᠤᠳᠠ ᠶᠢᠨ ᠶᠡᠷᠦᠩᠬᠡᠶ ᠱᠠᠭᠠᠷᠳᠠᠯᠭ᠎ᠠ ᠲᠠᠢ ᠪᠠᠰᠠ ᠪᠠᠭ᠎ᠠ ᠪᠤᠰᠤ ᠵᠥᠷᠢᠶ᠎ᠡ ᠲᠠᠢ ᠪᠠᠶᠢᠨ᠎ᠠ᠃ ᠲᠦᠷᠪᠡ ᠳᠤ᠂ ᠵᠠᠰᠠᠭ ᠤᠨ ᠣᠷᠳᠣᠨ ᠤ ᠠᠵᠢᠯ ᠤᠨ ᠲᠦᠪᠰᠢᠨ ᠢ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠂ ᠬᠡᠰᠡᠭ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠨᠠᠮ ᠤᠨ ᠭᠡᠰᠢᠭᠦᠨ ᠺᠠᠳ᠋ᠷ ᠤᠨ ᠴᠢᠳᠠᠪᠤᠷᠢ ᠶᠢᠨ ᠭᠡᠯᠮᠡᠭᠳᠡᠯ᠂ ᠦᠵᠡᠯ ᠰᠠᠨᠠᠭ᠎ᠠ ᠪᠠᠨ ᠴᠢᠯᠥᠭᠡᠯᠡᠬᠦ ᠪᠠᠷ ᠬᠦᠷᠦᠯᠴᠡᠬᠦ ᠦᠭᠡᠢ᠂ ᠰᠢᠨ᠎ᠡ ᠶᠢ ᠡᠭᠦᠳᠬᠦ ᠴᠢᠳᠠᠪᠤᠷᠢ ᠴᠢᠩᠭ᠎ᠠ ᠪᠢᠰᠢ᠂ ᠬᠠᠮᠢᠶᠠᠷᠤᠯᠲᠠ ᠶᠢ ᠴᠢᠬᠤᠯᠠᠴᠢᠯᠠᠬᠤ᠂ ᠦᠢᠯᠡᠴᠢᠯᠡᠭᠡ ᠶᠢ ᠬᠥᠩᠭᠡᠪᠴᠢᠯᠡᠬᠦ ᠦᠵᠡᠭᠳᠡᠯ ᠮᠥᠨᠬᠦ ᠣᠷᠣᠰᠢᠵᠤ᠂ ︽ᠲᠦᠷᠪᠡᠨ ᠬᠠᠮᠤᠭ︾ ᠤᠨ ᠬᠤᠳᠠᠯᠳᠤᠭ᠎ᠠ ᠡᠷᠬᠢᠯᠡᠬᠦ ᠣᠷᠴᠢᠨ ᠨᠥᠭᠦᠴᠡᠯ ᠢ ᠪᠤᠢ ᠪᠣᠯᠭᠠᠬᠤ ᠡᠭᠦᠷᠭᠡ ᠬᠦᠨᠳᠦ ᠵᠠᠮ ᠬᠤᠯᠠ ᠪᠠᠶᠢᠨ᠎ᠠ᠃ ᠡᠭᠦᠨ ᠤ ᠲᠤᠬᠠᠶ ᠪᠢᠳᠡ ᠬᠦᠴᠦᠲᠡᠶ ᠠᠷᠭ᠎ᠠ ᠬᠡᠮᠵᠢᠶ᠎ᠡ ᠠᠪᠴᠤ ᠬᠢᠨᠠᠮᠠᠭᠠᠶ ᠰᠢᠢᠳᠪᠦᠷᠢᠯᠡᠬᠦ ᠪᠣᠯᠤᠨ᠎ᠠ᠃        ᠢᠷᠡᠬᠦ ᠲᠠᠪᠤᠨ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠠ ᠬᠠᠷᠠᠯᠲᠠ ᠡᠭᠦᠷᠭᠡ        ᠬᠤᠶᠢᠰᠢᠳᠠ ᠶᠢᠨ ᠲᠠᠪᠤᠨ ᠵᠢᠯ ᠪᠣᠯ ︽ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢᠨ ᠲᠡᠦᠬᠡ ᠶᠢᠨ ᠰᠣᠯᠪᠢᠴᠠᠯ ᠤᠨ ᠬᠤᠭᠤᠴᠠᠭ᠎ᠠ ᠪᠣᠯᠤᠨ᠎ᠠ᠂ ᠤᠯᠠᠭᠠᠨᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯ ᠤᠨ ᠬᠤᠭᠤᠴᠠᠭ᠎ᠠ ᠪᠣᠯᠤᠨ᠎ᠠ᠃ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ   ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠠᠶᠢᠮᠠᠭ ᠤᠨ ᠨᠠᠮ ᠤᠨ ᠬᠤᠷᠢᠶᠠᠨ ᠤ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ ᠴᠤᠭᠴᠠᠵᠢᠭᠤᠯᠬᠤ ︾ ᠶᠡᠷᠦᠩᠬᠡᠶ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠨ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠨ᠂ ︽ᠲᠥᠷᠥ ᠭᠦᠷᠦᠨ ᠪᠣᠯ ᠳᠠᠷᠤᠶ ᠠᠷᠠᠳ ᠲᠦᠮᠡᠨ᠂ ᠠᠷᠠᠳ ᠲᠦᠮᠡᠨ ᠪᠣᠯ ᠳᠠᠷᠤᠶ ᠲᠥᠷᠥ ᠭᠦᠷᠦᠨ︾ ᠭᠡᠬᠦ ᠦᠨᠳᠦᠰᠦᠨ ᠵᠣᠭᠰᠣᠯᠲᠠ ᠳᠡᠭᠡᠷ᠎ᠡ ᠪᠠᠲᠤ ᠵᠣᠭᠰᠣᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ ᠭᠠᠵᠠᠷ︾᠂ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠬᠤᠲᠠ ᠬᠥᠳᠡᠭᠡ ᠶᠢᠨ ᠣᠷᠴᠢᠨ ᠲᠣᠭᠤᠷᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠬᠤᠳᠠᠯᠳᠤᠭ᠎ᠠ ᠡᠷᠭᠢᠯᠡᠬᠦ ᠣᠷᠴᠢᠨ ᠨᠥᠭᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠲᠠᠰᠤᠷᠠᠯᠲᠠ ᠥᠬᠡᠶ ᠰᠠᠶᠢᠵᠢᠷᠠᠭᠤᠯᠤᠨ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾᠂ ︽ᠵᠢᠷᠭᠤᠭ᠎ᠠ ᠶᠢ ᠪᠠᠲᠤᠯᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠨᠡᠶᠢᠭᠡᠮ ᠵᠢᠷᠤᠮᠲᠦ ᠣᠳᠣᠬᠢᠴᠢᠯᠠᠭᠰᠠᠨ ᠤᠯᠠᠭᠠᠨᠬᠤᠲᠠ ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃        ᠪᠢᠳᠡ ᠰᠢᠨ᠎ᠡ ᠴᠠᠭ ᠦᠶ᠎ᠡ ᠳᠤ ᠰᠠᠭᠤᠷᠢᠯᠠᠵᠤ᠂ ᠰᠢᠨ᠎ᠡ ᠠᠶᠠᠨ ᠵᠠᠮ ᠳᠠᠭᠠᠨ ᠮᠣᠷᠳᠠᠨ᠂ ︽ᠪᠣᠬᠢᠷᠳᠤᠯ ᠦᠭᠡᠢ᠂ ᠰᠢᠯᠢᠳᠡᠭ᠂ ᠬᠤᠪᠢᠰᠬᠠᠯᠲᠤ︾ ᠭᠤᠷᠪᠠᠨ ᠠᠵᠢᠯ ᠢ ᠰᠠᠶᠢᠲᠤᠷ ᠬᠢᠬᠦ ᠶᠢᠨ ᠲᠣᠭᠤᠷᠢᠨ ᠳᠤ᠂ ︽ᠬᠤᠲᠠ ᠬᠥᠳᠡᠭᠡ ᠶᠢᠨ ᠣᠷᠴᠢᠨ ᠲᠣᠭᠤᠷᠢᠨ ᠢ ᠳᠡᠭᠡᠭᠰᠢᠯᠡᠭᠦᠯᠬᠦ᠂ ᠬᠤᠳᠠᠯᠳᠤᠭ᠎ᠠ ᠡᠷᠭᠢᠯᠡᠬᠦ ᠣᠷᠴᠢᠨ ᠨᠥᠭᠦᠴᠡᠯ ᠢ ᠰᠢᠯᠢᠳᠡᠭᠵᠢᠭᠦᠯᠬᠦ᠂ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠬᠤ︾ ᠶᠢ ᠪᠥᠬᠦ ᠲᠠᠯ᠎ᠠ ᠪᠠᠷ ᠳᠥᠯᠭᠢᠨ ᠠᠬᠢᠭᠤᠯᠤᠨ᠎ᠠ᠃        ᠬᠤᠶᠢᠰᠢᠳᠠ ᠶᠢᠨ ᠲᠠᠪᠤᠨ ᠵᠢᠯ ᠳᠤ᠂ ᠵᠠᠰᠠᠭ ᠤᠨ ᠣᠷᠳᠣᠨ ᠤ ᠠᠵᠢᠯ ᠢ ᠳᠣᠣᠷᠠᠬᠢ ᠭᠤᠷᠪᠠᠨ ᠲᠠᠯ᠎ᠠ ᠪᠠᠷ ᠰᠡᠳᠬᠢᠯ ᠲᠠᠯᠪᠢᠨ ᠴᠢᠷᠮᠠᠶᠢᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠪᠣᠯᠤᠨ᠎ᠠ᠃        ︵ᠨᠢᠭᠡ︶ ᠨᠠᠩ ᠥᠨᠳᠥᠷ ᠲᠠᠰ ᠤᠨ ᠣᠲᠣ ᠦᠶ᠎ᠡ ᠶᠢᠨ ᠰᠢᠨ᠎ᠡ ᠬᠡᠯᠪᠡᠷᠢ ᠶᠢᠨ ᠬᠤᠲᠠ ᠪᠠᠯᠭᠠᠰᠤ ᠶᠢ ᠪᠠᠶᠢᠭᠤᠯᠬᠤ ᠪᠠᠷ ᠴᠢᠷᠮᠠᠶᠢᠵᠤ ᠬᠤᠲᠠ ᠬᠥᠳᠡᠭᠡ ᠶᠢᠨ ᠣᠷᠴᠢᠨ ᠲᠣᠭᠤᠷᠢᠨ ᠤ ᠶᠡᠭᠡ ᠬᠤᠪᠢᠷᠠᠯᠲᠠ ᠠᠮᠢᠳᠤᠷᠠᠯ ᠤᠨ ᠴᠢᠨᠠᠷ ᠴᠢᠨᠰᠠᠭ᠎ᠠ ᠶᠢᠨ ᠲᠠᠰ ᠳᠡᠪᠰᠢᠬᠦ ᠶᠢ ᠪᠥᠬᠦ ᠲᠠᠯ᠎ᠠ ᠪᠠᠷ ᠠᠬᠢᠭᠤᠯᠤᠨ᠎ᠠ         ᠲᠥᠪ ᠬᠤᠲᠠ ᠶᠢ ᠪᠣᠳᠠᠲᠠᠶᠢᠵᠢᠭᠤᠯᠤᠨ ᠨᠠᠷᠢᠯᠢᠭᠵᠢᠭᠤᠯᠤᠨ᠎ᠠ᠃ ᠠᠷᠠᠳ ᠤᠨ ᠠᠮᠢᠳᠤᠷᠠᠯ ᠤᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠣᠨᠣᠯᠵᠢᠬᠤᠨ ᠢ ᠪᠠᠷᠢᠮᠲᠠᠯᠠᠵᠤ᠂ ᠲᠣᠮᠤ ᠤᠯᠠᠭᠠᠨᠬᠤᠲᠠ ᠶᠢᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ᠂ ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠲᠦᠷᠭᠡᠳᠬᠡᠨ ᠬᠡᠷᠡᠭᠵᠢᠭᠦᠯᠵᠦ᠂ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠶ ᠠᠵᠢᠯ ᠦᠢᠯᠡᠰ ᠪᠣᠰᠬᠠᠬᠤ ᠳᠤ ᠲᠣᠬᠢᠷᠠᠮᠵᠢᠲᠠᠶ ᠵᠤᠭᠠᠴᠠᠬᠤ ᠳᠤ ᠲᠣᠬᠢᠷᠠᠮᠵᠢᠲᠠᠶ ᠣᠲᠣ ᠦᠶ᠎ᠡ ᠶᠢᠨ ᠠᠮᠢ ᠠᠬᠤᠶ ᠶᠢᠨ ᠬᠤᠲᠠ ᠶᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠤᠨ᠎ᠠ᠃ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠥᠪᠵᠢᠭᠦᠯᠭᠡ ᠶᠢ ᠴᠢᠨᠠᠷ ᠰᠠᠶᠢᠲᠠᠢ ᠪᠡᠶᠡᠯᠡᠭᠦᠯᠵᠦ᠂ ᠦᠢᠯᠡᠳᠪᠦᠷᠢᠯᠡᠯ ᠤᠨ ᠣᠷᠣᠨ ᠵᠠᠢ ᠶᠢᠨ ᠡᠷᠴᠢᠮᠯᠢᠭ ᠥᠨᠳᠥᠷ ᠦᠷ᠎ᠡ ᠠᠰᠢᠭ ᠲᠠᠢ᠂ ᠠᠮᠢᠳᠤᠷᠠᠯ ᠤᠨ ᠣᠷᠣᠨ ᠵᠠᠢ ᠶᠢᠨ ᠣᠷᠣᠰᠢᠨ ᠰᠠᠭᠤᠷᠢᠰᠢᠬᠤ ᠳᠤ ᠲᠠᠭᠠᠯᠠᠮᠵᠢᠲᠠᠢ᠂ ᠠᠮᠢ ᠠᠬᠤᠢ ᠶᠢᠨ ᠣᠷᠣᠨ ᠵᠠᠢ ᠶᠢᠨ ᠠᠭᠤᠯᠠ ᠨᠢ ᠬᠥᠬᠡᠮᠳᠦᠭ ᠤᠰᠤ ᠨᠢ ᠲᠤᠩᠭᠠᠯᠠᠭ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠰᠢᠨ᠎ᠡ ᠪᠠᠶᠢᠷᠢᠰᠢᠯ ᠢ ᠲᠦᠷᠭᠡᠳᠬᠡᠨ ᠪᠠᠶᠢᠭᠤᠯᠤᠨ᠎ᠠ᠃ ᠰᠡᠶᠢᠮᠡᠬᠡᠢ ᠬᠤᠳᠠ ᠶᠢᠨ ᠪᠦᠳᠦᠭᠡᠨ ᠪᠠᠶᠢᠭᠤᠯᠤᠯᠲᠠ ᠶᠢ ᠡᠬᠢᠯᠡᠭᠦᠯᠵᠦ᠂ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ ᠰᠢᠰᠲ᠋ᠧᠮ ᠢ ᠲᠡᠭᠦᠯᠳᠡᠷᠵᠢᠭᠦᠯᠦᠨ᠂ ᠬᠤᠳᠠ ᠶᠢᠨ ᠤᠶᠠᠨ ᠬᠠᠳᠠᠨ ᠴᠢᠨᠠᠷ ᠢ ᠴᠢᠩᠭᠠᠷᠠᠭᠤᠯᠤᠨ᠎ᠠ᠃ ᠲᠤᠭᠤᠷ ᠤᠨ ᠭᠤᠣᠯ᠂ ᠡᠯ ᠳ᠋ᠤᠤ ᠡᡁᠧ ᠭᠤᠣᠯ᠂ ᠠᠮᠤᠭᠤᠯᠠᠩ ᠭᠤᠣᠯ ᠢ ᠬᠤᠯᠪᠤᠯᠳᠤᠭᠤᠯᠤᠨ ᠨᠡᠪᠲᠡᠷᠡᠭᠦᠯᠬᠦ᠂ ᠤᠰᠤᠨ ᠰᠢᠰᠲ᠋ᠧᠮ ᠢ ᠨᠡᠪᠲᠡᠷᠡᠭᠦᠯᠬᠦ ᠶᠢ ᠪᠡᠶᠡᠯᠡᠭᠦᠯᠵᠦ᠂ ᠭᠤᠤᠯ ᠤᠨ ᠵᠡᠭᠦᠨᠳᠡᠬᠢ ᠲᠣᠭᠤᠷᠢᠭ ᠤᠨ ︽ᠬᠤᠳᠠ ᠶᠢᠨ ᠳᠤᠮᠳᠠᠬᠢ ᠲᠠᠷᠢᠶ᠎ᠠ᠂ ᠲᠠᠷᠢᠶᠠᠨ ᠳᠤᠮᠳᠠᠬᠢ ᠲᠣᠰᠬᠤᠨ︾ ᠤ ᠣᠷᠣᠨ ᠵᠠᠢ ᠶᠢᠨ ᠪᠠᠶᠢᠷᠢᠰᠢᠯ ᠢ ᠪᠠᠶᠢᠭᠤᠯᠤᠨ᠎ᠠ᠃ ᠬᠠᠨ ᠠᠭᠤᠯᠠ ᠠᠮᠢ ᠠᠬᠤᠶ ᠶᠢᠨ ᠬᠤᠩᠭᠢᠯ ᠢ ᠵᠠᠰᠠᠨ ᠰᠡᠷᠭᠦᠭᠡᠬᠦ ᠶᠢ ᠲᠦᠷᠭᠡᠳᠬᠡᠨ ᠬᠡᠷᠡᠭᠵᠢᠭᠦᠯᠵᠦ᠂ ᠪᠠᠶᠢᠭᠤᠯᠤᠭᠰᠠᠨ ᠲᠣᠭᠤᠷᠢᠭ ᠤᠨ ᠢᠯᠡ ᠭᠠᠵᠠᠷ ᠤᠨ ᠵᠠᠰᠠᠯᠲᠠ ᠶᠢ ᠦᠷᠭᠦᠯᠵᠢᠯᠡᠨ ᠠᠬᠢᠭᠤᠯᠵᠤ᠂ 300 ᠮᠧᠲᠷ ᠪᠣᠯᠭᠠᠨ ᠳᠤ ᠵᠦᠯᠭᠡ   ᠲᠠᠢ᠂ 500 ᠮᠧᠲᠷ ᠪᠣᠯᠭᠠᠨ ᠳᠤ ᠴᠡᠴᠡᠷᠯᠢᠭ ᠲᠠᠢ ᠪᠠᠶᠢᠬᠤ  ᠶᠢ ᠴᠢᠷᠮᠠᠶᠢᠨ ᠪᠡᠶᠡᠯᠡᠭᠦᠯᠵᠦ᠂ ᠤᠯᠤᠰ ᠤᠨ ᠴᠡᠴᠡᠷᠯᠢᠭᠲᠦ ᠬᠤᠲᠠ ᠶᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠤᠨ᠎ᠠ᠃ 202 ᠬᠠᠭᠤᠴᠢᠨ ᠪᠠᠭ᠎ᠠ ᠲᠣᠭᠤᠷᠢᠭ  ᠤᠨ 2.4 ᠲᠦᠮᠡᠨ ᠡᠷᠤᠭᠡ ᠶᠢ ᠨᠠᠷᠢᠨ ᠨᠢᠮᠪᠠᠶ ᠦᠬᠡᠷᠡᠴᠢᠯᠡᠨ ᠰᠢᠨᠡᠳᠬᠡᠵᠤ᠂ ᠭᠤᠣᠯᠳᠠᠯᠭ᠎ᠠ ᠲᠠᠢ ᠣᠷᠣᠨ ᠪᠦᠰᠡ ᠶᠢ ᠰᠢᠨᠡᠳᠬᠡᠨ ᠥᠭᠡᠷᠡᠴᠢᠯᠡᠬᠦ ᠶᠢ ᠠᠬᠢᠭᠤᠯᠤᠨ᠂ ᠬᠠᠭᠤᠴᠢᠨ ᠬᠤᠳᠠ ᠶᠢᠨ ᠲᠣᠭᠤᠷᠢᠭ ᠤᠨ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠶ ᠬᠢᠷᠢ ᠲᠦᠪᠰᠢᠨ ᠢ ᠶᠡᠭᠡ ᠪᠠᠷ ᠳᠡᠭᠡᠭᠰᠢᠯᠡᠭᠦᠯᠦᠨ᠎ᠡ᠃ ᠬᠠᠨ ᠠᠭᠤᠯᠠ ᠵᠡᠭᠦᠨ ᠵᠡᠭᠡᠯᠢ᠂ ᠵᠠᠰᠠᠭᠲᠤ ᠵᠡᠭᠦᠨ ᠵᠡᠭᠡᠯᠢ ᠵᠡᠷᠭᠡ 52 ᠵᠤᠷᠪᠤᠰ ᠵᠠᠮ ᠢ ᠰᠠᠭᠠᠳ ᠦᠭᠡᠢ ᠨᠡᠪᠲᠡᠷᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠬᠤᠳᠠ ᠶᠢ ᠲᠣᠭᠤᠷᠢᠭᠰᠠᠨ ᠡᠮᠦᠨ᠎ᠡ ᠵᠠᠮ᠂ ᠬᠤᠳᠠ ᠶᠢ ᠲᠣᠭᠤᠷᠢᠭᠰᠠᠨ ᠪᠠᠷᠠᠭᠤᠨ ᠵᠠᠮ ᠢ ᠨᠡᠪᠲᠡᠷᠡᠭᠦᠯᠦᠨ᠂ ᠪᠦᠷᠢᠨ ᠪᠦᠲᠦᠨ ᠬᠤᠳᠠ ᠶᠢᠨ ᠵᠠᠮ ᠤᠨ ᠲᠣᠣᠷ ᠢ ᠪᠠᠶᠢᠭᠤᠯᠤᠨ᠎ᠠ᠃ ᠬᠤᠲᠠ ᠶᠢᠨ ᠪᠠᠷᠠᠭᠤᠨ ᠡᠮᠦᠨᠡᠳᠡᠬᠢ ᠬᠤᠳᠠ ᠶᠢ ᠲᠣᠭᠤᠷᠢᠭᠰᠠᠨ ᠲᠦᠷᠭᠡᠨ ᠤ ᠵᠠᠰᠠᠮᠠᠯ ᠵᠠᠮ ᠤᠨ ᠪᠠᠷᠢᠯᠭ᠎ᠠ ᠶᠢᠨ ᠠᠵᠢᠯ ᠢ ᠲᠦᠷᠭᠡᠨ ᠳᠠᠭᠤᠰᠬᠠᠵᠤ ᠲᠡᠷᠭᠡ ᠨᠡᠪᠲᠡᠷᠡᠭᠦᠯᠬᠦ ᠶᠢ ᠠᠬᠢᠭᠤᠯᠵᠤ᠂ ᠲᠥᠩᠯᠢᠶᠤᠤ — ᠤᠯᠠᠭᠠᠨᠬᠤᠲᠠ — ᠴᠢᠴᠢᠬᠠᠷ ᠤᠨ ᠬᠤᠭᠤᠷᠤᠨᠳᠤᠬᠢ ᠲᠦᠷᠭᠡᠨ ᠤ ᠲᠡᠮᠦᠷ ᠵᠠᠮ ᠬᠢᠯᠢ ᠪᠠᠷ ᠥᠩᠭᠡᠷᠡᠭᠡᠨ ᠦᠷᠳᠡᠭᠡ ᠪᠠᠶᠢᠭᠤᠯᠬᠤ ᠪᠠᠷ ᠢᠳᠡᠪᠬᠢᠯᠡᠨ ᠴᠢᠷᠮᠠᠶᠢᠵᠤ᠂ ᠶᠡᠷᠦᠩᠬᠡᠶᠢᠯᠡᠭᠰᠡᠨ ᠠᠶᠠᠨᠴᠢᠳ ᠤᠨ ᠲᠡᠭᠡᠭᠡᠪᠦᠷᠢ ᠶᠢᠨ ᠵᠠᠩᠭᠢᠯᠠᠭ᠎ᠠ ᠶᠢ ᠲᠥᠯᠥᠪᠵᠢᠭᠦᠯᠦᠨ ᠪᠦᠳᠦᠭᠡᠨ ᠪᠠᠶᠢᠭᠤᠯᠵᠤ᠂ ᠲᠦᠷᠭᠡᠨ ᠤ ᠲᠡᠮᠦᠷ ᠵᠠᠮ᠂ ᠠᠭᠠᠷ ᠤᠨ ᠠᠶᠠᠯᠠᠯ ᠤᠨ ᠦᠢᠷ᠎ᠠ ᠬᠤᠲᠠ᠂ ᠲᠦᠷᠭᠡᠨ ᠤ ᠵᠠᠰᠠᠮᠠᠯ ᠵᠠᠮ᠂ ᠤᠯᠤᠰ ᠤᠨ ᠳᠡᠰ ᠤᠨ ᠵᠠᠮ ᠬᠤᠳᠠ ᠶᠢ ᠬᠦᠷᠢᠶᠡᠯᠡᠭᠰᠡᠨ ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ ᠵᠠᠮ ᠬᠠᠷᠢᠯᠴᠠᠭᠠᠨ ᠤ ᠰᠢᠰᠲ᠋ᠧᠮ ᠢ ᠪᠠᠶᠢᠭᠤᠯᠤᠨ᠎ᠠ᠃ ᠬᠤᠳᠠ ᠶᠢᠨ ᠠᠷᠠᠳ ᠤᠨ ᠬᠡᠪ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠬᠠᠤᠯᠢ ᠠᠴᠠ ᠵᠥᠷᠢᠴᠡᠭᠰᠡᠨ ᠪᠦᠳᠦᠭᠡᠨ ᠪᠠᠶᠢᠭᠤᠯᠤᠯᠲᠠ ᠶᠢ ᠡᠷᠡᠰ ᠬᠤᠷᠢᠭᠯᠠᠵᠤ᠂ ᠣᠷᠴᠢᠨ ᠠᠬᠤᠶ ᠶᠢᠨ ᠡᠷᠡᠭᠦᠯ ᠬᠠᠮᠠᠭᠠᠯᠠᠯ᠂ ᠲᠣᠭᠲᠠᠭᠠᠯ ᠠᠴᠠ ᠵᠥᠷᠢᠴᠡᠨ ᠳᠠᠷᠢᠵᠤ ᠲᠡᠵᠢᠭᠡᠬᠦ᠂ ᠲᠣᠭᠲᠠᠩᠭᠤᠶ ᠵᠠᠮ ᠬᠠᠷᠢᠯᠴᠠᠭᠠᠨ ᠤ ᠡᠮᠬᠢ ᠵᠢᠷᠤᠮ ᠵᠡᠷᠭᠡ ᠲᠤᠰᠬᠠᠶ ᠵᠠᠰᠠᠯᠲᠠ ᠶᠢ ᠥᠷᠨᠢᠭᠦᠯᠵᠦ᠂ ᠪᠦᠬᠦ ᠤᠯᠤᠰ ᠤᠨ ᠪᠣᠯᠪᠠᠰᠤᠨ ᠬᠤᠳᠠ ᠶᠢ ᠪᠠᠶᠢᠭᠤᠯᠬᠤ ᠪᠠᠷ ᠢᠳᠡᠪᠬᠢᠲᠡᠶ ᠴᠢᠷᠮᠠᠶᠢᠨ᠎ᠠ᠃ ︽ᠤᠶᠤᠨᠲᠤ ᠬᠤᠲᠠ︾ ᠶᠢᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠬᠤᠲᠠ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠬᠦᠯᠵᠦ᠂ ᠬᠠᠳᠬᠤᠮᠠᠯ ᠬᠠᠳᠬᠤᠬᠤ ᠡᠷᠳᠡᠮ ᠢᠶᠠᠷ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃         ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠶᠢᠷᠡᠭᠦᠯᠦᠨ ᠠᠬᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠰᠢᠨ᠎ᠡ ᠴᠠᠭ ᠦᠶ᠎ᠡ ᠶᠢᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠶᠡᠷᠦᠩᠬᠡᠢ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠪᠠᠬᠢᠵᠢᠭᠦᠯᠦᠨ ᠥᠷᠭᠡᠳᠬᠡᠵᠦ᠂ ᠬᠥᠳᠡᠭᠡ ᠠᠵᠤ ᠠᠬᠤᠢ ᠶᠢᠨ ᠣᠳᠣᠬᠢᠴᠢᠯᠠᠯᠲᠠ ᠪᠣᠯᠤᠨ ᠰᠢᠨ᠎ᠡ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ︽ᠲᠠᠪᠤ ᠶᠢ ᠬᠥᠭᠵᠢᠭᠦᠯᠦᠨ ᠮᠠᠨᠳᠤᠭᠤᠯᠬᠤ︾ ᠶᠢ ᠴᠢᠷᠮᠠᠶᠢᠨ ᠪᠡᠶᠡᠯᠡᠭᠦᠯᠦᠨ᠎ᠡ᠃ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠭᠤᠤᠯᠳᠠᠯᠭ᠎ᠠ ᠲᠠᠢ ᠴᠢᠩᠭ᠎ᠠ ᠠᠳᠬᠤᠵᠤ᠂ ᠬᠢᠩᠭᠠᠨ ᠠᠶᠢᠮᠠᠭ ᠤᠨ ᠪᠣᠬᠢᠷᠲᠤᠯ ᠥᠬᠡᠶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠦᠢᠯᠡᠳᠪᠦᠷᠢᠯᠡᠵᠦ ᠡᠳ᠋ᠰᠢᠭᠦᠯᠦᠨ ᠭᠠᠳᠠᠭᠰᠢ ᠭᠠᠷᠭᠠᠬᠤ ᠰᠠᠭᠤᠷᠢᠨ ᠭᠠᠵᠠᠷ ᠲᠤ ᠲᠦᠷᠭᠡᠨ ᠠᠭᠤᠰᠤᠯᠴᠠᠭᠤᠯᠤᠨ᠎ᠠ᠃ ᠠᠵᠤ ᠦᠢᠯᠡᠰ ᠤᠨ ᠦᠷ᠎ᠡ ᠠᠰᠢᠭ ᠦᠷᠢᠰᠦᠯᠳᠡᠬᠦ ᠬᠦᠴᠦᠨ ᠢ ᠬᠦᠴᠦᠯᠡᠨ ᠪᠤᠵᠠᠭᠠᠶᠢᠷᠠᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠪᠠᠷᠢᠮᠵᠢᠶᠠᠵᠢᠭᠤᠯᠬᠤ᠂ ᠪᠣᠬᠢᠷᠲᠤᠯ ᠥᠬᠡᠶ ᠦᠢᠯᠡᠳᠪᠦᠷᠢᠯᠡᠯ ᠢ ᠴᠢᠩᠭᠠᠳᠬᠠᠨ᠂ ︽ᠠᠮᠤ ᠪᠤᠳᠠᠭ᠎ᠠ︾ ᠶᠢᠨ ᠠᠵᠤ ᠦᠢᠯᠡᠰ ᠢ ᠰᠢᠯᠢᠳᠡᠭᠵᠢᠭᠦᠯᠵᠦ᠂ ︽ᠦᠬᠡᠷ ᠤᠨ ᠦᠢᠯᠡᠰ︾ ᠤᠨ ᠠᠵᠢᠯ ᠢ ᠰᠠᠶᠢᠲᠤᠷ ᠬᠢᠵᠦ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠢ ᠭᠤᠤᠯᠳᠠᠭᠤ ᠭᠠᠷᠤᠯᠲᠠ᠂ ᠲᠤᠭ᠎ᠠ ᠬᠡᠮᠵᠢᠶ᠎ᠡ ᠶᠢᠨ ᠨᠡᠮᠡᠭᠳᠡᠯ ᠢ ᠠᠩᠬᠠᠷᠴᠤ ᠪᠠᠶᠢᠭᠰᠠᠨ ᠠᠴᠠ ᠲᠥᠷᠥᠯ ᠵᠦᠢᠯ ᠢ ᠰᠢᠯᠢᠳᠡᠭᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠨᠠᠷᠠᠲᠤ ᠲᠡᠮᠳᠡᠭᠲᠦ ᠶᠢ ᠪᠣᠶ ᠪᠣᠯᠭᠠᠬᠤ ᠶᠢ ᠨᠠᠩ ᠴᠢᠬᠤᠯᠠᠴᠢᠯᠠᠬᠤ ᠳᠠᠶᠢᠰᠢ ᠬᠤᠪᠢᠷᠠᠭᠤᠯᠬᠤ ᠶᠢ ᠠᠬᠢᠭᠤᠯᠤᠨ᠎ᠠ᠃ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠡᠷᠡᠰ ᠬᠤᠷᠢᠭᠯᠠᠵᠤ᠂ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠨ ᠬᠤᠷᠢᠭᠯᠠᠨ᠎ᠠ᠃ ᠪᠦᠲᠦᠭᠡᠭᠳᠡᠬᠦᠨ ᠤ ᠬᠠᠮᠢᠶᠠᠷᠤᠯᠲᠠ ᠡᠵᠡᠮᠳᠡᠯ ᠲᠤᠯᠭᠠᠭᠤᠷᠢᠯᠠᠬᠤ ᠦᠢᠯᠡᠳᠦᠯ ᠢ ᠬᠦᠴᠦᠯᠡᠨ ᠨᠠᠷᠢᠯᠢᠭ ᠬᠢᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨᠵᠡᠭᠡᠶ ᠡᠳ᠋ᠰᠢᠭᠦᠯᠬᠦ ᠶᠢ ᠰᠠᠶᠢᠲᠤᠷ ᠠᠳᠬᠤᠵᠤ᠂ ᠯᠢᠩ ᠨᠠᠨ ᠰᠢᠶᠠᠩ᠂ ᠳ᠋ᠢᠩ ᠳ᠋ᠡ ᠮᠠᠯ ᠠᠵᠤ ᠠᠬᠤᠶ ᠵᠡᠷᠭᠡ ᠲᠠᠷᠢᠶᠠᠯᠠᠩ ᠮᠠᠯ ᠠᠵᠤ ᠠᠬᠤᠶ ᠶᠢᠨ ᠬᠥᠲᠥᠴᠢ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ ᠶᠢ ᠳᠡᠮᠵᠢᠵᠦ᠂ ᠪᠤᠵᠠᠭᠠᠶᠢᠷᠠᠨ ᠬᠦᠴᠦᠷᠬᠡᠭᠵᠢᠬᠦ ᠶᠢ ᠳᠡᠮᠵᠢᠵᠦ᠂ ᠠᠵᠤ ᠦᠶᠢᠯᠡᠰᠵᠢᠯᠲᠡ ᠶᠢᠨ ᠪᠣᠷᠣᠯᠠᠭᠤᠯᠭ᠎ᠠ ᠶᠢᠨ ᠣᠷᠣᠯᠭ᠎ᠠ ᠶᠢ 25 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠦᠷᠢᠶᠡᠯᠡᠩ ᠢ ᠴᠢᠷᠮᠠᠶᠢᠨ ᠪᠠᠶᠢᠭᠤᠯᠤᠨ᠎ᠠ᠃ ᠤᠯᠤᠰ ᠤᠨ ᠲᠠᠰ ᠤᠨ ᠡᠯᠧᠺᠲᠷᠣᠨ ᠬᠤᠳᠠᠯᠳᠤᠭ᠎ᠠ ᠶᠢ ᠬᠥᠳᠡᠭᠡ ᠲᠣᠰᠬᠤᠨ ᠳᠤ ᠬᠦᠷᠭᠡᠬᠦ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠥᠷᠥᠯ ᠵᠦᠢᠯ ᠢ ᠠᠬᠢᠭᠤᠯᠵᠤ᠂ ᠬᠤᠲᠠ ᠬᠥᠳᠡᠭᠡ ᠶᠢᠨ ᠬᠤᠤᠰ ᠴᠢᠭᠯᠡᠯᠲᠦ ᠬᠦᠢᠯᠭᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠂ ᠬᠡᠷᠡᠭᠯᠡᠭᠡ ᠶᠢᠨ ᠬᠤᠯᠪᠣᠭᠠᠯᠠᠨ ᠬᠥᠭᠵᠢᠬᠦ᠂ ᠡᠯᠧᠺᠲᠷᠣᠨ ᠬᠤᠳᠠᠯᠳᠤᠭ᠎ᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠠᠶᠢᠴᠢᠯᠠᠨ᠎ᠠ᠃ ᠬᠤᠳᠠ ᠬᠥᠳᠡᠭᠡ ᠶᠢᠨ ᠵᠠᠮ ᠬᠠᠷᠢᠯᠴᠠᠭ᠎ᠠ ᠶᠢ ᠨᠢᠭᠡ ᠴᠤᠭᠴᠠᠵᠢᠭᠤᠯᠬᠤ ᠶᠢ ᠨᠢᠭᠡᠳᠦᠯᠲᠡᠶ ᠲᠥᠯᠥᠪᠯᠡᠵᠦ᠂ ᠬᠥᠳᠡᠭᠡ ᠲᠣᠰᠬᠤᠨ ᠤ ᠵᠠᠰᠠᠮᠠᠯ ᠵᠠᠮ ᠢ 700 ᠺᠢᠯᠣᠮᠧᠲᠷ ᠳᠡᠭᠡᠭᠰᠢᠯᠡᠭᠦᠯᠦᠨ ᠥᠭᠡᠷᠡᠴᠢᠯᠡᠵᠦ᠂ ᠤᠯᠤᠰ ᠤᠨ ᠲᠡᠰ ᠤᠨ ︽ᠲᠦᠷᠪᠡᠨ ᠰᠠᠶᠢᠲᠠᠶ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠰᠢᠶᠠᠨ ᠤ ᠳᠡᠰ ᠤᠨ ᠬᠤᠲᠠ ᠶᠢ ᠪᠦᠬᠦ ᠬᠦᠴᠦᠨ ᠢᠶᠠᠷ ᠢᠶᠠᠨ ᠴᠢᠷᠮᠠᠶᠢᠨ ᠪᠠᠶᠢᠭᠤᠯᠤᠨ᠎ᠠ᠃ ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠪᠠ ᠤᠯᠠᠨ ᠨᠡᠶᠢᠲᠡ ᠶᠢᠨ ᠦᠢᠯᠡᠴᠢᠯᠡᠭᠡ ᠶᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠠᠬᠢᠭᠤᠯᠵᠤ᠂ 54 ᠭᠠᠴᠠᠭ᠎ᠠ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠢ 9 ᠲᠥᠪᠯᠡᠷᠡᠭᠦᠯᠦᠨ ᠪᠠᠶᠢᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠵᠤ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠲᠤᠰᠬᠠᠢ ᠴᠡᠭᠴᠡᠯᠡᠨ ᠵᠠᠰᠠᠬᠤ ᠲᠠᠪᠤᠨ ᠵᠢᠯ ᠤᠨ ᠠᠵᠢᠯᠯᠠᠭ᠎ᠠ ᠶᠢ ᠥᠷᠨᠢᠭᠦᠯᠦᠨ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠲᠡᠰ ᠳᠡᠪᠰᠢᠭᠦᠯᠦᠨ᠎ᠡ᠃        ᠬᠦᠴᠦ ᠪᠠᠨ ᠲᠥᠪᠯᠡᠷᠡᠭᠦᠯᠦᠨ ᠠᠮᠢ ᠠᠬᠤᠶ ᠶᠢᠨ ᠣᠷᠴᠢᠨ ᠨᠥᠬᠦᠴᠡᠯ ᠢ ᠬᠠᠮᠠᠭᠠᠯᠠᠨ᠎ᠠ᠃ ︽ᠠᠯᠲᠠ ᠮᠥᠩᠭᠦᠨ ᠠᠭᠤᠯᠠ︾ ᠶᠢᠨ ᠣᠨᠣᠯᠵᠢᠬᠤᠨ ᠢ ᠡᠷᠡᠰ ᠦᠢᠯᠡᠳᠦᠯᠭᠡᠵᠢᠭᠦᠯᠵᠦ᠂ ︽ᠠᠯᠲᠠ ᠮᠥᠩᠭᠦᠨ ᠠᠭᠤᠯᠠ︾ ᠶᠢᠨ ᠣᠨᠣᠯ ᠤᠨ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠢ ᠪᠥᠬᠦ ᠬᠦᠴᠦᠨ ᠢᠶᠠᠷ ᠡᠭᠦᠳᠦᠨ ᠪᠠᠶᠢᠭᠤᠯᠤᠨ᠎ᠠ᠃ ᠣᠶ ᠮᠣᠰᠤ ᠡᠪᠡᠰᠦ ᠶᠢ ᠲᠠᠷᠢᠵᠤ ᠤᠷᠭᠤᠭᠤᠯᠬᠤ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠴᠢᠬᠤᠯᠠ ᠵᠠᠮ ᠳᠠᠭᠠᠤ ᠶᠢᠨ ᠠᠮᠢ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠶᠢ 35% ᠠᠴᠠ ᠳᠡᠭᠡᠭᠰᠢ ᠳᠤ ᠬᠦᠷᠦᠭᠦᠯᠵᠦ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶᠢᠲᠦ ᠬᠤᠲᠠ ᠶᠢ ᠴᠢᠷᠮᠠᠶᠢᠨ ᠪᠠᠶᠢᠭᠤᠯᠤᠨ᠎ᠠ᠃ ᠤᠨᠢᠨ ᠳᠡᠭᠡᠷ᠎ᠡ ᠨᠢ᠂ ᠰᠢᠨᠵᠢᠯᠡᠬᠦ ᠤᠬᠠᠭᠠᠨᠴᠢ᠂ ᠬᠠᠤᠯᠢ ᠶᠣᠰᠣᠭᠠᠷ ᠪᠣᠬᠢᠷᠲᠤᠯ ᠢ ᠵᠠᠰᠠᠬᠤ ᠶᠢ ᠪᠠᠷᠢᠮᠲᠠᠯᠠᠵᠤ᠂ ᠨᠡᠩ ᠥᠨᠳᠥᠷ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠬᠦᠬᠡ ᠣᠭᠲᠠᠷᠭᠤᠢ᠂ ᠲᠤᠩᠭᠠᠯᠠᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠨ᠎ᠠ᠃ ᠡᠨᠧᠷᠭᠢ ᠶᠢᠨ ᠬᠤᠷᠣᠭᠳᠠᠭᠤᠯᠤᠯ ᠤᠨ ︽ᠬᠤᠶᠠᠷ ᠢ ᠡᠵᠡᠮᠳᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠨᠧᠷᠭᠢ ᠶᠢᠨ ᠬᠤᠷᠣᠭᠳᠠᠭᠤᠯᠤᠯ ᠤᠨ ᠭᠡᠳᠤ ᠲᠦᠷᠭᠡᠨ ᠨᠡᠮᠡᠭᠳᠡᠬᠦ ᠶᠢ ᠡᠷᠡᠰ ᠬᠤᠷᠢᠭᠯᠠᠨ᠎ᠠ᠃ ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠪᠠᠷ ᠰᠢᠲᠠᠭᠠᠬᠤ᠂ ᠲᠣᠭᠤᠰᠣ ᠰᠢᠷᠣᠶ ᠶᠢᠨ ᠪᠣᠬᠢᠷᠳᠤᠯ᠂ ᠡᠰᠢ ᠰᠦᠷᠡᠯ ᠢ ᠳᠣᠷ᠎ᠠ ᠪᠠᠷ ᠰᠢᠲᠠᠭᠠᠬᠤ ᠶᠢ ᠬᠠᠮᠢᠶᠠᠷᠤᠨ ᠡᠵᠡᠮᠳᠡᠬᠦ ᠠᠵᠢᠯ ᠢ ᠴᠢᠩᠭᠠᠳᠬᠠᠵᠤ᠂ ᠣᠷᠴᠢᠨ ᠠᠬᠤᠶ ᠶᠢ ᠪᠣᠬᠢᠷᠲᠤᠭᠤᠯᠬᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠢ ᠪᠣᠬᠢᠷᠳᠤᠭᠤᠯᠵᠤ ᠡᠪᠳᠡᠬᠦ ︽ᠲᠦᠷᠪᠡᠨ ᠳᠤᠷ᠎ᠠ ᠪᠠᠷ ᠢᠶᠠᠨ ᠪᠠᠶᠢᠬᠤ ᠠᠵᠢᠯᠯᠠᠭ᠎ᠠ ᠶᠢ ᠠᠷᠢᠯᠭᠠᠬᠤ︾ ᠶᠢ ᠪᠠᠶᠢᠩᠭᠤᠵᠢᠭᠤᠯᠤᠨ ᠥᠷᠨᠢᠭᠦᠯᠵᠦ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ᠂ ᠤᠰᠤᠨ ᠤ ᠠᠮᠢ ᠠᠬᠤᠢ ᠶᠢ ᠬᠠᠮᠠᠭᠠᠯᠠᠬᠤ ᠪᠠ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢ ᠰᠢᠰᠲ᠋ᠧᠮ ᠲᠠᠢ ᠠᠬᠢᠭᠤᠯᠵᠤ᠂ ᠤᠰᠤᠨ ᠤ ᠣᠷᠴᠢᠨ ᠲᠣᠭᠤᠷᠢᠨ ᠢ ᠤᠷᠳᠤ ᠬᠤᠭᠤᠴᠠᠭ᠎ᠠ ᠪᠠᠷ ᠵᠠᠰᠠᠵᠤ ᠤᠷᠳᠤ ᠬᠤᠭᠤᠴᠠᠭ᠎ᠠ ᠪᠠᠷ ᠴᠡᠪᠡᠷᠯᠡᠬᠦ ᠶᠢ ᠪᠡᠶᠡᠯᠡᠭᠦᠯᠦᠨ᠎ᠡ᠃ ᠠᠶᠤᠯᠲᠤ ᠬᠠᠶᠠᠭᠳᠠᠮᠠᠯ ᠪᠣᠳᠠᠰ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠰᠡᠷᠭᠡᠶᠢᠯᠡᠨ ᠵᠠᠰᠠᠬᠤ ︽ᠨᠢᠭᠡ ᠶᠢ ᠬᠢᠵᠠᠭᠠᠷᠯᠠᠨ ᠬᠤᠶᠠᠷ ᠢ ᠪᠠᠭᠠᠰᠬᠠᠵᠤ ᠭᠤᠷᠪᠠ ᠶᠢ ᠦᠨᠳᠦᠰᠦᠨ ᠳᠡᠭᠡᠨ ᠰᠢᠢᠳᠪᠦᠷᠢᠯᠡᠬᠦ︾ ᠦᠷ᠎ᠡ ᠪᠦᠲᠦᠭᠡᠯ ᠢ ᠪᠠᠬᠢᠵᠢᠭᠦᠯᠦᠨ᠎ᠡ᠃ ᠪᠣᠬᠢᠷᠲᠤᠯ ᠦᠭᠡᠢ ᠪᠣᠯᠪᠠᠰᠤᠨ ᠤ ᠤᠢᠢᠯᠠᠭᠠᠭᠳᠠᠬᠤᠨ ᠢ ᠶᠡᠬᠡᠪᠡᠷ ᠤᠬᠠᠭᠤᠯᠵᠤ᠂ ᠪᠣᠯᠪᠠᠰᠤᠨ ᠡᠷᠡᠭᠦᠯ ᠪᠣᠬᠢᠷᠲᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠠᠮᠢᠳᠤᠷᠠᠯ ᠤᠨ ᠠᠷᠭ᠎ᠠ ᠬᠡᠯᠪᠡᠷᠢ ᠶᠢ ᠰᠠᠨᠠᠭᠠᠴᠢᠯᠠᠵᠤ᠂ ᠰᠠᠶᠢᠨ ᠰᠠᠶᠢᠬᠠᠨ ᠠᠮᠢᠳᠤᠷᠠᠯ ᠤᠨ ᠰᠢᠨ᠎ᠡ ᠬᠡᠪ ᠰᠤᠷᠲᠠᠯ ᠢ ᠬᠠᠮᠲᠤᠪᠠᠷ ᠴᠣᠭᠴᠠᠯᠠᠨ ᠪᠠᠶᠢᠭᠤᠯᠤᠨ᠎ᠠ᠃        ︵ᠬᠤᠶᠠᠷ︶ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠬᠦ ᠶᠢ ᠪᠠᠲᠤᠯᠠᠬᠤ  ᠳᠤ ᠬᠦᠴᠦᠯᠡᠵᠦ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠶᠡᠭᠡ ᠳᠡᠭᠡᠭᠰᠢᠯᠡᠯᠲᠡ ᠠᠵᠤ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠯᠲᠡ ᠶᠢ ᠪᠦᠬᠦ ᠲᠠᠯ᠎ᠠ ᠪᠠᠷ ᠠᠬᠢᠭᠤᠯᠤᠨ᠎ᠠ        ᠠᠵᠤ ᠠᠬᠤᠶᠢᠯᠠᠯ ᠳᠤ ᠠᠰᠢᠭᠲᠠᠶ ᠠᠷᠠᠳ ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠣᠷᠣᠨ ᠪᠦᠰᠡ ᠶᠢᠨ ᠬᠠᠮᠲᠤᠷᠠᠯᠴᠠᠭᠠᠨ ᠤ ᠬᠤᠳᠠᠯᠳᠤᠭ᠎ᠠ ᠡᠷᠬᠢᠯᠡᠬᠦ ᠣᠷᠴᠢᠨ ᠨᠥᠭᠦᠴᠡᠯ  ᠤᠨ ᠲᠥᠪ ᠤᠨ ᠦᠢᠯᠡᠳᠦᠯ ᠢ ᠪᠠᠳᠠᠷᠠᠭᠤᠯᠵᠤ᠂ ᠠᠵᠤ ᠠᠬᠤᠶᠢᠯᠠᠯ ᠤᠨ ᠪᠥᠬᠦ ᠦᠶᠡᠯᠡᠯ ᠤᠨ ᠬᠤᠭᠤᠴᠠᠭᠠᠨ ᠤ ᠦᠢᠯᠡᠴᠢᠯᠡᠭᠡ ᠶᠢ ᠴᠢᠩᠭᠠᠳᠬᠠᠨ᠂ ᠦᠢᠯᠡᠳᠪᠦᠷᠢᠯᠡᠯ ᠤᠨ ᠠᠵᠢᠯᠯᠠᠭᠠᠨ᠂ ᠵᠠᠬ᠎ᠠ ᠳᠡᠯᠭᠡᠭᠦᠷ ᠤᠨ ᠨᠡᠭᠡᠭᠡᠯᠲᠡ᠂ ᠪᠠᠯᠠ ᠣᠷᠤᠭᠤᠯᠬᠤ ᠵᠢᠭᠡᠯᠡᠯᠭᠡ ᠵᠡᠷᠭᠡ ᠲᠠᠯ᠎ᠠ ᠶᠢᠨ ᠬᠦᠴᠢᠷᠳᠡᠯ ᠢ ᠰᠠᠶᠢᠲᠤᠷ ᠰᠢᠢᠳᠪᠦᠷᠢᠯᠡᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠡᠮᠬᠢ ᠵᠢᠷᠤᠮ ᠲᠠᠢ ᠡᠵᠡᠩᠨᠡᠯᠲᠡ᠂ ᠬᠥᠭᠵᠢᠨ ᠪᠤᠵᠠᠭᠠᠶᠢᠷᠠᠬᠤ ᠳᠤ ᠬᠦᠴᠦᠨ ᠨᠡᠮᠡᠷᠢᠯᠡᠨ᠎ᠡ᠃ ︽ᠠᠵᠤ ᠠᠬᠤᠶᠢᠯᠠᠯ ᠨᠣᠭᠤᠭ᠎ᠠ ᠵᠠᠬᠢᠶᠠᠯᠠᠬᠤ︾ ᠠᠷᠭ᠎ᠠ ᠮᠠᠶ᠋ᠢᠭ ᠢᠶᠠᠷ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠵᠤ᠂ ᠦᠨᠡᠮᠯᠡᠯ ᠢ ᠪᠠᠭᠠᠰᠬᠠᠨ ᠠᠷᠠᠳ ᠲᠤ ᠲᠥᠬᠦᠮ ᠦᠵᠡᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠦᠨ᠂ ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ ᠶᠢ ᠲᠣᠭᠲᠠᠮᠠᠯ ᠬᠤᠭᠤᠴᠠᠭ᠎ᠠ ᠲᠠᠢ ᠪᠠᠷ ᠡᠮᠬᠢᠯᠡᠨ ᠨᠡᠶᠢᠲᠡᠯᠡᠵᠦ᠂ ᠮᠥᠩᠬᠡ ᠰᠣᠪᠠᠭ᠂ ᠮᠧᠩ ᠴᠢ ᠲᠥᠩ ᠵᠡᠷᠭᠡ ᠲᠠᠪᠴᠠᠩ ᠤᠨ ᠦᠢᠯᠡᠳᠦᠯ ᠢ ᠪᠠᠳᠠᠷᠠᠭᠤᠯᠤᠨ᠂ ᠨᠢᠭᠡ ᠰᠦᠯᠵᠢᠶ᠎ᠡ ᠪᠠᠷ ᠪᠦᠬᠦᠨ ᠢ ᠭᠦᠢᠴᠡᠳᠬᠡᠬᠦ᠂ ᠨᠢᠭᠡ ᠰᠦᠯᠵᠢᠶ᠎ᠡ ᠪᠠᠷ ᠨᠢᠭᠡᠳᠦᠯᠲᠡᠶ ᠬᠠᠮᠢᠶᠠᠷᠬᠤ ᠶᠢ ᠪᠥᠬᠦ ᠲᠠᠯ᠎ᠠ ᠪᠠᠷ ᠠᠬᠢᠭᠤᠯᠤᠨ᠎ᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠤᠯᠤᠰ ᠤᠨ ᠥᠮᠴᠢᠯᠡᠯᠲᠦ ᠡᠳ᠋ ᠭᠦᠷᠤᠩᠭᠡ ᠶᠢᠨ ᠬᠠᠮᠢᠶᠠᠷᠤᠯᠲᠠ ᠶᠢᠨ ᠪᠠᠶᠢᠭᠤᠯᠤᠯ᠂ ᠬᠠᠮᠢᠶᠠᠷᠤᠯᠲᠠ ᠶᠢᠨ ᠲᠦᠷᠢᠮ ᠪᠣᠯᠤᠨ ᠬᠢᠨᠠᠨ ᠬᠠᠮᠢᠶᠠᠷᠬᠤ ᠲᠦᠷᠢᠮ ᠢ ᠨᠢᠭᠡᠳᠬᠡᠵᠦ᠂ ᠠᠵᠤ ᠠᠬᠤᠶᠢᠯᠠᠯ ᠤᠨ ᠳᠡᠭᠡᠳᠦ ᠱᠠᠲᠤᠨ ᠤ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠨᠡᠯᠡᠨ ᠵᠢᠱᠢᠵᠦ ᠲᠡᠰ ᠳᠡᠪᠰᠢᠭᠦᠯᠦᠨ ᠣᠷᠣᠨ ᠪᠠᠶᠢᠷᠢ ᠳᠤᠨᠢ ᠳᠡᠪᠰᠢᠭᠦᠯᠬᠦ ᠠᠵᠢᠯ ᠢ ᠪᠦᠬᠦ ᠬᠦᠴᠦᠨ ᠢᠶᠠᠷ ᠰᠠᠶᠢᠲᠤᠷ ᠠᠳᠬᠤᠵᠤ᠂ ᠵᠠᠰᠠᠭ ᠤᠨ ᠣᠷᠳᠣᠨ ᠠᠴᠠ ᠠᠮᠠᠯᠳᠠᠭᠰᠠᠨ ᠵᠦᠢᠯᠡᠰ ᠢ ᠵᠢᠭᠰᠠᠭᠠᠨ ᠪᠠᠶᠢᠴᠠᠭᠠᠬᠤ ᠠᠵᠢᠯ ᠢ ᠭᠦᠨᠵᠡᠭᠡᠶ ᠥᠷᠨᠢᠭᠦᠯᠵᠦ᠂ ᠰᠢᠨ᠎ᠡ ᠮᠠᠶ᠋ᠢᠭ ᠤᠨ ᠵᠠᠰᠠᠭ ᠬᠤᠳᠠᠯᠳᠤᠭᠠᠨ ᠤ ᠬᠠᠷᠢᠴᠠᠭ᠎ᠠ ᠶᠢ ᠬᠦᠴᠦᠯᠡᠨ ᠪᠠᠶᠢᠭᠤᠯᠤᠨ᠎ᠠ᠃        ᠠᠵᠤ ᠠᠬᠤᠶᠢᠯᠠᠯ ᠳᠤ ᠦᠢᠯᠡᠴᠢᠯᠡᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ︽ᠭᠤᠷᠪᠠᠨ ᠶᠡᠭᠡ ᠬᠤᠪᠢᠰᠤᠯᠲᠠ︾ ᠳᠤ ᠲᠦᠰᠢᠭᠯᠡᠨ ᠠᠵᠤ ᠦᠢᠯᠡᠳᠪᠦᠷᠢ ᠶᠢᠨ ᠬᠥᠭᠵᠢᠯᠲᠡ ᠶᠢ ᠬᠥᠲᠥᠯᠦᠨ ᠳᠠᠭᠠᠭᠤᠯᠵᠤ᠂ ᠬᠤᠲᠠ ᠶᠢᠨ ᠱᠠᠲᠤᠨ ᠤ ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠲᠦᠷᠢᠮ ᠢ ᠨᠠᠶᠢᠳᠠᠪᠤᠷᠢᠵᠢᠭᠤᠯᠤᠨ᠂ ᠴᠢᠨᠠᠷ ᠰᠠᠶᠢᠲᠠᠶ ᠬᠤᠳᠠᠯᠳᠤᠭ᠎ᠠ ᠡᠷᠬᠢᠯᠡᠬᠦ ᠣᠷᠴᠢᠨ ᠨᠥᠭᠦᠴᠡᠯ ᠢᠶᠠᠷ ᠠᠵᠤ ᠦᠢᠯᠡᠳᠪᠦᠷᠢ ᠶᠢᠨ ᠡᠷᠴᠢᠮᠲᠡᠶ ᠬᠥᠭᠵᠢᠯᠲᠡ ᠶᠢᠨ ᠬᠠᠨᠳᠤᠰᠢ ᠶᠢ ᠪᠠᠲᠤᠯᠠᠨ᠎ᠠ᠃ 2026 ᠣᠨ ᠪᠣᠯᠬᠤ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠢ 300 ᠳ᠋ᠦᠩᠰᠢᠭᠤᠷ ᠲᠥᠭᠦᠷᠢᠭ ᠠᠴᠠ ᠳᠠᠪᠠᠭᠤᠯᠵᠤ᠂ ᠦᠢᠯᠡᠳᠬᠦᠨ ᠤ ᠦᠷᠳᠡᠭ ᠨᠢ ᠳ᠋ᠦᠩᠰᠢᠭᠤᠷ ᠲᠥᠭᠦᠷᠢᠭ ᠢ ᠳᠠᠪᠠᠭᠰᠠᠨ ᠠᠵᠤ ᠠᠬᠤᠶᠢᠯᠠᠯ ᠢ 25 ᠪᠣᠯᠭᠠᠵᠤ᠂ ᠲᠤᠰ ᠭᠠᠵᠠᠷ ᠤᠨ 2 ᠠᠵᠤ ᠠᠬᠤᠶᠢᠯᠠᠯ ᠢ ᠫᠠᠶᠢᠰᠠ ᠡᠯᠭᠦᠨ ᠵᠠᠬ᠎ᠠ ᠳᠡᠯᠭᠡᠭᠦᠷ ᠲᠤ ᠭᠠᠷᠭᠠᠬᠤ ᠪᠠᠷ ᠴᠢᠷᠮᠠᠶᠢᠨ᠎ᠠ᠃ ᠲᠣᠯᠤᠭᠠᠶᠢᠯᠠᠭᠴᠢ ᠠᠵᠤ ᠠᠬᠤᠶᠢᠯᠠᠯ ᠳᠤ ᠲᠦᠰᠢᠭᠯᠡᠨ ᠠᠵᠤ ᠦᠢᠯᠡᠰ ᠤᠨ ᠰᠠᠭᠤᠷᠢ ᠶᠢ ᠪᠠᠬᠢᠵᠢᠭᠦᠯᠵᠦ᠂ ᠮᠡᠷᠭᠡᠵᠢᠯ ᠤᠨ ᠥᠭᠡᠷᠡᠴᠢᠯᠡᠯᠲᠡ ᠬᠢᠵᠦ ᠲᠠᠰ ᠳᠡᠪᠰᠢᠭᠦᠯᠬᠦ ᠶᠢ ᠬᠡᠷᠡᠭᠵᠢᠭᠦᠯᠦᠨ᠂ ᠦᠢᠯᠡᠳᠬᠦᠨ ᠤ ᠪᠦᠲᠦᠴᠡ ᠶᠢ ᠰᠢᠯᠢᠳᠡᠭᠵᠢᠭᠦᠯᠵᠦ᠂ ᠦᠢᠯᠡᠳᠬᠦᠨ ᠤ ᠥᠷᠲᠡᠭ ᠨᠢ 70 ᠳ᠋ᠦᠩᠰᠢᠭᠤᠷ ᠲᠥᠭᠦᠷᠢᠭ ᠢ ᠳᠠᠪᠠᠭᠰᠠᠨ ᠳᠡᠭᠡᠳᠦ ᠳᠡᠰ ᠤᠨ᠂ ᠪᠣᠬᠢᠷᠲᠤᠯ ᠥᠬᠡᠶ ᠰᠢᠨ᠎ᠡ ᠤᠯᠠᠭᠠᠨᠬᠤᠲᠠ ᠪᠣᠯᠣᠳ ᠲᠡᠮᠦᠷ ᠤᠨ ᠺᠣᠮᠫᠠᠨᠢ ᠶᠢ ᠪᠠᠶᠢᠭᠤᠯᠵᠤ᠂ ᠲᠠᠮᠠᠬᠢᠨ ᠦᠢᠯᠡᠳᠪᠦᠷᠢ ᠶᠢᠨ ᠨᠢᠭᠡᠳᠦᠭᠡᠷ᠂ ᠬᠤᠶᠠᠳᠤᠭᠠᠷ ᠲᠥᠷᠥᠯ ᠤᠨ ᠲᠠᠮᠠᠬᠢᠨ ᠤ ᠭᠠᠷᠤᠯᠲᠠ ᠶᠢᠨ ᠬᠠᠷᠢᠴᠠᠯ ᠢ 40% ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠬᠦ ᠶᠢ ᠠᠬᠢᠭᠤᠯᠵᠤ᠂ ᠰᠢᠤᠸᠠᠢ ᠬᠤᠸᠠ ᠫᠢᠸᠤ᠋ ᠶᠢᠨ ᠵᠠᠬ᠎ᠠ ᠳᠡᠯᠭᠡᠭᠦᠷ ᠤᠨ ᠪᠦᠷᠬᠦᠴᠡ ᠶᠢᠨ ᠨᠣᠷᠮ᠎ᠠ ᠶᠢ ᠵᠢᠯ ᠪᠦᠷᠢ ᠳᠤᠮᠳᠠᠴᠢ ᠪᠠᠷ 10% ᠪᠠᠷ ᠨᠡᠮᠡᠭᠳᠡᠭᠦᠯᠦᠨ᠂ ᠪᠣᠷᠣᠯᠠᠭᠤᠯᠭ᠎ᠠ ᠶᠢᠨ ᠣᠷᠣᠨ ᠪᠦᠰᠡ ᠶᠢ 50 ᠪᠣᠯᠭᠠᠨ ᠨᠡᠮᠡᠭᠳᠡᠭᠦᠯᠦᠨ᠎ᠡ᠃ ᠭᠤᠤᠯᠳᠠᠯᠭ᠎ᠠ ᠲᠠᠢ ᠲᠥᠷᠥᠯ ᠵᠦᠢᠯ ᠳᠤ ᠲᠦᠰᠢᠭᠯᠡᠨ ᠰᠢᠨ᠎ᠡ ᠰᠢᠪᠲᠤᠯᠤᠯᠲᠠ ᠶᠢ ᠡᠷᠢᠯᠬᠢᠯᠡᠵᠦ᠂ ᠮᠢᠩᠭᠠᠨ ᠲᠦᠮᠡᠨ ᠲᠥᠭᠦᠷᠢᠭ ᠠᠴᠠ ᠳᠡᠭᠡᠭᠰᠢᠬᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠤ ᠦᠢᠯᠡᠳᠪᠦᠷᠢ ᠶᠢᠨ 118 ᠭᠤᠤᠯᠳᠠᠯᠭ᠎ᠠ ᠲᠠᠢ ᠲᠥᠷᠥᠯ ᠵᠦᠢᠯ ᠢ ᠨᠠᠷᠢᠨ ᠨᠢᠮᠪᠠᠶ ᠤᠬᠠᠭᠠᠯᠠᠨ᠎ᠠ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠳᠤ ᠲᠦᠰᠢᠭᠯᠡᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠬᠡᠵᠦ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠦᠷ ᠮᠣᠩᠭᠤᠯ ᠢ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠤᠨ᠂ ᠤᠲᠠᠴᠢ ᠮᠣᠩᠭᠤᠯ ᠡᠮ᠂ ᠪᠠᠢ ᠢ ᠡᠮ ᠦᠢᠯᠡᠳᠬᠦ ᠮᠡᠷᠭᠡᠵᠢᠯ ᠤᠨ ᠰᠢᠨᠡᠴᠢᠯᠡᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠣᠷᠣᠨ ᠳᠡᠪᠰᠢᠬᠦ ᠶᠢ ᠵᠣᠷᠢᠭᠵᠢᠭᠤᠯᠵᠤ᠂ ᠺᠧ ᠴᠢᠨ ᠸᠠᠨ ᠵᠢᠶᠠ᠂ ᠳ᠋ᠧ ᠶᠤᠸᠠᠨ ᠤᠮᠳᠠᠭᠠᠨ ᠤ ᠰᠢᠨ᠎ᠡ ᠪᠦᠲᠦᠭᠡᠭᠳᠡᠬᠦᠨ ᠰᠤᠳᠤᠯᠤᠨ ᠨᠡᠭᠡᠭᠡᠬᠦ ᠶᠢ ᠠᠬᠢᠭᠤᠯᠤᠨ᠂ ᠨᠢᠭᠡ ᠪᠦᠯᠦᠭ ᠭᠤᠤᠯᠯᠠᠬᠤ ᠥᠷᠢᠰᠦᠯᠳᠦᠬᠦ ᠬᠦᠴᠦᠨ ᠢᠶᠠᠷ ᠴᠢᠩᠭ᠎ᠠ᠂ ᠬᠡᠪᠴᠢᠶ᠎ᠡ ᠪᠠ ᠨᠠᠷᠠᠲᠤ ᠲᠡᠮᠳᠡᠭᠲᠦ ᠶᠢᠨ ᠳᠠᠪᠠᠭᠤᠯᠢᠭ ᠢᠶᠠᠷ ᠲᠣᠪᠤᠶᠢᠮ᠎ᠠ ᠵᠢᠱᠢᠶ᠎ᠡ ᠦᠵᠡᠭᠦᠯᠬᠦ ᠠᠵᠤ ᠠᠬᠤᠶᠢᠯᠠᠯ ᠢ ᠪᠣᠶ ᠪᠣᠯᠭᠠᠨ᠎ᠠ᠃        ᠭᠠᠳᠠᠭᠰᠢ ᠨᠡᠭᠡᠭᠡᠯᠲᠡ ᠬᠢᠬᠦ ᠣᠷᠴᠢᠨ ᠨᠥᠬᠦᠴᠡᠯ ᠢ ᠪᠦᠬᠦ ᠲᠠᠯ᠎ᠠ ᠪᠠᠷ ᠰᠢᠯᠢᠳᠡᠭᠵᠢᠭᠦᠯᠦᠨ᠎ᠡ᠃ ︽ᠨᠢᠭᠡ ᠪᠦᠰᠡ ᠨᠢᠭᠡ ᠵᠠᠮ︾ ᠪᠣᠯᠤᠨ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠠᠵᠤ ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ᠂ ᠥᠷᠲᠡᠭ ᠤᠨ ᠬᠡᠯᠬᠢᠶ᠎ᠡ ᠶᠢ ᠲᠡᠷᠢᠭᠦᠨ ᠤ ᠭᠠᠵᠠᠷ ᠣᠷᠣᠨ ᠲᠠᠢ ᠪᠥᠬᠦ ᠲᠠᠯ᠎ᠠ ᠪᠠᠷ ᠵᠣᠯᠭᠠᠭᠤᠯᠬᠤ᠂ ᠭᠦᠨᠵᠡᠭᠡᠶ ᠠᠭᠤᠰᠤᠯᠴᠠᠭᠤᠯᠬᠤ ᠶᠢ ᠠᠬᠢᠭᠤᠯᠵᠤ᠂ ᠤᠯᠤᠰ ᠤᠨ ᠳᠣᠲᠣᠭᠠᠳᠤ ᠪᠠ ᠣᠯᠠᠨ ᠤᠯᠤᠰ ᠤᠨ ᠬᠤᠤᠰ ᠣᠷᠴᠢᠯ ᠳᠤ ᠨᠠᠩ ᠰᠠᠶᠢᠨ ᠠᠭᠤᠰᠤᠯᠴᠠᠭᠤᠯᠤᠨ᠎ᠠ᠃ ᠸᠠᠨ ᠳ᠋ᠠ᠂ ᠧᠦ ᠶᠠ᠂ ᠪᠦᠷᠢᠨ ᠪᠠᠷᠠᠭᠠᠲᠤ ᠲᠤᠮᠤ ᠠᠰᠠᠷ ᠵᠡᠷᠭᠡ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢᠨ ᠨᠥᠯᠥᠭᠡᠯᠡᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠰᠢᠨ᠎ᠡ ᠲᠣᠭᠤᠷᠢᠭ᠂ ᠬᠤᠳᠠ ᠶᠢᠨ ᠡᠮᠦᠨ᠎ᠡ ᠲᠣᠭᠤᠷᠢᠭ᠂ ᠬᠠᠭᠤᠴᠢᠨ ᠬᠤᠳᠠ ᠶᠢᠨ ᠲᠣᠭᠤᠷᠢᠭ᠂ ᠭᠤᠤᠯ ᠤᠨ ᠵᠡᠭᠦᠨᠳᠡᠬᠢ ᠲᠣᠭᠤᠷᠢᠭ ᠤᠨ ᠬᠤᠳᠠᠯᠳᠤᠭᠠᠨ ᠤ ᠲᠣᠭᠤᠷᠢᠭ ᠤᠨ ᠬᠤᠯᠪᠣᠭᠠᠯᠠᠨ ᠬᠥᠳᠡᠯᠦᠯᠴᠡᠬᠦ ᠶᠢ ᠲᠦᠷᠭᠡᠳᠬᠡᠵᠦ᠂ ᠣᠷᠣᠨ ᠪᠦᠰᠡ ᠶᠢᠨ ᠴᠢᠨᠠᠷᠲᠠᠢ ᠬᠡᠷᠡᠭᠯᠡᠭᠡᠨ ᠤ ᠲᠥᠪ ᠢ ᠪᠠᠶᠢᠭᠤᠯᠤᠨ᠎ᠠ᠃ 2026 ᠣᠨ ᠪᠣᠯᠬᠤ ᠳᠤ᠂ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠢ 50 ᠠᠴᠠ ᠳᠡᠭᠡᠭᠰᠢ ᠪᠣᠯᠭᠠᠵᠤ᠂ ᠨᠡᠶᠢᠭᠡᠮ ᠤᠨ ᠬᠡᠷᠡᠭᠯᠡᠭᠡᠨ ᠤ ᠲᠠᠸᠠᠷ ᠤᠨ ᠵᠢᠵᠢᠭᠯᠡᠨ ᠬᠤᠳᠠᠯᠳᠤᠬᠤ ᠶᠡᠷᠦᠩᠬᠡᠶ ᠦᠷᠲᠡᠭ ᠢ 150 ᠳ᠋ᠦᠩᠰᠢᠭᠤᠷ ᠲᠥᠭᠦᠷᠢᠭ ᠢ ᠳᠠᠪᠠᠭᠤᠯᠤᠨ᠎ᠠ᠃ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠢ ᠲᠠᠰ ᠳᠡᠪᠰᠢᠭᠦᠯᠵᠦ᠂ ᠵᠠᠮ᠂ ᠬᠠᠮᠢᠶᠠᠷᠤᠯᠲᠠ ᠶᠢᠨ ᠲᠣᠤᠷ ᠵᠡᠷᠭᠡ ᠢᠵᠢ ᠪᠥᠷᠢᠳᠦᠭᠦᠯᠬᠦ ᠰᠠᠭᠤᠷᠢ ᠲᠦᠬᠦᠭᠡᠷᠦᠮᠵᠢ ᠶᠢ ᠲᠡᠭᠦᠯᠳᠡᠷᠵᠢᠭᠦᠯᠦᠨ᠂ ᠨᠢᠭᠡ ᠪᠦᠯᠦᠭ ᠣᠳᠣᠬᠢᠴᠢᠯᠠᠭᠰᠠᠨ ᠭᠦᠢᠲᠡᠨ ᠬᠡᠯᠬᠢᠶᠡᠲᠦ ᠪᠠᠷᠠᠭᠠᠨ ᠤ ᠬᠦᠢᠯᠭᠡᠭᠡᠨ ᠤ ᠠᠵᠤ ᠠᠬᠤᠶᠢᠯᠠᠯ ᠢ ᠪᠤᠢ ᠪᠣᠯᠭᠠᠨ ᠲᠠᠲᠠᠨ ᠣᠷᠣᠭᠤᠯᠵᠤ᠂ ᠪᠣᠷᠣᠯᠠᠭᠤᠯᠤᠯᠲᠠ ᠶᠢᠨ ᠣᠷᠣᠯᠭ᠎ᠠ ᠶᠢ 200 ᠳ᠋ᠦᠩᠰᠢᠭᠤᠷ ᠲᠥᠭᠦᠷᠢᠭ ᠢ ᠳᠠᠪᠠᠭᠤᠯᠤᠨ᠎ᠠ᠃ ︽ᠪᠦᠬᠦ ᠡᠬᠢ ᠪᠠᠶᠠᠯᠢᠭ ᠢ ᠨᠡᠶᠢᠳᠬᠡᠬᠦ ᠪᠦᠬᠦ ᠠᠵᠤ ᠦᠢᠯᠡᠰ ᠢ ᠠᠭᠤᠰᠤᠯᠴᠠᠭᠤᠯᠬᠤ ᠪᠦᠬᠦ ᠲᠠᠯ᠎ᠠ ᠪᠠᠷ ᠦᠢᠯᠡᠴᠢᠯᠡᠬᠦ ᠪᠦᠬᠦ ᠨᠡᠶᠢᠭᠡᠮ ᠢᠶᠠᠷ ᠢᠶᠠᠨ ᠣᠷᠣᠯᠴᠠᠬᠤ ᠪᠦᠬᠦ ᠶᠠᠪᠤᠴᠠ ᠶᠢ ᠪᠠᠲᠤᠯᠠᠬᠤ︾ ᠵᠤᠭᠠᠴᠠᠯ ᠢ ᠶᠡᠬᠡᠪᠡᠷ ᠬᠥᠭᠵᠢᠭᠦᠯᠵᠦ᠂ ᠬᠠᠨ ᠠᠭᠤᠯᠠ ᠠᠮᠢ ᠠᠬᠤᠶ ᠶᠢᠨ ᠰᠣᠶᠣᠯ ᠤᠨ ᠬᠦᠷᠢᠶᠡᠯᠡᠩ ᠤᠨ 5A ᠲᠠᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠵᠤ᠂ ︽ᠨᠢᠭᠡ ᠣᠷᠳᠣᠨ ᠠᠷᠪᠠᠨ ᠰᠠᠭᠤᠴᠠ ︵ᠦᠯᠡᠳᠡᠭᠳᠡᠯ︶︾ ᠵᠡᠷᠭᠡ ᠬᠤᠪᠢᠰᠬᠠᠯ ᠤᠨ ᠬᠠᠭᠤᠴᠢᠨ ᠰᠠᠭᠤᠴᠠ ᠶᠢᠨ ᠡᠬᠢ ᠪᠠᠶᠠᠯᠢᠭ ᠢ ᠰᠠᠶᠢᠲᠤᠷ ᠠᠰᠢᠭᠯᠠᠵᠤ ᠠᠮᠢᠳᠤᠯᠢᠭ ᠢᠶᠠᠷ ᠬᠡᠷᠡᠭᠯᠡᠵᠦ᠂ ︽ᠰᠣᠭᠲᠤᠭᠤᠷᠠᠬᠤ ᠮᠠᠶ᠋ᠢᠭ︾ ᠤᠨ ᠬᠤᠪᠢᠰᠬᠠᠯᠲᠤ ᠰᠣᠶᠣᠯ ᠢ ᠪᠡᠶᠡᠴᠢᠯᠡᠨ ᠣᠶᠢᠯᠠᠭᠠᠬᠤ ᠠᠵᠢᠯᠯᠠᠭ᠎ᠠ ᠥᠷᠨᠢᠭᠦᠯᠵᠦ᠂ ︽ᠤᠯᠠᠭᠠᠨᠬᠤᠲᠠ — ᠷᠠᠰᠢᠶᠠᠨ — ᠬᠠᠶᠢᠯᠠᠷ — ᠮᠠᠨᠵᠤᠤᠷ︾ ᠤᠨ ᠰᠢᠵᠢᠷ ᠠᠯᠲᠠᠨ ᠵᠤᠭᠠᠴᠠᠯ ᠤᠨ ᠱᠤᠭᠤᠮ ᠤᠨ ᠴᠢᠬᠤᠯᠠ ᠬᠠᠷᠠᠯᠲᠠᠲᠤ ᠬᠤᠲᠠ ᠪᠠ ᠳᠤᠮᠳᠠᠳᠤ ᠤᠯᠤᠰ ᠤᠨ ᠬᠤᠪᠢᠰᠬᠠᠯᠲᠦ ᠵᠤᠭᠠᠴᠠᠯ ᠤᠨ ᠬᠠᠷᠠᠯᠲᠠᠲᠤ ᠣᠷᠣᠨ ᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠤᠨ᠎ᠠ᠃ 2026 ᠣᠨ ᠪᠣᠯᠬᠤ ᠳᠤ᠂ ᠵᠢᠯ ᠤᠨ ᠬᠦᠯᠢᠶᠡᠨ ᠠᠪᠤᠭᠰᠠᠨ ᠵᠤᠭᠠᠴᠠᠭᠰᠠᠳ ᠤᠨ ᠲᠤᠭ᠎ᠠ ᠶᠢ 700 ᠲᠦᠮᠡᠨ ᠬᠥᠮᠦᠨ ︵ᠤᠳᠠᠭ᠎ᠠ︶ ᠶᠢ ᠳᠠᠪᠠᠭᠤᠯᠵᠤ᠂ ᠵᠤᠭᠠᠴᠠᠯ ᠤᠨ ᠶᠡᠷᠦᠩᠬᠡᠢ ᠣᠷᠣᠯᠭ᠎ᠠ ᠶᠢ 60 ᠳ᠋ᠦᠩᠰᠢᠭᠤᠷ ᠲᠥᠭᠦᠷᠢᠭ ᠢ ᠳᠠᠪᠠᠭᠤᠯᠤᠨ᠎ᠠ᠃ ᠲᠠᠷᠢᠶᠠᠯᠠᠩ ᠤᠨ ᠪᠦᠲᠦᠬᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ 7 ᠲᠠᠯ᠎ᠠ ᠶᠢᠨ ᠲᠣᠭᠤᠷᠢᠨ ᠳᠤ᠂ 11 ᠠᠵᠤ ᠦᠢᠯᠡᠰ ᠤᠨ ᠬᠡᠯᠬᠢᠶ᠎ᠡ᠂ 200 ᠨᠥᠭᠡᠴᠡ ᠲᠥᠷᠥᠯ ᠵᠦᠢᠯ ᠢᠶᠠᠷ ᠭᠤᠤᠯᠳᠠᠭᠤᠯᠵᠤ᠂ ᠲᠥᠪ ᠤᠨ ᠠᠵᠤ ᠠᠬᠤᠶᠢᠯᠠᠯ ᠤᠯᠤᠰ ᠤᠨ ᠥᠮᠴᠢᠯᠡᠯᠲᠦ ᠠᠵᠤ ᠠᠬᠤᠶᠢᠯᠠᠯ ᠵᠡᠷᠭᠡ 500 ᠬᠦᠴᠦᠷᠬᠡᠭ ᠠᠵᠤ ᠠᠬᠤᠶᠢᠯᠠᠯ ᠲᠠᠢ ᠵᠣᠯᠭᠠᠭᠤᠯᠵᠤ᠂ 2026 ᠣᠨ ᠪᠣᠯᠬᠤ ᠳᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠᠯᠠ ᠮᠥᠩᠭᠦ ᠶᠢ ᠪᠣᠳᠠᠲᠠᠶᠢᠵᠢᠭᠤᠯᠤᠭᠰᠠᠨ ᠪᠠᠯᠠ ᠮᠥᠩᠭᠦ ᠶᠢ 300 ᠳ᠋ᠦᠩᠰᠢᠭᠤᠷ ᠲᠥᠭᠦᠷᠢᠭ ᠠᠴᠠ ᠳᠠᠪᠠᠭᠤᠯᠤᠨ᠎ᠠ᠃        ︵ᠭᠤᠷᠪᠠ︶ ᠴᠢᠨᠠᠷ ᠰᠠᠶᠢᠲᠠᠶ ᠲᠡᠩᠴᠡᠭᠦᠷᠢᠲᠡᠶ ᠨᠡᠶᠢᠭᠡᠮ ᠤᠨ ᠣᠯᠠᠨ ᠨᠡᠢᠲᠡ ᠶᠢᠨ ᠦᠢᠯᠡᠴᠢᠯᠡᠭᠡᠨ ᠤ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠬᠤ ᠪᠠᠷ ᠴᠢᠷᠮᠠᠶᠢᠵᠤ ᠠᠷᠠᠳ ᠤᠨ ᠠᠮᠢᠳᠤᠷᠠᠯ ᠤᠨ ᠣᠷᠴᠢᠨ ᠨᠥᠬᠦᠴᠡᠯ ᠢ ᠶᠡᠬᠡᠪᠡᠷ ᠰᠠᠶᠢᠵᠢᠷᠠᠭᠤᠯᠤᠨ ᠨᠡᠶᠢᠭᠡᠮ ᠤᠨ ᠦᠢᠯᠡᠰ ᠢ ᠰᠢᠨ᠎ᠡ ᠳᠡᠭᠲᠡᠷ ᠲᠤ ᠭᠠᠷᠬᠤ ᠶᠢ ᠪᠦᠬᠦ ᠬᠦᠴᠦᠨ  ᠢᠶᠠᠷ ᠠᠬᠢᠭᠤᠯᠤᠨ᠎ᠠ         ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠦᠨ᠎ᠡ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠤᠨᠴᠠᠯᠢᠬᠳᠤ ᠨᠠᠰᠤᠵᠢᠯ ᠤᠨ ᠠᠰᠠᠷᠠᠮᠵᠢ᠂ ᠡᠮᠴᠢᠯᠡᠭᠡ ᠰᠤᠪᠢᠯᠠᠯᠲᠠ ᠶᠢ ᠠᠭᠤᠰᠤᠯᠴᠠᠭᠤᠯᠬᠤ ᠵᠡᠷᠭᠡ ᠨᠡᠶᠢᠭᠡᠮ ᠤᠨ ᠠᠰᠠᠷᠠᠮᠵᠢ ᠶᠢᠨ ᠦᠢᠯᠡᠰ ᠢ ᠵᠣᠷᠢᠭᠵᠢᠭᠤᠯᠤᠨ ᠬᠥᠭᠵᠢᠭᠦᠯᠵᠦ᠂ ᠨᠡᠶᠢᠭᠡᠮ ᠤᠨ ᠠᠪᠤᠷᠠᠨ ᠲᠤᠰᠠᠯᠠᠬᠤ᠂ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ᠂ ᠭᠤᠣᠯᠳᠠᠯᠭ᠎ᠠ ᠲᠠᠢ ᠬᠥᠮᠦᠰ ᠤᠨ ᠠᠵᠢᠯ ᠣᠯᠭᠤᠯᠲᠠ ᠶᠢ ᠰᠠᠶᠢᠲᠤᠷ ᠠᠳᠬᠤᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠢ ᠨᠡᠩ ᠲᠡᠭᠦᠯᠳᠡᠷ ᠪᠣᠯᠭᠠᠵᠤ᠂ ᠵᠣᠯ ᠵᠢᠷᠭᠠᠯᠲᠤ ᠲᠦᠷᠦᠭᠳᠡᠯ ᠢ ᠨᠡᠩ ᠦᠷᠭᠦᠯᠵᠢᠯᠡᠭᠦᠯᠦᠨ᠎ᠡ᠃ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠪᠠᠷᠢᠮᠲᠠᠯᠠᠵᠤ᠂ ᠮᠣᠷᠠᠯ ᠴᠢᠳᠠᠪᠤᠷᠢ ᠬᠤᠣᠰᠯᠠᠭᠰᠠᠨ ᠪᠠᠭᠰᠢ ᠶᠢᠨ ᠡᠩᠨᠡᠭᠡ ᠶᠢ ᠪᠠᠶᠢᠭᠤᠯᠵᠤ᠂ ︽ᠬᠤᠶᠠᠷ ᠢ ᠬᠥᠩᠭᠡᠷᠡᠭᠦᠯᠬᠦ︾ ᠲᠦᠷᠦ ᠶᠢᠨ ᠪᠤᠳᠤᠯᠭ᠎ᠠ ᠪᠠ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠵᠤ᠂ ᠬᠥᠮᠦᠨ ᠪᠦᠬᠦᠨ ᠳᠤ ᠨᠡᠩ ᠰᠠᠶᠢᠨ ᠨᠡᠩ ᠭᠤᠣᠯᠴᠢ ᠰᠤᠷᠭᠠᠨ ᠬᠥᠮᠦᠵᠢᠯ ᠬᠦᠷᠲᠡᠭᠡᠨ᠎ᠡ᠃ ︽ᠡᠮᠴᠢᠯᠡᠭᠡᠨ ᠤ ᠬᠠᠮᠲᠤ ᠶᠢᠨ ᠴᠣᠭᠴᠠ︾᠂ ︽ᠡᠮᠴᠢᠯᠡᠭᠡᠨ ᠤ ᠬᠤᠯᠪᠣᠭᠠᠲᠤ ᠴᠣᠭᠴᠠ︾ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮ ᠪᠠ ᠰᠡᠷᠭᠡᠶᠢᠯᠡᠨ ᠡᠵᠡᠮᠳᠡᠵᠦ ᠠᠪᠤᠷᠠᠨ ᠵᠠᠰᠠᠬᠤ ᠰᠢᠰᠲ᠋ᠧᠮ ᠢ ᠲᠡᠭᠦᠯᠳᠡᠷᠵᠢᠭᠦᠯᠦᠨ᠂ ᠡᠮᠴᠢᠯᠡᠭᠡᠨ ᠤ ᠵᠥᠭᠡᠯᠡᠨ ᠪᠣᠳᠠᠲᠤ ᠬᠦᠴᠦᠨ ᠤ ᠪᠠᠶᠢᠭᠤᠯᠤᠯᠲᠠ ᠪᠠ ᠬᠠᠲᠠᠭᠤ ᠲᠣᠨᠤᠭ ᠤᠨ ᠣᠷᠣᠭᠤᠯᠤᠯᠲᠠ ᠶᠢ ᠴᠢᠩᠭᠠᠳᠬᠠᠵᠤ᠂ ᠰᠢᠶᠠᠨ ᠤ ᠳᠡᠰ ᠤᠨ ᠬᠡᠪᠴᠢᠶᠡᠨ ᠳᠤ ᠡᠪᠡᠳᠴᠢᠨ ᠦᠵᠡᠭᠦᠯᠬᠦ ᠨᠣᠷᠮ᠎ᠠ ᠶᠢ 90% ᠳᠤ ᠬᠦᠷᠦᠭᠦᠯᠬᠦ ᠪᠠᠷ ᠴᠢᠷᠮᠠᠶᠢᠨ᠎ᠠ᠃ ᠣᠯᠠᠨ ᠲᠦᠮᠡᠨ ᠤ ᠰᠣᠶᠣᠯ ᠤᠨ ᠬᠠᠮᠲᠤᠷᠠᠭᠰᠠᠨ ᠲᠣᠭᠯᠠᠯᠲᠠ᠂ ᠬᠥᠳᠡᠭᠡ ᠲᠣᠰᠬᠤᠨ ᠤ ᠰᠣᠶᠣᠯ ᠵᠤᠭᠠᠴᠠᠯ ᠵᠡᠷᠭᠡ ᠨᠠᠷᠠᠲᠤ ᠲᠡᠮᠳᠡᠭᠲᠦ ᠶᠢᠨ ᠠᠵᠢᠯᠯᠠᠭ᠎ᠠ ᠶᠢ ᠡᠷᠭᠢᠯᠡᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠷᠳᠣᠨ᠂ ᠤᠷᠠᠨ ᠵᠢᠷᠤᠭ ᠤᠨ ᠣᠷᠳᠣᠨ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠣᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠳᠤ ᠨᠠᠩ ᠰᠠᠶᠢᠨ ᠬᠠᠷᠢᠭᠤᠯᠲᠠ ᠥᠭᠭᠦᠨ᠎ᠡ᠃ ᠴᠡᠷᠢᠭ ᠠᠷᠠᠳ ᠠᠭᠤᠰᠤᠯᠴᠠᠭᠰᠠᠨ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠪᠦᠬᠦ ᠤᠯᠤᠰ ᠤᠨ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠤᠭᠰᠠᠨ ᠵᠢᠱᠢᠶᠡᠴᠢ ᠬᠤᠳᠠ ᠳᠤ ︽ᠨᠠᠢᠮᠠᠨ ᠵᠢᠯ ᠳᠠᠷᠠᠭᠠᠯᠠᠨ ᠮᠠᠩᠯᠠᠶᠢᠯᠠᠬᠤ︾ ᠶᠢ ᠪᠡᠶᠡᠯᠡᠭᠦᠯᠦᠨ᠎ᠡ᠃        ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠨᠡᠶᠢᠭᠡᠮ ᠤᠨ ᠵᠠᠰᠠᠯᠲᠠ ᠶᠢᠨ ᠲᠥᠪ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠶᠤᠨᠴᠢᠯᠠᠭᠰᠠᠨ ᠬᠤᠳᠠ ᠶᠢᠨ ᠬᠠᠮᠢᠶᠠᠷᠤᠯᠲᠠ ᠶᠢᠨ ᠲᠠᠪᠴᠠᠩ᠂ ᠤᠶᠤᠨᠴᠢᠯᠠᠭᠰᠠᠨ ᠨᠡᠶᠢᠭᠡᠮ ᠲᠣᠭᠤᠷᠢᠭ ᠵᠡᠷᠭᠡ ᠪᠦᠬᠦ ᠲᠠᠯᠠᠪᠤᠷ ᠤᠨ ᠤᠶᠤᠨᠴᠢᠯᠠᠭᠰᠠᠨ ᠬᠡᠷᠡᠭᠯᠡᠭᠡ ᠶᠢ ᠲᠦᠷᠭᠡᠳᠬᠡᠵᠦ᠂ ᠨᠡᠶᠢᠭᠡᠮ ᠤᠨ ᠵᠠᠰᠠᠯᠲᠠ ᠶᠢᠨ ᠲᠣᠣᠷᠵᠢᠯᠲᠠ᠂ ᠤᠶᠤᠨᠴᠢᠯᠠᠯᠲᠠ ᠶᠢ ᠪᠡᠶᠡᠯᠡᠭᠦᠯᠦᠨ᠎ᠡ᠃ ᠰᠢᠨ᠎ᠡ ᠴᠠᠭ ᠦᠶ᠎ᠡ ᠶᠢᠨ ︽ᠹᠧᠩ ᠴᠢᠶᠣᠣ ᠶᠢᠨ ᠲᠤᠷᠰᠢᠯᠭ᠎ᠠ︾ ᠶᠢ ᠰᠢᠨ᠎ᠡ ᠪᠠᠷ ᠡᠭᠦᠳᠦᠨ ᠬᠥᠭᠵᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠣᠯᠠᠨ ᠲᠦᠮᠡᠨ ᠤ ᠵᠦᠶ ᠶᠣᠰᠣᠨ ᠤ ᠬᠦᠰᠡᠯ ᠱᠠᠭᠠᠷᠳᠠᠯᠭ᠎ᠠ ᠶᠢ ᠬᠠᠤᠯᠢ ᠶᠣᠰᠣᠭᠠᠷ ᠲᠣᠬᠢᠲᠠᠶ ᠰᠢᠢᠳᠪᠦᠷᠢᠯᠡᠨ᠎ᠡ᠃ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ᠂ ᠴᠠᠬᠢᠯᠭᠠᠨ ᠮᠡᠬᠡᠯᠡᠯ ᠤᠨ ᠰᠡᠷᠭᠡᠶᠢᠯᠡᠯᠲᠡ ᠶᠢᠨ ᠤᠷᠲᠤ ᠬᠤᠭᠤᠴᠠᠭᠠᠨ ᠤ ᠪᠦᠲᠦᠮᠵᠢᠲᠡᠢ ᠪᠠᠶᠢᠩᠭᠤ ᠶᠢᠨ ᠵᠠᠰᠠᠯᠲᠠ ᠶᠢ ᠠᠬᠢᠭᠤᠯᠵᠤ᠂ ᠠᠮᠤᠷ ᠲᠣᠭᠲᠠᠭᠤᠨ ᠡᠶ᠎ᠡ ᠵᠣᠬᠢᠴᠠᠩᠭᠤᠢ ᠨᠡᠶᠢᠭᠡᠮ ᠤᠨ ᠣᠷᠴᠢᠨ ᠲᠣᠭᠤᠷᠢᠨ ᠢ ᠪᠠᠬᠢᠵᠢᠭᠦᠯᠦᠨ᠎ᠡ᠃ ᠨᠠᠢᠮᠠᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠯᠠᠪᠳᠠᠭᠤᠨ ᠢᠶᠠᠷ ᠠᠬᠢᠭᠤᠯᠵᠤ᠂ ᠨᠡᠶᠢᠭᠡᠮ ᠳᠠᠶᠠᠭᠠᠷ ᠢᠶᠠᠨ ᠬᠠᠤᠯᠢ ᠶᠢ ᠬᠦᠨᠳᠦᠳᠬᠡᠬᠦ᠂ ᠬᠠᠤᠯᠢ ᠶᠢ ᠰᠤᠷᠤᠯᠴᠠᠬᠤ᠂ ᠬᠠᠤᠯᠢ ᠶᠢ ᠰᠠᠬᠢᠬᠤ ᠂ ᠬᠠᠤᠯᠢ ᠶᠢ ᠬᠡᠷᠡᠭᠯᠡᠬᠦ ᠶᠢ ᠠᠬᠢᠭᠤᠯᠤᠨ᠎ᠠ᠃ ᠰᠠᠭᠤᠭᠠᠯᠢ ᠠᠷᠠᠳ ᠤᠨ ᠬᠤᠪᠢ ᠬᠥᠮᠦᠨ ᠪᠠ ᠠᠵᠤ ᠠᠬᠤᠶᠢᠯᠠᠯ ᠤᠨ ᠢᠲᠡᠭᠡᠮᠵᠢ ᠶᠢᠨ ︽ᠤᠯᠠᠭᠠᠨ ᠬᠠᠷ᠎ᠠ ᠰᠠᠮᠪᠠᠷ᠎ᠠ︾ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ︽ᠢᠲᠡᠭᠡᠮᠵᠢ ᠲᠠᠢ ᠬᠥᠮᠦᠨ ᠠᠰᠢᠭ ᠭᠥᠷᠳᠡᠵᠦ᠂ ᠢᠲᠡᠭᠡᠯ ᠠᠯᠳᠠᠭᠰᠠᠳ ᠢ ᠶᠠᠪᠤᠳᠠᠯ ᠭᠦᠢᠴᠡᠳᠭᠡᠬᠦ ᠳᠤ ᠬᠦᠴᠢᠷ ᠪᠣᠯᠭᠠᠬᠤ︾ ᠶᠢ ᠥᠷᠭᠡᠨ ᠳᠡᠯᠭᠡᠷ ᠨᠡᠶᠢᠭᠡᠮ ᠤᠨ ᠬᠠᠮᠲᠤ ᠶᠢᠨ ᠲᠠᠨᠢᠯᠲᠠ ᠪᠣᠯᠭᠠᠨ᠎ᠠ᠃         ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠨ᠎ᠠ᠃ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠡᠳ᠋ ᠤᠨ ᠵᠠᠰᠠᠭ ᠤᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠲᠠᠯᠳᠠ ᠥᠭᠴᠡᠭᠡ ᠶᠢ ᠤᠯᠠᠨ ᠠᠷᠭ᠎ᠠ ᠵᠠᠮ ᠢᠶᠠᠷ ᠠᠷᠢᠯᠭᠠᠵᠤ᠂ ᠬᠤᠶᠠᠷ ᠵᠢᠯ ᠤᠷᠢᠳᠴᠢᠯᠠᠨ ᠪᠡᠶᠡᠯᠡᠭᠦᠯᠬᠦ ᠪᠠᠷ ᠴᠢᠷᠮᠠᠶᠢᠨ᠎ᠠ᠃ ᠬᠠᠤᠯᠢ ᠪᠤᠰᠤ ᠪᠠᠷ ᠪᠡᠯᠡ ᠴᠤᠭᠯᠠᠭᠤᠯᠬᠤ᠂ ᠰᠦᠯᠵᠢᠶᠡᠨ ᠤ ᠵᠢᠭᠡᠯᠡᠯᠭᠡ ᠵᠡᠷᠭᠡ ᠮᠥᠩᠭᠦᠨ ᠭᠦᠢᠯᠭᠡᠭᠡᠨ ᠤ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠰᠢᠰᠲ᠋ᠧᠮ ᠤᠨ ᠴᠢᠨᠠᠷᠲᠠᠶ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠵᠦ᠂ ᠠᠮᠤᠷ ᠲᠦᠪᠰᠢᠨ ᠲᠣᠭᠲᠠᠭᠤᠨ ᠪᠠᠶᠢᠳᠠᠯ ᠢ ᠡᠷᠡᠰ ᠬᠠᠮᠠᠭᠠᠯᠠᠨ᠎ᠠ᠃ ᠰᠦᠯᠵᠢᠶᠡᠨ ᠤ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠭᠤᠣᠯ ᠵᠢᠭᠰᠠᠭᠠᠯ ᠤᠨ ᠭᠠᠵᠠᠷ ᠢ ᠪᠠᠲᠤ ᠰᠠᠬᠢᠨ᠎ᠠ᠃  ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ ᠪᠠᠶᠢᠵᠤ᠂ ᠰᠡᠳᠬᠢᠯ ᠢᠶᠠᠨ ᠨᠢᠭᠡᠳᠬᠡᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ︾ ᠠᠵᠢᠯᠯᠠᠭ᠎ᠠ ᠶᠢ ᠥᠷᠭᠡᠨ ᠳᠡᠯᠭᠡᠷᠡᠩᠭᠦᠶ ᠪᠠᠷ ᠥᠷᠨᠢᠭᠦᠯᠵᠦ᠂ ᠨᠢᠭᠡ ᠪᠦᠯᠦᠭ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠲᠠᠢ ᠡᠭᠦᠳᠦᠨ ᠪᠠᠶᠢᠭᠤᠯᠬᠤ ᠨᠢᠭᠡᠴᠢ᠂ ᠰᠤᠷᠭᠠᠨ ᠬᠥᠮᠦᠵᠢᠯ ᠤᠨ ᠰᠠᠭᠤᠷᠢᠨ ᠭᠠᠵᠠᠷ ᠪᠠ ᠲᠡᠷᠢᠭᠦᠨ ᠤ ᠨᠡᠶᠢᠲᠡᠯᠢᠭ ᠵᠢᠱᠢᠶ᠎ᠡ ᠶᠢ ᠬᠥᠮᠦᠵᠢᠭᠦᠯᠵᠦ᠂ ︽ᠭᠤᠷᠪᠠᠨ ᠰᠠᠯᠵᠤ ᠴᠢᠳᠠᠬᠤ ᠦᠭᠡᠢ︾᠂ ︽ᠲᠠᠪᠤ ᠶᠢ ᠮᠡᠳᠡᠷᠡᠬᠦ︾ ᠦᠵᠡᠯ ᠰᠠᠨᠠᠭ᠎ᠠ ᠶᠢ ᠬᠥᠮᠦᠰ ᠤᠨ ᠰᠡᠳᠬᠢᠯ ᠳᠤ ᠨᠡᠩ ᠭᠦᠨ ᠬᠠᠳᠠᠩᠰᠢᠭᠤᠯᠤᠨ᠎ᠠ᠃        2022 ᠣᠨ ᠤ ᠠᠵᠢᠯ ᠤᠨ ᠭᠤᠤᠯ ᠡᠭᠦᠷᠭᠡ        ᠲᠥᠯᠥᠭᠡᠯᠡᠭᠴᠢᠳ ᠡ᠂ ᠡᠨᠡ ᠵᠢᠯ ᠪᠣᠯ ᠬᠤᠳᠠ ᠶᠢᠨ ᠨᠠᠮ ᠤᠨ ᠬᠤᠷᠢᠶᠠᠨ ᠤ ᠠᠷᠪᠠᠨ ᠬᠤᠶᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠪᠠᠰᠠ ᠴᠤ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠵᠠᠰᠠᠭ ᠶᠠᠪᠤᠭᠤᠯᠬᠤ ᠡᠬᠢᠯᠡᠯᠲᠡ ᠶᠢᠨ ᠵᠢᠯ ᠮᠥᠨ᠂ ᠲᠡᠦᠬᠡ ᠶᠢᠨ ᠰᠢᠨ᠎ᠡ ᠡᠬᠢᠯᠡᠯᠲᠡ ᠶᠢᠨ ᠴᠡᠭ ᠲᠤ ᠵᠣᠭᠰᠣᠵᠤ᠂ ᠪᠢᠳᠡ ᠡᠷᠬᠡᠪᠰᠢ ᠰᠢᠨ᠎ᠡ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠰᠢᠨ᠎ᠡ ᠵᠢᠳᠬᠦᠯ ᠴᠢᠷᠮᠠᠶᠢᠯᠭ᠎ᠠ ᠪᠠᠨ ᠢᠯᠡᠷᠡᠭᠦᠯᠬᠦ ᠬᠡᠷᠡᠭᠲᠡᠢ᠃ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠵᠢᠱᠢᠯᠲᠡ ᠪᠠᠷ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 6% ᠠᠴᠠ ᠳᠡᠭᠡᠭᠰᠢ ᠨᠡᠮᠡᠭᠳᠡᠭᠦᠯᠵᠦ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠶᠢᠨ ᠥᠰᠥᠯᠲᠡ ᠶᠢᠨ ᠬᠡᠮᠵᠢᠶ᠎ᠡ ᠶᠢ 3% ᠣᠷᠴᠢᠮ ᠢᠶᠠᠷ ᠬᠢᠵᠠᠭᠠᠷᠯᠠᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠦᠨ᠂ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠨᠢᠭᠡᠴᠢ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠡᠨᠧᠷᠭᠢ ᠶᠢᠨ ᠬᠤᠷᠣᠭᠳᠠᠯ᠂ ᠭᠤᠤᠯ ᠪᠣᠯᠬᠤ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠦᠷᠭᠦᠯᠵᠢᠯᠡᠨ ᠪᠠᠭᠤᠷᠠᠭᠤᠯᠤᠨ᠎ᠠ᠃        ᠳᠡᠭᠡᠷᠡᠬᠢ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠪᠢᠳᠡ ᠳᠣᠣᠷᠠᠬᠢ ᠵᠢᠷᠭᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠃        ᠨᠢᠭᠡ᠂ ᠬᠦᠴᠦᠨ ᠢᠶᠠᠨ ᠲᠥᠪᠯᠡᠷᠡᠭᠦᠯᠦᠨ ᠨᠡᠮᠡᠭᠳᠡᠯ ᠢ ᠲᠣᠭᠲᠠᠪᠤᠷᠢᠵᠢᠭᠤᠯᠵᠤ ᠪᠦᠲᠦᠴᠡ ᠶᠢ ᠳᠣᠭᠢᠷᠠᠭᠤᠯᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠦᠨ᠎ᠡ    ᠪᠦᠲᠦᠮᠵᠢᠲᠡᠶ ᠪᠡᠯᠡ ᠣᠷᠣᠭᠤᠯᠤᠯᠲᠠ ᠶᠢ ᠦᠷᠭᠦᠯᠵᠢᠯᠡᠨ ᠥᠷᠭᠡᠳᠬᠡᠨ᠎ᠡ᠃ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠᠷ ᠭᠤᠤᠯ ᠭᠠᠷᠳᠠᠴᠠ ᠪᠣᠯᠭᠠᠬᠤ ᠶᠢ ᠪᠠᠷᠢᠮᠲᠠᠯᠠᠨ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠪᠥᠬᠦ ᠣᠷᠣᠨ ᠪᠦᠰᠡ ᠶᠢᠨ ᠵᠤᠭᠠᠴᠠᠯ ᠵᠡᠷᠭᠡ ᠬᠦᠷᠢᠶ᠎ᠡ ᠴᠠᠷᠠᠭ᠎ᠠ ᠶᠢ ᠴᠢᠩᠭ᠎ᠠ ᠠᠩᠬᠠᠷᠴᠤ᠂ 88 ᠭᠤᠤᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠨᠡᠶᠢᠲᠡ 120 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠯᠠ ᠣᠷᠣᠭᠤᠯᠤᠨ᠎ᠠ᠃ ᠳ᠋ᠧ ᠶᠤᠸᠠᠨ ᠤᠮᠳᠠᠭᠠᠨ ᠤ ᠵᠦᠢᠯ ᠢ ᠣᠷᠣᠯᠠᠨ ᠡᠳ᠋ᠰᠢᠭᠦᠯᠬᠦ᠂ ᠰᠧᠨ ᠬᠤᠶ ᠬᠡᠪᠯᠡᠯ ᠤᠨ ᠶᠠᠪᠤᠳᠠᠯ ᠤᠨ ᠢᠵᠢ ᠪᠥᠷᠢᠳᠦᠭᠦᠯᠬᠦ ᠲᠠᠮᠠᠬᠢᠨ ᠦᠢᠯᠡᠳᠪᠦᠷᠢ ᠵᠡᠷᠭᠡ ᠬᠠᠮᠲᠤᠷᠠᠯᠴᠠᠨ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ ᠵᠠᠭᠪᠤᠷ ᠢ ᠳᠡᠯᠭᠡᠷᠡᠭᠦᠯᠵᠦ᠂ ︽ᠡᠪᠦᠯ ᠨᠥᠭᠡᠴᠡᠯᠡᠬᠦ᠂ ᠬᠠᠪᠤᠷ ᠳᠠᠷᠢᠬᠤ᠂ ᠵᠣᠨ ᠶᠠᠭᠠᠷᠠᠬᠤ᠂ ᠨᠠᠮᠤᠷ ᠬᠤᠷᠢᠶᠠᠬᠤ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠲᠥᠷᠥᠯ ᠵᠦᠢᠯ ᠢ ᠠᠪᠴᠢᠷᠠᠵᠤ ᠳᠡᠶᠢᠯᠬᠦ᠂ ᠲᠦᠷᠭᠡᠨ ᠪᠠᠶᠢᠭᠤᠯᠵᠤ ᠳᠡᠶᠢᠯᠬᠦ᠂ ᠦᠷ᠎ᠡ ᠠᠰᠢᠭ ᠢᠶᠠᠷ ᠰᠠᠶᠢᠨ ᠪᠠᠶᠢᠬᠤ ᠶᠢ ᠦᠨᠡᠨ ᠬᠦ ᠪᠠᠲᠤᠯᠠᠨ᠎ᠠ᠃ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ᠂ ᠪᠠᠯᠠ ᠣᠷᠣᠭᠤᠯᠤᠯᠲᠠ ᠶᠢᠨ ᠬᠠᠨᠳᠤᠰᠢ ᠶᠢ ᠨᠢᠭᠲᠠ ᠠᠩᠬᠠᠷᠴᠤ᠂ ᠠᠽᠢᠶ᠎ᠠ ᠲᠢᠪ ᠤᠨ ᠰᠠᠭᠤᠷᠢ ᠲᠥᠬᠦᠭᠡᠷᠦᠮᠵᠢ ᠶᠢᠨ ᠪᠠᠯᠠ ᠣᠷᠣᠭᠤᠯᠤᠯᠲᠠ ᠶᠢᠨ ᠪᠠᠩᠬᠢ ᠶᠢᠨ ᠵᠢᠭᠡᠯᠡᠯᠭᠡ ᠶᠢ ᠢᠳᠡᠪᠬᠢᠲᠡᠶ ᠪᠠᠷ ᠵᠣᠯᠭᠠᠭᠤᠯᠵᠤ᠂ ᠳᠡᠭᠡᠳᠦ ᠰᠠᠲᠤᠨ ᠠᠴᠠ 20 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠯᠠ ᠮᠥᠩᠭᠦ ᠤᠯᠬᠤ ᠪᠠᠷ ᠴᠢᠷᠮᠠᠶᠢᠨ᠎ᠠ᠃        ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ᠃ ᠲᠤᠭᠤᠷ ᠤᠨ ᠭᠤᠣᠯ ᠠᠮᠢ ᠠᠬᠤᠢ ᠶᠢᠨ ᠬᠤᠩᠬᠢᠯ ᠵᠠᠮ ᠢ ᠰᠡᠯᠪᠢᠨ ᠵᠠᠰᠠᠬᠤ᠂ ᠡᠯ ᠳ᠋ᠤᠤ ᠡᡁᠧ ᠭᠤᠣᠯ ᠤᠨ ᠤᠰᠤᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠬᠡᠷᠡᠭᠵᠢᠭᠦᠯᠵᠦ᠂ 5 ᠲᠦᠮᠡᠨ ᠮᠦ ᠣᠶᠢᠵᠢᠭᠤᠯᠤᠯᠲᠠ ᠶᠢ ᠥᠭᠡᠷᠡᠴᠢᠯᠡᠨ ᠳᠡᠭᠡᠭᠰᠢᠯᠡᠭᠦᠯᠵᠦ᠂ ᠣᠷᠴᠢᠨ ᠲᠣᠭᠤᠷᠢᠨ ᠤ ᠳᠠᠷᠤᠭᠠᠰᠤ ᠶᠢ ᠬᠥᠩᠭᠡᠷᠡᠭᠦᠯᠵᠦ᠂ ᠠᠮᠢ ᠠᠬᠤᠢ ᠶᠢᠨ ᠪᠠᠭᠲᠠᠭᠠᠮᠵᠢ ᠶᠢ ᠨᠡᠮᠡᠭᠳᠡᠭᠦᠯᠦᠨ᠎ᠡ᠃ ᠭᠤᠣᠯᠳᠠᠯᠭ᠎ᠠ ᠲᠠᠢ ᠴᠠᠭ ᠬᠤᠭᠤᠴᠠᠭ᠎ᠠ ᠪᠠ ᠭᠤᠣᠯᠳᠠᠯᠭ᠎ᠠ ᠲᠠᠢ ᠠᠵᠢᠯ ᠲᠦᠷᠦᠯ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ ᠠᠭᠠᠷ ᠮᠠᠨᠳᠠᠯ ᠤᠨ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠦᠷᠭᠦᠯᠵᠢᠯᠡᠨ ᠰᠠᠶᠢᠵᠢᠷᠠᠭᠤᠯᠤᠨ᠎ᠠ᠃ ︽ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ︾ ᠢ ᠭᠦᠨᠵᠡᠭᠡᠶ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠲᠦᠷᠢᠮ ᠢ ᠬᠡᠷᠡᠭᠵᠢᠭᠦᠯᠦᠨ᠂ ᠬᠤᠲᠠ ᠬᠥᠳᠡᠭᠡ ᠶᠢᠨ ᠪᠣᠬᠢᠷ ᠤᠰᠤ ᠶᠢ ᠨᠢᠭᠡ ᠴᠤᠭᠴᠠᠵᠢᠭᠤᠯᠬᠤ ᠪᠥᠲᠥᠭᠡᠨ ᠪᠠᠶᠢᠭᠤᠯᠤᠯᠲᠠ ᠶᠢ ᠬᠡᠷᠡᠭᠵᠢᠭᠦᠯᠵᠦ᠂ ᠤᠰᠤᠨ ᠤ ᠣᠷᠴᠢᠨ ᠲᠣᠭᠤᠷᠢᠨ ᠢ ᠪᠥᠬᠦ ᠲᠠᠯ᠎ᠠ ᠪᠠᠷ ᠬᠠᠮᠠᠭᠠᠯᠠᠨ᠎ᠠ᠃ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠬᠠᠮᠢᠶᠠᠷᠬᠤ ᠪᠠ ᠶᠡᠷᠦᠩᠬᠡᠶᠢᠯᠡᠨ ᠠᠰᠢᠭᠯᠠᠬᠤ ᠠᠵᠢᠯ ᠢ ᠥᠷᠨᠢᠭᠦᠯᠵᠦ᠂ ᠠᠶᠤᠯᠲᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠶᠠᠪᠤᠴᠠ ᠶᠢ ᠵᠢᠷᠤᠮᠵᠢᠭᠤᠯᠤᠨ᠂ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠵᠠᠰᠠᠬᠤ ᠠᠵᠢᠯ ᠢ ᠴᠢᠩᠭᠠᠳᠬᠠᠵᠤ᠂ ᠮᠠᠯ ᠵᠢᠭᠦᠷᠲᠡᠨ ᠤ ᠪᠠᠭᠠᠰᠤ ᠰᠢᠭᠡᠰᠦ᠂ ᠲᠠᠷᠢᠶᠠᠨ ᠭᠠᠵᠠᠷ ᠤᠨ ᠦᠯᠡᠳᠡᠭᠳᠡᠯ ᠪᠦᠷᠬᠦᠪᠴᠢ ᠵᠡᠷᠭᠡ ᠬᠠᠶᠠᠭᠳᠠᠮᠠᠯ ᠪᠣᠳᠠᠰ ᠢ ᠵᠦᠢ ᠵᠣᠬᠢᠰᠲᠠᠶ ᠰᠢᠢᠳᠪᠦᠷᠢᠯᠡᠵᠦ᠂ ᠬᠥᠷᠥᠰᠥ ᠰᠢᠷᠣᠶ ᠶᠢᠨ ᠪᠣᠬᠢᠷᠲᠤᠯ ᠤᠨ ᠲᠦᠭᠰᠢᠭᠦᠷᠢ ᠶᠢ ᠪᠦᠲᠦᠮᠵᠢᠲᠡᠶ ᠪᠠᠷ ᠬᠠᠮᠢᠶᠠᠷᠤᠨ ᠡᠵᠡᠮᠳᠡᠨ᠎ᠡ᠃        ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠪᠣᠭᠤᠮᠲᠠ ᠰᠢᠪᠲᠤᠯᠬᠤ ᠣᠨ ᠤ ᠠᠵᠢᠯᠯᠠᠭ᠎ᠠ ᠶᠢ ᠡᠬᠢᠯᠡᠭᠦᠯᠦᠨ ᠬᠡᠷᠡᠭᠵᠢᠭᠦᠯᠵᠦ᠂ ᠠᠷᠪᠠ ᠶᠢ ᠬᠢᠵᠦ ᠪᠣᠯᠬᠤ᠂ ᠠᠷᠪᠠ ᠶᠢ ᠴᠢᠩᠭ᠎ᠠ ᠴᠠᠭᠠᠵᠠᠯᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠤ ︽ᠲᠥᠷᠥ ᠶᠢᠨ ᠪᠣᠳᠣᠯᠭ᠎ᠠ + ᠦᠢᠯᠡᠴᠢᠯᠡᠭᠡ︾ ᠶᠢᠨ ᠬᠠᠮ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠵᠢᠭᠦᠯᠦᠨ᠎ᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠴᠠᠭᠠᠵᠠᠯᠠᠬᠤ ᠥᠬᠡᠶ ᠪᠣᠯ ᠳᠠᠷᠤᠶ ᠣᠷᠣᠭᠤᠯᠬᠤ︾᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠰᠠᠶᠢᠨ ᠮᠠᠭᠤ ᠶᠢ ᠦᠨᠡᠯᠡᠬᠦ︾ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠥᠨᠳᠥᠷ ᠲᠠᠪᠳᠠᠮᠵᠢᠳᠤ ᠬᠢᠨᠠᠨ ᠵᠥᠪᠰᠢᠶᠡᠷᠡᠬᠦ ᠵᠦᠢᠯᠡᠰ ᠤᠨ ︽ᠨᠢᠭᠡ ᠰᠦᠯᠵᠢᠶ᠎ᠡ᠂ ᠨᠢᠭᠡ ᠰᠠᠯᠠᠭ᠎ᠠ᠂ ᠨᠢᠭᠡ ᠤᠳᠠᠭ᠎ᠠ︾ ᠳᠤ ᠰᠢᠢᠳᠪᠦᠷᠢᠯᠡᠵᠦ ᠳᠠᠭᠤᠰᠬᠠᠬᠤ ᠨᠣᠷᠮ᠎ᠠ ᠶᠢ 100% ᠳᠤ ᠬᠦᠷᠭᠡᠨ᠎ᠡ᠃ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠬᠠᠨᠳᠤᠯᠭ᠎ᠠ ᠲᠠᠢ ᠪᠠᠷ ᠦᠢᠯᠡᠴᠢᠯᠡᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠨ᠂ ᠬᠥᠭᠵᠢᠯᠲᠡ ᠶᠢᠨ ᠬᠦᠴᠢᠷ ᠠᠰᠠᠭᠤᠳᠠᠯ ᠢ ᠬᠠᠪᠰᠤᠷᠤᠨ ᠰᠢᠢᠳᠪᠦᠷᠢᠯᠡᠨ᠎ᠡ᠃ ︽ᠨᠢᠭᠡ ᠪᠦᠰᠡ ᠨᠢᠭᠡ ᠵᠠᠮ︾ ᠪᠣᠯᠤᠨ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠭᠠᠳᠠᠭᠠᠳᠤ ᠠᠴᠠ ᠣᠷᠣᠭᠤᠯᠬᠤ ᠦᠵᠡᠰᠬᠦᠯᠡᠩ ᠤᠨ ᠴᠤᠭᠯᠠᠭᠠᠨ᠂ ᠭᠤᠸᠠᠩᠵᠧᠦ ᠶᠢᠨ ᠠᠷᠠᠯᠵᠢᠶᠠᠨ ᠤ ᠴᠤᠭᠯᠠᠭᠠᠨ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠣᠷᠣᠯᠴᠠᠵᠤ᠂ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠡᠮᠵᠢᠶ᠎ᠡ ᠶᠢ 1.2 ᠳ᠋ᠦᠩᠰᠢᠭᠤᠷ ᠲᠥᠭᠦᠷᠢᠭ ᠲᠤ ᠬᠥᠷᠭᠡᠨ᠎ᠡ᠃        ᠬᠤᠶᠠᠷ᠂ ᠬᠦᠴᠦᠨ ᠢᠶᠠᠨ ᠲᠥᠪᠯᠡᠷᠡᠭᠦᠯᠦᠨ ᠪᠠᠯᠠ ᠣᠷᠣᠭᠤᠯᠤᠯᠲᠠ ᠶᠢ ᠠᠳᠬᠤᠵᠤ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ ᠠᠵᠤ ᠦᠢᠯᠡᠳᠪᠦᠷᠢ ᠶᠢᠨ ᠠᠵᠤ ᠠᠬᠤᠶ ᠶᠢᠨ ᠰᠢᠨ᠎ᠡ ᠪᠠᠶᠢᠳᠠᠯ ᠢ ᠬᠦᠴᠦᠯᠡᠨ ᠡᠭᠦᠳᠦᠨ᠎ᠡ        ᠠᠵᠤ ᠦᠢᠯᠡᠰ ᠤᠨ ᠰᠢᠰᠲ᠋ᠧᠮ ᠤᠨ ︽ᠣᠯᠠᠨ ᠲᠦᠢᠯᠰᠢᠷᠠᠯ ᠤᠨ ᠲᠤᠯᠭᠠᠭᠤᠷᠢᠯᠠᠯ︾ ᠢ ᠴᠣᠭᠴᠠᠯᠠᠨ ᠪᠠᠶᠢᠭᠤᠯᠤᠨ᠎ᠠ᠃ ︽ᠬᠤᠤᠰ ᠵᠠᠮᠲᠤ ᠲᠦᠷᠢᠮ︾ ᠤᠨ ᠨᠠᠷᠢᠯᠢᠭ ᠣᠨᠣᠴᠠᠲᠠᠶ ᠥᠨᠳᠥᠷ ᠪᠦᠲᠦᠮᠵᠢᠲᠡᠶ ᠦᠢᠯᠡᠴᠢᠯᠡᠭᠡ ᠶᠢ ᠨᠠᠶᠢᠳᠠᠪᠤᠷᠢᠵᠢᠭᠤᠯᠵᠤ᠂ ︽ᠬᠡᠯᠬᠢᠶᠡᠵᠢᠯ ᠢ ᠤᠷᠲᠤᠳᠬᠠᠨ ᠬᠡᠯᠬᠢᠶᠡᠵᠢᠯ ᠢ ᠨᠥᠬᠦᠪᠥᠷᠢᠯᠡᠵᠦ ᠬᠡᠯᠬᠢᠶᠡᠵᠢᠯ ᠢ ᠴᠢᠩᠭᠠᠳᠬᠠᠬᠤ︾ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠦᠨ᠂ ᠣᠲᠣ ᠶᠢᠨ ᠪᠠᠶᠢᠭ᠎ᠠ ᠠᠵᠤ ᠠᠬᠤᠶᠢᠯᠠᠯ ᠤᠨ ᠮᠡᠷᠭᠡᠵᠢᠯ ᠢ ᠥᠭᠡᠷᠡᠴᠢᠯᠡᠨ ᠳᠡᠭᠡᠭᠰᠢᠯᠡᠭᠦᠯᠬᠦ᠂ ᠦᠢᠯᠡᠳᠪᠦᠷᠢᠯᠡᠬᠦ ᠴᠢᠳᠠᠪᠤᠷᠢ ᠶᠢ ᠪᠠᠳᠠᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠬᠡᠪᠴᠢᠶ᠎ᠡ ᠠᠴᠠ ᠳᠡᠭᠡᠭᠰᠢᠬᠢ ᠠᠵᠤ ᠠᠬᠤᠶᠢᠯᠠᠯ ᠢ 5 ᠰᠢᠨ᠎ᠡ ᠪᠠᠷ ᠨᠡᠮᠡᠭᠳᠡᠭᠦᠯᠵᠦ᠂ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠢ 230 ᠳ᠋ᠦᠩᠰᠢᠭᠤᠷ ᠲᠥᠭᠦᠷᠢᠭ ᠪᠡᠶᠡᠯᠡᠭᠦᠯᠵᠦ᠂ ︽ᠲᠠᠪᠤᠨ ᠵᠢᠯ ᠳᠤ ᠳᠠᠬᠢᠨ ᠢᠶᠠᠷ ᠨᠡᠮᠡᠭᠳᠡᠭᠦᠯᠬᠦ︾ ᠬᠠᠷᠠᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠦᠨ᠎ᠡ᠃ ᠤᠯᠠᠭᠠᠨᠬᠤᠲᠠ ᠪᠣᠯᠣᠳ ᠲᠡᠮᠦᠷ ᠤᠨ ᠪᠦᠯᠦᠭᠯᠡᠯ᠂ ᠮᠧᠩ ᠮᠧᠩ ᠢᠯᠴᠢ ᠴᠠᠬᠢᠯᠭᠠᠨ ᠤ ᠬᠤᠷᠣᠭᠳᠠᠯ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠬᠥᠲᠥᠯᠦᠨ ᠵᠢᠯᠣᠭᠤᠳᠴᠤ᠂ ᠲᠠᠮᠠᠬᠢᠨ ᠦᠢᠯᠡᠳᠪᠦᠷᠢ᠂ ᠰᠢᠤᠸᠠᠢ ᠬᠤᠸᠠ ᠫᠢᠸᠤ᠋ ᠶᠢᠨ ᠦᠢᠯᠡᠳᠪᠦᠷᠢᠯᠡᠯ ᠢᠶᠠᠨ ᠥᠷᠭᠡᠳᠬᠡᠬᠦ ᠶᠢ ᠠᠬᠢᠭᠤᠯᠵᠤ᠂ ᠮᠧᠩ ᠨᠢᠦ ᠰᠦ ᠶᠢᠨ ᠦᠢᠯᠡᠰ᠂ ᠬᠤᠩ ᠴᠧᠩ  ᠰᠦ ᠶᠢᠨ ᠦᠢᠯᠡᠰ ᠤᠨ ᠦᠢᠯᠡᠳᠬᠦᠨ ᠤ ᠪᠦᠲᠦᠴᠡ ᠶᠢ ᠰᠢᠯᠢᠳᠡᠭᠵᠢᠭᠦᠯᠦᠨ ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠪᠡᠶᠡᠯᠡᠭᠦᠯᠦᠨ᠎ᠡ᠃ ᠪᠠᠢ ᠢ ᠡᠮ ᠦᠢᠯᠡᠳᠬᠦ᠂ ᠤᠲᠠᠴᠢ ᠮᠣᠩᠭᠤᠯ ᠡᠮ ᠢ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠳ᠋ᠦᠩ ᠹᠠᠩ ᠴᠠᠬᠢᠯᠭᠠᠨ᠂ ᠶᠢᠨ ᠹᠧᠩ ᠰᠢᠨᠵᠢᠯᠡᠬᠦ ᠤᠬᠠᠭᠠᠨ ᠮᠡᠷᠭᠡᠵᠢᠯ ᠤᠨ ᠵᠠᠬ᠎ᠠ ᠳᠡᠯᠭᠡᠭᠦᠷ ᠨᠡᠭᠡᠭᠡᠬᠦ ᠶᠢ ᠳᠡᠮᠵᠢᠵᠦ᠂  ᠵᠢᠩ ᠨᠧᠩ ᠰᠠᠯᠬᠢᠨ ᠬᠦᠴᠦᠨ ᠤ ᠴᠠᠬᠢᠯᠭᠠᠨ᠂ ᠭᠤᠤᠯ ᠮᠥᠷᠡᠨ ᠤ ᠤᠰᠤᠨ ᠤ ᠬᠠᠩᠭᠠᠯᠭ᠎ᠠ ᠶᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠵᠤ᠂ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠤᠨ ᠦᠷᠭᠦᠯᠵᠢᠯᠡᠨ ᠬᠥᠭᠵᠢᠬᠦ ᠶᠢ ᠪᠡᠶᠡᠯᠡᠭᠦᠯᠦᠨ᠎ᠡ᠃        ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ︽ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡᠪᠡᠷ ᠳᠡᠭᠡᠭᠰᠢᠯᠡᠭᠦᠯᠬᠦ︾ ᠶᠢ ᠠᠬᠢᠭᠤᠯᠤᠨ᠎ᠠ᠃ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠵᠤ ᠦᠢᠯᠡᠰ ᠤᠨ ᠬᠥᠭᠵᠢᠯᠲᠡ ᠶᠢᠨ ᠬᠦᠴᠦᠯᠡᠬᠦ ᠴᠡᠭ ᠪᠣᠯᠭᠠᠵᠤ᠂ ᠮᠢᠩᠭᠠᠨ ᠲᠦᠮᠡᠨ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠲᠥᠷᠥᠯ ᠵᠦᠢᠯ ᠢ 15 ᠬᠡᠷᠡᠭᠵᠢᠭᠦᠯᠬᠦ ᠪᠠᠷ ᠲᠥᠯᠥᠪᠯᠡᠵᠦ᠂ 12 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠦᠨ᠎ᠡ᠃ ᠦᠷᠭᠦᠯᠵᠢᠯᠡᠨ ᠪᠠᠶᠢᠭᠤᠯᠬᠤ ᠲᠥᠷᠥᠯ ᠵᠦᠢᠯ ᠤᠨ ᠦᠷ᠎ᠡ ᠠᠰᠢᠭ ᠢ ᠠᠳᠬᠤᠵᠤ᠂ ᠤᠲᠠᠴᠢ ᠮᠣᠩᠭᠤᠯ ᠡᠮ ᠤᠨ ᠰᠤᠳᠤᠯᠤᠨ ᠨᠡᠭᠡᠭᠡᠬᠦ ᠲᠥᠪ᠂ ᠬᠢᠩᠭᠠᠨ ᠤ ᠠᠲᠠᠷ ᠬᠠᠭᠠᠯᠪᠤᠷᠢᠯᠠᠯᠲᠠ ᠶᠢᠨ ᠪᠣᠭᠤᠳᠠᠶ ᠶᠢ ᠨᠠᠷᠢᠯᠢᠭ ᠡᠳ᠋ᠰᠢᠭᠦᠯᠬᠦ᠂ ᠢᠦᠢ ᠹᠧᠩ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠵᠡᠷᠭᠡ ᠲᠥᠷᠥᠯ ᠵᠦᠢᠯ ᠢ ᠪᠠᠶᠢᠭᠤᠯᠵᠤ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠦᠷ᠎ᠡ ᠪᠦᠲᠦᠮᠵᠢ ᠶᠢ ᠠᠳᠬᠤᠨ᠂ ᠤᠯᠠᠭᠠᠨᠬᠤᠲᠠ ᠪᠣᠯᠣᠳ ᠲᠡᠮᠦᠷ ᠤᠨ ᠺᠣᠮᠫᠠᠨᠢ ᠶᠢᠨ 1200 ᠪᠣᠰᠤᠭ᠎ᠠ ᠳᠥᠷᠪᠡᠯᠵᠢᠨ ᠮᠧᠲᠷ ᠤᠨ ᠥᠨᠳᠥᠷ ᠵᠤᠤᠬ᠎ᠠ ᠵᠢᠴᠢ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠶᠢ ᠳᠡᠭᠡᠭᠰᠢᠯᠡᠭᠦᠯᠬᠦ᠂ ᠰᠢᠤᠸᠠᠢ ᠬᠤᠸᠠ ᠫᠢᠸᠤ᠋ ᠨᠡᠷᠡᠬᠦ ᠦᠢᠯᠡᠳᠪᠦᠷᠢ ᠶᠢᠨ ᠲᠠᠰᠤᠭ ᠤᠨ ᠣᠶᠤᠨᠴᠢ ᠪᠠᠷ ᠲᠠᠰ ᠳᠡᠪᠰᠢᠭᠦᠯᠬᠦ᠂ ᠣᠨᠴᠠ ᠬᠤᠪᠢᠰᠤᠯᠳᠤ ᠴᠠᠬᠢᠯᠭᠠᠨ ᠤ 500 ᠰᠠᠶ᠎ᠠ ᠸᠠᠲ ᠤᠨ ᠰᠠᠯᠬᠢᠨ ᠬᠦᠴᠦᠨ ᠤ ᠴᠠᠬᠢᠯᠭᠠᠨ ᠢᠶᠠᠷ ᠤᠰᠤᠲᠥ᠋ᠷᠥᠭᠴᠢ ᠦᠢᠯᠡᠳᠬᠦ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠬᠦᠴᠦᠯᠡᠨ ᠠᠬᠢᠭᠤᠯᠤᠨ᠎ᠠ᠃ ᠨᠥᠭᠡᠴᠡ ᠲᠥᠷᠥᠯ ᠵᠦᠢᠯ ᠤᠨ ᠦᠷ᠎ᠡ ᠪᠦᠲᠦᠮᠵᠢ ᠶᠢ ᠠᠳᠬᠤᠨ᠂ ᠵᠢᠩ ᠨᠧᠩ ᠰᠢᠨ᠎ᠡ ᠡᠨᠧᠷᠭᠢ ᠶᠢᠨ ᠥᠩᠭᠡ ᠦᠵᠡᠮᠵᠢ ᠬᠠᠷᠢᠯᠴᠠᠨ ᠨᠥᠬᠦᠪᠥᠷᠢᠯᠡᠬᠦ ᠶᠢ ᠰᠦᠪᠡᠭᠴᠢᠯᠡᠵᠦ᠂ ᠥᠪᠥᠷ ᠮᠣᠩᠭᠤᠯ ᠤᠨ ᠦᠨᠢᠶᠡᠨ ᠰᠦ ᠶᠢᠨ ᠢᠷᠡᠯᠲᠡ ᠶᠢᠨ ᠰᠠᠭᠤᠷᠢᠨ ᠭᠠᠵᠠᠷ ᠵᠡᠷᠭᠡ ᠲᠥᠷᠥᠯ ᠵᠦᠢᠯ ᠢ ᠡᠷᠲᠡᠬᠡᠨ ᠨᠠᠶᠢᠳᠠᠪᠤᠷᠢᠵᠢᠭᠤᠯᠤᠨ᠎ᠠ᠃        ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ︽ᠡᠷᠴᠢᠮᠵᠢᠭᠦᠯᠦᠨ ᠲᠥᠪᠯᠡᠷᠡᠭᠦᠯᠬᠦ︾ ᠶᠢ ᠲᠦᠷᠭᠡᠳᠬᠡᠨ᠎ᠡ ᠃ ᠠᠶᠢᠮᠠᠭ ᠤᠨ ᠨᠡᠭᠡᠭᠡᠯᠲᠡ ᠶᠢᠨ ᠲᠣᠭᠤᠷᠢᠭ ᠯᠤᠭ᠎ᠠ ᠶᠢᠨ ᠬᠠᠮᠲᠤᠷᠠᠯᠴᠠᠨ ᠬᠥᠭᠵᠢᠬᠦ ᠶᠢ ᠭᠦᠨᠵᠡᠭᠡᠶᠢᠷᠡᠭᠦᠯᠵᠦ᠂ ᠮᠡᠳᠡᠭᠡ ᠵᠠᠩᠭᠢ ᠶᠢ ᠬᠠᠮᠲᠤᠪᠠᠷ ᠬᠡᠷᠡᠭᠯᠡᠬᠦ᠂ ᠡᠬᠢ ᠪᠠᠶᠠᠯᠢᠭ ᠢ ᠬᠠᠮᠲᠤᠪᠠᠷ ᠭᠥᠷᠳᠡᠬᠦ ᠶᠢ ᠴᠢᠩᠭᠠᠷᠠᠭᠤᠯᠤᠨ᠂ ᠣᠷᠣᠨ ᠪᠦᠰᠡ ᠶᠢᠨ ᠬᠤᠯᠪᠣᠭᠠᠯᠠᠨ ᠬᠥᠳᠡᠯᠦᠯᠴᠡᠬᠦ᠂ ᠠᠵᠤ ᠦᠢᠯᠡᠰ ᠤᠨ ᠬᠠᠷᠢᠯᠴᠠᠨ ᠬᠥᠳᠡᠯᠦᠯᠴᠡᠬᠦ ᠶᠢ ᠠᠬᠢᠭᠤᠯᠵᠤ᠂ ᠣᠷᠣᠨ ᠪᠠᠶᠢᠷᠢ ᠰᠣᠯᠪᠢᠴᠠᠨ ᠬᠥᠭᠵᠢᠬᠦ ᠰᠢᠨ᠎ᠡ ᠪᠠᠶᠢᠷᠢᠰᠢᠯ ᠢ ᠪᠣᠶ ᠪᠣᠯᠭᠠᠨ᠎ᠠ᠃ ᠠᠵᠤ ᠦᠢᠯᠡᠳᠪᠦᠷᠢ ᠶᠢᠨ ᠶᠡᠭᠡ ᠵᠠᠮ ᠤᠨ ᠪᠦᠷᠬᠦᠭᠦᠯ ᠤᠨ ᠢᠨᠵᠧᠨᠧᠷᠢᠩ ᠢ ᠬᠡᠷᠡᠭᠵᠢᠭᠦᠯᠵᠦ᠂ ᠡᠯ᠎ᠡ ᠲᠥᠷᠥᠯ ᠤᠨ ᠬᠤᠭᠤᠯᠠᠶ ᠶᠢᠨ ᠲᠣᠤᠷ ᠢ 10 ᠺᠢᠯᠣᠮᠧᠲᠷ ᠶᠡᠷᠦᠩᠬᠡᠶᠢᠯᠡᠨ ᠥᠭᠡᠷᠡᠴᠢᠯᠡᠵᠦ᠂ ᠴᠠᠬᠢᠯᠭᠠᠨ ᠬᠦᠴᠦᠨ᠂ ᠴᠢᠮᠡᠭᠡ ᠬᠤᠯᠪᠣᠭ᠎ᠠ ᠵᠡᠷᠭᠡ ᠢᠵᠢ ᠪᠥᠷᠢᠳᠦᠭᠦᠯᠬᠦ ᠪᠠᠲᠤᠯᠠᠭ᠎ᠠ ᠶᠢᠨ ᠴᠢᠳᠠᠪᠤᠷᠢ ᠶᠢ ᠴᠢᠩᠭᠠᠷᠠᠭᠤᠯᠤᠨ᠂ ᠬᠦᠷᠢᠶᠡᠯᠡᠩ ᠲᠣᠭᠤᠷᠢᠭ ᠤᠨ ᠰᠠᠭᠤᠷᠢ ᠲᠦᠬᠦᠭᠡᠷᠦᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠎ᠡ᠃ ᠬᠦᠷᠢᠶᠡᠯᠡᠩ ᠲᠣᠭᠤᠷᠢᠭ ᠤᠨ ᠭᠠᠵᠠᠷ ᠰᠢᠷᠣᠶ ᠶᠢᠨ ᠠᠰᠢᠭᠯᠠᠯᠲᠠ ᠶᠢᠨ ᠨᠣᠷᠮ᠎ᠠ ᠪᠠ ᠭᠠᠷᠤᠯᠲᠠ ᠶᠢᠨ ᠨᠣᠷᠮ᠎ᠠ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠰᠢᠩᠭᠡᠯᠢᠭ ᠢᠶᠠᠨ ᠰᠤᠯᠠᠯᠠᠨ ᠰᠢᠪᠠᠭᠤ ᠰᠣᠯᠢᠬᠤ᠂ ᠬᠤᠷᠰᠢᠨ ᠳᠠᠬᠢᠨ ᠵᠣᠬᠢᠶᠠᠨ ᠪᠠᠶᠢᠭᠤᠯᠵᠤ᠂ ᠬᠦᠷᠢᠶᠡᠯᠡᠩ ᠲᠣᠭᠤᠷᠢᠭ ᠤᠨ ᠪᠣᠬᠢᠷᠲᠤᠯ ᠥᠬᠡᠶ ᠤᠶᠤᠨᠴᠢᠯᠠᠬᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠨᠡᠷ᠎ᠡ ᠴᠤᠤᠲᠠᠢ ᠳᠡᠭᠡᠳᠦ ᠰᠤᠷᠭᠠᠭᠤᠯᠢ ᠯᠤᠭ᠎ᠠ ᠶᠢᠨ ᠰᠢᠨᠵᠢᠯᠡᠭᠡᠨ ᠤ ᠰᠠᠯᠠᠭ᠎ᠠ᠂ ᠴᠢᠳᠠᠪᠤᠷᠢᠲᠠᠨ᠂ ᠮᠡᠷᠭᠡᠵᠢᠯ ᠵᠡᠷᠭᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠶᠢ ᠥᠷᠭᠡᠳᠬᠡᠵᠦ᠂ ᠲᠡᠷᠢᠭᠦᠨ ᠤ ᠮᠡᠷᠭᠡᠵᠢᠯ ᠢ ᠰᠢᠯᠵᠢᠭᠦᠯᠦᠨ ᠬᠤᠪᠢᠷᠠᠭᠤᠯᠬᠤ ᠶᠢ ᠲᠦᠷᠭᠡᠳᠬᠡᠵᠦ᠂ ᠲᠤᠰ ᠭᠠᠵᠠᠷ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠤᠶᠢᠵᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠰᠢᠨ᠎ᠡ ᠬᠢᠯᠠᠰ ᠴᠡᠭ ᠢ ᠪᠤᠢ ᠪᠣᠯᠭᠠᠨ᠎ᠠ᠃          ᠭᠤᠷᠪᠠ᠂ ᠬᠦᠴᠦᠨ ᠴᠢᠳᠠᠯ ᠢᠶᠠᠨ ᠲᠥᠪᠯᠡᠷᠡᠭᠦᠯᠦᠨ ᠴᠢᠳᠠᠮᠵᠢ ᠪᠠᠨ ᠴᠢᠩᠭᠠᠳᠬᠠᠵᠤ ᠶᠠᠰᠤ ᠴᠢᠨᠠᠷ ᠢᠶᠠᠨ ᠳᠡᠭᠡᠭᠰᠢᠯᠡᠭᠦᠯᠦᠨ ᠲᠥᠪ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠬᠦᠴᠦᠯᠡᠨ ᠡᠭᠦᠰᠦᠨ᠎ᠡ        ᠬᠤᠳᠠ ᠶᠢᠨ ᠲᠥᠯᠥᠪᠵᠢᠭᠦᠯᠭᠡ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠎ᠡ᠃ ︽ᠠᠭᠤᠯᠠ ᠤᠰᠤ ᠰᠣᠶᠤᠯ ᠨᠣᠭᠤᠭᠠᠷᠠᠭᠤᠯᠤᠯᠲᠠ︾ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠠᠶᠢᠮᠠᠭ ᠬᠤᠲᠠ ᠶᠢᠨ ᠬᠠᠮᠲᠤᠪᠠᠷ ᠪᠠᠶᠢᠭᠤᠯᠬᠤ ᠠᠵᠠ ᠲᠣᠬᠢᠶᠠᠯ ᠢ ᠴᠢᠩᠭ᠎ᠠ ᠠᠳᠬᠤᠨ᠂ ᠪᠥᠬᠦ ᠤᠯᠤᠰ ᠤᠨ ᠰᠡᠶᠢᠮᠡᠬᠡᠢ ᠬᠤᠲᠠ ᠶᠢᠨ ᠵᠢᠱᠢᠶ᠎ᠡ ᠦᠵᠡᠭᠦᠯᠬᠦ ᠬᠤᠲᠠ ᠶᠢ ᠪᠥᠬᠦ ᠬᠦᠴᠦᠨ ᠢᠶᠠᠷ ᠢᠶᠠᠨ ᠴᠢᠷᠮᠠᠶᠢᠨ ᠡᠭᠦᠳᠦᠨ᠎ᠡ᠃ ᠬᠥᠭᠦᠷᠭᠡ ᠶᠢᠨ ᠡᠮᠦᠨ᠎ᠡ᠂ ᠰᠢᠨ᠎ᠡ ᠡᠷᠢᠨ ᠵᠡᠷᠭᠡ 35 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠨᠳᠥᠷ ᠪᠠᠷᠢᠮᠵᠢᠶ᠎ᠠ ᠪᠠᠷ ᠥᠭᠡᠷᠡᠴᠢᠯᠡᠵᠦ᠂ ᠲᠦᠷᠪᠡᠨ ᠲᠥᠭᠡᠭᠡᠯ ᠤᠰᠤ᠂ ᠲᠦᠷᠪᠡᠨ ᠶᠢ ᠪᠣᠢ ᠪᠤᠯᠭᠠᠬᠤ᠂ ᠬᠤᠶᠠᠷ ᠳᠤᠯᠠᠭᠠᠯᠠᠭ᠎ᠠ ᠵᠡᠷᠭᠡ ᠠᠷᠠᠳ ᠤᠨ ᠠᠮᠢᠳᠤᠷᠠᠯ ᠤᠨ ᠬᠦᠴᠢᠷ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠵᠦ᠂ ᠬᠠᠭᠤᠴᠢᠨ ᠬᠤᠳᠠ ᠶᠢᠨ ᠲᠣᠭᠤᠷᠢᠭ ᠢ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠨ᠎ᠠ᠃ ᠲᠡᠮᠦᠷ ᠵᠠᠮ ᠳᠠᠭᠠᠤ᠂ ᠴᠡᠴᠡᠷᠯᠢᠭ ᠤᠨ ᠪᠠᠷᠠᠭᠤᠨ ᠵᠠᠮ ᠵᠡᠷᠭᠡ 50 ᠲᠦᠮᠡᠨ ᠲᠡᠭᠰᠢ ᠳᠥᠷᠪᠡᠯᠵᠢᠨ ᠮᠧᠲᠷ ᠤᠨ ᠭᠠᠵᠠᠷ ᠢ ᠲᠦᠷᠭᠡᠪᠴᠢᠯᠡᠨ ᠵᠠᠰᠠᠵᠤ᠂ 12 ᠬᠠᠷᠮᠠᠨ ᠴᠡᠴᠡᠷᠯᠢᠭ ᠢ ᠰᠢᠨ᠎ᠡ ᠪᠠᠷ ᠪᠠᠶᠢᠭᠤᠯᠵᠤ᠂ ᠬᠠᠭᠤᠴᠢᠨ ᠬᠤᠳᠠ ᠶᠢᠨ ᠲᠣᠭᠤᠷᠢᠭ ᠤᠨ ᠰᠠᠭᠤᠭᠠᠯᠢ ᠠᠷᠠᠳ ᠲᠤ ᠨᠡᠩ ᠤᠯᠠᠨ ᠰᠡᠯᠡᠭᠦᠴᠡᠯ ᠤᠨ ᠣᠷᠣᠨ ᠵᠠᠶ ᠭᠠᠷᠭᠠᠵᠤ ᠥᠭᠭᠦᠨ᠎ᠡ᠃ ᠴᠡᠴᠡᠷᠯᠢᠭ ᠬᠤᠲᠠ ᠶᠢᠨ ᠲᠥᠯᠥᠪᠵᠢᠭᠦᠯᠭᠡ ᠶᠢ ᠡᠬᠢᠯᠡᠭᠦᠯᠦᠨ᠂ ᠠᠶᠢᠮᠠᠭ ᠤᠨ ᠰᠢᠭᠦᠬᠦ ᠬᠤᠷᠢᠶ᠎ᠠ᠂ ᠠᠶᠢᠮᠠᠭ ᠤᠨ ᠲᠠᠮᠢᠷ ᠤᠨ ᠰᠤᠷᠭᠠᠭᠤᠯᠢ ᠵᠡᠷᠭᠡ ᠲᠥᠷᠥᠯ ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠵᠤ᠂ ᠭᠤᠤᠯ ᠤᠨ ᠵᠡᠭᠦᠡᠳᠡᠬᠢ ᠲᠣᠭᠤᠷᠢᠭ ᠢ ᠳᠡᠭᠡᠳᠦ ᠲᠠᠰ ᠢᠶᠠᠷ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠤᠨ᠎ᠠ᠃ ︽ᠪᠦᠷᠢᠨ ᠪᠦᠲᠦᠨ ᠣᠷᠣᠨ ᠰᠠᠭᠤᠴᠠ ᠶᠢᠨ ᠨᠡᠶᠢᠭᠡᠮ ᠲᠣᠭᠤᠷᠢᠭ︾ ᠢ ᠢᠯᠠᠯᠲᠠ ᠲᠠᠢ ᠪᠠᠶᠢᠭᠤᠯᠵᠤ᠂ ᠨᠠᠰᠤᠵᠢᠯ ᠤᠨ ᠠᠰᠠᠷᠠᠮᠵᠢ᠂ ᠬᠡᠤᠬᠡᠳ ᠰᠠᠭᠠᠲᠠᠭᠤᠯᠬᠤ ᠵᠡᠷᠭᠡ ᠦᠢᠯᠡᠴᠢᠯᠡᠭᠡᠨ ᠤ ᠲᠦᠬᠦᠭᠡᠷᠦᠮᠵᠢ ᠶᠢ ᠨᠡᠮᠡᠭᠳᠡᠭᠦᠯᠦᠨ᠂ 15 ᠮᠢᠨᠦ᠋ᠲ ᠤᠨ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠶ ᠠᠮᠢᠳᠤᠷᠠᠯ ᠤᠨ ᠬᠦᠷᠢᠶ᠎ᠡ ᠬᠡᠪᠴᠢᠶ᠎ᠡ ᠶᠢ ᠪᠠᠶᠢᠭᠤᠯᠤᠨ᠎ᠠ᠃ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠬᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠠᠩᠰᠠᠨ ᠡᠷᠦᠬᠡ ᠶᠢ ᠪᠠᠶᠢᠭᠤᠯᠵᠤ᠂ ᠱᠧᠩ ᠵᠢᠩ ᠵᠢᠶᠠ ᠶᠤᠸᠠᠨ ᠴᠡᠴᠡᠷᠯᠢᠭ᠂ ᠬᠤᠸᠠ ᠢ ᠴᠡᠴᠡᠷᠯᠢᠭ ᠵᠡᠷᠭᠡ ᠦᠯᠡᠳᠡᠭᠳᠡᠯ ᠠᠰᠠᠭᠤᠳᠠᠯ ᠢ ᠲᠦᠷᠭᠡᠳᠬᠡᠨ ᠰᠢᠢᠳᠪᠦᠷᠢᠯᠡᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠠᠬᠢᠭᠤᠯᠤᠨ᠎ᠠ᠃        ᠬᠤᠳᠠ ᠶᠢᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ᠲᠤᠭᠤᠷ ᠤᠨ ᠭᠤᠤᠯ ᠤᠨ ᠬᠤᠶᠢᠲᠤ ᠵᠠᠮ᠂ ᠰᠢᠶᠠᠩ ᠶᠠᠩ ᠵᠡᠭᠡᠯᠢ ᠵᠡᠷᠭᠡ ᠵᠠᠮ ᠢ 10 ᠵᠤᠷᠪᠤᠰ᠂ 12 ᠺᠢᠯᠤᠮᠧᠲᠷ ᠢ ᠰᠠᠭᠠᠳ ᠦᠭᠡᠢ ᠨᠡᠪᠲᠡᠷᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠵᠠᠰᠠᠭᠲᠤ ᠳᠤᠮᠳᠠ ᠵᠡᠭᠡᠯᠢ᠂ ᠰᠢᠨ ᠺᠠᠢ ᠵᠡᠭᠡᠯᠢ ᠶᠢᠨ ᠪᠠᠷᠢᠯᠭ᠎ᠠ ᠳᠠᠭᠤᠰᠴᠤ ᠲᠡᠷᠭᠡ ᠨᠡᠪᠲᠡᠷᠡᠬᠦ ᠶᠢ ᠠᠬᠢᠭᠤᠯᠵᠤ᠂ 70 ᠵᠤᠷᠪᠤᠰ ᠵᠡᠭᠡᠯᠢ ᠠᠷᠤ ᠶᠢᠨ ᠵᠢᠵᠢᠭ ᠭᠤᠳᠤᠮᠵᠢ ᠶᠢ ᠵᠠᠰᠠᠵᠤ᠂ ᠵᠠᠮ ᠨᠡᠪᠲᠡᠷᠡᠯᠭᠡ ᠶᠢᠨ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠤᠯᠠᠭᠠᠨᠬᠤᠲᠠ ᠠᠴᠠ ᠴᠠᠷᠠᠰᠤᠨ ᠬᠦᠷᠬᠦ ᠵᠠᠮ ᠤᠨ ᠬᠤᠲᠠ ᠶᠢᠨ ᠲᠣᠭᠤᠷᠢᠭ ᠤᠨ ᠬᠡᠰᠡᠭ ᠤᠨ ᠬᠤᠲᠠ ᠶᠢᠨ ᠶᠠᠪᠤᠳᠠᠯᠵᠢᠭᠤᠯᠬᠤ ᠥᠭᠡᠷᠡᠴᠢᠯᠡᠯᠲᠡ ᠶᠢ ᠪᠡᠶᠡᠯᠡᠭᠦᠯᠵᠦ᠂ ᠨᠢᠰᠬᠡᠯ ᠤᠨ ᠪᠠᠭᠤᠳᠠᠯ ᠵᠠᠮ ᠤᠨ ᠪᠠᠷᠠᠭᠤᠨ ᠬᠡᠰᠡᠭ ᠢ ᠨᠡᠪᠲᠡᠷᠡᠭᠦᠯᠦᠨ᠂ ᠴᠡᠴᠡᠷᠯᠢᠭ ᠤᠨ ᠪᠠᠷᠠᠭᠤᠨ ᠵᠠᠮ ᠢ ᠤᠮᠠᠷᠠᠰᠢ ᠤᠷᠲᠤᠳᠬᠠᠬᠤ ᠶᠢ ᠠᠬᠢᠭᠤᠯᠵᠤ᠂ ᠬᠤᠲᠠ ᠶᠢᠨ ᠬᠤᠶᠢᠲᠤ ᠬᠡᠰᠡᠭ ᠤᠨ ᠵᠠᠮ ᠤᠨ ᠲᠣᠤᠷ ᠢ ᠨᠠᠩ ᠰᠠᠭᠠᠳ ᠥᠬᠡᠶ ᠨᠡᠪᠲᠡᠷᠡᠭᠦᠯᠦᠨ᠎ᠡ᠃ ᠶᠢᠨ ᠶᠤᠸᠠᠨ ᠬᠤᠶᠢᠲᠤ ᠵᠠᠮ᠂ ᠬᠢᠩᠭᠠᠨ ᠡᠮᠦᠨ᠎ᠡ ᠵᠠᠮ ᠵᠡᠷᠭᠡ 10 ᠵᠤᠷᠪᠤᠰ ᠳ᠋ᠧᠩ ᠦᠭᠡᠢ ᠵᠠᠮ ᠢ ᠭᠡᠷᠡᠯᠲᠦᠭᠦᠯᠵᠦ᠂ ᠠᠶᠢᠭᠦ᠋ᠸᠧ ᠵᠠᠮ᠂ ᠱᠧᠩᠯᠢ ᠶᠡᠭᠡ ᠵᠡᠭᠡᠯᠢ ᠵᠡᠷᠭᠡ 6 ᠵᠤᠷᠪᠤᠰ ᠵᠡᠭᠡᠯᠢ ᠭᠤᠳᠤᠮᠵᠢ ᠶᠢᠨ 2000 ᠳ᠋ᠧᠩ ᠢ ᠡᠨᠧᠷᠭᠢ ᠠᠷᠪᠢᠯᠠᠬᠤ ᠳ᠋ᠧᠩ ᠢᠶᠠᠷ ᠰᠣᠯᠢᠵᠤ᠂ ᠣᠯᠠᠨ ᠲᠦᠮᠡᠨ ᠤ ᠬᠡᠷ ᠲᠡᠭᠡᠨ ᠬᠠᠷᠢᠬᠤ ᠵᠠᠮ ᠢ ᠭᠡᠷᠡᠯᠲᠦᠭᠦᠯᠦᠨ᠎ᠡ᠃ ᠬᠤᠭ ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ ᠲᠥᠷᠥᠯ ᠵᠦᠢᠯ ᠤᠨ ᠠᠰᠢᠭᠯᠠᠯᠲᠠ ᠳᠤ ᠣᠷᠣᠬᠤ ᠶᠢ ᠲᠦᠷᠭᠡᠳᠬᠡᠨ ᠠᠬᠢᠭᠤᠯᠵᠤ᠂ ᠬᠤᠲᠠ ᠪᠠᠯᠭᠠᠰᠤ ᠶᠢᠨ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ  ᠶᠢ ᠬᠤᠤᠷ ᠥᠬᠡᠶᠢᠵᠢᠭᠦᠯᠬᠦ᠂ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ ᠶᠢ ᠪᠡᠶᠡᠯᠡᠭᠦᠯᠦᠨ᠎ᠡ᠃ ᠪᠠ ᠯᠢ ᠪᠠ ᠂ ᠲᠠᠢ ᠬᠤᠸᠠ ᠵᠠᠬ᠎ᠠ ᠳᠡᠯᠭᠡᠭᠦᠷ ᠤᠨ ᠣᠷᠣᠨ ᠪᠦᠰᠡ ᠶᠢᠨ ᠳᠤᠯᠠᠭᠠᠯᠭ᠎ᠠ ᠶᠢᠨ ᠬᠤᠭᠤᠯᠠᠶ ᠶᠢᠨ ᠱᠤᠭᠤᠮ ᠢ 1.2 ᠺᠢᠯᠣᠮᠧᠲᠷ ᠳᠡᠪᠢᠰᠴᠦ᠂ 700 ᠭᠠᠷᠤᠶ ᠡᠷᠦᠬᠡ ᠰᠠᠭᠤᠭᠠᠯᠢ ᠠᠷᠠᠳ ᠤᠨ ᠳᠤᠯᠠᠭᠠᠯᠭ᠎ᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠨ᠎ᠠ᠃ ᠭᠠᠵᠠᠷ ᠳᠣᠣᠷᠠᠬᠢ ᠬᠤᠭᠤᠯᠠᠶ ᠶᠢᠨ ᠲᠣᠣᠷ ᠤᠨ ᠨᠡᠶᠢᠳᠡᠮ ᠪᠠᠶᠢᠴᠠᠭᠠᠯᠲᠠ ᠶᠢ ᠥᠷᠨᠢᠭᠦᠯᠵᠦ᠂ ᠬᠤᠳᠠ ᠶᠢᠨ ᠭᠠᠵᠠᠷ ᠳᠣᠣᠷᠠᠬᠢ ᠣᠷᠣᠨ ᠵᠠᠶ ᠶᠢ ᠨᠡᠭᠡᠭᠡᠨ ᠠᠰᠢᠭᠯᠠᠬᠤ᠂ ᠤᠶᠤᠨᠲᠤ ᠬᠤᠳᠠ ᠶᠢᠨ ᠪᠦᠳᠦᠭᠡᠨ ᠪᠠᠶᠢᠭᠤᠯᠤᠯᠲᠠ ᠳᠤ ᠪᠠᠲᠤ ᠪᠠᠬᠢ ᠰᠠᠭᠤᠷᠢ ᠶᠢ ᠲᠠᠯᠪᠢᠨ᠎ᠠ᠃        ᠬᠤᠳᠠ ᠶᠢᠨ ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠬᠠᠳᠬᠤᠮᠠᠯ ᠬᠠᠳᠬᠤᠬᠤ ᠭᠠᠵᠠᠷ︾ ᠤᠨ ᠬᠤᠷᠢᠶᠠᠨ ᠨᠥᠭᠡᠴᠡᠯᠡᠬᠦ ᠡᠷᠴᠢᠮ ᠢ ᠴᠢᠩᠭᠠᠷᠠᠭᠤᠯᠵᠤ᠂ ᠰᠤᠯᠠ ᠪᠠᠶᠢᠬᠤ ᠭᠠᠵᠠᠷ ᠰᠢᠷᠣᠶ ᠶᠢ ᠴᠢᠩᠭ᠎ᠠ ᠢᠯᠭᠠᠷᠠᠭᠤᠯᠵᠤ᠂ ᠦᠯᠡᠳᠡᠭᠡᠯ ᠭᠠᠵᠠᠷ ᠰᠢᠷᠣᠶ ᠶᠢᠨ ᠡᠳ᠋ ᠬᠥᠷᠥᠩᠭᠡ ᠶᠢ ᠡᠷᠬᠢᠯᠲᠡ ᠳᠤ ᠣᠷᠤᠭᠤᠯᠤᠨ᠎ᠠ᠃ ᠥᠴᠦᠬᠡᠨ ᠴᠦ ᠠᠭᠤᠴᠢᠯᠠᠬᠤ ᠦᠭᠡᠢ ᠣᠪᠣᠷ ᠢᠶᠠᠷ ᠬᠠᠤᠯᠢ ᠶᠢ ᠵᠥᠷᠢᠴᠡᠭᠰᠡᠨ ᠪᠠᠶᠢᠭᠤᠯᠤᠯᠲᠠ ᠶᠢ ᠴᠡᠭᠴᠡᠯᠡᠨ ᠵᠠᠰᠠᠵᠤ᠂ ᠬᠠᠳᠠᠭᠠᠯᠠᠯᠲᠠ ᠶᠢᠨ ᠬᠡᠮᠵᠢᠶ᠎ᠡ ᠶᠢ ᠴᠡᠪᠡᠷᠯᠡᠨ ᠠᠷᠢᠯᠭᠠᠵᠤ᠂ ᠨᠡᠮᠡᠭᠳᠡᠯ ᠤᠨ ᠬᠡᠮᠵᠢᠶ᠎ᠡ ᠶᠢ ᠬᠤᠷᠢᠭᠯᠠᠵᠤ᠂ ᠤᠯᠠᠨ ᠨᠡᠶᠢᠲᠡ ᠶᠢᠨ ᠣᠷᠣᠨ ᠵᠠᠶ ᠶᠢ ᠬᠤᠳᠠ ᠶᠢᠨ ᠠᠷᠠᠳ ᠲᠤ ᠪᠤᠴᠠᠭᠠᠨ ᠥᠭᠭᠦᠨ᠎ᠡ᠃ ᠶᠠᠪᠠᠭᠠᠨ ᠬᠥᠮᠦᠨ ᠤ ᠵᠠᠮ ᠢ ᠴᠡᠪᠡᠷᠰᠢᠭᠦᠯᠬᠦ ᠠᠵᠢᠯᠯᠠᠭ᠎ᠠ ᠶᠢ ᠥᠷᠨᠢᠭᠦᠯᠵᠦ᠂ ᠭᠠᠵᠠᠷ ᠰᠢᠷᠤᠢ ᠲᠠᠲᠠᠪᠤᠷᠢᠯᠠᠬᠤ ᠠᠴᠠ ᠪᠣᠯᠤᠭᠰᠠᠨ ᠦᠯᠡᠳᠡᠭᠳᠡᠯ ᠠᠰᠠᠭᠤᠳᠠᠯ ᠢ ᠲᠦᠷᠭᠡᠪᠴᠢᠯᠡᠨ ᠠᠷᠢᠯᠭᠠᠵᠤ᠂ ᠵᠠᠮ ᠡᠵᠡᠯᠡᠭᠰᠡᠨ 226 ᠴᠠᠬᠢᠯᠭᠠᠨ ᠤᠲᠠᠰᠤᠨ ᠤ ᠪᠠᠭᠠᠨ᠎ᠠ ᠶᠢ ᠨᠡᠭᠦᠯᠭᠡᠨ ᠥᠭᠡᠷᠡᠴᠢᠯᠡᠵᠦ᠂ 35 ᠬᠠᠭᠤᠴᠢᠷᠬᠠᠰᠠᠨ ᠬᠦᠴᠦᠳᠡᠯ ᠥᠭᠡᠷᠡᠴᠢᠯᠡᠬᠦ ᠬᠠᠶᠢᠷᠴᠠᠭ ᠢ ᠨᠡᠭᠦᠯᠭᠡᠵᠦ ᠂ ᠴᠡᠪᠡᠷ ᠲᠡᠭᠰᠢ ᠪᠥᠭᠡᠳ ᠨᠡᠪᠲᠡᠷᠬᠡᠶ ᠦᠢᠯᠡᠳᠪᠦᠷᠢᠯᠡᠯ ᠠᠮᠢᠳᠤᠷᠠᠯ ᠤᠨ ᠣᠷᠣᠨ ᠵᠠᠶ ᠶᠢ ᠪᠤᠢ ᠪᠣᠯᠭᠠᠨ᠎ᠠ᠃ ᠠᠳᠠᠯ ᠠᠬᠤᠶ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠥᠪ ᠢ ᠪᠠᠶᠢᠭᠤᠯᠵᠤ᠂ ᠨᠠᠮ ᠤᠨ ᠪᠠᠶᠢᠭᠤᠯᠤᠯᠲᠠ ᠪᠠᠷ ᠬᠥᠲᠥᠯᠦᠨ ᠳᠠᠭᠠᠭᠤᠯᠬᠤ᠂ ᠵᠡᠭᠡᠯᠢ ᠭᠤᠳᠤᠮᠵᠢ ᠪᠠᠷ ᠬᠠᠷᠢᠭᠤᠴᠠᠭᠤᠯᠬᠤ ᠠᠳᠠᠯ ᠠᠬᠤᠶ ᠶᠢᠨ ᠬᠠᠮᠢᠶᠠᠷᠤᠯᠲᠠ ᠶᠢᠨ ᠵᠠᠭᠪᠤᠷ ᠢ ᠪᠠᠶᠢᠭᠤᠯᠵᠤ᠂ ᠠᠳᠠᠯ ᠠᠬᠤᠶ ᠶᠢᠨ ᠦᠢᠯᠡᠴᠢᠯᠡᠭᠡᠨ ᠤ ᠰᠠᠶᠢᠨ ᠡᠷᠬᠢᠯᠲᠡ ᠶᠢ ᠠᠬᠢᠭᠤᠯᠤᠨ᠎ᠠ᠃ ᠬᠤᠳᠠ ᠶᠢᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠥᠷᠨᠢᠭᠦᠯᠵᠦ᠂ ᠬᠠᠤᠯᠢ ᠬᠡᠷᠡᠭᠵᠢᠭᠦᠯᠬᠦ ᠡᠷᠬᠡ ᠮᠡᠳᠡᠯ ᠤᠨ ᠬᠡᠪᠴᠢᠶ᠎ᠡ ᠶᠢ ᠵᠡᠭᠡᠯᠢ ᠭᠤᠳᠤᠮᠵᠢ ᠳᠤ ᠪᠠᠭᠤᠯᠭᠠᠬᠤ ᠶᠢ ᠠᠬᠢᠭᠤᠯᠵᠤ᠂ ᠲᠦᠬᠦᠮ ᠪᠥᠭᠡᠳ ᠥᠨᠳᠥᠷ ᠪᠦᠲᠦᠮᠵᠢᠲᠡᠶ ᠬᠤᠳᠠ ᠶᠢᠨ ᠬᠠᠮᠢᠶᠠᠷᠤᠯᠲᠠ ᠶᠢᠨ ᠪᠠᠶᠢᠭᠤᠯᠤᠯ ᠢ ᠪᠠᠶᠢᠭᠤᠯᠵᠤ᠂ ᠬᠡᠪᠰᠢᠭᠰᠡᠨ ᠬᠠᠮᠢᠶᠠᠷᠤᠯᠲᠠ ᠶᠢ ᠨᠡᠩ ᠦᠷᠭᠦᠯᠵᠢᠯᠡᠭᠦᠯᠦᠨ ᠨᠡᠩ ᠡᠷᠴᠢᠮ ᠲᠠᠢ ᠪᠣᠯᠭᠠᠨ᠎ᠠ᠃        ᠳᠥᠷᠪᠡ᠂ ᠬᠦᠴᠦᠨ ᠢᠶᠠᠨ ᠲᠥᠪᠯᠡᠷᠡᠭᠦᠯᠦᠨ ᠠᠵᠤ ᠦᠢᠯᠡᠰ ᠢ ᠬᠦᠴᠦᠷᠬᠡᠭᠵᠢᠭᠦᠯᠵᠦ ᠰᠠᠭᠤᠷᠢ ᠶᠢ ᠪᠠᠲᠤᠳᠬᠠᠨ ᠬᠦᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ ᠰᠢᠨ᠎ᠡ ᠪᠠᠶᠢᠳᠠᠯ ᠢ ᠬᠦᠴᠦᠯᠡᠨ ᠨᠡᠭᠡᠭᠡᠨ᠎ᠡ        ᠲᠠᠷᠢᠶᠠᠯᠠᠩ ᠤᠨ ᠥᠨᠳᠥᠷ ᠪᠦᠲᠦᠮᠵᠢᠲᠡᠶ ᠴᠢᠨᠠᠷ ᠰᠠᠶᠢᠲᠠᠶ ᠪᠠᠶᠢᠬᠤ ᠶᠢ ᠠᠬᠢᠭᠤᠯᠤᠨ᠎ᠠ᠃ ᠠᠮᠤ ᠪᠤᠳᠠᠭᠠᠨ ᠤ ᠦᠢᠯᠡᠳᠪᠦᠷᠢᠯᠡᠯ ᠤᠨ ᠲᠠᠯᠠᠪᠠᠶ ᠶᠢ ᠲᠣᠭᠲᠠᠪᠤᠷᠢᠵᠢᠭᠤᠯᠤᠨ᠂ ᠦᠷ᠎ᠡ ᠠᠰᠢᠭ ᠢ ᠳᠡᠭᠡᠭᠰᠢᠯᠡᠭᠦᠯᠵᠦ᠂ ᠲᠦᠮᠡᠨ ᠮᠥ ᠴᠢᠨᠠᠷ ᠰᠠᠶᠢᠲᠠᠶ ᠪᠣᠬᠢᠷᠲᠤᠯ ᠥᠬᠡᠶ ᠤᠰᠤᠨ ᠲᠤᠲᠤᠷᠭ᠎ᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠬᠥᠲᠥᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠤᠰᠤᠨ ᠲᠤᠲᠤᠷᠭ᠎ᠠ ᠶᠢᠨ ᠳᠠᠷᠢᠬᠤ ᠲᠠᠯᠠᠪᠠᠶ ᠶᠢ 17 ᠲᠦᠮᠡᠨ ᠮᠥ ᠳᠤ ᠲᠣᠭᠲᠠᠪᠤᠷᠢᠵᠢᠭᠤᠯᠵᠤ᠂ ᠨᠢᠭᠡᠳᠦᠯᠲᠡᠶ ᠡᠭᠦᠯᠳᠡᠷ ᠢ 8 ᠲᠦᠮᠡᠨ ᠮᠥ ᠳᠤ ᠬᠦᠷᠭᠡᠨ᠎ᠡ᠃ ︽ᠠᠮᠤ ᠪᠤᠳᠠᠭ᠎ᠠ ᠶᠢ ᠪᠣᠷᠳᠤᠭ᠎ᠠ ᠪᠣᠯᠭᠠᠨ ᠥᠭᠡᠷᠡᠴᠢᠯᠡᠬᠦ︾ ᠶᠢ ᠬᠡᠷᠡᠭᠵᠢᠭᠦᠯᠵᠦ᠂ ᠰᠢᠨ᠎ᠡ ᠰᠣᠷᠭᠤᠭ ᠢᠳᠡᠭᠡᠨ ᠤ ᠡᠷᠳᠡᠨᠢ ᠰᠢᠰᠢ ᠳᠠᠷᠢᠬᠤ ᠲᠠᠯᠠᠪᠠᠶ ᠶᠢ ᠥᠷᠭᠡᠳᠬᠡᠨ᠂ 6000 ᠮᠥ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠨᠡᠮᠡᠭᠳᠡᠭᠦᠯᠵᠦ᠂ ᠲᠠᠷᠢᠮᠠᠯ ᠤᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠦᠨ᠎ᠡ᠃ ᠮᠠᠯ ᠠᠵᠤ ᠠᠬᠤᠶ ᠶᠢᠨ ᠬᠥᠭᠵᠢᠯᠲᠡ ᠶᠢ ᠲᠣᠭᠲᠠᠭᠤᠨ ᠪᠥᠭᠡᠳ ᠠᠮᠤᠷ ᠲᠦᠪᠰᠢᠨ ᠪᠠᠶᠢᠯᠭᠠᠵᠤ᠂ ᠶᠠᠰᠤ ᠴᠢᠨᠠᠷ ᠢ ᠳᠡᠭᠡᠭᠰᠢᠯᠡᠭᠦᠯᠦᠨ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ᠂ ᠮᠢᠬᠠᠨ ᠦᠬᠡᠷ ᠲᠡᠵᠢᠭᠡᠨ ᠦᠷᠡᠵᠢᠭᠦᠯᠬᠦ ᠶᠢ ᠳᠡᠭᠡᠭᠰᠢᠯᠡᠭᠦᠯᠬᠦ ᠲᠥᠯᠥᠪᠯᠡᠭᠡ ᠶᠢ ᠬᠡᠷᠡᠭᠵᠢᠭᠦᠯᠵᠦ᠂ ᠮᠠᠯ ᠤᠨ ᠡᠭᠦᠯᠳᠡᠷ ᠢ ᠰᠠᠶᠢᠵᠢᠷᠠᠭᠤᠯᠬᠤ ᠶᠢ ︽ᠬᠤᠷᠳᠤᠴᠠ ᠰᠣᠯᠢᠬᠤ︾ ᠶᠢ ᠠᠬᠢᠭᠤᠯᠵᠤ᠂ ᠵᠢᠯ ᠤᠨ ᠳᠣᠲᠣᠷ᠎ᠠ ᠰᠠᠭᠠᠯᠢ ᠶᠢᠨ ᠦᠨᠢᠶ᠎ᠡ᠂ ᠮᠢᠬᠠᠨ ᠦᠬᠡᠷ ᠤᠨ ᠲᠤᠭ᠎ᠠ ᠶᠢ 5 ᠲᠦᠮᠡ ᠶᠢ ᠳᠠᠪᠠᠭᠤᠯᠤᠨ᠎ᠠ᠃ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠶᠢ ᠲᠣᠭᠲᠠᠪᠤᠷᠢᠵᠢᠭᠤᠯᠤᠨ᠂ ᠦᠷ᠎ᠡ ᠠᠰᠢᠭ ᠢ ᠳᠡᠭᠡᠭᠰᠢᠯᠡᠭᠦᠯᠵᠦ᠂ ᠲᠥᠪ ᠲᠣᠭᠤᠭᠠᠨ ᠬᠡᠷ ᠤᠨ ᠲᠥᠷᠥᠯ ᠵᠦᠢᠯ ᠢ ᠪᠣᠳᠠᠲᠠᠶ ᠪᠠᠷ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠵᠤ᠂ ᠪᠤᠳᠠᠭᠠᠨ ᠠᠷᠢᠬᠢ᠂ ᠪᠣᠭᠤᠷᠰᠤᠭ᠂ ᠳᠠᠷᠤᠰᠢᠯᠠᠭᠰᠠᠨ ᠨᠣᠭᠤᠭ᠎ᠠ ᠵᠡᠷᠭᠡ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ ᠦᠢᠯᠡᠳᠪᠦᠷᠢᠯᠡᠯ ᠤᠨ ᠱᠤᠭᠤᠮ ᠢ ᠰᠢᠨ᠎ᠡ ᠪᠠᠷ ᠭᠠᠷᠭᠠᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠲᠥᠴᠢ ᠠᠵᠤ ᠠᠬᠤᠶᠢᠯᠠᠯ 1᠂ ᠠᠵᠤ ᠦᠢᠯᠡᠰ ᠤᠨ ᠬᠦᠴᠦᠷᠬᠡᠭ ᠪᠠᠯᠭᠠᠰᠤ ᠶᠢᠨ ᠲᠥᠷᠥᠯ ᠵᠦᠢᠯ 2 ᠶᠢ ᠭᠤᠶᠤᠴᠢᠯᠠᠨ ᠮᠡᠳᠡᠭᠦᠯᠵᠦ᠂ ᠣᠯᠠᠨ ᠡᠰᠢᠵᠢᠭᠰᠡᠨ ᠲᠠᠷᠢᠶᠠᠯᠠᠩ ᠤᠨ ᠡᠵᠡᠩᠨᠡᠯᠲᠡ ᠶᠢᠨ ᠰᠢᠰᠲ᠋ᠧᠮ ᠢ ᠪᠠᠶᠢᠭᠤᠯᠤᠨ᠎ᠠ᠃        ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠶ ᠠᠵᠢᠯ ᠦᠢᠯᠡᠰ ᠡᠷᠬᠢᠯᠡᠬᠦ ᠳᠤ ᠳᠣᠬᠢᠷᠠᠮᠵᠢᠲᠠᠢ ᠪᠠᠶᠢᠬᠤ ᠶᠢ ᠠᠬᠢᠭᠤᠯᠤᠨ᠎ᠠ᠃ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠯᠬᠤᠴᠠ ᠶᠢ ᠲᠣᠭᠲᠠᠭᠤᠨ ᠪᠠᠶᠢᠯᠭᠠᠵᠤ᠂ ᠶᠠᠰᠤ ᠴᠢᠨᠠᠷ ᠢ ᠳᠡᠭᠡᠭᠰᠢᠯᠡᠭᠦᠯᠦᠨ᠂ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠣᠨᠣᠯᠵᠢᠬᠤᠨ ᠢᠶᠠᠷ ᠰᠣᠳᠣᠨ ᠬᠥᠳᠡᠭᠡ ᠲᠣᠰᠬᠤᠨ ᠢ ᠪᠣᠶ ᠪᠣᠯᠭᠠᠵᠤ᠂ ᠪᠠᠶ᠋ᠬᠠᠤᠰᠤ ᠶᠢ ᠨᠡᠭᠦᠯᠭᠡᠬᠦ ᠠᠵᠢᠯ ᠢ ᠡᠬᠢᠯᠡᠭᠦᠯᠵᠦ᠂ ᠥᠨᠳᠥᠷ ᠪᠠᠷᠢᠮᠵᠢᠶ᠎ᠠ ᠪᠠᠷ ᠢᠦᠢ ᠱᠦ᠂ ᠰᠠᠨ ᠾᠧ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠢ ᠪᠣᠶ ᠪᠣᠯᠭᠠᠵᠤ᠂ ᠤᠯᠠᠭᠠᠨ᠂ ᠱᠦ ᠭᠤᠸᠠᠩ ᠵᠡᠷᠭᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ 5 ᠭᠠᠴᠠᠭ᠎ᠠ ᠲᠣᠰᠬᠤᠨ ᠢ ᠲᠦᠷᠭᠡᠳᠬᠡᠨ ᠪᠥᠲᠥᠭᠡᠨ ᠪᠠᠶᠢᠭᠤᠯᠤᠨ᠎ᠠ᠃ ᠭᠠᠴᠠᠭ᠎ᠠ ᠲᠣᠰᠬᠤᠨ ᠤ ᠳᠦᠷᠰᠦ ᠪᠠᠶᠢᠳᠠᠯ ᠢ ᠵᠠᠰᠠᠵᠤ ᠲᠣᠭᠲᠠᠭᠤᠨ ᠪᠠᠶᠢᠯᠭᠠᠬᠤ ᠲᠣᠭᠲᠠᠴᠠ ᠶᠢ ᠪᠠᠶᠢᠭᠤᠯᠵᠤ᠂ ᠳᠦᠷᠰᠦ ᠪᠠᠶᠢᠳᠠᠯ ᠢ ᠳᠡᠭᠡᠭᠰᠢᠯᠡᠭᠦᠯᠵᠦ᠂ ᠬᠤᠳᠠ ᠬᠥᠳᠡᠭᠡ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠨᠢᠭᠡ ᠴᠤᠭᠴᠠᠵᠢᠭᠤᠯᠬᠤ ᠲᠤᠷᠰᠢᠯᠲᠠ ᠶᠢ ᠥᠷᠨᠢᠭᠦᠯᠵᠦ᠂ ᠬᠥᠳᠡᠭᠡ ᠲᠣᠰᠬᠤᠨ ᠤ 2100 ᠡᠷᠤᠭᠡ ᠶᠢᠨ ᠵᠣᠷᠯᠣᠩ ᠢ ᠥᠭᠡᠷᠡᠴᠢᠯᠡᠬᠦ ᠶᠢ ᠬᠡᠷᠡᠭᠵᠢᠭᠦᠯᠵᠦ᠂ 11 ᠬᠤᠭ ᠨᠣᠪᠰᠢ ᠳᠠᠮᠵᠢᠭᠤᠯᠬᠤ ᠦᠷᠳᠡᠭᠡ ᠶᠢ ᠲᠣᠬᠢᠷᠠᠭᠤᠯᠤᠨ ᠪᠠᠶᠢᠭᠤᠯᠵᠤ᠂ 3.6 ᠲᠦᠮᠡᠨ ᠲᠦᠷᠦᠯ ᠬᠤᠪᠢᠶᠠᠬᠤ ᠬᠤᠭ ᠤᠨ ᠰᠠᠪᠠ ᠬᠤᠳᠠᠯᠳᠤᠨ ᠠᠪᠴᠤ᠂ 87 ᠰᠠᠤᠷᠢ ᠲᠥᠬᠦᠭᠡᠷᠦᠮᠵᠢ ᠶᠢ ᠴᠡᠪᠡᠷᠯᠡᠨ ᠱᠦᠭᠦᠷᠳᠡᠵᠦ᠂ ᠬᠤᠭ ᠨᠣᠪᠰᠢ ᠶᠢ ᠬᠤᠣᠷ ᠦᠭᠡᠶᠢᠵᠢᠬᠦᠯᠦᠨ ᠰᠢᠢᠳᠪᠦᠷᠢᠯᠡᠬᠦ ᠨᠤᠷᠮ᠎ᠠ ᠶᠢ 100% ᠳᠤ ᠬᠦᠷᠭᠡᠨ᠎ᠠ᠃ ︽ᠬᠥᠳᠡᠭᠡ ᠲᠣᠰᠬᠤᠨ ᠤ ᠳᠥᠷᠪᠡᠨ ᠰᠠᠶᠢᠲᠠᠶ ᠵᠠᠮ︾ ᠤᠨ ᠦᠷ᠎ᠡ ᠪᠦᠲᠦᠭᠡᠯ ᠢ ᠲᠣᠭᠲᠠᠪᠤᠷᠢᠵᠢᠭᠤᠯᠵᠤ᠂ ᠪᠠᠷᠢᠮᠵᠢᠶ᠎ᠠ ᠶᠢ ᠳᠡᠭᠡᠭᠰᠢᠯᠡᠭᠦᠯᠦᠨ᠂ ᠭᠠᠴᠠᠭ᠎ᠠ ᠲᠣᠰᠬᠤᠨ ᠳᠤ ᠨᠡᠪᠲᠡᠷᠡᠬᠦ 143 ᠺᠢᠯᠣᠮᠧᠲᠷ ᠵᠠᠰᠠᠮᠠᠯ ᠵᠠᠮ ᠢ ᠥᠭᠡᠷᠡᠴᠢᠯᠡᠨ ᠳᠡᠭᠡᠭᠰᠢᠯᠡᠭᠦᠯᠵᠦ᠂ ᠨᠥᠬᠦᠷᠯᠡᠯ ᠶᠡᠭᠡ ᠬᠥᠭᠦᠷᠭᠡ ᠵᠡᠷᠭᠡ 5 ᠬᠥᠭᠦᠷᠭᠡ ᠶᠢ ᠰᠢᠨ᠎ᠡ ᠪᠠᠷ ᠪᠠᠶᠢᠭᠤᠯᠵᠤ᠂ ᠬᠤᠲᠠ ᠶᠢᠨ ᠲᠣᠭᠤᠷᠢᠭ ᠠᠴᠠ ᠰᠡᠷᠬᠡᠨ ᠬᠥᠷᠬᠦ ᠭᠤᠷᠪᠠᠳᠤᠭᠠᠷ ᠳᠡᠰ ᠤᠨ ᠵᠠᠰᠠᠮᠠᠯ ᠵᠠᠮ ᠢ ᠲᠥᠯᠥᠪᠵᠢᠭᠦᠯᠦᠨ ᠪᠥᠲᠥᠭᠡᠨ ᠪᠠᠶᠢᠭᠤᠯᠵᠤ᠂ ᠶᠠᠪᠤᠵᠤ ᠰᠠᠭᠤᠬᠤ ᠳᠤ ᠬᠦᠴᠢᠷ ᠠᠰᠠᠭᠤᠳᠠᠯ ᠢ ᠰᠢᠢᠳᠪᠦᠷᠢᠯᠡᠨ᠎ᠡ᠃ ᠬᠥᠳᠡᠭᠡ ᠲᠣᠰᠬᠤᠨ ᠤ ᠪᠣᠯᠪᠠᠰᠤᠨ ᠰᠤᠷᠲᠠᠯ᠂ ᠪᠣᠷᠣᠭᠵᠢᠭᠤᠨ ᠠᠷᠠᠳ ᠤᠨ ᠰᠤᠷᠲᠠᠯ ᠢ ᠪᠤᠶᠢᠵᠢᠭᠤᠯᠵᠤ᠂ ᠬᠥᠳᠡᠭᠡ ᠲᠣᠰᠬᠤᠨ ᠤ ᠴᠢᠳᠠᠮᠠᠭᠠᠢ ᠵᠠᠰᠠᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃        ᠲᠠᠷᠢᠶᠠᠴᠢᠳ ᠤᠨ ᠪᠠᠶᠠᠵᠢᠨ ᠴᠢᠨᠡᠭᠡᠯᠢᠭᠵᠢᠬᠦ ᠶᠢ ᠠᠬᠢᠭᠤᠯᠤᠨ᠎ᠠ᠃ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠵᠦ ᠬᠠᠪᠰᠤᠷᠤᠨ ᠲᠡᠳᠬᠦᠬᠦ ᠠᠵᠢᠯ ᠢ ᠥᠷᠨᠢᠭᠦᠯᠵᠦ᠂ ᠶᠠᠳᠠᠭᠤᠷᠠᠬᠤ ᠶᠢ ᠰᠡᠷᠭᠡᠶᠢᠯᠡᠬᠦ ᠳᠠᠭᠠᠳᠬᠠᠯ ᠢ ᠳᠡᠯᠭᠡᠷᠡᠭᠦᠯᠦᠨ ᠲᠦᠭᠡᠮᠡᠯᠵᠢᠭᠦᠯᠵᠦ᠂ ᠶᠠᠳᠠᠭᠤ ᠠᠴᠠ ᠠᠩᠭᠢᠵᠢᠷᠠᠭᠰᠠᠨ ᠦᠷ᠎ᠡ ᠪᠦᠲᠦᠮᠵᠢ ᠶᠢ ︽ᠡᠷᠭᠢᠵᠦ ᠬᠠᠷᠠᠬᠤ︾ ᠶᠢ ᠪᠠᠶᠢᠩᠭᠤᠵᠢᠭᠤᠯᠤᠨ ᠥᠷᠨᠢᠭᠦᠯᠦᠨ᠎ᠡ᠃ ᠣᠨᠳᠣᠤ ᠭᠠᠵᠠᠷ ᠲᠤ ᠨᠡᠭᠦᠯᠭᠡᠭᠰᠡᠨ ᠤ ᠳᠠᠷᠠᠭᠠᠬᠢ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠵᠦ᠂ ᠨᠡᠭᠦᠵᠦ ᠣᠷᠣᠬᠤ ᠣᠷᠣᠨ ᠤ ᠰᠠᠭᠤᠷᠢ ᠲᠦᠬᠦᠭᠡᠷᠦᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ︽ᠨᠡᠭᠦᠯᠭᠡᠵᠦ ᠳᠡᠶᠢᠯᠬᠦ᠂ ᠲᠣᠭᠲᠠᠭᠤᠨ ᠪᠠᠶᠢᠯᠭᠠᠵᠤ ᠳᠡᠶᠢᠯᠬᠦ︾ ᠶᠢ ᠦᠨᠡᠨ ᠬᠦ ᠪᠠᠲᠤᠯᠠᠨ᠎ᠠ᠃ ᠲᠠᠷᠢᠶᠠᠴᠢᠳ ᠲᠤ ᠠᠰᠢᠭ ᠬᠦᠷᠲᠡᠭᠡᠬᠦ ᠪᠡᠯᠡ ᠮᠥᠩᠭᠦ ᠶᠢ ᠡᠮᠬᠢᠯᠡᠨ ᠨᠡᠶᠢᠯᠡᠭᠦᠯᠵᠦ᠂ ᠤᠳᠤ ᠶᠢᠨ ᠪᠠᠶᠢᠭ᠎ᠠ ᠲᠦᠬᠦᠭᠡᠷᠦᠮᠵᠢᠳᠤ ᠲᠠᠷᠢᠶᠠᠯᠠᠩ ᠤᠨ ᠡᠬᠢ ᠪᠠᠶᠠᠯᠢᠭ ᠢ ᠠᠮᠢᠳᠤᠯᠢᠭ ᠢᠶᠠᠷ ᠠᠰᠢᠭᠯᠠᠵᠤ᠂ ᠬᠦᠷᠢᠶ᠎ᠡ ᠬᠠᠰᠢᠶ᠎ᠠ ᠶᠢᠨ ᠳᠠᠷᠢᠵᠤ ᠲᠡᠵᠢᠭᠡᠨ ᠦᠷᠡᠵᠢᠭᠦᠯᠬᠦ᠂ ᠤᠢ ᠵᠢᠮᠢᠰ ᠤᠨ ᠦᠢᠯᠡᠰ ᠤᠨ ᠬᠥᠭᠵᠢᠯᠲᠡ ᠶᠢ ᠲᠡᠳᠬᠦᠨ ᠳᠡᠮᠵᠢᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠬᠦᠴᠦᠨ ᠨᠡᠮᠡᠷᠢᠯᠡᠨ᠎ᠡ᠃ ᠳᠠᠷᠢᠬᠤ ᠲᠡᠵᠢᠭᠡᠬᠦ ᠡᠳ᠋ᠰᠢᠭᠦᠯᠬᠦ᠂ ᠠᠮᠤ ᠪᠤᠳᠠᠭ᠎ᠠ ᠠᠵᠤ ᠠᠬᠤᠶ ᠲᠡᠵᠢᠭᠡᠯ ᠪᠣᠷᠳᠤᠭ᠎ᠠ ᠶᠢ ᠤᠶᠠᠯᠳᠤᠭᠤᠯᠤᠭᠰᠠᠨ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢ ᠶᠡᠬᠡᠪᠡᠷ ᠬᠥᠭᠵᠢᠭᠦᠯᠵᠦ᠂ ᠲᠤᠰᠬᠠᠶ ᠬᠤᠷᠰᠢᠶ᠎ᠠ᠂ ᠵᠢᠱᠢᠶ᠎ᠡ ᠦᠵᠡᠭᠦᠯᠬᠦ ᠬᠡᠷ ᠪᠦᠯᠢ ᠶᠢᠨ ᠲᠠᠷᠢᠶᠠᠯᠠᠩ ᠤᠨ ᠲᠠᠯᠠᠪᠠᠶ ᠶᠢ 10 ᠰᠢᠨ᠎ᠡ ᠪᠠᠷ ᠨᠡᠮᠡᠭᠳᠡᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠵᠣᠬᠢᠶᠠᠨ ᠪᠠᠶᠢᠭᠤᠯᠤᠯᠲᠠ ᠶᠢᠨ ᠬᠡᠮᠵᠢᠶ᠎ᠡ ᠶᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠢᠯᠠᠯᠲᠠ ᠤᠰᠤᠨ ᠲᠤᠲᠤᠷᠭ᠎ᠠ᠂ ᠤᠯᠠᠭᠠᠨᠬᠠᠳᠠ ᠮᠢᠬᠠᠨ ᠦᠬᠡᠷ᠂ ᠲᠠᠪᠢᠨ ᠦᠷᠳᠡᠭᠡ ᠶᠢᠨ ᠭᠤᠭᠤᠳ ᠵᠡᠷᠭᠡ ᠪᠣᠯᠪᠠᠰᠤᠷᠠᠯ ᠤᠨ ᠵᠢᠱᠢᠶ᠎ᠡ ᠦᠵᠡᠭᠦᠯᠬᠦ ᠰᠠᠭᠤᠷᠢᠨ ᠢ 5 ᠪᠠᠶᠢᠭᠤᠯᠵᠤ᠂ ᠮᠡᠷᠭᠡᠵᠢᠯ ᠢ ᠮᠡᠳᠡᠬᠦ᠂ ᠡᠵᠡᠩᠨᠡᠵᠦ ᠴᠢᠳᠠᠬᠤ ᠰᠢᠨ᠎ᠡ ᠮᠠᠶ᠋ᠢᠭ ᠤᠨ ᠠᠵᠢᠯ ᠮᠡᠷᠭᠡᠵᠢᠯ ᠲᠠᠢ ᠲᠠᠷᠢᠶᠠᠴᠢᠨ ᠢ ᠬᠥᠮᠦᠵᠢᠭᠦᠯᠦᠨ᠎ᠡ᠃        ᠲᠠᠪᠤ᠂ ᠬᠦᠴᠦᠨ ᠢᠶᠠᠨ ᠲᠥᠪᠯᠡᠷᠡᠭᠦᠯᠦᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠭᠵᠢᠭᠦᠯᠵᠦ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠬᠦᠴᠦᠯᠡᠨ ᠡᠭᠦᠳᠦᠨ᠎ᠡ        ᠣᠷᠣᠨ ᠪᠦᠰᠡ ᠶᠢᠨ ᠬᠡᠷᠡᠭᠯᠡᠭᠡᠨ ᠤ ᠨᠥᠯᠥᠭᠡ ᠶᠢ ᠳᠡᠭᠡᠭᠰᠢᠯᠡᠭᠦᠯᠦᠨ᠎ᠡ᠃ ᠣᠲᠣ ᠶᠢᠨ ᠪᠠᠶᠢᠭ᠎ᠠ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠡᠪᠴᠢᠶ᠎ᠡ ᠶᠢ ᠪᠤᠵᠠᠭᠠᠶᠢᠷᠠᠭᠤᠯᠤᠨ᠂ ᠬᠢᠵᠠᠭᠠᠷᠲᠤ ᠨᠣᠷᠮ᠎ᠠ ᠠᠴᠠ ᠳᠡᠭᠡᠭᠰᠢᠬᠢ ᠠᠵᠤ ᠠᠬᠤᠶᠢᠯᠠᠯ ᠢ ᠬᠥᠭᠵᠢᠭᠦᠯᠬᠦ ᠡᠷᠴᠢᠮ ᠢ ᠴᠢᠩᠭᠠᠷᠠᠭᠤᠯᠵᠤ᠂ ᠬᠢᠵᠠᠭᠠᠷᠲᠤ ᠨᠣᠷᠮ᠎ᠠ ᠠᠴᠠ ᠳᠡᠭᠡᠭᠰᠢᠬᠢ ᠠᠵᠤ ᠠᠬᠤᠶᠢᠯᠠᠯ ᠢ ᠰᠢᠨ᠎ᠡ ᠪᠠᠷ 10 ᠨᠡᠮᠡᠭᠳᠡᠭᠦᠯᠦᠨ᠂ ᠨᠡᠶᠢᠭᠡᠮ ᠤᠨ ᠬᠡᠷᠡᠭᠯᠡᠭᠡᠨ ᠤ ᠡᠳ᠋ ᠤᠨ ᠵᠢᠵᠢᠭᠯᠡᠨ ᠬᠤᠳᠠᠯᠳᠤᠬᠰᠠᠨ ᠶᠡᠷᠦᠩᠬᠡᠶ ᠲᠤᠭ᠎ᠠ ᠶᠢ ᠵᠠᠭᠤᠨ ᠳ᠋ᠦᠩᠰᠢᠭᠤᠷ ᠲᠥᠭᠦᠷᠢᠭ ᠢ ᠳᠠᠪᠠᠭᠤᠯᠤᠨ᠎ᠠ᠃ ᠬᠠᠨ ᠠᠭᠤᠯᠠ ᠰᠣᠶᠣᠯ ᠤᠨ ᠡᠭᠦᠳᠦᠯᠲᠡ ᠶᠢᠨ ᠤᠨᠴᠠᠯᠢᠬᠳᠤ ᠶᠠᠪᠠᠭᠠᠨ ᠵᠡᠭᠡᠯᠢ ᠶᠢ ᠥᠨᠳᠥᠷ ᠪᠠᠷᠢᠮᠵᠢᠶ᠎ᠠ ᠪᠠᠷ ᠪᠠᠶᠢᠭᠤᠯᠵᠤ᠂ ᠸᠠᠨ ᠳ᠋ᠠ ᠬᠤᠳᠠᠯᠳᠤᠭᠠᠨ ᠤ ᠶᠠᠪᠠᠭᠠᠨ ᠵᠡᠭᠡᠯᠢ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠠᠯᠢᠭᠵᠢᠭᠤᠯᠤᠨ᠂ ᠧᠦ ᠶᠠ ᠭᠠᠵᠠᠷ ᠳᠣᠣᠷᠠᠬᠢ ᠬᠤᠳᠠᠯᠳᠤᠭᠠᠨ ᠤ ᠲᠠᠯᠠᠪᠤᠷ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ ᠬᠡᠷᠡᠭᠯᠡᠭᠡᠨ ᠤ ᠨᠡᠮᠡᠭᠳᠡᠯ ᠤᠨ ᠰᠢᠨ᠎ᠡ ᠬᠡᠯᠪᠡᠷᠢ ᠶᠢ ᠪᠣᠢ ᠪᠤᠯᠭᠠᠨ᠎ᠠ᠃ ᠤᠯᠤᠰ ᠤᠨ ᠵᠠᠮ᠂ ᠮᠤᠵᠢ ᠬᠤᠭᠤᠷᠤᠨᠳᠤᠬᠢ ᠵᠠᠮ᠂ ᠨᠢᠰᠬᠡᠯ ᠤᠨ ᠪᠠᠭᠤᠳᠠᠯ ᠵᠠᠮ ᠤᠨ ᠬᠤᠶᠠᠷ ᠬᠠᠵᠠᠭᠤ ᠶᠢᠨ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠣᠷᠣᠨ ᠢ ᠲᠥᠯᠥᠪᠵᠢᠭᠦᠯᠦᠨ ᠪᠥᠲᠥᠭᠡᠨ ᠪᠠᠶᠢᠭᠤᠯᠵᠤ᠂ ᠵᠢᠶᠠ ᠾᠧ᠂ ᠮᠧᠩ ᠬᠤᠶ ᠰᠢᠶᠠᠨ ᠵᠡᠷᠭᠡ ᠴᠢᠯᠦᠭᠡᠲᠦ ᠳᠡᠯᠭᠡᠭᠦᠷ ᠤᠨ ᠬᠤᠯᠪᠣᠯᠳᠤᠭᠰᠠᠨ ᠬᠥᠭᠵᠢᠯᠲᠡ ᠶᠢ ᠠᠬᠢᠭᠤᠯᠵᠤ᠂ ᠭᠠᠵᠠᠷ ᠬᠥᠷᠥᠩᠭᠡ ᠶᠢᠨ ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠨ᠎ᠡ᠃ ᠵᠢᠶᠠ ᠶᠣᠣ ᠬᠠᠭᠤᠴᠢᠨ ᠮᠠᠰᠢᠨ ᠲᠡᠷᠭᠡᠨ ᠤ ᠵᠠᠬ᠎ᠠ ᠳᠡᠯᠭᠡᠭᠦᠷ ᠢ ᠬᠦᠴᠦᠷᠬᠡᠭᠵᠢᠭᠦᠯᠵᠦ ᠂ ᠢᠵᠢ ᠪᠥᠷᠢᠳᠦᠭᠦᠯᠬᠦ ᠦᠢᠯᠡᠴᠢᠯᠡᠭᠡᠨ ᠤ ᠴᠢᠳᠠᠮᠵᠢ ᠶᠢ ᠰᠢᠯᠢᠳᠡᠭᠵᠢᠭᠦᠯᠦᠨ᠂ ᠬᠠᠭᠤᠴᠢᠨ ᠮᠠᠰᠢᠨ ᠲᠡᠷᠭᠡᠨ ᠤ ᠵᠠᠬ᠎ᠠ ᠳᠡᠯᠭᠡᠭᠦᠷ ᠤᠨ ᠴᠡᠴᠡᠭᠯᠡᠨ ᠬᠥᠭᠵᠢᠬᠦ ᠶᠢ ᠠᠬᠢᠭᠤᠯᠤᠨ᠎ᠠ᠃ ᠬᠢᠩᠭᠠᠨ ᠬᠡᠷ ᠤᠨ ᠶᠠᠪᠤᠳᠠᠯ ᠢ ᠨᠠᠷᠠᠲᠤ ᠲᠡᠮᠳᠡᠭᠵᠢᠭᠦᠯᠬᠦ᠂ ᠬᠡᠯᠬᠢᠶᠡᠵᠢᠭᠦᠯᠦᠨ ᠬᠥᠭᠵᠢᠭᠦᠯᠬᠦ ᠶᠢ ᠳᠡᠮᠵᠢᠵᠦ᠂ ᠬᠡᠷ ᠤᠨ ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ ᠥᠷᠭᠡᠵᠢᠨ ᠲᠠᠰ ᠳᠡᠪᠰᠢᠬᠦ ᠶᠢ ᠠᠬᠢᠭᠤᠯᠤᠨ᠎ᠠ᠃        ᠡᠯᠧᠺᠲᠷᠣᠨ ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ ᠃ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ᠂ ᠡᠯᠧᠺᠲᠷᠣᠨ ᠬᠤᠳᠠᠯᠳᠤᠭᠠᠨ ᠤ ᠲᠦᠷᠭᠡᠨ ᠬᠦᠷᠭᠡᠬᠦ ᠪᠠᠷᠠᠭᠠᠨ ᠤ ᠭᠦᠢᠯᠭᠡᠭᠡᠨ ᠤ ᠬᠦᠷᠢᠶᠡᠯᠡᠩ ᠢ ᠲᠦᠷᠭᠡᠳᠬᠡᠨ ᠬᠥᠭᠵᠢᠭᠦᠯᠵᠦ᠂ ᠪᠣᠯᠪᠠᠰᠤᠷᠠᠭᠤᠯᠤᠨ ᠬᠥᠮᠦᠵᠢᠭᠦᠯᠬᠦ᠂ ᠡᠬᠢ ᠪᠠᠶᠠᠯᠢᠭ ᠢ ᠵᠣᠯᠭᠠᠭᠤᠯᠬᠤ ᠵᠡᠷᠭᠡ ᠴᠢᠳᠠᠮᠵᠢ ᠶᠢ ᠲᠡᠭᠦᠯᠳᠡᠷᠵᠢᠭᠦᠯᠦᠨ᠂ ᠡᠯᠧᠺᠲᠷᠣᠨ ᠬᠤᠳᠠᠯᠳᠤᠭᠠᠨ ᠤ ᠠᠷᠠᠯᠵᠢᠶ᠎ᠠ ᠶᠢᠨ ᠲᠤᠭ᠎ᠠ ᠶᠢ 20 ᠳ᠋ᠦᠩᠰᠢᠭᠤᠷ ᠲᠥᠭᠦᠷᠢᠭ ᠢ ᠳᠠᠪᠠᠭᠤᠯᠤᠨ᠎ᠠ᠃ ᠰᠢᠭᠤᠳ ᠨᠡᠪᠲᠡᠷᠡᠭᠦᠯᠬᠦ ᠪᠠᠷᠠᠭ᠎ᠠ ᠪᠠ ᠨᠡᠶᠢᠭᠡᠮ ᠤᠨ ᠬᠠᠷᠢᠯᠴᠠᠭᠠᠨ ᠤ ᠡᠯᠧᠺᠲᠷᠣᠨ ᠬᠤᠳᠠᠯᠳᠤᠭ᠎ᠠ ᠶᠢ ᠵᠣᠷᠢᠭᠵᠢᠭᠤᠯᠤᠨ ᠳᠡᠮᠵᠢᠵᠦ᠂ ᠤᠯᠠᠮᠵᠢᠯᠠᠯᠲᠤ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠭᠤᠷ ᠪᠣᠷᠣᠯᠠᠭᠤᠯᠬᠤ ᠶᠢ ᠵᠡᠷᠭᠡ ᠳᠤᠨᠢ ᠠᠬᠢᠭᠤᠯᠵᠤ᠂ ᠲᠣᠮᠣ ᠬᠡᠯᠪᠡᠷᠢ ᠶᠢᠨ ᠭᠦᠢᠯᠭᠡᠭᠡᠨ ᠤ ᠠᠵᠤ ᠠᠬᠤᠶᠢᠯᠠᠯ ᠤᠨ ᠬᠠᠩᠭᠠᠯᠭ᠎ᠠ ᠶᠢᠨ ᠬᠡᠯᠬᠢᠶ᠎ᠡ ᠶᠢ ᠳᠣᠷᠣᠭᠰᠢ ᠪᠠᠭᠤᠯᠭᠠᠬᠤ ᠶᠢ ᠬᠥᠲᠥᠯᠦᠨ ᠵᠢᠯᠣᠭᠤᠳᠴᠤ᠂ ᠭᠦᠢᠯᠭᠡᠭᠡᠨ ᠤ ᠬᠡᠮᠵᠢᠶ᠎ᠡ ᠶᠢ ᠪᠡᠯᠡᠨ ᠵᠣᠭᠤᠰ ᠪᠣᠯᠭᠠᠨ ᠬᠤᠪᠢᠷᠠᠭᠤᠯᠬᠤ ᠶᠢ ᠲᠦᠷᠭᠡᠳᠬᠡᠨ᠂ ᠲᠠᠸᠠᠷ ᠤᠨ ᠢᠵᠢ ᠪᠦᠷᠢᠳᠦᠭᠦᠯᠬᠦ ᠶᠢ ᠴᠢᠩᠭᠠᠳᠬᠠᠬᠤ᠂ ᠦᠢᠯᠡᠴᠢᠯᠡᠭᠡ ᠶᠢ ᠴᠢᠬᠤᠯᠠᠴᠢᠯᠠᠬᠤ ᠲᠠᠯ᠎ᠠ ᠪᠠᠷ ᠦᠷᠭᠦᠯᠵᠢᠯᠡᠨ ᠴᠢᠷᠮᠠᠶᠢᠵᠤ᠂ ᠪᠠᠷᠠᠭᠠᠨ ᠤ ᠭᠦᠢᠯᠭᠡᠭᠡᠨ ᠤ ᠲᠣᠭᠤᠷᠢᠭ ᠤᠨ 12 ᠴᠢᠳᠠᠮᠵᠢ ᠶᠢᠨ ᠬᠤᠪᠢᠶᠠᠷᠢ ᠲᠣᠭᠤᠷᠢᠭ ᠢ ᠰᠢᠯᠢᠳᠡᠭᠵᠢᠭᠦᠯᠦᠨ᠂ ᠳᠥᠷᠪᠡᠨ ᠵᠠᠮ᠂ ᠰᠠᠯᠪᠤᠷᠢ ᠲᠠᠪᠤᠳᠤᠭᠠᠷ ᠵᠠᠮ ᠵᠡᠷᠭᠡ ᠲᠠᠰᠤᠷᠬᠠᠶ ᠵᠠᠮ ᠢ 6 ᠵᠤᠷᠪᠤᠰ ᠨᠡᠪᠲᠡᠷᠡᠭᠦᠯᠵᠦ᠂ ᠬᠦᠷᠢᠶᠡᠯᠡᠩ ᠲᠣᠭᠤᠷᠢᠭ ᠤᠨ ᠬᠥᠭᠵᠢᠯᠲᠡ ᠳᠤ ︽ᠲᠦᠷᠭᠡᠨ ᠤᠷᠤᠭᠰᠢᠯᠠᠬᠤ ᠳᠠᠷᠤᠪᠴᠢ︾ ᠶᠢ ᠳᠠᠷᠤᠨ᠎ᠠ᠃ ᠳ᠋ᠠ ᠾᠧ ᠪᠠᠷᠠᠭᠠᠨ ᠤ ᠭᠦᠢᠯᠭᠡᠭᠡ᠂ ᠡᠯᠧᠺᠲᠷᠣᠨ ᠬᠤᠳᠠᠯᠳᠤᠭᠠᠨ ᠤ ᠲᠦᠷᠭᠡᠨ ᠬᠦᠷᠭᠡᠬᠦ ᠪᠠᠷᠠᠭᠠᠨ ᠤ ᠭᠦᠢᠯᠭᠡᠭᠡᠨ ᠤ ᠬᠦᠷᠢᠶᠡᠯᠡᠩ ᠢ ᠲᠡᠰ ᠳᠡᠪᠰᠢᠭᠦᠯᠵᠦ᠂ ᠲᠠᠷᠢᠶᠠᠯᠠᠩ ᠤᠨ ᠪᠦᠲᠦᠬᠡᠭᠳᠡᠬᠦᠨ ᠮᠠᠯ ᠤᠨ ᠠᠰᠢᠭ ᠰᠢᠮ᠎ᠡ ᠶᠢᠨ ᠪᠠᠷᠠᠭᠠᠨ ᠤ ᠭᠦᠢᠯᠭᠡᠭᠡᠨ ᠤ ᠰᠢᠰᠲ᠋ᠧᠮ ᠢ ᠪᠦᠷᠢᠨᠰᠢᠬᠦᠯᠵᠦ᠂ ᠣᠷᠣᠨ ᠪᠦᠰᠡ ᠶᠢᠨ ᠴᠢᠨᠠᠷᠲᠠᠢ ᠪᠠᠷᠠᠭᠠᠨ ᠤ ᠭᠦᠢᠯᠭᠡᠭᠡᠨ ᠤ ᠲᠥᠪᠯᠡᠷᠡᠭᠦᠯᠦᠨ ᠲᠠᠷᠬᠠᠭᠠᠬᠤ ᠲᠥᠪ ᠢ ᠪᠦᠬᠦ ᠬᠦᠴᠦᠨ ᠢᠶᠠᠷ ᠪᠠᠶᠢᠭᠤᠯᠤᠨ᠎ᠠ᠃ ᠲᠠᠷᠢᠶᠠᠯᠠᠩ ᠤᠨ ᠮᠠᠰᠢᠨ ᠤ ᠪᠣᠷᠣᠯᠠᠭᠤᠯᠭ᠎ᠠ᠂ ᠪᠦᠬᠦᠯᠢ ᠴᠣᠭᠴᠠ ᠶᠢᠨ ᠬᠡᠷ ᠤᠨ ᠴᠢᠮᠡᠭᠯᠡᠯ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠥᠭᠵᠢᠯᠲᠡ ᠶᠢ ᠲᠡᠳᠬᠦᠨ ᠳᠡᠮᠵᠢᠵᠦ᠂ ᠪᠣᠷᠣᠯᠠᠭᠤᠯᠭ᠎ᠠ ᠶᠢᠨ ᠣᠷᠣᠯᠭ᠎ᠠ ᠶᠢ 170 ᠳ᠋ᠦᠩᠰᠢᠭᠤᠷ ᠲᠥᠭᠦᠷᠢᠭ ᠪᠡᠶᠡᠯᠡᠭᠦᠯᠬᠦ ᠪᠠᠷ ᠴᠢᠷᠮᠠᠶᠢᠨ᠎ᠠ᠃        ᠵᠤᠭᠠᠴᠠᠯ ᠤᠨ ᠪᠦᠲᠦᠭᠡᠭᠳᠡᠬᠦᠨ ᠤ ᠲᠠᠲᠠᠬᠤ ᠬᠦᠴᠦᠨ ᠢ ᠳᠡᠭᠡᠭᠰᠢᠯᠡᠭᠦᠯᠦᠨ᠎ᠡ᠃ ᠤᠯᠤᠰ ᠤᠨ ᠪᠦᠬᠦ ᠣᠷᠣᠨ ᠪᠦᠰᠡ ᠶᠢᠨ ᠵᠤᠭᠠᠴᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠵᠦ᠂ ᠪᠦᠬᠦ ᠣᠷᠣᠨ ᠪᠦᠰᠡ ᠶᠢᠨ ᠵᠤᠭᠠᠴᠠᠯ ᠤᠨ ᠲᠥᠯᠥᠪᠵᠢᠭᠦᠯᠭᠡ ᠪᠠ ᠭᠤᠣᠯᠳᠠᠯᠭ᠎ᠠ ᠲᠠᠢ ᠬᠡᠰᠡᠭ ᠣᠷᠣᠨ ᠤ ᠲᠤᠰᠬᠠᠶ ᠵᠦᠢᠯᠡᠰ ᠤᠨ ᠲᠥᠯᠥᠪᠵᠢᠭᠦᠯᠭᠡ ᠶᠢ ᠵᠠᠰᠠᠨ ᠨᠠᠶᠢᠷᠠᠭᠤᠯᠵᠤ ᠲᠡᠭᠦᠯᠳᠡᠷᠵᠢᠭᠦᠯᠦᠨ᠂ ᠵᠤᠭᠠᠴᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠬᠠᠨ ᠠᠭᠤᠯᠠ ᠠᠮᠢ ᠠᠬᠤᠶ ᠶᠢᠨ ᠰᠣᠶᠣᠯ ᠤᠨ ᠬᠦᠷᠢᠶᠡᠯᠡᠩ᠂ ᠲᠡᠭᠷᠢᠯᠢᠭ ᠬᠥᠪᠡᠭᠦᠨ ᠲᠡᠭᠷᠢ ᠶᠢᠨ ᠬᠥᠯᠦᠭ ᠵᠡᠷᠭᠡ ᠦᠵᠡᠮᠵᠢ ᠶᠢᠨ ᠣᠷᠣᠨ ᠢ ᠨᠡᠶᠢᠭᠡᠮᠴᠢᠯᠡᠨ ᠡᠵᠡᠩᠨᠡᠵᠦ᠂ ᠠᠮᠢᠲᠠᠨ ᠤ ᠬᠦᠷᠢᠶᠡᠯᠡᠩ᠂ ᠴᠠᠰᠤᠨ ᠳᠤ ᠭᠤᠯᠭᠤᠬᠤ ᠲᠠᠯᠠᠪᠠᠶ ᠵᠡᠷᠭᠡ ᠵᠤᠭᠠᠴᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠣᠷᠣᠭᠤᠯᠤᠨ ᠠᠪᠴᠢᠷᠠᠵᠤ᠂ ᠵᠤᠭᠠᠴᠠᠯ ᠤᠨ ᠠᠯᠳᠠᠷᠰᠢᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠨᠤᠭᠤ ᠭᠠᠵᠠᠷ ᠤᠨ ᠴᠡᠴᠡᠷᠯᠢᠭ ᠤᠨ ᠤᠰᠤᠨ ᠳᠡᠭᠡᠷᠡᠬᠢ ᠣᠶ ᠰᠢᠭᠤᠶ᠂ ᠰᠣᠶᠣᠯ ᠤᠨ ᠡᠮᠦᠨ᠎ᠡ ᠠᠭᠤᠯᠠ ᠵᠡᠷᠭᠡ ᠵᠤᠭᠠᠴᠠᠯ ᠤᠨ ᠲᠥᠷᠥᠯ ᠵᠦᠢᠯ ᠢ ᠲᠥᠯᠥᠪᠵᠢᠭᠦᠯᠦᠨ ᠪᠥᠲᠥᠭᠡᠨ ᠪᠠᠶᠢᠭᠤᠯᠵᠤ᠂ ᠰᠠᠨ ᠾᠧ ᠲᠣᠰᠬᠤᠨ ᠤ ᠠᠷᠠᠳ ᠤᠨ ᠵᠠᠩ ᠦᠢᠯᠡ ᠶᠢᠨ ᠶᠠᠪᠠᠭᠠᠨ ᠵᠡᠭᠡᠯᠢ ᠶᠢ ᠥᠨᠳᠥᠷ ᠪᠠᠷᠢᠮᠵᠢᠶ᠎ᠠ ᠪᠠᠷ ᠪᠥᠲᠥᠭᠡᠨ ᠪᠠᠶᠢᠭᠤᠯᠵᠤ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠵᠦ᠂ ᠬᠦᠴᠦᠨ ᠢᠶᠠᠨ ᠠᠰᠢᠭᠯᠠᠨ ᠬᠥᠭᠵᠢᠭᠦᠯᠬᠦ ᠶᠢ ᠪᠡᠶᠡᠯᠡᠭᠦᠯᠦᠨ᠎ᠡ᠃ ᠱᠧᠨ ᠵᠢᠶᠦ᠋ᠨ ᠸᠠᠨ ᠬᠤᠶᠠᠳᠤᠭᠠᠷ ᠬᠤᠭᠤᠴᠠᠭ᠎ᠠ᠂ ᠤᠰᠤᠨ ᠲᠤᠲᠤᠷᠭ᠎ᠠ ᠶᠢᠨ ᠰᠣᠶᠣᠯ ᠤᠨ ᠣᠷᠳᠣᠨ ᠢ ᠠᠵᠢᠯ ᠡᠬᠢᠯᠡᠭᠦᠯᠦᠨ ᠪᠦᠳᠦᠭᠡᠨ ᠪᠠᠶᠢᠭᠤᠯᠵᠤ᠂ ᠤᠨᠴᠠᠯᠢᠬᠳᠤ ᠠᠷᠠᠳ ᠤᠨ ᠣᠷᠣᠨ ᠰᠠᠭᠤᠴᠠ ᠶᠢ ᠬᠥᠭᠵᠢᠭᠦᠯᠦᠨ᠂ ᠵᠤᠭᠠᠴᠠᠯ ᠤᠨ ᠵᠠᠮ ᠢ ᠵᠠᠰᠠᠵᠤ᠂ ᠳᠡᠭᠡᠳᠦ ᠳᠡᠰ ᠤᠨ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠴᠣᠭᠴᠠ ᠶᠢ ᠪᠠᠶᠢᠭᠤᠯᠤᠨ᠎ᠠ᠃ ᠦᠨᠳᠦᠰᠦᠲᠡᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠪ ᠢ ᠲᠦᠷᠭᠡᠳᠬᠡᠨ ᠪᠠᠶᠢᠭᠤᠯᠵᠤ᠂ ᠲᠦᠬᠦᠭᠡᠷᠦᠮᠵᠢᠲᠦ ᠲᠠᠷᠢᠶᠠᠯᠠᠩ ᠤᠨ ᠬᠦᠷᠢᠶᠡᠯᠡᠩ ᠲᠣᠭᠤᠷᠢᠭ ᠢ ᠳᠡᠭᠡᠭᠰᠢᠯᠡᠭᠦᠯᠦᠨ ᠥᠭᠡᠷᠡᠴᠢᠯᠡᠵᠦ᠂ ᠭᠡᠭᠡᠨᠲᠠᠯ᠎ᠠ ᠶᠢᠨ ᠲᠠᠯ᠎ᠠ ᠨᠤᠲᠤᠭ ᠤᠨ ᠵᠤᠭᠠᠴᠠᠯ ᠤᠨ ᠡᠬᠢ ᠪᠠᠶᠠᠯᠢᠭ ᠢ ᠵᠦᠶ ᠵᠣᠬᠢᠰᠲᠠᠶ ᠨᠡᠭᠡᠭᠡᠨ ᠬᠥᠭᠵᠢᠭᠦᠯᠵᠦ᠂ ᠠᠮᠢ ᠠᠬᠤᠶ ᠶᠢᠨ ᠬᠤᠨᠣᠭᠯᠠᠬᠤ᠂ ᠲᠣᠭᠤᠷᠢᠨ ᠦᠵᠡᠵᠦ ᠲᠡᠭᠦᠬᠦ᠂ ᠲᠠᠯ᠎ᠠ ᠨᠤᠲᠤᠭ ᠢᠶᠠᠷ ᠤᠨᠤᠵᠤ ᠲᠣᠭᠤᠷᠢᠬᠤ ᠶᠢ ᠨᠢᠭᠡ ᠴᠣᠭᠴᠠᠵᠢᠭᠤᠯᠤᠭᠰᠠᠨ ᠠᠳᠤᠭᠤᠨ ᠰᠣᠶᠣᠯ ᠤᠨ ᠵᠢᠵᠢᠭ ᠪᠠᠯᠭᠠᠰᠤ ᠶᠢ ᠪᠥᠲᠥᠭᠡᠨ ᠪᠠᠶᠢᠭᠤᠯᠤᠨ᠎ᠠ᠃ ︽ᠨᠢᠭᠡ ᠣᠷᠳᠣᠨ ᠠᠷᠪᠠᠨ ᠰᠠᠭᠤᠴᠠ︾ ᠳᠤ ᠲᠦᠰᠢᠭᠯᠡᠨ᠂ ᠬᠤᠪᠢᠰᠬᠠᠯ ᠤᠨ ᠳᠤᠷᠠᠰᠬᠠᠯᠲᠤ ᠵᠤᠭᠠᠴᠠᠯ ᠤᠨ ᠵᠠᠮ ᠱᠤᠭᠤᠮ ᠢ ᠳᠡᠯᠭᠡᠷᠡᠭᠦᠯᠵᠦ᠂ ᠥᠪᠡᠷᠮᠢᠴᠡ ᠣᠨᠴᠠᠯᠢᠭ ᠲᠠᠢ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ᠂ ᠲᠠᠪᠦ‍ ᠨᠢᠭᠡ ᠲᠡᠤᠬᠡ ᠰᠣᠶᠣᠯ ᠤᠨ ᠵᠡᠭᠡᠯᠢ ᠲᠣᠭᠤᠷᠢᠭ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠠᠯᠢᠭᠵᠢᠭᠤᠯᠤᠨ᠂ ᠬᠤᠪᠢᠰᠬᠠᠯ ᠤᠨ ᠳᠤᠷᠠᠰᠬᠠᠯᠲᠤ ᠵᠤᠭᠠᠴᠠᠯ ᠤᠨ ᠰᠢᠨ᠎ᠡ ᠭᠠᠵᠠᠷ ᠤᠨ ᠲᠡᠮᠳᠡᠭ ᠢ ᠪᠣᠶ ᠪᠣᠯᠭᠠᠨ᠎ᠠ᠃ ᠵᠤᠭᠠᠴᠠᠭᠰᠠᠳ ᠢ ᠲᠥᠪᠯᠡᠷᠡᠭᠦᠯᠵᠦ ᠲᠠᠷᠬᠠᠭᠠᠬᠤ ᠲᠥᠪ ᠢ ᠰᠢᠨ᠎ᠡ ᠪᠠᠷ ᠪᠠᠶᠢᠭᠤᠯᠵᠤ᠂ ᠲᠡᠮᠳᠡᠭ ᠫᠠᠶᠢᠰᠠ᠂ ᠦᠢᠯᠡᠴᠢᠯᠡᠭᠡᠨ ᠤ ᠥᠷᠲᠡᠭᠡ ᠵᠡᠷᠭᠡ ᠢᠵᠢ ᠪᠥᠷᠢᠳᠦᠭᠦᠯᠬᠦ ᠲᠦᠬᠦᠭᠡᠷᠦᠮᠵᠢ ᠶᠢ ᠲᠡᠭᠦᠯᠳᠡᠷᠵᠢᠭᠦᠯᠦᠨ᠂ ᠵᠤᠭᠠᠴᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃       ᠵᠢᠷᠭᠤᠭ᠎ᠠ᠂ ᠬᠦᠴᠦᠨ ᠢᠶᠠᠨ ᠲᠥᠪᠯᠡᠷᠡᠭᠦᠯᠦᠨ ᠪᠣᠳᠠᠲᠠᠢ ᠶᠠᠪᠤᠳᠠᠯ ᠬᠢᠵᠦ ᠬᠡᠰᠢᠭ ᠪᠤᠶᠠᠨ ᠢ ᠨᠡᠮᠡᠭᠳᠡᠭᠦᠯᠵᠦ ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠰᠢᠨ᠎ᠡ ᠪᠠᠶᠢᠳᠠᠯ ᠢ ᠴᠢᠷᠮᠠᠶᠢᠨ ᠡᠭᠦᠳᠦᠨ᠎ᠡ        ᠨᠡᠶᠢᠭᠡᠮ ᠤᠨ ᠦᠢᠯᠡᠰ ᠢ ᠨᠢᠭᠡᠳᠦᠯᠲᠡᠶ ᠲᠥᠯᠥᠪᠯᠡᠨ ᠬᠥᠭᠵᠢᠭᠦᠯᠦᠨ᠎ᠡ᠃ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠡᠷᠡᠰ ᠭᠤᠶᠢᠪᠢᠰᠢ ᠥᠬᠡᠶ ᠬᠡᠷᠡᠭᠵᠢᠭᠦᠯᠵᠦ᠂ ᠲᠡᠮᠦᠷ ᠵᠠᠮ ᠤᠨ ᠪᠠᠷᠠᠭᠤᠨᠳᠡᠬᠢ ᠨᠢᠭᠡᠳᠦᠭᠡᠷ ᠪᠠᠭ᠎ᠠ ᠰᠤᠷᠭᠠᠭᠤᠯᠢ᠂ ᠪᠠᠶ ᠯᠤ᠋ ᠬᠡᠤᠬᠡᠳ ᠤᠨ ᠴᠡᠴᠡᠷᠯᠢᠭ ᠵᠡᠷᠭᠡ ᠰᠠᠭᠤᠷᠢ ᠲᠦᠬᠦᠭᠡᠷᠦᠮᠵᠢ ᠶᠢ ᠲᠡᠭᠦᠯᠳᠡᠷᠵᠢᠭᠦᠯᠦᠨ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠢ ᠪᠡᠯᠡᠳᠬᠡᠨ ᠪᠠᠶᠢᠭᠤᠯᠵᠤ᠂ ᠪᠠᠭᠰᠢ ᠶᠢᠨ ︽ᠬᠡᠰᠡᠭ ᠲᠣᠭᠤᠷᠢᠭ ᠢᠶᠠᠷ ᠠᠵᠢᠯ ᠤᠨ ᠪᠠᠶᠢᠷᠢ ᠡᠭᠡᠯᠵᠢᠯᠡᠭᠦᠯᠬᠦ ︾ ᠶᠢ ᠬᠡᠷᠡᠭᠵᠢᠭᠦᠯᠦᠨ᠂ ᠰᠤᠷᠤᠯᠭ᠎ᠠ ᠱᠠᠲᠤ ᠠᠯᠤᠰᠯᠠᠨ ᠵᠣᠯᠭᠠᠭᠤᠯᠬᠤ ︽ᠶᠡᠭᠡ ᠵᠢᠭᠠᠨ ᠰᠤᠷᠭᠠᠯᠲᠠ ᠰᠤᠳᠤᠯᠭᠠᠨ︾ ᠢ ᠥᠷᠨᠢᠭᠦᠯᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠭᠢᠯᠡᠨ᠎ᠡ᠃ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠶᠢ ᠪᠠᠷᠢᠮᠲᠠᠯᠠᠵᠤ᠂ ︽ᠡᠩ ᠤᠨ ᠪᠠ ᠪᠠᠴᠢᠮ ᠪᠠᠶᠢᠳᠠᠯ ᠢ ᠨᠢᠭᠡ ᠴᠤᠭᠴᠠᠵᠢᠭᠤᠯᠬᠤ︾ ᠭᠡᠨᠡᠳᠲᠡ ᠶᠢᠨ ᠬᠢᠵᠢᠭ ᠤᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠲᠣᠭᠲᠠᠴᠠ ᠶᠢ ᠲᠡᠭᠦᠯᠳᠡᠷᠵᠢᠭᠦᠯᠦᠨ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠴᠢᠩᠭ᠎ᠠ ᠪᠣᠳᠠᠲᠠᠶᠢᠵᠢᠭᠤᠯᠵᠤ᠂ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠸᠠᠺᠼᠢᠨ ᠤ ᠲᠠᠷᠢᠯᠭ᠎ᠠ ᠶᠢ ᠡᠮᠬᠢ ᠵᠢᠷᠤᠮ ᠲᠠᠢ ᠪᠠᠷ ᠠᠬᠢᠭᠤᠯᠵᠤ᠂ ᠣᠯᠠᠨ ᠲᠦᠮᠡᠨ ᠤ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ᠃ ᠬᠤᠲᠠ ᠶᠢᠨ ᠡᠮᠨᠡᠯᠭᠡ ᠶᠢᠨ ᠬᠤᠷᠢᠶ᠎ᠠ ᠶᠢ ᠨᠡᠭᠦᠯᠭᠡᠨ ᠪᠠᠶᠢᠭᠤᠯᠬᠤ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠲᠤᠷᠰᠢᠯᠲᠠ ᠶᠢᠨ ᠠᠰᠠᠷ ᠤᠨ ᠲᠥᠷᠥᠯ ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠲᠦᠷᠭᠡᠳᠬᠡᠨ ᠠᠬᠢᠭᠤᠯᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠪᠠ ᠪᠠᠴᠢᠮ ᠪᠠᠶᠢᠳᠠᠯ ᠢ ᠠᠷᠭᠠᠴᠠᠭᠠᠬᠤ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠨ᠂ ᠤᠯᠤᠰ ᠤᠨ ᠲᠠᠰ ᠤᠨ ᠤᠳᠠᠭᠠᠨ ᠴᠢᠨᠠᠷᠲᠠᠶ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠤᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠤ ᠠᠯᠪᠠᠨ ᠭᠡᠷ ᠤᠨ ᠬᠠᠭᠤᠴᠢᠨ ᠰᠠᠭᠤᠴᠠ᠂ ᠴᠢᠩᠭᠢᠰ ᠤᠨ ᠰᠦᠮ᠎ᠡ ᠵᠡᠷᠭᠡ ᠰᠣᠶᠣᠯ ᠤᠨ ᠬᠠᠮᠠᠭᠠᠯᠠᠯᠲᠠ ᠶᠢᠨ ᠨᠢᠭᠡᠴᠢ ᠶᠢ ᠵᠠᠰᠠᠨ ᠰᠡᠯᠪᠢᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠢ ᠬᠠᠮᠠᠭᠠᠯᠠᠨ᠎ᠠ᠃ ᠬᠠᠨ ᠠᠭᠤᠯᠠ ᠶᠢᠨ ᠤᠶᠤᠨᠲᠤ ᠪᠡᠶ᠎ᠡ ᠶᠢᠨ ᠲᠠᠮᠢᠷ ᠤᠨ ᠴᠡᠴᠡᠷᠯᠢᠭ᠂ ᠣᠯᠠᠨ ᠨᠡᠶᠢᠲᠡ ᠶᠢᠨ ᠬᠥᠯ ᠪᠥᠮᠪᠦᠭᠡ ᠶᠢᠨ ᠲᠠᠯᠠᠪᠤᠷ ᠢ ᠰᠢᠨ᠎ᠡ ᠪᠠᠷ ᠪᠠᠶᠢᠭᠤᠯᠵᠤ᠂ ᠨᠠᠷᠠᠲᠤ ᠲᠡᠮᠳᠡᠭᠲᠦ ᠤᠷᠤᠯᠳᠤᠭᠠᠨ ᠤ ᠠᠵᠢᠯᠯᠠᠭ᠎ᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠰᠣᠶᠣᠯ ᠲᠠᠮᠢᠷ ᠤᠨ ᠦᠢᠯᠡᠰ ᠤᠨ ᠴᠡᠴᠡᠭᠯᠡᠨ ᠬᠥᠭᠵᠢᠬᠦ ᠶᠢ ᠠᠬᠢᠭᠤᠯᠤᠨ᠎ᠠ᠃         ᠦᠨᠳᠦᠰᠦᠨ ᠠᠷᠠᠳ ᠤᠨ ᠠᠮᠢᠳᠤᠷᠠᠯ ᠢ ᠪᠦᠬᠦ ᠬᠦᠴᠦᠨ ᠢᠶᠠᠷ ᠪᠠᠲᠤᠯᠠᠨ᠎ᠠ᠃ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠦᠢᠴᠡᠳ ᠪᠥᠭᠡᠳ ᠠᠮᠢᠳᠤᠯᠢᠭ ᠬᠡᠷᠡᠭᠯᠡᠨ᠂ ᠭᠤᠤᠯᠳᠠᠯᠭ᠎ᠠ ᠲᠠᠢ ᠬᠥᠮᠦᠰ ᠤᠨ ᠠᠵᠢᠯ ᠣᠯᠭᠤᠯᠲᠠ ᠶᠢ ᠰᠠᠶᠢᠲᠤᠷ ᠠᠳᠬᠤᠵᠤ᠂ ᠬᠦᠴᠦ ᠶᠠᠪᠤᠬᠤ ᠰᠢᠭᠤᠳ ᠨᠡᠪᠲᠡᠷᠡᠬᠦ ᠲᠡᠷᠭᠡ ᠶᠢᠨ ᠮᠡᠳᠡᠭᠡ ᠵᠠᠩᠭᠢ ᠶᠢᠨ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠪᠠᠷᠢᠮᠵᠢᠶᠠᠵᠢᠭᠤᠯᠤᠭᠰᠠᠨ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠦᠢᠯᠡᠳᠪᠦᠷᠢ ᠶᠢᠨ ᠲᠠᠰᠤᠭ ᠪᠠ ᠠᠳᠠᠯ ᠦᠢᠯᠡᠰ ᠴᠣᠭᠴᠠᠯᠠᠬᠤ ᠬᠥᠮᠦᠵᠢᠭᠦᠯᠬᠦ ᠰᠠᠭᠤᠷᠢᠨ ᠭᠠᠵᠠᠷ ᠢ ᠪᠠᠶᠢᠭᠤᠯᠵᠤ᠂ ᠨᠢᠭᠡ ᠴᠦ ᠠᠵᠢᠯ ᠣᠯᠤᠭᠰᠠᠨ ᠥᠬᠡᠶ ᠬᠡᠷ ᠪᠦᠯᠢ ᠶᠢ ᠬᠥᠳᠡᠯᠦᠩᠭᠦᠶ ᠪᠠᠷ ᠦᠭᠡᠶᠢᠰᠭᠡᠬᠦ ᠶᠢ ᠦᠨᠡᠨ ᠬᠦ ᠪᠠᠲᠤᠯᠠᠨ᠎ᠠ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠲᠦᠷᠢᠮ ᠤᠨ ᠰᠢᠰᠲ᠋ᠧᠮ ᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠬᠤ ᠶᠢ ᠪᠡᠶᠡᠯᠡᠭᠦᠯᠦᠨ᠎ᠡ᠃ ︽ᠬᠠᠶᠢᠷ᠎ᠠ ᠰᠡᠳᠬᠢᠯᠭᠡ ᠪᠠᠷ ᠳᠤᠯᠠᠭᠠᠴᠠᠭᠤᠯᠬᠤ︾ ᠶᠢ ᠦᠷᠭᠦᠯᠵᠢᠯᠡᠨ ᠥᠷᠨᠢᠭᠦᠯᠵᠦ᠂ ᠬᠦᠴᠢᠷᠳᠡᠯᠲᠡᠢ ᠤᠯᠠᠨ ᠲᠦᠮᠡᠨ ᠤ ᠦᠨᠳᠦᠰᠦᠨ ᠠᠮᠢᠳᠤᠷᠠᠯ ᠢ ᠰᠠᠶᠢᠲᠤᠷ ᠪᠠᠲᠤᠯᠠᠵᠤ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠨ᠎ᠠ᠃ ᠭᠡᠷ ᠲᠡᠭᠡᠨ ᠰᠠᠭᠤᠵᠤ ᠪᠠᠶᠢᠭ᠎ᠠ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠳᠡᠯᠭᠡᠷᠡᠭᠦᠯᠵᠦ᠂ ᠨᠡᠶᠢᠭᠡᠮ ᠲᠣᠭᠤᠷᠢᠭ ᠤᠨ 9 ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢ ᠰᠢᠨ᠎ᠡ ᠪᠠᠷ ᠦᠷᠭᠦᠯᠵᠢᠯᠡᠨ ᠪᠠᠶᠢᠭᠤᠯᠵᠤ᠂ ᠬᠥᠮᠦᠨ ᠠᠮᠠ ᠶᠢᠨ ᠨᠠᠰᠤᠵᠢᠯᠲᠠ ᠶᠢ ᠢᠳᠡᠪᠬᠢᠲᠡᠶ ᠠᠷᠭᠠᠴᠠᠭᠠᠨ᠎ᠠ᠃ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ ᠶᠢ ᠠᠯᠬᠤᠮ ᠠᠯᠬᠤᠮ ᠢᠶᠠᠷ ᠰᠣᠯᠢᠵᠤ᠂ ᠨᠠᠩ ᠪᠣᠬᠢᠷᠲᠤᠯ ᠥᠬᠡᠶ ᠠᠮᠤᠷ ᠲᠦᠪᠰᠢᠨ ᠶᠠᠪᠤᠵᠤ ᠰᠠᠭᠤᠬᠤ ᠦᠢᠯᠡᠴᠢᠯᠡᠭᠡ ᠶᠢ ᠬᠠᠩᠭᠠᠨ᠎ᠠ᠃ ᠬᠤᠶᠠᠷ ᠢ ᠬᠦᠷᠢᠶᠡᠯᠡᠨ ᠬᠠᠮᠲᠤᠪᠠᠷ ᠪᠠᠶᠢᠭᠤᠯᠬᠤ ᠶᠢ ᠥᠷᠨᠢᠭᠦᠯᠵᠦ᠂ ᠢᠯᠡ ᠪᠠᠷ ᠲᠥᠪᠬᠢᠨᠡᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠵᠢᠱᠢᠶ᠎ᠡ ᠦᠵᠡᠭᠦᠯᠬᠦ ᠮᠠᠶ᠋ᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠴᠡᠷᠢᠭ ᠠᠩᠭᠢ ᠣᠷᠣᠨ ᠨᠤᠲᠤᠭ᠂ ᠴᠡᠷᠢᠭ ᠠᠷᠠᠳ ᠤᠨ ᠬᠡᠷᠡᠭᠯᠡᠭᠡ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃         ᠨᠡᠶᠢᠭᠡᠮ ᠤᠨ ᠲᠣᠭᠲᠠᠭᠤᠨ ᠪᠠᠶᠢᠳᠠᠯ ᠢ ᠪᠥᠬᠦ ᠬᠦᠴᠦᠨ ᠢᠶᠠᠷ ᠬᠠᠮᠠᠭᠠᠯᠠᠨ᠎ᠠ᠃ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠲᠤᠬᠠᠶ ᠬᠥᠮᠦᠵᠢᠯ ᠢ ᠭᠦᠨᠵᠡᠭᠡᠶ ᠥᠷᠨᠢᠭᠦᠯᠦᠨ᠂ ᠠᠮᠤᠷ ᠲᠦᠪᠰᠢᠨ ᠡᠮᠬᠢ ᠵᠢᠷᠤᠮ ᠲᠠᠢ᠂ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠰᠠᠶᠢᠨ ᠰᠠᠶᠢᠬᠠᠨ ᠪᠠᠶᠢᠳᠠᠯ ᠢ ᠬᠠᠮᠠᠭᠠᠯᠠᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠵᠣᠬᠢᠬᠤ ᠬᠡᠮᠵᠢᠶ᠎ᠡ ᠪᠠᠷ ᠲᠡᠮᠡᠴᠡᠨ ᠣᠯᠵᠤ᠂ ᠦᠯᠡᠳᠡᠭᠡᠯ ᠥᠭᠴᠡᠭᠡ ᠶᠢ ᠢᠳᠡᠪᠬᠢᠲᠡᠶ ᠪᠠᠷ ᠠᠷᠢᠯᠭᠠᠨ᠂ ᠪᠥᠬᠦ ᠣᠷᠣᠨ ᠳᠤ ᠤᠷᠢᠳᠠᠪᠠᠷ ᠵᠠᠰᠠᠭ ᠤᠨ ᠣᠷᠳᠣᠨ ᠤ ᠳᠠᠯᠳᠠ ᠥᠭᠴᠡᠭᠡ ᠶᠢ ᠠᠷᠢᠯᠭᠠᠨ᠎ᠠ᠃ ᠬᠦᠨᠳᠦ ᠶᠡᠭᠡ ᠠᠶᠤᠯ ᠲᠦᠭᠰᠢᠭᠦᠷᠢ ᠶᠢᠨ ᠬᠡᠮ ᠰᠣᠭᠤᠭ ᠢ ᠵᠠᠰᠠᠬᠤ ︽ᠨᠢᠭᠡ ᠬᠠᠭᠤᠳᠠᠰᠤ ᠳᠥᠷᠪᠡᠨ ᠲᠦᠷᠢᠮ︾ ᠢ ᠨᠠᠶᠢᠳᠠᠪᠤᠷᠢᠵᠢᠭᠤᠯᠤᠨ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠪᠥᠭᠡᠳ ᠪᠣᠳᠠᠲᠠᠶᠢᠵᠢᠭᠤᠯᠵᠤ᠂ ᠨᠡᠯᠢᠶᠡᠳ ᠶᠡᠭᠡ ᠠᠴᠠ ᠳᠡᠭᠡᠭᠰᠢᠬᠢ ᠡ᠊ᠡᠳᠡᠯ ᠡᠭᠦᠰᠬᠦ ᠶᠢ ᠪᠦᠲᠦᠮᠵᠢᠲᠡᠶ ᠰᠡᠷᠭᠡᠶᠢᠯᠡᠨ᠎ᠡ᠃ ︽ᠭᠤᠷᠪᠠ ᠶᠢ ᠪᠣᠳᠠᠲᠠᠶᠢᠵᠢᠭᠤᠯᠵᠤ ᠨᠢᠭᠡ ᠶᠢ ᠰᠢᠢᠳᠪᠦᠷᠢᠯᠡᠬᠦ︾᠂ ︽ᠬᠡᠨ ᠰᠤᠷᠪᠤᠯᠵᠢᠯᠠᠭ᠎ᠠ ᠶᠢ ᠬᠥᠲᠥᠯᠥᠨ ᠵᠢᠯᠣᠭᠤᠳᠪᠠᠯ ᠲᠡᠷᠡ ᠵᠠᠭᠠᠯᠳᠤᠯᠭ᠎ᠠ ᠶᠢ ᠵᠣᠭᠰᠣᠭᠠᠬᠤ︾ ᠶᠢ ᠪᠠᠷᠢᠮᠲᠠᠯᠠᠵᠤ᠂ ᠵᠠᠬᠢᠳᠠᠯ ᠰᠤᠷᠪᠤᠯᠵᠢᠯᠠᠭ᠎ᠠ ᠶᠢᠨ ᠬᠠᠮᠲᠤᠷᠠᠭᠰᠠᠨ ᠬᠤᠷᠠᠯᠳᠤᠭᠠᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠪᠦᠲᠦᠮᠵᠢᠲᠡᠶ ᠪᠠᠷ ᠠᠷᠢᠯᠭᠠᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠬᠤ ᠶᠢ ᠠᠬᠢᠭᠤᠯᠵᠤ᠂ ︽ᠬᠡᠷᠡᠭ ᠡᠭᠦᠰᠬᠦ ᠶᠢ ᠬᠢᠵᠠᠭᠠᠷᠯᠠᠬᠤ᠂ ᠬᠡᠷᠡᠭ ᠢ ᠣᠯᠠᠨ ᠢᠯᠡᠷᠡᠭᠦᠯᠬᠦ︾ ᠲᠤᠰᠬᠠᠶ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠵᠡᠷᠭᠡ ᠬᠡᠷᠡᠭ ᠢ ᠲᠠᠩᠨᠠᠨ ᠢᠯᠡᠷᠡᠭᠦᠯᠬᠦ ᠡᠷᠴᠢᠮ ᠢ ᠴᠢᠩᠭᠠᠷᠠᠭᠤᠯᠵᠤ᠂ ᠠᠷᠠᠳ ᠣᠯᠠᠨ ᠤ ᠠᠮᠤᠷ ᠲᠦᠪᠰᠢᠨ ᠤ ᠲᠥᠷᠥᠭᠳᠡᠯ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃        ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ        ᠲᠤᠭ ᠲᠡᠮᠳᠡᠭ ᠲᠣᠳᠣᠷᠬᠠᠶ ᠪᠠᠷ ᠤᠯᠤᠰ ᠲᠦᠷᠦ ᠶᠢ ᠡᠷᠬᠢᠮᠯᠡᠬᠦ ᠶᠢ ᠪᠠᠷᠢᠮᠲᠠᠯᠠᠨ᠎ᠠ᠃ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠲᠦᠷᠢᠮ ᠢ ᠴᠢᠩᠭ᠎ᠠ ᠰᠠᠬᠢᠵᠤ᠂ ︽ᠳᠥᠷᠪᠡᠨ ᠤᠬᠠᠮᠰᠠᠷ︾ ᠢ ᠤᠯᠠᠮ ᠨᠢᠭᠡ ᠠᠯᠬᠤᠮ ᠴᠢᠩᠭᠠᠳᠬᠠᠨ᠂ ︽ᠳᠥᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠦᠨ᠎ᠡ᠃ ᠬᠡᠬᠦᠳᠡᠭ ᠴᠡᠭᠡᠵᠢᠨ ᠳᠡᠭᠡᠨ ᠢᠮᠠᠭᠲᠠ ︽ᠬᠤᠶᠠᠷ ᠶᠡᠭᠡ ᠲᠠᠯ᠎ᠠ︾ ᠶᠢ ᠪᠠᠭᠲᠠᠭᠠᠵᠤ᠂ ︽ᠤᠯᠤᠰ ᠤᠨ ᠶᠡᠭᠡ ᠲᠠᠯ᠎ᠠ︾ ᠲᠠᠢ ᠰᠡᠳᠬᠢᠯ ᠵᠢᠷᠦᠬᠡ ᠪᠠᠨ ᠬᠤᠯᠪᠣᠵᠤ᠂ ᠤᠬᠠᠮᠰᠠᠷ ᠠᠴᠠ ᠪᠠᠨ ᠪᠦᠬᠦ ᠲᠠᠯ᠎ᠠ ᠶᠢᠨ ᠳᠤᠮᠳᠠ ᠰᠡᠳᠬᠢᠵᠦ᠂ ᠶᠡᠭᠡ ᠲᠠᠯ᠎ᠠ ᠶᠢᠨ ᠳᠣᠣᠷ᠎ᠠ ᠠᠵᠢᠯᠯᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠬᠤᠳᠠ ᠶᠢᠨ ᠨᠠᠮ ᠤᠨ ᠬᠤᠷᠢᠶᠠᠨ ᠤ ᠡᠯ᠎ᠡ ᠵᠦᠢᠯ ᠤᠨ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠭᠤᠶᠢᠪᠢᠰᠢ ᠦᠭᠡᠢ ᠠᠬᠢᠭᠤᠯᠤᠨ᠎ᠠ᠃       ᠬᠠᠤᠯᠢ ᠶᠣᠰᠣᠭᠠᠷ ᠵᠠᠰᠠᠭ ᠶᠠᠪᠤᠭᠤᠯᠬᠤ ᠳᠤ ᠵᠢᠷᠤᠮᠵᠢᠯ ᠢ ᠴᠢᠬᠤᠯᠠᠴᠢᠯᠠᠬᠤ ᠶᠢ ᠪᠠᠷᠢᠮᠲᠠᠯᠠᠨ᠎ᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ︽ᠴᠢᠬᠤᠯᠠ ᠶᠡᠭᠡ ᠵᠦᠢᠯᠡᠰ ᠤᠨ ᠲᠤᠬᠠᠶ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠴᠢᠬᠤᠯᠠ ᠺᠠᠳ᠋ᠷ ᠢ ᠲᠣᠮᠢᠯᠠᠬᠤ ᠪᠠᠭᠤᠯᠭᠠᠬᠤ᠂ ᠴᠢᠬᠤᠯᠠ ᠶᠡᠭᠡ ᠲᠦᠷᠦᠯ ᠵᠦᠢᠯ ᠤᠨ ᠪᠡᠯᠡ ᠣᠷᠣᠭᠤᠯᠤᠯᠲᠠ ᠶᠢᠨ ᠲᠤᠬᠠᠶ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠶᠡᠭᠡ ᠲᠣᠭᠠᠨ ᠤ ᠪᠡᠯᠡ ᠮᠥᠩᠭᠦ ᠶᠢᠨ ᠬᠡᠷᠡᠭᠯᠡᠯᠲᠡ︾ ᠶᠢ ᠠᠷᠠᠳᠴᠢᠯᠠᠯ ᠢᠶᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠣᠭᠲᠠᠴᠠ ᠶᠢ ᠴᠢᠩᠭ᠎ᠠ ᠬᠡᠷᠡᠭᠵᠢᠭᠦᠯᠵᠦ᠂ ᠵᠠᠰᠠᠭ ᠤᠨ ᠣᠷᠳᠣᠨ ᠤ ᠠᠵᠢᠯ ᠢ ᠬᠠᠤᠯᠢ ᠪᠠᠷ ᠵᠠᠰᠠᠬᠤ ᠵᠠᠮ ᠳᠤ ᠪᠦᠬᠦ ᠲᠠᠯ᠎ᠠ ᠪᠠᠷ ᠣᠷᠣᠭᠤᠯᠤᠨ᠎ᠠ᠃ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠢᠨᠠᠨ ᠪᠤᠳᠤᠬᠤ ᠬᠢᠨᠠᠯᠲᠠ ᠶᠢ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠳᠤᠷᠠᠳᠤᠯᠭ᠎ᠠ ᠶᠢ ᠴᠢᠨᠠᠷ ᠰᠠᠶᠢᠲᠠᠢ ᠪᠡᠶᠡᠯᠡᠭᠦᠯᠦᠨ᠎ᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠢᠳᠡᠪᠬᠢᠲᠡᠶ ᠪᠠᠷ ᠠᠬᠢᠭᠤᠯᠵᠤ᠂ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ ᠬᠢᠨᠠᠮᠠᠭᠠᠶ ᠰᠣᠨᠣᠰᠴᠤ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠰᠠᠨᠠᠭᠠᠴᠢᠯᠠᠭ᠎ᠠ ᠠᠴᠠ ᠪᠠᠨ ᠴᠠᠭ ᠲᠤᠬᠠᠶ ᠳᠤᠨᠢ ᠬᠠᠷᠢᠭᠤᠯᠲᠠ ᠥᠭᠴᠦ᠂ ᠡᠷᠬᠡ ᠶᠢ ᠢᠯᠡ ᠲᠣᠳᠣ ᠠᠵᠢᠯᠯᠠᠭᠤᠯᠤᠨ᠎ᠠ᠃       ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠵᠤ ᠨᠠᠶᠢᠳᠠᠪᠤᠷᠢᠵᠢᠭᠤᠯᠬᠤ ᠶᠢ ᠠᠳᠬᠤᠬᠤ ᠶᠢ ᠪᠠᠷᠢᠮᠲᠠᠯᠠᠨ᠎ᠠ᠃ ᠰᠢᠮᠳᠠᠨ ᠰᠤᠷᠤᠯᠴᠠᠵᠤ ᠴᠢᠳᠠᠮᠠᠭᠠᠶ ᠪᠠᠷ ᠰᠡᠳᠬᠢᠬᠦ ᠰᠤᠷᠲᠠᠯ ᠢ ᠶᠡᠬᠡᠪᠡᠷ ᠪᠠᠳᠠᠷᠠᠭᠤᠯᠵᠤ᠂ ᠮᠡᠳᠡᠯᠭᠡ ᠪᠠ ᠦᠵᠡᠯᠲᠡ ᠶᠢᠨ ᠰᠢᠨᠡᠴᠢᠯᠡᠯᠲᠡ ᠶᠢ ᠲᠦᠷᠭᠡᠳᠬᠡᠨ᠂ ᠪᠤᠳᠤᠯᠢᠶᠠᠨᠲᠠᠶ ᠪᠠᠶᠢᠳᠠᠯ ᠢ ᠠᠷᠭᠠᠴᠠᠭᠠᠬᠤ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠨᠠᠶᠢᠳᠠᠪᠤᠷᠢᠵᠢᠭᠤᠯᠤᠯᠲᠠ ᠶᠢ ᠪᠦᠲᠦᠭᠡᠯᠴᠢ ᠪᠠᠷ ᠠᠳᠬᠤᠬᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠪᠠᠶᠢᠴᠠᠭᠠᠨ ᠰᠤᠳᠤᠯᠤᠯᠲᠠ ᠬᠢᠬᠦ ᠶᠢ ᠴᠢᠬᠤᠯᠠᠴᠢᠯᠠᠵᠤ᠂ ᠬᠠᠷᠠᠯᠲᠠ ᠪᠠᠷ ᠬᠢᠨᠠᠨ ᠰᠢᠯᠭᠠᠬᠤ᠂ ᠱᠠᠯᠠᠪᠳᠠᠭᠤᠯᠤᠨ ᠪᠠᠶᠢᠴᠠᠭᠠᠵᠤ ᠱᠠᠯᠠᠪᠳᠠᠭᠤᠯᠤᠨ ᠭᠦᠢᠴᠡᠳᠬᠡᠬᠦ᠂ ᠮᠥᠷᠳᠡᠨ ᠦᠷ᠎ᠡ ᠪᠦᠲᠦᠮᠵᠢ ᠶᠢ ᠠᠰᠠᠭᠤᠬᠤ ᠶᠢ ᠴᠢᠩᠭᠠᠷᠠᠭᠤᠯᠤᠨ᠂ ᠠᠰᠠᠭᠤᠳᠠᠯ ᠢ ᠰᠢᠢᠳᠪᠦᠷᠢᠯᠡᠬᠦ᠂ ᠬᠥᠭᠵᠢᠯᠲᠡ ᠶᠢ ᠠᠬᠢᠭᠤᠯᠬᠤ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠦᠵᠡᠯ ᠰᠠᠨᠠᠭ᠎ᠠ ᠪᠠᠨ ᠴᠢᠯᠥᠭᠡᠯᠡᠵᠦ᠂ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠵᠤ᠂ ︽ᠬᠠᠳᠠᠭᠠᠰᠤᠨ︾ ᠤ ᠵᠣᠷᠢᠭ ᠰᠠᠨᠠᠭ᠎ᠠ ᠪᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠨᠡᠩ ᠤᠯᠠᠨ ᠠᠵᠢᠯ ᠢ ᠪᠦᠬᠦ ᠣᠷᠣᠨ ᠪᠦᠬᠦ ᠤᠯᠤᠰ ᠤᠨ ᠲᠡᠷᠢᠭᠦᠨ ᠤ ᠡᠩᠨᠡᠭᠡᠨ ᠳᠤ ᠣᠷᠣᠭᠤᠯᠬᠤ ᠪᠠᠷ ᠴᠢᠷᠮᠠᠶᠢᠨ᠎ᠠ᠃        ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠪᠠᠷᠢᠮᠲᠠᠯᠠᠵᠤ ᠲᠦᠷᠢ ᠲᠥᠷᠬᠦ ᠶᠢ ᠪᠤᠢ ᠪᠣᠯᠭᠠᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠴᠢᠬᠤᠯᠠ ᠶᠡᠭᠡ ᠢᠨᠵᠧᠨᠧᠷᠢᠩ᠂ ᠭᠤᠣᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠠᠵᠢᠯ ᠤᠨ ᠪᠠᠶᠢᠷᠢ ᠶᠢ ᠴᠢᠩᠭ᠎ᠠ ᠠᠩᠬᠠᠷᠴᠤ᠂ ᠵᠠᠰᠠᠭ ᠵᠠᠬᠢᠷᠭᠠᠨ ᠤ ᠡᠷᠬᠡ ᠶᠢ ᠬᠢᠵᠠᠭᠠᠷᠯᠠᠬᠤ ᠪᠠ ᠲᠡᠭᠦᠨ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠶ ᠶᠢ ᠪᠤᠢ ᠪᠣᠯᠭᠠᠨ᠎ᠠ᠃ ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠴᠢᠩᠭ᠎ᠠ︾ ᠶᠢᠨ ᠭᠤᠣᠯ ᠬᠦᠭ ᠠᠶᠠᠰ ᠢ ᠢᠮᠠᠭᠲᠠ ᠭᠤᠶᠢᠪᠢᠰᠢ ᠦᠭᠡᠢ ᠪᠠᠷᠢᠮᠲᠠᠯᠠᠵᠤ᠂ ︽ᠲᠦᠷᠪᠡᠨ ᠰᠤᠷᠲᠠᠯ︾ ᠤᠨ ᠠᠷᠬᠠᠭ ᠭᠡᠮ ᠢ ᠴᠥᠬᠦᠷᠡᠰᠢ ᠦᠭᠡᠢ ᠴᠡᠭᠴᠡᠯᠡᠨ ᠵᠠᠰᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠠᠷᠢᠯᠭᠠᠵᠤ᠂ ᠠᠷᠢᠭᠤᠨ ᠴᠢᠬᠡᠴᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠠᠲᠠᠭᠤ ᠪᠤᠰᠤ ᠴᠢᠨᠠᠷᠲᠠᠶ ᠵᠠᠷᠤᠯᠭ᠎ᠠ ᠶᠢ ᠪᠠᠭᠠᠰᠬᠠᠨ᠂ ᠵᠠᠰᠠᠭ ᠤᠨ ᠣᠷᠳᠣᠨ ᠤ ︽ᠭᠠᠮᠨᠠᠨ ᠠᠷᠪᠢᠯᠠᠬᠤ︾ ᠪᠠᠷ ᠠᠷᠠᠳ ᠢᠷᠭᠡᠳ ᠤᠨ ︽ᠰᠠᠶᠢᠨ ᠠᠮᠢᠳᠤᠷᠠᠯ︾ ᠢ ᠰᠣᠯᠢᠨ᠎ᠠ᠃        ᠲᠥᠯᠥᠭᠡᠯᠡᠭᠴᠢᠳ ᠡ᠂ ᠡᠨᠡ ᠵᠢᠯ ᠪᠢᠳᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ︽ᠣᠯᠠᠨ ᠲᠦᠮᠡᠨ ᠳᠤᠷᠠᠳᠴᠤ᠂ ᠲᠥᠯᠥᠭᠡᠯᠡᠭᠴᠢ ᠲᠣᠭᠲᠠᠭᠠᠵᠤ᠂ ᠵᠠᠰᠠᠭ ᠤᠨ ᠣᠷᠳᠣᠨ ᠭᠦᠢᠴᠡᠳᠬᠡᠬᠦ︾ ᠣᠶᠢᠯᠠᠭᠠᠭᠳᠠᠬᠤᠨ ᠶᠣᠰᠣᠭᠠᠷ᠂ ᠥᠷᠭᠡᠨ ᠢᠶᠠᠷ ᠡᠯᠰᠡᠨ ᠴᠤᠭᠯᠠᠭᠤᠯᠬᠤ ᠪᠠ ᠭᠦᠢᠴᠡᠳ ᠶᠠᠷᠢᠯᠴᠠᠬᠤ ᠪᠠᠷ ᠳᠡᠮᠵᠢᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠰᠡᠳ ᠤᠨ 6 ᠲᠥᠷᠥᠯ ᠵᠦᠢᠯ ᠢ ᠡᠮᠬᠢᠯᠡᠨ ᠳᠢᠭᠯᠡᠵᠦ ᠪᠣᠶ ᠪᠣᠯᠭᠠᠵᠤ᠂ ᠲᠥᠯᠥᠭᠡᠯᠡᠭᠴᠢᠳ ᠲᠤ ᠪᠢᠯᠧᠲ ᠥᠭᠴᠦ ᠰᠢᠢᠳᠪᠦᠷᠢᠯᠡᠭᠦᠯᠬᠦ ᠪᠠᠷ ᠳᠡᠪᠰᠢᠭᠦᠯᠦᠨ᠎ᠡ᠃ ᠪᠢᠳᠡ ᠪᠢᠯᠧᠲ ᠢᠶᠠᠷ ᠲᠠᠰᠤᠯᠤᠭᠰᠠᠨ ᠦᠷ᠎ᠡ ᠳ᠋ᠦᠩ ᠢ ᠦᠨᠳᠦᠰᠦᠯᠡᠨ᠂ ᠬᠠᠷᠠᠯᠲᠠ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠠᠢ ᠶᠠᠪᠤᠳᠠᠯ ᠢ ᠪᠣᠳᠠᠲᠠᠢ ᠪᠠᠷ ᠬᠢᠨ᠎ᠠ᠃        ᠲᠥᠯᠥᠭᠡᠯᠡᠭᠴᠢᠳ ᠡ᠂ ᠬᠠᠷᠠᠯᠲᠠ ᠬᠥᠮᠦᠰ ᠢ ᠤᠷᠮᠠᠰᠢᠭᠤᠯᠤᠨ ᠤᠷᠤᠭᠰᠢᠯᠠᠭᠤᠯᠵᠤ᠂ ᠬᠥᠭᠵᠢᠭᠦᠯᠬᠦ ᠳᠤ ᠴᠥᠮ ᠪᠣᠳᠠᠲᠠᠶ ᠠᠵᠢᠯᠯᠠᠬᠤ ᠳᠤ ᠲᠦᠰᠢᠭᠯᠡᠨ᠎ᠡ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠳᠣᠣᠷ᠎ᠠ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠴᠢᠩᠭ᠎ᠠ ᠲᠦᠰᠢᠭᠯᠡᠨ᠂ ᠨᠡᠩ ᠴᠤᠭ ᠪᠠᠳᠠᠷᠠᠩᠭᠤᠶ ᠲᠡᠮᠡᠴᠡᠯ ᠤᠨ ᠵᠣᠷᠢᠭ᠂ ᠨᠡᠩ ᠪᠣᠳᠠᠲᠠᠶ ᠶᠢ ᠡᠷᠬᠢᠮᠯᠡᠬᠦ ᠰᠤᠷᠲᠠᠯ ᠢᠶᠠᠷ ᠡᠷᠡᠰ ᠰᠢᠭᠤᠷᠬᠠᠶ ᠪᠠᠷ ᠤᠷᠤᠭᠰᠢᠯᠠᠨ ᠲᠠᠪᠰᠢᠵᠤ᠂ ᠵᠠᠮ ᠨᠡᠭᠡᠭᠡᠨ ᠰᠢᠨ᠎ᠡ ᠶᠢ ᠡᠭᠦᠳᠴᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠪᠠᠷ ᠬᠤᠷᠠᠯᠳᠤᠬᠤ ᠶᠢ ᠤᠭᠲᠤᠵᠠᠭᠠᠶ᠎ᠠ
 
ᠢᠷᠡᠯᠲᠡ᠄ ᠤᠯᠠᠭᠠᠨᠬᠤᠲᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号