ᠷᠠᠰᠢᠶᠠᠨ ᠬᠤᠳᠠ ᠨᠢ ᠷᠠᠰᠢᠶᠠᠨ ᠤᠰᠤ ᠪᠠᠷ ᠢᠶᠠᠨ ᠨᠡᠷ᠎ᠡ ᠠᠯᠳᠠᠷᠰᠢᠵᠤ᠂ ᠡ᠊ᠨᠳᠡᠬᠢ ᠤᠰᠤᠨ ᠤ ᠰᠣᠶᠣᠯ ᠨᠢ | ᠥᠨᠢ ᠤᠳᠠᠭᠠᠨ ᠤᠯᠠᠮᠵᠢᠯᠠᠯ ᠲᠠᠢ ᠶᠤᠮ᠃ ᠷᠠᠰᠢᠶᠠᠨ ᠤᠰᠤᠨ ᠤ ᠨᠠᠶᠢᠷ ᠪᠣᠯ ᠷᠠᠰᠢᠶᠠᠨ ᠤ ᠤᠯᠠᠮᠵᠢᠯᠠᠯᠲᠤ ᠪᠠᠶᠠᠷ ᠤᠨ | ᠡᠳᠦᠷ ᠪᠠᠶᠢᠵᠤ᠂ ᠣᠯᠠᠨ ᠵᠢᠯ ᠤᠨ ᠬᠥᠭᠵᠢᠯᠲᠡ ᠶᠢ ᠥᠩᠭᠡᠷᠡᠭᠡᠭᠡᠳ ᠨᠢᠭᠡᠨᠲᠡ ᠥᠪᠥᠷ ᠮᠣᠩᠭᠤᠯ ᠤᠨ ᠤᠮᠠᠷᠠᠲᠤ ᠶᠢᠨ | ᠴᠢᠬᠤᠯᠠ ᠵᠤᠭᠠᠴᠠᠯ ᠤᠨ ᠪᠠᠶᠠᠷ ᠳᠤᠷᠠᠰᠬᠠᠯ ᠤᠨ ᠠᠵᠢᠯᠯᠠᠭ᠎ᠠ ᠪᠣᠯᠤᠭᠰᠠᠨ ᠪᠠᠶᠢᠨ᠎ᠠ᠃ | ᠡᠨᠡ ᠵᠢᠯ ᠤᠨ ᠷᠠᠰᠢᠶᠠᠨ ᠤᠰᠤᠨ ᠤ ᠨᠠᠶᠢᠷ ᠨᠢ ᠥᠩᠭᠡᠷᠡᠭᠰᠡᠨ ᠵᠢᠯ ᠤᠳ ᠲᠠᠢ ᠬᠠᠷᠢᠴᠠᠭᠤᠯᠪᠠᠯ᠂ ᠬᠡᠪᠴᠢᠶ᠎ᠡ | ᠪᠠ ᠪᠠᠶᠠᠷ ᠤᠨ ᠡᠳᠦᠷ ᠤᠨ ᠠᠭᠤᠯᠬᠤᠨ ᠢ ᠥᠷᠭᠡᠳᠬᠡᠵᠦ᠂ ᠨᠠᠩ ᠣᠯᠠᠨ ᠬᠠᠷᠢᠯᠴᠠᠨ ᠦᠢᠯᠡᠳᠦᠯᠴᠡᠬᠦ ᠡᠯᠧᠮᠧᠨ᠋ᠲ ᠪᠠ | ᠰᠦᠯᠵᠢᠶᠡᠨ ᠳᠡᠭᠡᠷᠡᠬᠢ ᠠᠭᠤᠯᠭ᠎ᠠ ᠶᠢ ᠠᠭᠤᠯᠤᠭᠰᠠᠨ ᠪᠠᠶᠢᠨ᠎ᠠ᠃ | | | | | ᠷᠠᠰᠢᠶᠠᠨ ᠤᠰᠤᠨ ᠤ ᠨᠠᠶᠢᠷ ᠤᠨ ᠡᠬᠢᠯᠡᠯᠲᠡ ᠶᠢᠨ ᠶᠣᠰᠣᠯᠠᠯ | ᠴᠠᠭ᠄ 7 ᠰᠠᠷ᠎ᠠ ᠶᠢᠨ 30 ᠤ ᠡᠳᠦᠷ ᠤᠨ 8᠄ 00 — 9᠄ 30 ᠪᠤᠯᠳᠠᠯ᠎ᠠ ᠶᠠᠪᠤᠭᠳᠠᠨ᠎ᠠ᠃ | ᠭᠠᠵᠠᠷ᠄ ᠬᠠᠢ ᠱᠧᠨ ᠬᠠᠯᠠᠭᠤᠨ ᠷᠠᠰᠢᠶᠠᠨ ᠤ ᠮᠦᠽᠧᠶ ᠶᠢᠨ ᠡᠮᠦᠨ᠎ᠡ ᠲᠠᠯ᠎ᠠ ᠶᠢᠨ ᠬᠠᠭᠤᠴᠢᠨ ᠣᠪᠣᠭ᠎ᠠ | ᠤᠯᠠᠮᠵᠢᠯᠠᠯᠲᠤ ᠷᠠᠰᠢᠶᠠᠨ ᠤᠰᠤᠨ ᠤ ᠳᠠᠬᠢᠯᠭ᠎ᠠ ᠶᠢᠨ ᠶᠣᠰᠣᠯᠠᠯ ᠢ ᠰᠤᠨᠢᠷᠬᠠᠵᠤ ᠪᠤᠯᠤᠨ᠎ᠠ᠃ | | ᠷᠠᠰᠢᠶᠠᠨ ᠤᠰᠤᠨ ᠤ ᠴᠡᠩᠭᠡᠯ ᠤᠨ ᠤᠯᠠᠷᠢᠯ ᠤᠨ ᠡᠬᠢᠯᠡᠯᠲᠡ ᠶᠢᠨ ᠶᠣᠰᠣᠯᠠᠯ | ᠴᠠᠭ᠄ 7 ᠰᠠᠷ᠎ᠠ ᠶᠢᠨ 30 ᠤ ᠡᠳᠦᠷ ᠤᠨ 10᠄ 00 — 11᠄ 30 ᠪᠤᠯᠳᠠᠯ᠎ᠠ ᠶᠠᠪᠤᠭᠳᠠᠨ᠎ᠠ᠃ | ᠭᠠᠵᠠᠷ᠄ ᠷᠠᠰᠢᠶᠠᠨ ᠤ ᠶᠠᠷᠢᠶᠠᠨ ᠤ ᠲᠠᠪᠴᠠᠩ ᠤᠨ ᠲᠥᠪ | ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠲᠠᠭᠤᠤ ᠬᠦᠭᠵᠢᠮ᠂ ᠶᠠᠲᠤᠭ᠎ᠠ ᠶᠢᠨ ᠠᠶ᠎ᠠ ᠪᠠ ᠪᠥᠵᠢᠭ ᠭᠡᠬᠦ | ᠮᠡᠳᠦ ᠶᠢᠨ ᠲᠤᠭᠯᠠᠯᠳᠠ ᠶᠢ ᠰᠤᠨᠢᠷᠬᠠᠵᠤ ᠪᠤᠯᠤᠨ᠎ᠠ᠃ | ︽ ᠷᠠᠰᠢᠶᠠᠨ ᠤ ᠦᠳᠡᠰᠢ · ᠡᠭᠡ ᠭᠠᠵᠠᠷ ᠤᠨ ᠮᠠᠭᠲᠠᠭᠠᠯ︾ ᠲᠦᠳᠡᠭ ᠭᠠᠯ ᠤᠨ ᠦᠳᠡᠰᠢᠯᠡᠭᠡ | ᠴᠠᠭ᠄ 7 ᠰᠠᠷ᠎ᠠ ᠶᠢᠨ 30 ᠤ ᠡᠳᠦᠷ ᠤᠨ 19᠄ 30 — 21᠄ 00 ᠪᠤᠯᠳᠠᠯ᠎ᠠ ᠶᠠᠪᠤᠭᠳᠠᠨ᠎ᠠ᠃ | ᠭᠠᠵᠠᠷ᠄ ᠱᠧᠩ ᠴᠢᠤᠸᠠᠨ ᠠᠭᠤᠳᠠᠮ ᠲᠠᠯᠠᠪᠠᠶ | ᠲᠦᠳᠡᠭ ᠭᠠᠯ ᠳᠤ ᠪᠠᠨ ᠲᠠᠭᠠᠳᠬᠠᠵᠤ ᠡᠷᠲᠡᠨ ᠤ ᠪᠣᠯᠪᠠᠰᠤᠨ ᠢ ᠦᠷᠬᠦᠯᠵᠢᠯᠡᠭᠦᠯᠦᠨ᠎ᠡ᠂ ᠪᠦᠬᠦ | ᠠᠷᠠᠳ ᠢᠶᠠᠷ ᠢᠶᠠᠨ ᠲᠦᠳᠡᠭ ᠭᠠᠯ ᠤᠨ ᠦᠳᠡᠰᠢᠯᠡᠭᠡ ᠳᠤ ᠤᠷᠤᠯᠴᠠᠨ ᠪᠠᠶᠠᠷᠯᠠᠯᠳᠤᠨ ᠬᠦᠭᠡᠷᠦᠯᠳᠦᠭᠡᠷᠡᠢ︕ | | | | | ︽ᠭᠠᠯ ᠪᠠ ᠤᠰᠤᠨ ᠤ ᠳᠠᠭᠤᠯᠠᠯ︾ ᠤᠨ ᠰᠢᠭᠤᠳ ᠨᠡᠪᠳᠡᠷᠡᠭᠦᠯᠭᠡ | ᠴᠠᠭ᠄ 7 ᠰᠠᠷ᠎ᠠ ᠶᠢᠨ 30 ᠤ ᠡᠳᠦᠷ ᠤᠨ 19᠄ 30 — 21᠄ 00 ᠪᠤᠯᠳᠠᠯ᠎ᠠ ᠶᠠᠪᠤᠭᠳᠠᠨ᠎ᠠ᠃ | ᠭᠠᠵᠠᠷ᠄ ᠱᠧᠩ ᠴᠢᠤᠸᠠᠨ ᠠᠭᠤᠳᠠᠮ ᠲᠠᠯᠠᠪᠠᠶ | ᠬᠦᠷ ᠬᠥᠭᠵᠢᠶᠡᠨ ᠲᠠᠢ ᠲᠦᠳᠡᠭ ᠭᠠᠯ ᠤᠨ ᠦᠳᠡᠰᠢᠯᠡᠭᠡ ᠪᠠᠷ ᠠᠷᠤ ᠦᠵᠡᠭᠳᠡᠯ ᠪᠣᠯᠭᠠᠵᠤ᠂ ᠲᠠᠯ᠎ᠠ | ᠨᠤᠲᠤᠭ ᠤᠨ ᠰᠤᠳᠤᠨ ᠲᠠᠭᠤᠴᠢᠨ ᠶᠦᠨ ᠹᠧᠢ ᠶᠢ ᠦᠳᠡᠰᠢᠯᠡᠭᠡ ᠶᠢᠨ ᠲᠤᠬᠠᠢ ᠶᠢᠨ ᠲᠠᠯᠠᠪᠠᠢ ᠳᠤ ᠤᠷᠢᠵᠤ᠂ ᠪᠦᠬᠦ | ᠶᠠᠪᠤᠴᠠ ᠳᠤ ᠤᠷᠤᠨ ᠨᠤᠳᠤᠭ ᠤᠨ ᠵᠠᠭᠤᠴᠢᠯᠠᠭᠤᠷ ᠤᠨ ᠲᠠᠪᠴᠠᠩ ᠢᠶᠠᠷ ᠳᠠᠮᠵᠢᠭᠤᠯᠤᠨ ᠰᠢᠭᠤᠳ ᠨᠡᠪᠳᠡᠷᠡᠭᠦᠯᠭᠡ | ᠪᠠᠷ ᠪᠠᠷᠠᠭ᠎ᠠ ᠬᠤᠳᠠᠯᠳᠤᠨ᠂ ᠨᠤᠲᠤᠭ ᠤᠨ ᠣᠨᠴᠠ ᠭᠠᠷᠤᠯᠲᠠ ᠶᠢ ᠲᠠᠨᠢᠯᠴᠠᠭᠤᠯᠬᠤ ᠪᠤᠯᠣᠨ᠎ᠠ᠃ | | ᠵᠤᠭᠠᠴᠠᠨ ᠰᠡᠭᠦᠳᠡᠷ ᠳᠠᠳᠠᠵᠤ ᠲᠤᠷᠠᠰᠬᠠᠯ ᠦᠯᠡᠳᠡᠭᠡᠬᠦ ᠠᠵᠢᠯᠯᠠᠭ᠎ᠠ | ᠴᠠᠭ᠄ 7 ᠰᠠᠷ᠎ᠠ ᠶᠢᠨ 30 — 7 ᠰᠠᠷ᠎ᠠ ᠶᠢᠨ 31 ᠤ ᠡᠳᠦᠷ ᠪᠤᠯᠳᠠᠯ᠎ᠠ ᠶᠠᠪᠤᠭᠳᠠᠨ᠎ᠠ᠃ | ᠭᠠᠵᠠᠷ᠄ ᠷᠠᠰᠢᠶᠠᠨ ᠬᠤᠲᠠ ᠶᠢᠨ ᠲᠣᠭᠤᠷᠢᠭ᠂ ᠷᠠᠰᠢᠶᠠᠨ ᠤ ᠤᠯᠤᠰ ᠤᠨ ᠳᠡᠰ ᠤᠨ ᠣᠶ ᠰᠢᠭᠤᠶ ᠶᠢᠨ | ᠴᠡᠴᠡᠷᠯᠢᠭ᠂ ᠣᠪᠣᠭ᠎ᠠ ᠵᠡᠷᠭᠡ ᠣᠯᠠᠨ ᠭᠠᠵᠠᠷ ᠢᠶᠠᠷ ᠲᠣᠭᠤᠷᠢᠨ ᠵᠤᠭᠠᠴᠠᠵᠤ ᠪᠤᠯᠤᠨ᠎ᠠ᠃ | ᠷᠠᠰᠢᠶᠠᠨ ᠤ ᠣᠶ ᠰᠢᠭᠤᠶ᠂ ᠬᠡᠬᠡᠷ᠎ᠡ ᠲᠠᠯ᠎ᠠ᠂ ᠨᠠᠭᠤᠷ ᠴᠥᠭᠦᠷᠥᠮ ᠵᠡᠷᠭᠡ ᠪᠠᠶᠢᠭᠠᠯᠢ ᠶᠢᠨ ᠦᠵᠡᠭᠳᠡᠯ ᠢᠶᠠᠷ | ᠠᠷᠤ ᠦᠵᠡᠭᠳᠡᠯ ᠪᠣᠯᠭᠠᠵᠤ ᠨᠢᠭᠡ ᠤᠳᠠᠭᠠᠨ ᠤ ᠪᠠᠶᠢᠭᠠᠯᠢᠯᠢᠭ ᠵᠤᠭᠠᠴᠠᠯ ᠤᠨ ᠰᠡᠭᠦᠳᠡᠷ ᠳᠠᠳᠠᠵᠤ ᠪᠤᠯᠤᠨ᠎ᠠ᠃ | | | | | ︽ᠮᠦᠩᠭᠡ ᠶᠢᠨ ᠷᠠᠰᠢᠶᠠᠨ · 48 ᠪᠤᠯᠠᠭ︾ ᠢ ᠪᠦᠬᠦ ᠠᠷᠠᠳ ᠤᠨ ᠰᠠᠬᠢᠨ ᠬᠠᠮᠠᠭᠠᠯᠠᠬᠤ ᠠᠵᠢᠯᠯᠠᠭ᠎ᠠ | ᠴᠠᠭ᠄ 7 ᠰᠠᠷ᠎ᠠ ᠶᠢᠨ 30 ᠤ ᠡᠳᠦᠷ ᠨᠡᠶᠢᠳᠡᠯᠡᠵᠦ ᠨᠢᠭᠡ ᠭᠠᠷᠠᠭ ᠦᠷᠭᠦᠯᠵᠢᠯᠡᠨ᠎ᠡ᠃ | ᠭᠠᠵᠠᠷ᠄ ᠰᠦᠯᠵᠢᠶᠡᠨ ᠳᠡᠭᠡᠷ᠎ᠡ᠂ H5 ᠬᠡᠯᠪᠡᠷᠢ ᠪᠠᠷ ᠨᠡᠶᠢᠳᠡᠯᠡᠨ᠎ᠡ᠃ | ᠠᠷᠠᠳ ᠤᠯᠠᠨ ᠰᠦᠯᠵᠢᠶᠡᠨ ᠳᠡᠭᠡᠷ᠎ᠡ ᠷᠠᠰᠢᠶᠠᠨ ᠪᠤᠯᠠᠭ ᠢ ︽ᠲᠠᠨᠢᠵᠤ ᠠᠪᠬᠤ︾ ᠰᠠᠬᠢᠨ ᠬᠠᠮᠠᠭᠠᠯᠠᠬᠤ | ᠠᠵᠢᠯᠯᠠᠭ᠎ᠠ ᠳᠤ ᠤᠷᠤᠯᠴᠠᠵᠤ ᠪᠤᠯᠤᠨ᠎ᠠ᠂ ︽599 ᠲᠥᠭᠦᠷᠢᠭ ᠤᠨ ᠪᠥᠬᠦ ᠵᠢᠯ ᠳᠤ ᠰᠦᠢᠳᠭᠡᠯ ᠬᠤᠷᠢᠶᠠᠬᠤ | ᠥᠬᠡᠶ ᠪᠠᠷ 30 ᠤᠳᠠᠭ᠎ᠠ ᠷᠠᠰᠢᠶᠠᠨ ᠳᠤ ᠤᠷᠤᠬᠤ︾ ᠬᠠᠭᠤᠳᠠᠰᠤ ᠶᠢ ᠨᠡᠶᠢᠳᠡ 48 ᠬᠤᠪᠢ ᠳᠠᠷᠬᠠᠭᠠᠨ᠎ᠠ᠃ | | ︽ᠡᠴᠢᠭᠡ ᠲᠩᠷᠢ ᠶᠢᠨ ᠬᠡᠰᠢᠭᠳᠦ ᠷᠠᠰᠢᠶᠠᠨ · ᠡᠷᠬᠢᠮ ᠰᠣᠶᠣᠯ ᠵᠤᠭᠠᠴᠠᠯ ᠢᠶᠠᠷ ᠠᠰᠢᠭ ᠬᠦᠷᠳᠡᠭᠡᠬᠦ︾ ᠷᠠᠰᠢᠶᠠᠨ | ᠤᠰᠤᠨ ᠤ ᠰᠣᠶᠣᠯ ᠢ ᠪᠡᠶᠡᠴᠢᠯᠡᠨ ᠤᠶᠢᠯᠠᠭᠠᠬᠤ ᠠᠵᠢᠯᠯᠠᠭ᠎ᠠ | ᠴᠠᠭ᠄ 7 ᠰᠠᠷ᠎ᠠ ᠶᠢᠨ 30 ᠤ ᠡᠳᠦᠷ — 8 ᠰᠠᠷ᠎ᠠ ᠶᠢᠨ 1 ᠤ ᠡᠳᠦᠷ ᠪᠤᠯᠳᠠᠯ᠎ᠠ ᠶᠠᠪᠤᠭᠳᠠᠨ᠎ᠠ᠃ | ᠭᠠᠵᠠᠷ᠄ ᠬᠠᠢ ᠱᠧᠨ ᠰᠤᠪᠢᠯᠠᠯᠲᠠ ᠠᠮᠠᠷᠠᠯᠲᠠ ᠶᠢᠨ ᠣᠷᠣᠨ᠂ ᠷᠠᠰᠢᠶᠠᠨ ᠬᠤᠲᠠ ᠶᠢᠨ ᠬᠠᠢ ᠱᠧᠨ ᠬᠠᠯᠠᠭᠤᠨ | ᠷᠠᠰᠢᠶᠠᠨ ᠤ ᠮᠦᠽᠧᠶ | ᠲᠤᠬᠠᠶ ᠶᠢᠨ ᠲᠠᠯᠠᠪᠤᠷ ᠲᠤ ᠱᠠᠩᠨᠠᠯ ᠤᠨ ᠳᠡᠮᠳᠡᠭ ᠰᠤᠭᠤᠯᠵᠤ ᠪᠤᠯᠤᠨ᠎ᠠ᠃ ᠬᠠᠯᠠᠭᠤᠨ ᠷᠠᠰᠢᠶᠠᠨ ᠡᠮᠴᠢᠯᠡᠭᠡᠨ ᠤ | ᠲᠤᠷᠰᠢᠯᠲᠠ ᠶᠢᠨ ᠲᠡᠮᠳᠡᠭᠲᠦ᠂ ᠬᠠᠢ ᠱᠧᠨ ᠮᠦᠽᠧᠶ ᠶᠢᠨ ᠤᠬᠢᠶᠠᠯᠭ᠎ᠠ ᠶᠢᠨ ᠪᠢᠯᠧᠲ ᠢ ᠬᠠᠭᠠᠰ ᠢᠶᠠᠷ ᠬᠢᠮᠳᠠᠷᠠᠭᠤᠯᠬᠤ | ᠂ ᠬᠠᠯᠠᠭᠤᠨ ᠷᠠᠰᠢᠶᠠᠨ ᠤ ᠬᠡᠤᠬᠡᠳ ᠤᠨ ᠴᠡᠩᠭᠡᠯ ᠤᠨ ᠬᠦᠷᠢᠶᠡᠯᠡᠩ ᠤᠨ ᠡᠭᠦᠳᠡᠨ ᠪᠢᠯᠧᠲ ᠵᠡᠷᠭᠡ ᠶᠢ ᠦᠨ᠎ᠡ | ᠲᠥᠯᠥᠪᠦᠷᠢ ᠥᠬᠡᠶ ᠪᠠᠷ ᠬᠦᠷᠭᠡᠨ᠎ᠡ᠃ | | ︽ᠰᠢᠳᠢᠳᠦ ᠷᠠᠰᠢᠶᠠᠨ · ᠷᠢᠳᠢᠳᠦ ᠠᠮᠢᠳᠤᠷᠠᠯ︾ ᠷᠠᠰᠢᠶᠠᠨ ᠭᠤᠤᠯ ᠤᠨ ᠪᠢᠨ ᠾᠧ ᠴᠡᠴᠡᠷᠯᠢᠭ ᠤᠨ ᠤᠰᠤᠨ | ᠳᠡᠭᠡᠷᠡᠬᠢ ᠵᠤᠭ᠎ᠠ ᠴᠡᠩᠭᠡᠯ ᠤᠨ ᠠᠵᠢᠯᠯᠠᠭ᠎ᠠ | ᠴᠠᠭ᠄ 7 ᠰᠠᠷ᠎ᠠ ᠶᠢᠨ 30 ᠤ ᠡᠳᠦᠷ — 8 ᠰᠠᠷ᠎ᠠ ᠶᠢᠨ 30 ᠤ ᠡᠳᠦᠷ ᠪᠤᠯᠳᠠᠯ᠎ᠠ ᠶᠠᠪᠤᠭᠳᠠᠨ᠎ᠠ᠃ | ᠭᠠᠵᠠᠷ᠄ ᠷᠠᠰᠢᠶᠠᠨ ᠭᠤᠤᠯ ᠤᠨ ᠪᠢᠨ ᠾᠧ ᠴᠡᠴᠡᠷᠯᠢᠭ | ᠭᠤᠤᠯ ᠳᠡᠭᠡᠷᠡᠬᠢ ᠬᠥᠪᠦᠮᠡᠯ ᠪᠥᠮᠪᠦᠭᠡ ᠵᠡᠷᠭᠡ ᠤᠯᠠᠨ ᠵᠦᠢᠯ ᠤᠨ ᠬᠡᠯᠪᠡᠷᠢ ᠶᠢᠨ ᠤᠰᠤᠨ ᠳᠡᠭᠡᠷᠡᠬᠢ ᠵᠤᠭ᠎ᠠ | ᠴᠡᠩᠭᠡᠯ ᠢ ᠪᠡᠶᠡᠴᠢᠯᠡᠨ ᠤᠶᠢᠯᠠᠭᠠᠵᠤ ᠪᠤᠯᠤᠨ᠎ᠠ︕ | ᠰᠢᠳᠢᠳᠦ ᠷᠠᠰᠢᠶᠠᠨ ᠤ 2022 ᠲᠠᠯ᠎ᠠ ᠨᠤᠳᠤᠭ ᠤᠨ ᠳᠠᠭᠤᠤ ᠶᠢᠨ ᠰᠦᠯᠵᠢᠶᠡᠨ ᠤ ᠤᠷᠤᠯᠳᠤᠭᠠᠨ | ᠴᠠᠭ᠄ 8 ᠰᠠᠷ᠎ᠠ ᠶᠢᠨ 1 ᠤ ᠡᠳᠦᠷ — 9 ᠰᠠᠷ᠎ᠠ ᠶᠢᠨ 15 ᠤ ᠡᠳᠦᠷ ᠪᠤᠯᠳᠠᠯ᠎ᠠ ᠶᠠᠪᠤᠭᠳᠠᠨ᠎ᠠ᠃ | | | | ᠭᠠᠵᠠᠷ᠄ ᠰᠦᠯᠵᠢᠶᠡᠨ ᠳᠡᠭᠡᠷ᠎ᠡ ᠶᠠᠪᠤᠭᠳᠠᠨ᠎ᠠ᠃ | ︽ᠵᠡᠯᠮ᠎ᠠ ᠬᠠᠷ᠎ᠠ ᠬᠠᠮᠳᠤᠯᠢᠭ︾ ᠠᠴᠠ 8 ᠰᠠᠷ᠎ᠠ ᠶᠢᠨ 1 ᠤ ᠡᠳᠦᠷ ᠠᠴᠠ 9 ᠰᠠᠷ᠎ᠠ ᠶᠢᠨ 15 ᠤ ᠡᠳᠦᠷ | ᠪᠤᠯᠳᠠᠯ᠎ᠠ᠂ ᠷᠠᠰᠢᠶᠠᠨ ᠤ ᠵᠤᠭᠠᠴᠠᠯ ᠤᠨ ᠡᠬᠢ ᠪᠠᠶᠠᠯᠢᠭ᠂ ᠷᠠᠰᠢᠶᠠᠨ ᠤᠰᠤᠨ ᠤ ᠨᠠᠶᠢᠷ ᠤᠨ ᠵᠤᠭᠠᠴᠠᠯ ᠤᠨ ᠵᠠᠮ ᠵᠡᠷᠭᠡ | ᠶᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠤᠬᠠᠭᠤᠯᠵᠤ᠂ ᠷᠠᠰᠢᠶᠠᠨ ᠤ ᠭᠤᠸ᠎ᠠ ᠰᠠᠶᠢᠬᠠᠨ ᠢ ᠤᠯᠠᠮᠵᠢᠯᠠᠨ᠎ᠠ᠃ | |