ᠬᠠᠷ᠎ᠠ ᠨᠠᠷᠠᠰᠤᠨ ᠤ ᠴᠢᠬᠢ ᠪᠤᠶᠢᠵᠢᠭᠤᠯᠬᠤ ᠠᠷᠭ᠎ᠠ
ᠨᠡᠶᠢᠲᠡᠯᠡᠭᠰᠡᠨ ᠴᠠᠭ᠄
2022/4/14
       ᠬᠠᠷ᠎ᠠ ᠨᠠᠷᠠᠰᠤ ᠶᠢ ᠳᠡᠭᠰᠢ ᠭᠠᠵᠠᠷ ᠤᠨ ᠲᠤᠭᠳᠠᠭᠰᠠᠨ ᠴᠢᠬᠢ ᠮᠤᠳᠤᠨ ᠤ ᠬᠦᠷᠢᠶᠡᠯᠡᠩ ᠳᠤ ᠴᠢᠬᠢ ᠪᠤᠶᠢᠵᠢᠭᠤᠯᠬᠤ ᠪᠤᠶᠤ ᠠᠭᠤᠯᠠᠨ ᠭᠠᠵᠠᠷ ᠤᠨ ᠲᠦᠷ ᠴᠠᠭ ᠤᠨ ᠴᠢᠬᠢ ᠮᠤᠳᠤᠨ ᠤ ᠬᠦᠷᠢᠶᠡᠯᠡᠩ ᠳᠤ ᠴᠢᠬᠢ ᠪᠤᠶᠢᠵᠢᠭᠤᠯᠳᠠᠭ᠂ ᠤᠷᠴᠢᠮ ᠤᠨ ᠵᠢᠯ ᠳᠤ ᠵᠠᠷᠢᠮ ᠭᠠᠵᠠᠷ ᠤᠨ ᠬᠢᠨ ᠪᠠᠰᠠ ᠰᠠᠪᠠᠨ ᠳᠤᠳᠤᠷ᠎ᠠ ᠴᠢᠬᠢ ᠪᠤᠶᠢᠵᠢᠭᠤᠯᠵᠤ ᠪᠤᠢ᠃        1. ᠳᠡᠭᠰᠢ ᠭᠠᠵᠠᠷ ᠤᠨ ᠴᠢᠬᠢ ᠮᠤᠳᠤᠨ ᠤ ᠬᠦᠷᠢᠶᠡᠯᠡᠩ ᠳᠤ ᠴᠢᠬᠢ ᠪᠤᠶᠢᠵᠢᠭᠤᠯᠬᠤ᠄ ᠴᠢᠬᠢ ᠮᠤᠳᠤ ᠪᠤᠶᠢᠵᠢᠭᠤᠯᠬᠤ ᠳᠤ ᠤᠰᠤ ᠳᠠᠳᠠᠷᠠᠭᠤᠯᠬᠤ ᠨᠦᠬᠦᠴᠡᠯ ᠲᠠᠢ᠂ ᠤᠰᠤᠯᠠᠬᠤ ᠳᠤ ᠲᠦᠭᠦᠮ᠂ ᠬᠦᠨ ᠵᠤᠵᠠᠭᠠᠨ ᠬᠦᠷᠦᠰᠦᠨ ᠲᠠᠪᠬᠤᠷᠭ᠎ᠠ ᠪᠦᠬᠦᠢ ᠡᠯᠡᠰᠤᠷᠬᠡᠭ ᠭᠠᠵᠠᠷ ᠪᠤᠶᠤ ᠪᠦᠳᠦᠭᠦᠪᠳᠦᠷ ᠰᠡᠪᠰᠡᠭᠡᠷ ᠵᠦᠭᠡᠯᠡᠨ ᠰᠢᠷᠤᠢ ᠲᠠᠢ ᠭᠠᠵᠠᠷ ᠢ ᠰᠤᠩᠭᠤᠪᠠᠯ ᠰᠠᠶᠢᠨ᠃        ᠬᠠᠷ᠎ᠠ ᠨᠠᠷᠠᠰᠤᠨ ᠤ ᠴᠢᠬᠢ ᠮᠤᠳᠤ ᠶᠢ ᠵᠢᠯ ᠳᠠᠷᠠᠭᠠᠯᠠᠵᠤ ᠨᠢᠭᠡ ᠭᠠᠵᠠᠷ ᠲᠠᠷᠢᠬᠤ ᠠᠷᠭ᠎ᠠ ᠨᠡᠯᠢᠶᠡᠳ ᠪᠦᠳᠦᠮᠵᠢᠳᠡᠢ ᠶᠤᠮ᠃ ᠴᠢᠬᠢ ᠮᠤᠳᠤ ᠢᠳᠡᠷᠡᠭᠦᠨ ᠲᠤᠷᠪᠢᠯᠢᠭ ᠤᠷᠭᠤᠬᠤ ᠪᠠᠷ ᠦᠯᠦ ᠪᠠᠷᠠᠨ ᠬᠡᠮᠳᠦᠯ ᠢ ᠡᠰᠡᠷᠭᠦᠴᠡᠬᠦ ᠴᠢᠳᠠᠯ ᠨᠢ ᠴᠦ ᠨᠡᠮᠡᠭᠳᠡᠳᠡᠭ᠃ ᠴᠢᠬᠢ ᠪᠤᠶᠢᠵᠢᠭᠤᠯᠬᠤ ᠭᠠᠵᠠᠷ ᠢ ᠭᠦᠨ ᠤᠷᠪᠠᠭᠤᠯᠵᠤ ᠳᠡᠭᠰᠢᠯᠡᠭᠡᠳ ᠬᠠᠷ᠎ᠠ ᠪᠤᠷᠳᠤᠭᠤᠷ ᠵᠡᠷᠭᠡ ᠤᠷᠭᠠᠨᠢᠭ ᠪᠤᠷᠳᠤᠭᠤᠷ ᠢᠶᠠᠷ ᠭᠤᠤᠯᠯᠠᠵᠤ ᠵᠤᠬᠢᠬᠤ ᠬᠡᠮᠵᠢᠶᠡᠨ ᠤ ᠬᠡᠳᠦ ᠹᠤᠰᠹᠤᠷ ᠬᠦᠴᠢᠯ ᠤᠨ ᠺᠠᠯᠢ ᠬᠤᠯᠢᠭᠰᠠᠨ ᠪᠤᠷᠳᠤᠭᠤᠷ ᠤᠷᠤᠭᠤᠯᠤᠨ᠎ᠠ᠃ ᠬᠠᠷ᠎ᠠ ᠨᠠᠷᠠᠰᠤᠨ ᠤ ᠴᠢᠬᠢ ᠮᠤᠳᠤ ᠶᠢ ᠬᠠᠪᠤᠷ ᠨᠠᠮᠤᠷ ᠪᠦᠷ ᠲᠠᠷᠢᠵᠤ ᠪᠤᠯᠤᠨ᠎ᠠ᠂ ᠶᠠᠷᠤ ᠳᠤ ᠪᠠᠨ ᠬᠠᠪᠤᠷ ᠲᠠᠷᠢᠬᠤ ᠨᠢ ᠰᠠᠶᠢᠨ ᠪᠦᠭᠡᠳ ᠴᠠᠭ ᠤᠨ ᠲᠠᠯ᠎ᠠ ᠪᠠᠷ ᠡᠷᠳᠡ ᠲᠠᠷᠢᠬᠤ  ᠠᠴᠠ ᠪᠢᠰᠢ ᠤᠷᠤᠢ ᠲᠠᠷᠢᠵᠤ ᠪᠤᠯᠬᠤ ᠦᠭᠡᠢ᠃        2.  ᠠᠭᠤᠯᠠᠨ ᠭᠠᠵᠠᠷ ᠴᠢᠬᠢ ᠪᠤᠶᠢᠵᠢᠭᠤᠯᠬᠤ᠄ ᠬᠠᠷ᠎ᠠ ᠨᠠᠷᠠᠰᠤᠨ ᠤ ᠴᠢᠬᠢ ᠮᠤᠳᠤ ᠶᠢ ᠠᠭᠤᠯᠠᠨ ᠭᠠᠵᠠᠷ ᠪᠤᠶᠢᠵᠢᠭᠤᠯᠪᠠᠯ ᠲᠠᠷᠢᠬᠤ ᠭᠠᠵᠠᠷ ᠠᠴᠠ ᠤᠶᠢᠷᠠᠯᠴᠠᠭ᠎ᠠ᠂ ᠴᠢᠬᠢ ᠮᠤᠳᠤ ᠶᠢ ᠰᠢᠷᠤᠢ ᠲᠠᠢ ᠨᠢ ᠠᠪᠴᠤ ᠪᠤᠯᠬᠤ᠂ ᠵᠦᠭᠡᠭᠡᠪᠤᠷᠢᠯᠡᠬᠦ ᠳᠤ ᠦᠨᠳᠦᠰᠦ ᠨᠢ ᠭᠡᠮᠳᠦᠬᠦ ᠦᠭᠡᠢ᠂ ᠴᠢᠬᠢ ᠮᠤᠳᠤᠨ ᠤ ᠬᠦᠷᠢᠶᠡᠯᠡᠩ ᠤᠨ ᠭᠠᠵᠠᠷ ᠪᠠ ᠬᠠᠮᠢᠶᠠᠷᠤᠯᠳᠠ ᠶᠢᠨ ᠵᠠᠷᠤᠳᠠᠯ ᠰᠦᠢᠳᠭᠡᠯ ᠢ ᠠᠷᠪᠢᠯᠠᠵᠤ ᠪᠤᠯᠬᠤ ᠵᠡᠷᠭᠡ ᠠᠯᠢ ᠤᠯᠠᠨ ᠰᠠᠶᠢᠨ ᠲᠠᠯ᠎ᠠ ᠲᠠᠢ ᠪᠠᠶᠢᠳᠠᠭ᠃        ᠠᠭᠤᠯᠠᠨ ᠭᠠᠵᠠᠷ ᠴᠢᠬᠢ ᠪᠤᠶᠢᠵᠢᠭᠤᠯᠬᠤ ᠳᠤ ᠬᠠᠮᠤᠭ ᠰᠠᠶᠢᠨ ᠨᠢ ᠲᠦᠷᠦᠭᠦᠦ ᠵᠢᠯ ᠤᠨ ᠬᠢᠨᠢ ᠪᠤᠷᠤᠭᠠᠨ ᠤ ᠤᠯᠠᠷᠢᠯ ᠳᠤ ᠡᠪᠡᠰᠦ ᠦᠷᠡᠯᠡᠬᠦ ᠠᠴᠠ ᠡᠮᠦᠨ᠎ᠡ ᠭᠦᠨ ᠤᠷᠪᠠᠭᠤᠯᠤᠨ᠂ ᠲᠤᠰ ᠵᠢᠯ ᠤᠨ ᠬᠢᠨᠢ ᠨᠠᠮᠤᠷ ᠤᠨ ᠰᠡᠭᠦᠯᠴᠢ  ᠪᠠᠷ ᠪᠤᠶᠤ ᠢᠷᠡᠬᠦ ᠬᠠᠪᠤᠷ ᠨᠢ ᠨᠠᠷᠠᠭᠳᠠᠵᠤ ᠳᠡᠭᠰᠢᠯᠡᠨ᠎ᠡ᠃        3.  ᠰᠠᠪᠠᠨ ᠳᠤ ᠴᠢᠬᠢ ᠪᠤᠶᠢᠵᠢᠭᠤᠯᠬᠤ᠄ ᠤᠷᠴᠢᠮ ᠤᠨ ᠵᠢᠯ ᠳᠤ ᠵᠠᠷᠢᠮ ᠭᠠᠵᠠᠷ ᠤᠨ ᠬᠢᠨ ᠰᠠᠪᠠᠨ ᠳᠤ ᠴᠢᠬᠢ ᠪᠤᠶᠢᠵᠢᠭᠤᠯᠬᠤ ᠠᠷᠭ᠎ᠠ ᠶᠢ ᠠᠪᠴᠤ ᠪᠤᠢ᠃ ᠭᠤᠤᠯ ᠨᠢ ᠨᠦᠮᠦᠷᠢ ᠭᠠᠵᠠᠷ᠂ ᠤᠰᠤ ᠲᠠᠢ ᠤᠶᠢᠷᠠᠯᠴᠠᠭ᠎ᠠ᠂ ᠵᠠᠶᠢᠯᠠᠬᠤ ᠭᠠᠵᠠᠷ ᠲᠠᠢ ᠪᠠᠨ ᠪᠠᠬᠢᠭᠤ ᠭᠠᠵᠠᠷ ᠢ ᠰᠤᠩᠭᠤᠵᠤ ᠴᠢᠬᠢ ᠪᠤᠶᠢᠵᠢᠭᠤᠯᠬᠤ ᠭᠠᠵᠠᠷ ᠪᠤᠯᠭᠠᠵᠤ ᠪᠤᠢ᠂ ᠪᠠᠭ᠎ᠠ ᠬᠡᠮᠵᠢᠶᠡᠨ ᠤ ᠴᠢᠬᠢ ᠪᠤᠶᠢᠵᠢᠭᠤᠯᠬᠤ ᠳᠤ ᠠᠶᠢᠯ ᠤᠨ ᠬᠦᠪᠡᠭᠡ ᠵᠠᠬ᠎ᠠ᠂ ᠭᠤᠤ ᠰᠤᠪᠠᠭ ᠤᠨ ᠬᠦᠪᠡᠭᠡ ᠵᠠᠪᠰᠠᠷ ᠪᠦᠷ ᠪᠤᠯᠤᠨ᠎ᠠ᠃        ᠭᠠᠵᠠᠷ ᠢᠶᠠᠨ ᠤᠷᠪᠠᠭᠤᠯᠤᠭᠰᠠᠨ ᠤ ᠳᠠᠷᠠᠭ᠎ᠠ ᠮᠤᠳᠤᠨ ᠦᠯᠢᠭᠡᠷ᠂ ᠲᠡᠮᠦᠷ ᠢᠯᠳᠡᠰᠦᠨ ᠦᠯᠢᠭᠡᠷ ᠵᠡᠷᠭᠡ ᠪᠠᠷ ᠪᠢᠴᠢᠬᠠᠨ ᠴᠤᠮᠤ ᠮᠠᠶ᠋ᠢᠭ ᠤᠨ ᠰᠠᠪᠠ ᠬᠢᠵᠤ᠂ ᠳᠡᠭᠡᠷ᠎ᠡ ᠨᠢ 2 ᠰᠡᠨᠲ᠋ᠢᠮᠧᠲᠷ ᠤᠨ ᠳ᠋ᠢᠶᠠᠮᠧᠲᠷ ᠲᠠᠢ ᠪᠢᠴᠢᠬᠠᠨ ᠠᠮᠠᠰᠠᠷ ᠦᠯᠡᠳᠡᠭᠡᠨ᠎ᠡ᠃ ᠴᠢᠬᠢ ᠮᠤᠳᠤᠨ ᠤ ᠤᠩᠭᠤᠴᠠᠨ ᠲᠤᠳᠤᠷ᠎ᠠ ᠪᠠᠨ 5 ᠰᠡᠨᠲ᠋ᠢᠮᠧᠲᠷ ᠬᠢᠷᠢ ᠵᠤᠵᠠᠭᠠᠨ ᠨᠠᠩᠭᠢ ᠰᠢᠷᠤᠢ ᠳᠡᠪᠢᠰᠴᠤ᠂ ᠳᠡᠭᠡᠷ᠎ᠡ ᠨᠢ ᠦᠩ ᠰᠢᠮᠡᠳᠦ ᠰᠢᠷᠤᠢ ᠪᠠᠷ ᠲᠦᠭᠦᠷᠭᠡᠭᠰᠡᠨ ᠪᠢᠴᠢᠬᠠᠨ ᠰᠠᠪᠠ ᠪᠠᠨ ᠵᠢᠭᠳᠡ ᠰᠠᠶᠢᠬᠠᠨ ᠵᠡᠷᠭᠡᠴᠡᠭᠦᠯᠦᠭᠡᠳ ᠰᠠᠪᠠ ᠪᠦᠷᠢ ᠳᠤ 7 —— 8 ᠦᠷ᠎ᠡ ᠲᠠᠷᠢᠨ᠎ᠠ᠃           ︵ᠲᠤᠰ ᠡᠬᠡ ᠪᠢᠴᠢᠭ ᠢ ︽ᠮᠠᠯᠴᠢᠨ ᠲᠠᠷᠢᠶᠠᠴᠢᠨ ᠤ ᠬᠡᠷᠡᠭᠯᠡᠭᠡᠨ ᠤ ᠮᠡᠷᠭᠡᠵᠢᠯ ᠴᠤᠪᠤᠷᠠᠯ ᠪᠢᠴᠢᠭ︾  ᠠᠴᠠ ᠠᠪᠤᠪᠠ︶  
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号