ᠤᠯᠠᠭᠠᠨᠬᠤᠲᠠ ᠳᠥᠷᠪᠡᠨ ᠵᠤᠷᠪᠤᠰ ᠮᠤᠬᠤᠷ ᠵᠠᠮ ᠢ ᠨᠡᠪᠳᠡᠷᠡᠭᠦᠯᠦᠯ᠎ᠡ
ᠨᠡᠶᠢᠲᠡᠯᠡᠭᠰᠡᠨ ᠴᠠᠭ᠄
2022/7/6
    ᠤᠯᠠᠭᠠᠨᠬᠤᠲᠠ ᠮᠤᠬᠤᠷ ᠵᠠᠮ ᠢ ᠨᠡᠪᠲᠡᠷᠡᠭᠦᠯᠬᠦ ᠶᠢ ᠬᠤᠲᠠ ᠶᠢᠨ ᠨᠠᠷᠢᠯᠢᠬᠵᠢᠭᠤᠯᠤᠨ ᠬᠠᠮᠢᠶᠠᠷᠬᠤ ᠵᠠᠭᠤᠨ ᠵᠤᠶᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠨᠢᠭᠡ ᠪᠣᠯᠭᠠᠵᠤ᠂ ᠡᠨᠡ ᠵᠢᠯ ᠠᠷᠪᠠᠨ ᠳᠥᠷᠪᠡᠨ ᠵᠤᠷᠪᠤᠰ ᠮᠤᠬᠤᠷ ᠵᠠᠮ ᠢ ᠨᠡᠪᠲᠡᠷᠡᠭᠦᠯᠬᠦ ᠪᠠᠷ ᠪᠠᠶᠢᠨ᠎ᠠ᠂ ᠣᠲᠣ ᠨᠢᠭᠡᠨᠲᠡ ᠳᠥᠷᠪᠡᠨ ᠵᠤᠷᠪᠤᠰ ᠮᠤᠬᠤᠷ ᠵᠠᠮ ᠢ  ᠰᠠᠭᠠᠳ ᠦᠭᠡᠢ ᠨᠡᠪᠲᠡᠷᠡᠭᠦᠯᠦᠭᠰᠡᠨ ᠪᠠᠶᠢᠨ᠎ᠠ᠃
    ᠪᠠᠷᠠᠭᠠᠨ ᠤ ᠭᠦᠢᠯᠭᠡᠭᠡᠨ ᠤ ᠲᠣᠭᠤᠷᠢᠭ ᠤᠨ ᠰᠠᠯᠪᠤᠷᠢ ᠲᠠᠪᠤᠳᠤᠭᠠᠷ ᠵᠠᠮ ᠳᠥᠷᠪᠡᠨ ᠵᠦᠭ ᠨᠠᠢᠮᠠᠨ ᠵᠣᠪᠬᠢᠰ ᠲᠤ ᠨᠡᠪᠲᠡᠷᠡᠵᠦ᠂ ᠥᠷᠭᠡᠨ ᠳᠠᠷᠳᠠᠩ ᠪᠤᠯᠵᠠᠢ᠂ ᠡᠨᠡᠬᠦ  ᠮᠤᠬᠤᠷ ᠵᠠᠮ ᠢ ᠨᠡᠪᠲᠡᠷᠡᠭᠦᠯᠦᠭᠰᠡᠨ ᠨᠢ ᠬᠤᠲᠠ ᠶᠢᠨ ᠵᠠᠮ ᠤᠨ ᠲᠡᠷᠭᠡ ᠨᠡᠪᠲᠡᠷᠡᠬᠦ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠵᠦ᠂ ᠪᠠᠷᠠᠭᠠᠨ ᠤ ᠭᠦᠢᠯᠭᠡᠭᠡᠨ ᠤ ᠲᠣᠭᠤᠷᠢᠭ ᠤᠨ ᠵᠠᠮ ᠬᠠᠷᠢᠯᠴᠠᠭᠠᠨ ᠤ ᠨᠥᠬᠦᠴᠡᠯ ᠢ ᠰᠠᠶᠢᠵᠢᠷᠠᠭᠤᠯᠤᠨ ᠲᠡᠷᠭᠡ ᠬᠥᠰᠬᠡ ᠶᠢᠨ ᠲᠦᠭᠵᠢᠷᠡᠯ ᠵᠢᠴᠢ ᠠᠮᠤᠷ ᠲᠦᠪᠰᠢᠨ ᠤ ᠳᠠᠯᠳᠠ ᠬᠡᠮ ᠢ ᠠᠷᠢᠯᠭᠠᠬᠤ ᠳᠤ  ᠴᠢᠬᠤᠯᠠ ᠠᠴᠢ ᠬᠤᠯᠪᠣᠭᠳᠠᠯ ᠲᠠᠢ ᠶᠤᠮ᠃
   ᠪᠠᠷᠠᠭᠠᠨ ᠤ ᠭᠦᠢᠯᠭᠡᠭᠡᠨ ᠤ ᠲᠣᠭᠤᠷᠢᠭ ᠤᠨ ᠰᠠᠯᠪᠤᠷᠢ ᠲᠠᠪᠤᠳᠤᠭᠠᠷ ᠵᠠᠮ ᠲᠠᠢ ᠠᠳᠠᠯᠢ ᠪᠠᠷ᠂ ᠬᠠᠳᠠ ᠵᠡᠭᠡᠯᠢ᠂ ᠰᠢᠨ᠎ᠡ ᠬᠤᠳᠠ ᠶᠢᠨ ᠬᠡᠷᠡᠭ ᠡᠷᠬᠢᠯᠡᠬᠦ ᠭᠠᠵᠠᠷ ᠤᠨ ᠡᠭᠦᠳᠡᠨ ᠡᠮᠦᠨᠡᠬᠢ ᠵᠠᠮ ᠵᠢᠴᠢ ᠳᠥᠷᠪᠡᠳᠦᠭᠡᠷ ᠵᠠᠮ ᠢᠶᠠᠷ ᠥᠩᠭᠡᠷᠡᠬᠦ ᠵᠠᠮ ᠴᠤ ᠲᠡᠷᠭᠡ ᠨᠡᠪᠲᠡᠷᠡᠵᠡᠢ᠃ 2022 ᠣᠨ ᠳᠤ᠂ ᠤᠯᠠᠭᠠᠨᠬᠤᠲᠠ ᠶᠢᠨ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠤᠶᠢᠯᠡᠴᠢᠯᠡᠭᠡᠨ ᠤ ᠲᠥᠪ ᠲᠤᠰᠬᠠᠶ ᠬᠥᠮᠦᠨ ᠳᠣᠭᠢᠷᠠᠭᠤᠯᠤᠨ ᠲᠥᠷᠥᠯ ᠵᠤᠶᠢᠯ ᠢ ᠬᠡᠷᠡᠭᠵᠢᠭᠦᠯᠬᠦ ᠠᠬᠢᠴᠠ ᠶᠢ ᠲᠠᠰᠤᠷᠠᠯᠲᠠ ᠥᠬᠡᠶ ᠲᠦᠷᠭᠡᠳᠬᠡᠪᠡ᠃ ᠮᠥᠨ ᠴᠦ ᠮᠤᠬᠤᠷ ᠵᠠᠮ ᠢ ᠰᠢᠭᠤᠳ ᠰᠢᠯᠤᠭᠤᠨ  ᠨᠡᠪᠳᠡᠷᠡᠬᠦᠯᠦᠭᠰᠡᠨ ᠢᠶᠠᠷ ᠨᠡᠩ ᠴᠤ ᠠᠷᠠᠳ ᠤᠨ ᠶᠠᠪᠤᠵᠤ ᠰᠠᠭᠤᠬᠤ ᠳᠤ ᠲᠦᠬᠦᠮ ᠦᠵᠡᠬᠦᠯᠦᠭᠰᠡᠨ ᠪᠠᠶᠢᠨ᠎ᠠ᠃
    ᠣᠶᠢᠯᠠᠭᠠᠭᠰᠠᠨ ᠢᠶᠠᠷ᠂ ᠤᠯᠠᠭᠠᠨᠬᠤᠲᠠ ᠡᠨᠡ ᠵᠢᠯ ᠠᠷᠪᠠᠨ ᠳᠥᠷᠪᠡᠨ ᠮᠤᠬᠤᠷ ᠵᠠᠮ ᠢ ᠨᠡᠪᠲᠡᠷᠡᠭᠦᠯᠬᠦ ᠪᠠᠷ ᠪᠠᠶᠢᠨ᠎ᠠ᠂ ᠣᠲᠣ ᠪᠣᠯᠲᠠᠯ᠎ᠠ ᠨᠢᠭᠡᠨᠲᠡ ᠳᠥᠷᠪᠡᠨ ᠵᠠᠮ ᠢ ᠵᠠᠰᠠᠵᠤ ᠳᠠᠭᠤᠰᠬᠠᠭᠠᠳ ᠲᠡᠷᠭᠡ ᠨᠡᠪᠲᠡᠷᠡᠬᠦᠯᠵᠤ᠂ ᠪᠤᠰᠤᠳ ᠲᠠᠪᠤᠨ ᠵᠤᠷᠪᠤᠰ ᠵᠠᠮ ᠢ ᠶᠠᠭ ᠡᠬᠢᠯᠡᠨ ᠳᠡᠪᠢᠰᠴᠦ ᠵᠢᠯ ᠤᠨ ᠡᠴᠦᠰ ᠲᠤ ᠪᠦᠬᠦᠨ ᠢ ᠨᠡᠪᠳᠡᠷᠡᠭᠦᠯᠬᠦ ᠪᠠᠷ ᠲᠥᠯᠥᠪᠯᠡᠵᠦ ᠪᠠᠶᠢᠨ᠎ᠠ᠃  
 
ᠢᠷᠡᠯᠲᠡ᠄ ᠤᠯᠠᠭᠠᠨᠬᠤᠳᠠ ᠶᠢᠨ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号