| | ᠤᠯᠠᠭᠠᠨᠬᠤᠲᠠ ᠶᠢᠨ ᠬᠦᠴᠢᠷᠳᠡᠯ ᠲᠠᠢ ᠬᠡᠦᠬᠡᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠬᠢᠷᠢ | ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ | ᠠᠮᠢᠳᠤᠷᠠᠯ ᠤᠨ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠰᠡᠳᠬᠢᠭᠳᠡᠯ ᠢ ᠲᠠᠰᠤᠷᠠᠯᠲᠠ ᠦᠭᠡᠶ | ᠨᠡᠮᠡᠭᠳᠡᠭᠦᠯᠬᠦ ᠶᠢᠨ ᠲᠥᠯᠥᠭᠡ᠂ ᠬᠢᠩᠭᠠᠨ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ | ᠲᠣᠪᠴᠢᠶᠠᠨ ᠤ ︽ᠬᠢᠩᠭᠠᠨ ᠠᠶᠢᠮᠠᠭ ᠤᠨ ᠥᠨᠥᠴᠢᠨ ᠬᠡᠤᠬᠡᠳ ᠵᠢᠴᠢ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ | ᠬᠡᠤᠬᠡᠳ ᠤᠨ ᠠᠮᠢᠳᠤᠷᠠᠯ ᠤᠨ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠲᠤᠬᠠᠶ ᠮᠡᠳᠡᠭᠳᠡᠯ︾ ︵ᠬᠢᠩᠭᠠᠨ | ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶᠠᠨ ᠠᠴᠠ ᠲᠠᠷᠬᠠᠭᠠᠭᠰᠠᠨ ︹ 2021 ︺ 91 ᠳ᠋ᠦ᠋ᠭᠡᠷ | ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠵᠤ᠂ ᠤᠯᠠᠭᠠᠨᠬᠤᠲᠠ 2022 ᠣᠨ ᠤ | ᠪᠥᠬᠦ ᠬᠤᠲᠠ ᠶᠢᠨ ᠥᠨᠥᠴᠢᠨ ᠬᠡᠤᠬᠡᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠮᠥᠩᠭᠦ ᠪᠠ ᠪᠣᠳᠠᠲᠠᠶ | ᠠᠰᠠᠷᠠᠨ ᠲᠡᠵᠢᠭᠡᠬᠦ ᠬᠥᠮᠦᠨ ᠥᠬᠡᠶ ᠬᠡᠤᠬᠡᠳ ᠤᠨ ᠦᠨᠳᠦᠰᠦᠨ ᠠᠮᠢᠳᠤᠷᠠᠯ ᠤᠨ ᠨᠥᠬᠦᠪᠥᠷᠢ ᠶᠢᠨ ᠪᠠᠷᠢᠮᠵᠢᠶ᠎ᠠ ᠶᠢ | ᠳᠠᠬᠢᠨᠲᠠ ᠳᠡᠭᠡᠭᠰᠢᠯᠡᠭᠦᠯᠪᠡ᠃ | 2022 ᠣᠨ ᠤ 1 ᠰᠠᠷ᠎ᠠ ᠠᠴᠠ ᠡᠬᠢᠯᠡᠨ᠂ ᠤᠯᠠᠭᠠᠨᠬᠤᠲᠠ ᠶᠢᠨ ᠥᠨᠥᠴᠢᠨ ᠬᠡᠤᠬᠡᠳ ᠤᠨ ᠦᠨᠳᠦᠰᠦᠨ | ᠠᠮᠢᠳᠤᠷᠠᠯ ᠤᠨ ᠪᠠᠲᠤᠯᠠᠭ᠎ᠠ ᠶᠢᠨ ᠮᠥᠩᠭᠦ ᠪᠣᠯᠤᠨ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠤᠬᠡᠳ ᠤᠨ | ᠦᠨᠳᠦᠰᠦᠨ ᠠᠮᠢᠳᠤᠷᠠᠯ ᠤᠨ ᠨᠥᠬᠦᠪᠥᠷᠢ ᠶᠢ ᠰᠠᠷ᠎ᠠ ᠳᠤ ᠬᠥᠮᠦᠨ ᠪᠦᠷᠢ 1439 ᠲᠥᠭᠦᠷᠢᠭ ᠪᠠᠶᠢᠭᠰᠠᠨ ᠠᠴᠠ | ᠰᠠᠷ᠎ᠠ ᠳᠤ ᠬᠥᠮᠦᠨ ᠪᠦᠷᠢ 1760 ᠲᠥᠭᠦᠷᠢᠭ ᠪᠣᠯᠭᠠᠨ ᠦᠰᠬᠡᠵᠦ᠂ ᠣᠯᠭᠤᠬᠤ ᠴᠠᠭ ᠢ ᠤᠯᠠᠷᠢᠯ ᠢᠶᠠᠷ ᠣᠯᠭᠤᠵᠤ | ᠪᠠᠶᠢᠭᠰᠠᠨ ᠠᠴᠠ ᠰᠠᠷ᠎ᠠ ᠪᠠᠷ ᠣᠯᠭᠤᠬᠤ ᠪᠣᠯᠭᠠᠨ ᠥᠭᠡᠷᠡᠴᠢᠯᠡᠪᠡ᠃ | ︽ᠰᠠᠷ᠎ᠠ ᠪᠠᠷ ᠤᠯᠭᠤᠬᠤ ᠪᠠᠷᠢᠮᠵᠢᠶ᠎ᠠ ᠶᠢ ᠳᠡᠭᠡᠭᠰᠢᠯᠡᠭᠦᠯᠦᠨ ᠲᠠᠷᠬᠠᠭᠠᠭᠰᠠᠨ ᠤ ᠳᠠᠷᠠᠭ᠎ᠠ᠂ ᠥᠨᠥᠴᠢᠨ | ᠬᠡᠦᠬᠡᠳ ᠪᠣᠯᠤᠨ ᠪᠣᠳᠠᠲᠠᠶ ᠠᠰᠠᠷᠠᠨ ᠲᠡᠵᠢᠭᠡᠬᠦ ᠬᠥᠮᠦᠨ ᠦᠭᠡᠶ ᠬᠡᠦᠬᠡᠳ ᠤᠨ ᠠᠮᠢᠳᠤᠷᠠᠯ ᠢ ᠨᠡᠩ ᠪᠠᠲᠤᠯᠠᠭ᠎ᠠ ᠲᠠᠢ | ᠪᠣᠯᠭᠠᠵᠤ᠂ ᠣᠳᠣ ᠪᠣᠯᠲᠠᠯ᠎ᠠ ᠤᠯᠠᠭᠠᠨᠬᠤᠲᠠ ᠥᠨᠥᠴᠢᠨ ᠬᠡᠦᠬᠡᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ | ᠮᠥᠩᠭᠦ ᠶᠢ 63360 ᠲᠥᠭᠦᠷᠢᠭ ᠂ ᠪᠣᠳᠠᠲᠠᠶ ᠠᠰᠠᠷᠠᠨ ᠲᠡᠵᠢᠭᠡᠬᠦ ᠬᠥᠮᠦᠨ ᠦᠭᠡᠶ ᠬᠡᠦᠬᠡᠳ ᠤᠨ ᠦᠨᠳᠦᠰᠦᠨ | ᠠᠮᠢᠳᠤᠷᠠᠯ ᠤᠨ ᠨᠥᠬᠦᠪᠥᠷᠢ ᠮᠥᠩᠭᠦ ᠶᠢ 72140.16 ᠲᠥᠭᠦᠷᠢᠭ ᠲᠤᠰ ᠲᠤᠰ ᠲᠠᠷᠬᠠᠭᠠᠵᠠᠢ︾ ᠬᠡᠵᠦ | ᠤᠯᠠᠭᠠᠨᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠠᠷᠢᠭᠤᠴᠠᠯᠭᠠᠲᠠᠨ ᠠᠴᠠ ᠢᠯᠡᠷᠬᠡᠶᠢᠯᠡᠬᠦ ᠶᠢᠨ | ᠬᠠᠮᠳᠤ᠂ ᠬᠤᠶᠢᠰᠢᠳᠠ ᠪᠥᠬᠦ ᠬᠤᠲᠠ ᠶᠢᠨ ᠥᠨᠥᠴᠢᠨ ᠬᠡᠤᠬᠡᠳ ᠪᠠ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ | ᠬᠡᠤᠬᠡᠳ ᠤᠨ ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠠᠵᠢᠯ ᠢ ᠬᠢᠨᠠᠮᠠᠭᠠᠶ ᠰᠠᠶᠢᠲᠤᠷ ᠬᠢᠵᠦ᠂ ᠨᠥᠬᠦᠪᠥᠷᠢ ᠶᠢᠨ | ᠪᠠᠯᠠ ᠮᠥᠩᠭᠦ ᠶᠢ ᠥᠨᠥᠴᠢᠨ ᠬᠡᠤᠬᠡᠳ ᠪᠠ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠤᠬᠡᠳ ᠨᠢᠭᠡᠪᠦᠷᠢ ᠳᠤ | ᠲᠤᠭ᠎ᠠ ᠶᠣᠰᠣᠭᠠᠷ ᠨᠢ ᠴᠠᠭ ᠲᠤᠬᠠᠶ ᠳᠤᠨᠢ ᠣᠯᠭᠤᠬᠤ ᠶᠢ ᠦᠨᠡᠨ ᠬᠦ ᠪᠠᠲᠤᠯᠠᠨ᠎ᠠ ᠬᠡᠵᠡᠢ᠃ |