ᠦᠨᠦᠳᠦᠷ᠂ ᠤᠯᠠᠭᠠᠨᠬᠤᠲᠠ ᠶᠢᠨ ᠰᠢᠤᠸᠠᠢ ᠬᠤᠸᠠ ᠫᠢᠸᠤ᠋ ᠶᠢᠨ ᠥᠷᠥᠭᠡ ᠵᠢᠩᠬᠢᠨᠢ ᠪᠠᠷ ᠡᠭᠦᠳᠡ ᠪᠠᠨ ᠨᠡᠭᠡᠭᠡᠵᠦ | ᠵᠣᠴᠢᠨ ᠤᠭᠳᠤᠨ᠎ᠠ᠃ ᠲᠤᠬᠠᠶ ᠶᠢᠨ ᠦᠶ᠎ᠡ ᠳᠤ᠂ ᠠᠮᠲᠠᠲᠤ ᠠᠷᠢᠬᠢ᠂ ᠠᠮᠲᠠᠲᠤ ᠢᠳᠡᠭᠡᠨ᠂ ᠭᠤᠶᠣ ᠦᠵᠡᠮᠵᠢ | ᠪᠦᠷᠢᠳᠴᠦ᠂ ᠲᠠ ᠨᠠᠷ ᠪᠠᠶᠠᠷ ᠬᠥᠷ ᠲᠠᠢ ᠵᠣᠨ ᠤ ᠰᠥᠨᠢ ᠪᠠᠨ ᠭᠦᠢᠯᠡᠷ ᠭᠤᠤᠯ ᠤᠨ ᠳᠡᠨᠵᠢᠨ ᠳᠤ ᠠᠰᠢᠳᠠᠢ | ᠰᠠᠶᠢᠬᠠᠨ ᠦᠩᠭᠡᠷᠡᠬᠦᠯᠬᠦ ᠪᠤᠯᠤᠨ᠎ᠠ᠃ | | ᠤᠯᠠᠭᠠᠨᠬᠤᠲᠠ ᠶᠢᠨ ᠰᠢᠤᠸᠠᠢ ᠬᠤᠸᠠ ᠫᠢᠸᠤ᠋ ᠶᠢᠨ ᠦᠷᠤᠭᠡ ᠨᠢ ᠬᠢᠩᠭᠠᠨ ᠠᠶᠢᠮᠠᠭ ᠤᠨ ᠪᠡᠶ᠎ᠡ ᠶᠢᠨ ᠲᠠᠮᠢᠷ ᠤᠨ | ᠣᠷᠳᠣᠨ ᠤ ᠪᠠᠷᠠᠭᠤᠨ ᠡᠮᠦᠨ᠎ᠡ ᠲᠠᠯ᠎ᠠ ᠶᠢᠨ ᠭᠦᠢᠯᠡᠷ ᠭᠤᠣᠯ ᠤᠨ ᠵᠡᠭᠦᠨ ᠡᠷᠭᠢ ᠳᠤ ᠪᠠᠶᠢᠷᠢᠯᠠᠵᠤ᠂ ᠭᠦᠢᠯᠡᠷ | ᠭᠤᠣᠯ ᠲᠠᠢ ᠬᠦᠷᠰᠢᠯᠡᠨ᠂ ᠭᠠᠵᠠᠷ ᠵᠦᠢ ᠶᠢᠨ ᠪᠠᠶᠢᠷᠢᠰᠢᠯ ᠨᠢ ᠳᠠᠪᠠᠭᠤᠯᠢᠭ᠂ ᠶᠡᠷᠦᠩᠬᠡᠢ ᠲᠠᠯᠠᠪᠠᠢ ᠨᠢ 2900 ᠲᠡᠭᠰᠢ | ᠳᠥᠷᠪᠡᠯᠵᠢᠨ ᠮᠧᠲᠷ᠂ ᠵᠤᠭ᠎ᠠ ᠴᠡᠩᠭᠡᠯ ᠤᠨ ᠬᠤᠭᠤᠯᠠᠨ ᠭᠡᠷ ᠤᠨ ᠲᠣᠭᠤᠷᠢᠭ᠂ ᠠᠮᠲᠠᠲᠤ ᠢᠳᠡᠭᠡᠨ ᠬᠤᠳᠠᠯᠳᠤᠬᠤ | ᠲᠣᠭᠤᠷᠢᠭ᠂ ᠠᠷᠢᠬᠢ ᠤᠮᠳᠠᠭᠠᠨ ᠤ ᠦᠵᠡᠭᠦᠯᠭᠡ ᠶᠢᠨ ᠲᠣᠭᠤᠷᠢᠭ᠂ ᠳᠠᠯᠠᠢ ᠶᠢᠨ ᠢᠳᠡᠭᠡᠨ ᠢ ᠰᠣᠩᠭᠤᠨ ᠬᠤᠳᠠᠯᠳᠤᠨ | ᠠᠪᠬᠤ ᠲᠣᠭᠤᠷᠢᠭ ᠵᠡᠷᠭᠡ 10 ᠴᠢᠳᠠᠮᠵᠢᠳᠦ ᠣᠷᠣᠨ ᠲᠠᠢ᠂ ᠡᠯᠪᠡᠭ ᠪᠠᠶᠠᠯᠢᠭ ᠬᠡᠷᠡᠭᠯᠡᠭᠡᠨ ᠤ ᠡᠵᠡᠩᠨᠡᠯᠲᠡ ᠲᠠᠢ | ᠪᠤᠯᠬᠤᠷ ᠤᠯᠠᠨ ᠲᠦᠮᠡᠨ ᠤ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠪᠦᠬᠦ ᠲᠠᠯ᠎ᠠ ᠪᠠᠷ ᠬᠠᠩᠭᠠᠬᠤ ᠪᠤᠯᠤᠨ᠎ᠠ᠃ | | ︽ᠪᠢᠳᠡ ᠢᠯᠡ ᠪᠠᠷ ᠠᠵᠢᠯᠲᠠᠨ ᠡᠯᠰᠡᠬᠦ ᠬᠡᠯᠪᠡᠷᠢ ᠪᠠᠷ ᠳᠠᠮᠵᠢᠭᠤᠯᠤᠨ ᠬᠤᠲᠠ ᠶᠢᠨ ᠳᠣᠲᠣᠷᠠᠬᠢ 10 ᠢᠳᠡᠭᠡᠨ | ᠤᠮᠳᠠᠭᠠᠨ ᠤ ᠠᠵᠤ ᠠᠬᠤᠶᠢᠯᠠᠯ ᠢ ᠤᠷᠤᠭᠤᠯᠤᠨ ᠠᠪᠴᠢᠷᠠᠨ᠎ᠠ᠂ ᠳᠠᠷᠠᠭ᠎ᠠ ᠨᠢ ᠮᠠᠨ ᠤ ᠬᠤᠲᠠ ᠶᠢᠨ ᠤᠯᠤᠰ ᠤᠨ | ᠪᠡᠯᠡ ᠣᠷᠣᠭᠤᠯᠤᠯᠲᠠ ᠶᠢᠨ ᠺᠣᠮᠫᠠᠨᠢ ᠴᠤ ᠰᠢᠤᠸᠠᠢ ᠬᠤᠸᠠ ᠫᠢᠸᠤ᠋ ᠶᠢᠨ ᠥᠷᠥᠭᠡ ᠶᠢ ᠪᠦᠬᠦᠯᠢ ᠴᠣᠭᠴᠠ ᠪᠠᠷ ᠨᠢ | ᠡᠵᠡᠩᠨᠡᠵᠦ ᠬᠠᠮᠢᠶᠠᠷᠬᠤ ᠪᠣᠯᠤᠨ᠎ᠠ︾ ᠭᠡᠵᠤ ᠤᠯᠠᠭᠠᠨᠬᠤᠲᠠ ᠳᠠᠬᠢ ᠤᠯᠤᠰ ᠤᠨ ᠪᠡᠯᠡ ᠣᠷᠣᠭᠤᠯᠤᠯᠲᠠ ᠶᠢᠨ | ᠺᠣᠮᠫᠠᠨᠢ ᠶᠢᠨ ᠬᠥᠭᠵᠢᠭᠦᠯᠦᠯᠲᠡ ᠡᠵᠡᠩᠨᠡᠯᠲᠡ ᠶᠢᠨ ᠬᠡᠯᠲᠡᠰ ᠤᠨ ᠳᠠᠷᠤᠭ᠎ᠠ ᠼᠦᠢ ᠺᠤᠸᠠᠨ ᠬᠡᠯᠡᠪᠡ᠃ | | ᠤᠯᠠᠭᠠᠨᠬᠤᠲᠠ ᠶᠢᠨ ᠰᠢᠤᠸᠠᠢ ᠬᠤᠸᠠ ᠫᠢᠸᠤ᠋ ᠶᠢᠨ ᠥᠷᠥᠭᠡ ᠦᠨᠦᠳᠦᠷ ᠤᠨ ᠦᠳᠡ ᠶᠢᠨ ᠬᠤᠶᠢᠨᠠᠬᠢ 18 ᠴᠠᠭ | 18 ᠮᠢᠨᠦ᠋ᠲ ᠲᠤ ᠵᠢᠩᠬᠢᠨᠢ ᠪᠠᠷ ᠡᠭᠦᠳᠡ ᠪᠠᠨ ᠨᠡᠭᠡᠭᠡᠵᠤ᠂ 9 ᠰᠠᠷ᠎ᠠ ᠶᠢᠨ ᠡᠴᠦᠰ ᠪᠣᠯᠲᠠᠯ᠎ᠠ ᠠᠵᠢᠯᠯᠠᠨ᠎ᠠ᠃ | ᠦᠳᠡᠰᠢ ᠬᠤᠸᠠᠷ ᠫᠤᠤᠵᠢᠩ ᠤᠨ ᠭᠤᠶᠢᠳᠠ ᠰᠠᠶᠢᠬᠠᠨ ᠲᠣᠭᠯᠠᠯᠲᠠ ᠭᠠᠷᠭᠠᠬᠤ ᠶᠢᠨ ᠬᠠᠮᠲᠤ ᠢᠳᠡᠭᠡᠨ ᠤᠮᠳᠠᠭᠠᠨ ᠤ | ᠲᠠᠯ᠎ᠠ ᠪᠠᠷ ᠬᠠᠷᠠᠭᠠᠯᠵᠠᠯ ᠲᠠᠢ ᠠᠵᠢᠯᠯᠠᠭ᠎ᠠ ᠶᠢ ᠤᠯᠠᠨ ᠥᠷᠨᠢᠭᠦᠯᠬᠦ ᠪᠣᠯᠤᠨ᠎ᠠ᠃ | |