ᠤᠶᠢᠷ᠎ᠠ ᠳᠤ᠂ ᠤᠯᠠᠭᠠᠨᠬᠤᠳᠠ 2 ᠲᠤᠮᠤ ᠤᠯᠠᠨ ᠨᠡᠶᠢᠳᠡ ᠶᠢᠨ ᠲᠡᠷᠭᠡᠨ ᠵᠤᠭᠰᠤᠭᠠᠯ ᠤᠨ ᠪᠠᠷᠢᠯᠭ᠎ᠠ ᠠᠵᠢᠯ | ᠢᠶᠠᠨ ᠡᠬᠢᠯᠡᠬᠦᠯᠤᠯᠡ᠃ ᠡᠨᠡᠬᠦ ᠲᠦᠷᠤᠯ ᠵᠤᠶᠢᠯ ᠳᠤ ᠨᠡᠶᠢᠳᠡ 130 ᠲᠦᠮᠡᠨ ᠲᠥᠭᠦᠷᠢᠭ ᠤᠨ ᠪᠠᠯᠠ | ᠣᠷᠣᠭᠤᠯᠬᠤ ᠪᠠᠷ ᠲᠥᠯᠥᠪᠯᠡᠵᠦ ᠪᠣᠶ᠂ ᠬᠤᠶᠠᠷ ᠲᠡᠷᠭᠡᠨ ᠵᠤᠭᠰᠤᠭᠠᠯ ᠨᠢ ᠲᠣᠰ ᠲᠣᠰ ᠪᠣᠯᠣᠳ ᠲᠡᠮᠦᠷ ᠤᠨ ᠶᠡᠭᠡ | ᠵᠡᠭᠡᠯᠢ ᠶᠢᠨ ᠪᠠᠷᠠᠭᠤᠨ ᠲᠠᠯ᠎ᠠ᠂ ᠤᠯᠠᠭᠠᠨᠬᠤᠳᠠ ᠪᠣᠯᠣᠳ ᠲᠡᠮᠦᠷ ᠤᠨ ᠺᠣᠮᠫᠠᠨᠢ ᠶᠢᠨ ᠡᠮᠦᠨ᠎ᠡ ᠡᠭᠦᠳᠡ ᠶᠢᠨ ᠡᠰᠡᠷᠭᠦ | ᠲᠠᠯ᠎ᠠ ᠶᠢᠨ ᠴᠧᠩ ᠨᠠᠨ ᠲᠡᠷᠭᠡᠨ ᠵᠤᠭᠰᠤᠭᠠᠯ ᠪᠠ ᠤᠯᠠᠭᠠᠨᠬᠤᠳᠠ ᠠᠴᠠ ᠴᠠᠷᠠᠰᠤᠨ ᠬᠦᠷᠬᠦ ᠬᠢᠭᠡᠳ ᠮᠤᠵᠢ ᠶᠢᠨ | ᠬᠤᠭᠤᠷᠣᠨᠳᠣᠬᠢ ᠵᠠᠰᠠᠮᠠᠯ ᠵᠠᠮ ᠤᠨ ᠠᠭᠤᠯᠵᠠᠷ ᠲᠤ ᠪᠠᠶᠢᠭ᠎ᠠ ᠬᠤᠲᠠ ᠶᠢᠨ ᠬᠤᠶᠢᠲᠤ ᠲᠠᠯ᠎ᠠ ᠶᠢᠨ ᠲᠡᠷᠭᠡᠨ ᠵᠤᠭᠰᠤᠭᠠᠯ | ᠪᠣᠯᠤᠨ᠎ᠠ᠃ ᠬᠤᠶᠠᠷ ᠲᠡᠷᠭᠡᠨ ᠵᠣᠭᠰᠣᠭᠠᠯ ᠤᠨ ᠲᠠᠯᠠᠪᠠᠶ ᠨᠢ ᠲᠣᠰ ᠲᠣᠰ 20012 ᠲᠡᠭᠰᠢ ᠳᠥᠷᠪᠡᠯᠵᠢᠨ ᠮᠧᠲᠷ | ᠪᠠ 10402 ᠲᠡᠭᠰᠢ ᠳᠥᠷᠪᠡᠯᠵᠢᠨ ᠮᠧᠲᠷ ᠪᠠᠶᠢᠵᠤ᠂ 8 ᠰᠠᠷ᠎ᠠ ᠶᠢᠨ ᠡᠬᠢ ᠪᠠᠷ ᠠᠰᠢᠭᠯᠠᠯᠲᠠ ᠳᠤ | ᠣᠷᠣᠭᠤᠯᠬᠤ ᠪᠠᠷ ᠪᠣᠶ᠃ | ᠰᠤᠷᠪᠤᠯᠵᠢᠯᠠᠭᠴᠢ᠂ ᠤᠯᠠᠭᠠᠨᠬᠤᠳᠠ ᠪᠤᠯᠤᠳ ᠲᠡᠮᠤᠷ ᠤᠨ ᠺᠣᠮᠫᠠᠨᠢ ᠶᠢᠨ ᠡᠮᠦᠨ᠎ᠡ ᠡᠭᠦᠳᠡᠨ ᠤ ᠡᠰᠡᠷᠭᠦ ᠲᠠᠯ᠎ᠠ ᠳᠤ | ᠪᠠᠶᠢᠭ᠎ᠠ ᠬᠤᠳᠠ ᠶᠢᠨ ᠡᠮᠦᠨᠡᠬᠢ ᠲᠡᠷᠭᠡᠨ ᠵᠣᠭᠰᠣᠭᠠᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠲᠠᠳ | ᠶᠠᠭ ᠡᠯ᠎ᠡ ᠲᠦᠷᠦᠯ ᠤᠨ ᠲᠤᠮᠤ ᠬᠡᠯᠪᠡᠷᠢ ᠶᠢᠨ ᠮᠠᠰᠢᠨ ᠮᠧᠬᠠᠨᠢᠭ ᠤᠨ ᠬᠠᠮᠵᠢᠯᠴᠠᠭ᠎ᠠ ᠳᠣᠣᠷ᠎ᠠ ᠭᠠᠵᠠᠷ ᠰᠢᠷᠣᠢ ᠶᠢ | ᠲᠡᠭᠰᠢᠯᠡᠵᠦ ᠪᠠᠶᠢᠬᠤ ᠶᠢ ᠣᠯᠵᠤ ᠬᠠᠷᠠᠵᠠᠢ᠃ ᠪᠠᠷᠢᠯᠭ᠎ᠠ ᠶᠢᠨ ᠲᠤᠬᠠᠶ ᠶᠢᠨ ᠭᠠᠵᠠᠷ ᠤᠨ ᠬᠠᠷᠢᠭᠤᠴᠠᠯᠭᠠᠲᠠᠨ ᠪᠦᠦ ᠱᠢ | ᠴᠢ ᠶᠢᠨ ᠲᠠᠨᠢᠯᠴᠠᠭᠤᠯᠤᠭᠰᠠᠨ ᠢᠶᠠᠷ᠂ ᠬᠤᠶᠠᠷ ᠲᠡᠷᠭᠡᠨ ᠵᠣᠭᠰᠣᠭᠠᠯ ᠤᠨ ᠪᠥᠲᠥᠭᠡᠨ ᠪᠠᠶᠢᠭᠤᠯᠤᠯᠲᠠ ᠨᠢ ᠪᠣᠯᠣᠳ | ᠲᠡᠮᠦᠷ ᠤᠨ ᠶᠡᠭᠡ ᠵᠡᠭᠡᠯᠢ ᠪᠠ ᠤᠯᠠᠭᠠᠨᠬᠤᠳᠠ ᠠᠴᠠ ᠴᠠᠷᠠᠰᠤᠨ ᠬᠦᠷᠬᠦ ᠵᠠᠮ ᠤᠨ ᠵᠠᠮ ᠬᠠᠷᠢᠯᠴᠠᠭᠠᠨ ᠤ ᠪᠠᠶᠢᠳᠠᠯ ᠢ | ᠪᠦᠲᠦᠮᠵᠢᠲᠡᠶ ᠨᠠᠮᠳᠠᠭᠤᠯᠵᠤ᠂ ᠣᠳᠣᠬᠠᠨ ᠳᠤ ᠤᠯᠠᠭᠠᠨᠬᠤᠳᠠ ᠤᠷᠤᠨ ᠳᠤ ᠲᠣᠮᠣ ᠬᠡᠯᠪᠡᠷᠢ ᠶᠢᠨ ᠲᠡᠷᠭᠡᠨ ᠵᠣᠭᠰᠣᠭᠠᠯ | ᠥᠬᠡᠶ᠂ ᠵᠥᠪᠬᠡᠨ ᠵᠠᠮ ᠤᠨ ᠬᠠᠵᠠᠭᠤ ᠳᠤ ᠵᠣᠭᠰᠣᠬᠤ ᠭᠠᠴᠢᠭᠳᠠᠯ ᠲᠠᠢ ᠪᠠᠶᠢᠳᠠᠯ ᠢ ᠬᠤᠪᠢᠷᠠᠭᠤᠯᠬᠤ ᠪᠣᠯᠤᠨ᠎ᠠ᠃ | ᠢᠯᠠᠩᠭᠤᠶ᠎ᠠ ᠤᠯᠠᠭᠠᠨᠬᠤᠳᠠ ᠪᠤᠯᠤᠳ ᠲᠡᠮᠤᠷ ᠤᠨ ᠺᠣᠮᠫᠠᠨᠢ ᠶᠢᠨ ᠡᠮᠦᠨ᠎ᠡ ᠡᠭᠦᠳᠡᠨ ᠤ ᠭᠠᠳᠠᠨᠠᠬᠢ ᠵᠠᠮ ᠤᠨ ᠬᠤᠶᠠᠷ | ᠲᠠᠯ᠎ᠠ ᠳᠤ ᠵᠣᠭᠰᠣᠵᠤ᠂ ᠪᠠᠷᠠᠭ᠎ᠠ ᠪᠠᠨ ᠭᠠᠷᠭᠠᠵᠤ ᠠᠪᠬᠤ ᠪᠤᠶᠤ ᠪᠠᠭᠤᠯᠭᠠᠬᠤ ᠶᠢ ᠬᠦᠯᠢᠶᠡᠵᠦ ᠪᠠᠶᠢᠭ᠎ᠠ ᠲᠤᠮᠤ | ᠬᠡᠯᠪᠡᠷᠢ ᠶᠢᠨ ᠮᠠᠰᠢᠨ ᠲᠡᠷᠭᠡ ᠡᠳᠦᠷ ᠪᠦᠷᠢ 100 ᠭᠠᠷᠤᠢ ᠳᠤ ᠬᠦᠷᠴᠦ ᠪᠤᠢ᠃ ᠲᠣᠮᠣ ᠬᠡᠯᠪᠡᠷᠢ ᠶᠢᠨ | ᠲᠡᠷᠭᠡ ᠬᠦᠰᠬᠡ ᠣᠷᠳᠣ ᠬᠤᠭᠤᠴᠠᠭ᠎ᠠ ᠪᠠᠷ ᠵᠣᠭᠰᠣᠪᠠᠯ᠂ ᠵᠠᠮ ᠬᠠᠷᠢᠯᠴᠠᠭᠠᠨ ᠤ ᠠᠮᠤᠷ ᠲᠦᠪᠰᠢᠨ ᠢ ᠨᠥᠯᠥᠭᠡᠯᠡᠬᠦ | ᠮᠥᠷᠲᠡᠭᠡᠨ ᠵᠠᠮ ᠤᠨ ᠭᠠᠳᠠᠷᠭᠤ ᠶᠢ ᠬᠦᠨᠳᠦ ᠨᠣᠴᠢᠲᠠᠶ ᠬᠤᠬᠢᠷᠠᠯ ᠤᠴᠠᠷᠠᠭᠤᠯᠬᠤ ᠪᠣᠯᠤᠨ᠎ᠠ᠃ | ︽2 ᠲᠤᠮᠤ ᠲᠡᠷᠭᠡᠨ ᠵᠣᠭᠰᠣᠭᠠᠯ ᠠᠰᠢᠭᠯᠠᠯᠳᠠ ᠳᠤ ᠤᠷᠤᠭᠰᠠᠨ ᠤ ᠳᠠᠷᠠᠭ᠎ᠠ᠂ ᠵᠠᠮ ᠬᠠᠷᠢᠯᠴᠠᠭᠠᠨ ᠤ | ᠳᠠᠷᠤᠯᠲᠠ ᠶᠢ ᠬᠥᠩᠭᠡᠷᠡᠭᠦᠯᠵᠦ᠂ ᠵᠠᠮ ᠤᠨ ᠬᠡᠷᠡᠭᠯᠡᠭᠡᠨ ᠤ ᠴᠠᠭ ᠢ ᠤᠷᠲᠤᠳᠬᠠᠵᠤ ᠪᠣᠯᠬᠤ ᠪᠥᠭᠡᠳ ᠪᠢᠳᠡ ᠪᠠᠰᠠ | ᠲᠡᠷᠭᠡᠨ ᠵᠣᠭᠰᠣᠭᠠᠯ ᠳᠤ ᠢᠳᠡᠭᠡᠨ ᠤᠮᠳᠠᠭᠠᠨ ᠤ ᠡᠵᠡᠩᠨᠡᠭᠴᠢ ᠶᠢ ᠣᠷᠣᠭᠤᠯᠤᠨ ᠠᠪᠴᠢᠷᠠᠵᠤ᠂ ᠨᠡᠶᠢᠲᠡ ᠶᠢᠨ | ᠵᠣᠷᠯᠣᠩ ᠵᠡᠷᠭᠡ ᠢᠵᠢ ᠪᠦᠷᠢᠳᠦᠭᠦᠯᠬᠦ ᠲᠥᠬᠦᠭᠡᠷᠦᠮᠵᠢ ᠶᠢ ᠪᠠᠶᠢᠭᠤᠯᠵᠤ᠂ ᠠᠴᠢᠶᠠᠨ ᠤ ᠮᠠᠰᠢᠨ ᠤ ᠵᠢᠯᠣᠭᠤᠴᠢ ᠳᠤ | ᠨᠡᠩ ᠣᠯᠠᠨ ᠳᠥᠭᠦᠮ ᠦᠵᠡᠭᠦᠯᠬᠦ ᠪᠣᠯᠤᠨ᠎ᠠ︾ ᠭᠡᠵᠦ ᠤᠯᠠᠭᠠᠨᠬᠤᠳᠠ ᠶᠢᠨ ᠬᠤᠳᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠤᠪᠴᠢᠶ᠎ᠠ ᠶᠢᠨ ᠳᠡᠳ᠋ ᠲᠤᠪᠴᠢᠶᠠᠨ ᠳᠠᠷᠤᠭ᠎ᠠ ᠰᠦᠨ ᠲᠦᠩ | ᠰᠤᠷᠪᠤᠯᠵᠢᠯᠠᠭᠴᠢ ᠳᠤ ᠬᠡᠯᠡᠪᠡ᠃ ᠣᠶᠢᠯᠠᠭᠠᠭᠰᠠᠨ ᠢᠶᠠᠷ᠂ ᠣᠯᠠᠨ ᠨᠡᠶᠢᠲᠡ ᠶᠢᠨ ᠲᠡᠷᠭᠡᠨ ᠵᠣᠭᠰᠣᠭᠠᠯ ᠪᠠᠶᠢᠭᠤᠯᠬᠤ | ᠪᠣᠯ ᠤᠯᠠᠭᠠᠨᠬᠤᠳᠠ ᠶᠢᠨ ᠡᠨᠡ ᠵᠢᠯ ᠤᠨ ᠥᠷᠨᠢᠭᠦᠯᠦᠭᠰᠡᠨ ᠬᠤᠲᠠ ᠶᠢᠨ ᠨᠠᠷᠢᠯᠢᠬᠵᠢᠭᠤᠯᠤᠨ ᠬᠠᠮᠢᠶᠠᠷᠬᠤ ᠲᠠᠪᠤᠨ ᠶᠡᠭᠡ | ᠠᠵᠢᠯᠯᠠᠭ᠎ᠠ ᠶᠢᠨ ᠨᠢᠭᠡ ᠪᠣᠯᠬᠤ ᠰᠠᠭᠤᠷᠢ ᠤᠶᠢᠯᠡᠴᠢᠯᠡᠭᠡᠨ ᠤ ᠲᠥᠬᠦᠭᠡᠷᠦᠮᠵᠢ ᠶᠢᠨ ᠶᠠᠰᠤ ᠴᠢᠨᠠᠷ ᠢ ᠳᠡᠭᠡᠭᠰᠢᠯᠡᠭᠦᠯᠬᠦ | ᠠᠵᠢᠯᠯᠠᠭ᠎ᠠ ᠶᠢᠨ ᠳᠤᠮᠳᠠᠬᠢ ᠴᠢᠬᠤᠯᠠ ᠨᠢᠭᠡ ᠲᠦᠷᠤᠯ ᠵᠤᠶᠢᠯ ᠪᠣᠯᠤᠨ᠎ᠠ᠃ ᠲᠣᠰ ᠲᠥᠷᠥᠯ ᠵᠤᠶᠢᠯ ᠨᠢ ᠬᠤᠲᠠ ᠶᠢᠨ | ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ | ᠬᠤᠲᠠ ᠶᠢᠨ ᠳᠦᠷᠰᠦ ᠪᠠᠶᠢᠳᠠᠯ ᠪᠠ ᠬᠤᠲᠠ ᠶᠢᠨ ᠠᠷᠠᠳ ᠤᠨ ᠶᠠᠪᠤᠵᠤ ᠰᠠᠭᠤᠬᠤ ᠣᠷᠴᠢᠨ ᠨᠥᠬᠦᠴᠡᠯ ᠢ | ᠰᠠᠶᠢᠵᠢᠷᠠᠭᠤᠯᠬᠤ ᠪᠠᠷ ᠪᠠᠷᠠᠬᠤ ᠥᠬᠡᠶ ᠪᠠᠰᠠ ᠲᠤᠬᠠᠶ ᠶᠢᠨ ᠭᠠᠵᠠᠷ ᠤᠨ ᠠᠵᠤ ᠠᠬᠤᠶᠢᠯᠠᠯ ᠤᠨ ᠬᠥᠭᠵᠢᠯᠲᠡ ᠳᠤ | ᠠᠰᠢᠭᠲᠠᠶ ᠪᠠᠶᠢᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ | ᠪᠣᠯᠤᠨ᠎ᠠ᠃ |