ᠲᠠᠷᠢᠶᠠᠨ ᠡᠮ ᠤᠨ ᠡᠮ ᠤᠨ ᠬᠦᠴᠦᠨ ᠪᠠ ᠰᠡᠷᠭᠡᠶᠢᠯᠡᠬᠦ ᠶᠢ ᠬᠡᠷᠭᠢᠨ ᠦᠨᠡᠯᠡᠬᠦ ᠪᠤᠢ
ᠨᠡᠶᠢᠲᠡᠯᠡᠭᠰᠡᠨ ᠴᠠᠭ᠄
2022/4/7
       ᠲᠠᠷᠢᠶᠠᠨ ᠡᠮ ᠤᠨ ᠡᠮ ᠤᠨ ᠬᠦᠴᠦᠨ ᠭᠡᠳᠡᠭ ᠨᠢ ᠲᠠᠷᠢᠶᠠᠨ ᠡᠮ ᠤᠨ ᠡᠪᠡᠳᠴᠢᠨ ᠬᠤᠷᠤᠬᠠᠢ ᠶᠢᠨ ᠬᠦᠨᠦᠭᠡᠯ ᠪᠤᠶᠤ ᠡᠯᠳᠡᠪ ᠡᠪᠡᠰᠦ ᠶᠢ ᠬᠤᠤᠷᠳᠠᠭᠤᠯᠤᠨ ᠠᠯᠠᠬᠤ ᠦᠷ᠎ᠡ ᠠᠰᠢᠭ ᠢ ᠬᠡᠯᠡᠨ᠎ᠡ᠃ ᠬᠤᠷᠤᠬᠠᠢ ᠠᠯᠠᠬᠤ ᠲᠠᠷᠢᠶᠠᠨ ᠡᠮ ᠤᠨ ᠡᠮ ᠤᠨ ᠬᠦᠴᠦᠨ ᠢ ᠲᠠᠷᠢᠶᠠᠨ ᠡᠮ ᠰᠦᠷᠴᠢᠭᠰᠡᠨ ᠤ ᠲᠠᠷᠠᠭ᠎ᠠ ᠬᠦᠨᠦᠭᠡᠯᠳᠦ ᠰᠢᠪᠡᠵᠢ ᠶᠢᠨ ᠦᠬᠦᠯᠳᠡ ᠶᠢᠨ ᠨᠤᠷᠮ᠎ᠠ᠂ ᠦᠬᠦᠬᠦ ᠬᠤᠷᠳᠤᠴᠠ ᠪᠠᠷ ᠢᠯᠡᠷᠬᠡᠶᠢᠯᠡᠨ᠎ᠡ᠃ ᠪᠠᠺᠲ᠋ᠧᠷᠢ ᠠᠯᠠᠬᠤ ᠲᠠᠷᠢᠶᠠᠨ ᠡᠮ ᠤᠨ ᠡᠮ  ᠤᠨ ᠬᠦᠴᠦᠨ ᠢ ᠡᠪᠡᠳᠴᠢᠨ ᠤ ᠪᠠᠶᠢᠳᠠᠯ ᠤᠨ ᠢᠯᠡᠳᠭᠡᠭᠴᠢ ᠶᠢᠨ ᠲᠤᠷᠤᠭᠰᠢᠯᠠᠬᠤ ᠵᠢᠴᠢ ᠬᠦᠨᠦᠭᠡᠭᠳᠡᠬᠦ ᠨᠤᠷᠮ᠎ᠠ ᠶᠢᠨ ᠲᠤᠷᠤᠭᠰᠢᠯᠠᠬᠤ ᠪᠠᠷ ᠢᠯᠡᠷᠭᠡᠶᠢᠯᠡᠨ᠎ᠡ᠃ ᠡᠪᠡᠰᠤ ᠠᠷᠢᠯᠭᠠᠭᠴᠢ ᠶᠢᠨ ᠡᠮ ᠤᠨ ᠬᠦᠴᠦᠨ ᠢ ᠲᠠᠷᠢᠶᠠᠨ ᠡᠮ ᠰᠦᠷᠴᠢᠭᠰᠡᠨ ᠤ ᠲᠠᠷᠠᠭ᠎ᠠ ᠡᠯᠳᠡᠪ ᠡᠪᠡᠰᠤᠨ ᠤ ᠦᠬᠦᠯᠳᠡ ᠶᠢᠨ ᠨᠤᠷᠮ᠎ᠠ ᠪᠠᠷ ᠢᠯᠡᠷᠬᠡᠶᠢᠯᠡᠨ᠎ᠡ᠃ ᠡᠮ ᠤᠨ ᠬᠦᠴᠦᠨ  ᠢ ᠬᠡᠮᠵᠢᠬᠦ ᠳᠤ ᠶᠡᠷᠤ ᠳᠤ ᠪᠠᠨ ᠤᠷᠢᠳ ᠢᠶᠠᠷ ᠬᠡᠷ ᠳᠤᠳᠤᠷᠠᠬᠢ ᠬᠤᠤᠷ ᠤᠨ ᠬᠦᠴᠦᠨ ᠤ ᠲᠤᠷᠰᠢᠯᠳᠠ ᠪᠠᠷ ᠦᠷ᠎ᠡ ᠠᠰᠢᠭ ᠢ ᠭᠡᠷᠡᠴᠢᠯᠡᠭᠰᠡᠨ ᠤ ᠳᠠᠷᠠᠭ᠎ᠠ ᠲᠠᠷᠢᠶᠠᠨ ᠳᠤ ᠪᠠᠭ᠎ᠠ ᠬᠡᠪᠴᠢᠶ᠎ᠡ ᠪᠠᠷ ᠲᠤᠷᠰᠢᠯᠳᠠ ᠬᠢᠨ᠎ᠡ᠃ ᠪᠠᠭ᠎ᠠ ᠬᠡᠪᠴᠢᠶ᠎ᠡ  ᠪᠠᠷ ᠲᠤᠷᠰᠢᠯᠳᠠ ᠬᠢᠭᠰᠡᠨ ᠰᠠᠭᠤᠷᠢᠨ ᠳᠡᠭᠡᠷ᠎ᠡ ᠲᠠᠷᠢᠶᠠᠨ ᠡᠮ ᠤᠨ ᠡᠮ ᠤᠨ ᠬᠦᠴᠦᠨ ᠨᠢ ᠨᠡᠯᠢᠶᠡᠳ ᠰᠠᠶᠢᠨ ᠨᠢᠭᠡ ᠪᠦᠯᠦᠭ ᠲᠦᠷᠦᠯ ᠵᠦᠢᠯ ᠢ ᠬᠡᠷᠡᠭᠯᠡᠵᠦ᠂ ᠶᠡᠭᠡ ᠬᠡᠪᠴᠢᠶ᠎ᠡ ᠪᠠᠷ ᠲᠤᠷᠰᠢᠯᠳᠡ ᠬᠢᠵᠦ ᠳᠡᠭᠦᠨ ᠤ ᠲᠠᠷᠢᠶᠠᠨ ᠡᠮ ᠤᠨ ᠡᠮ  ᠤᠨ ᠬᠦᠴᠦᠨ ᠪᠤᠯᠤᠨ ᠳᠡᠯᠭᠡᠷᠡᠭᠦᠯᠬᠦ ᠦᠷᠳᠡᠭ ᠢ ᠤᠯᠠᠮ ᠨᠢᠭᠡ ᠠᠯᠬᠤᠮ ᠨᠤᠳᠠᠯᠠᠨ᠎ᠠ᠃        ᠲᠠᠷᠢᠶᠠᠨ ᠡᠮ ᠤᠨ ᠡᠮ ᠤᠨ ᠬᠦᠴᠦᠨ ᠢ ᠦᠨᠡᠯᠡᠬᠦ ᠦᠶᠡᠰ ᠲᠠᠷᠢᠶᠠᠨ ᠡᠮ ᠤᠨ ᠬᠢᠮᠢ ᠹᠢᠽᠢᠺ ᠤᠨ ᠰᠢᠨᠵᠢ ᠴᠢᠨᠠᠷ ᠨᠢ ᠠᠮᠢ ᠠᠬᠤᠢ ᠶᠢᠨ ᠤᠷᠴᠢᠨ ᠲᠤᠭᠤᠷᠢᠨ ᠤ ᠠᠮᠤᠷ ᠲᠦᠪᠰᠢᠨ ᠳᠤ ᠦᠵᠡᠭᠦᠯᠬᠦ ᠨᠦᠯᠦᠭᠡ ᠶᠢ ᠪᠠᠰᠠ ᠦᠨᠡᠯᠡᠨ᠎ᠡ᠂ ᠵᠢᠱᠢᠶᠡᠯᠡᠪᠡᠯ ᠡᠶᠢᠮᠦᠷᠬᠦᠤ ᠲᠠᠷᠢᠶᠠᠨ ᠡᠮ ᠤᠨ ᠤᠰᠤᠨ ᠳᠤ ᠠᠭᠤᠰᠬᠤ ᠴᠢᠨᠠᠷ᠂ ᠬᠢᠮᠢ ᠶᠢᠨ ᠲᠤᠭᠳᠠᠪᠤᠷᠢᠳᠤ ᠴᠢᠨᠠᠷ᠂ ᠬᠦᠷᠦᠰᠦᠨ ᠤ ᠳᠡᠭᠳᠡᠮᠡᠬᠡᠢ ᠦᠢᠯᠡᠳᠦᠯ᠂ ᠬᠦᠷᠦᠰᠦᠨ ᠤ ᠵᠠᠳᠠᠷᠠᠨ ᠤᠭᠴᠤᠷᠠᠬᠤ ᠦᠢᠯᠡᠳᠦᠯ  ᠳᠠᠬᠢ ᠨᠦᠯᠦᠭᠡ ᠵᠡᠷᠭᠡ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号