ᠰᠠᠶᠢᠨ ᠴᠢᠮᠡᠭᠡ︕ ᠬᠡᠪᠴᠢᠶ᠎ᠡ ᠶᠢ ᠦᠷᠭᠡᠳᠭᠡᠪᠡ
ᠨᠡᠶᠢᠲᠡᠯᠡᠭᠰᠡᠨ ᠴᠠᠭ᠄
2022/9/2
        ᠤᠯᠤᠰ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶᠠᠨ ᠤ ᠬᠠᠮᠤᠭ ᠤᠨ ᠰᠢᠨ᠎ᠡ ᠮᠡᠳᠡᠭᠡ ᠶᠢ ᠦᠨᠳᠦᠰᠦᠯᠡᠪᠡᠯ᠂ ᠡᠭᠦᠳᠡᠨ ᠡᠮᠨᠡᠯᠭᠡ ᠶᠢᠨ ᠵᠠᠷᠤᠳᠠᠯ ᠢ ᠮᠤᠵᠢ ᠠᠯᠤᠰᠯᠠᠨ ᠰᠢᠭᠤᠳ ᠲᠡᠰᠦᠯᠦᠨ ᠪᠤᠳᠤᠬᠤ ᠶᠢᠨ ᠬᠠᠮᠤᠷᠬᠤ ᠬᠡᠪᠴᠢᠶ᠎ᠡ ᠤᠯᠠᠮ ᠨᠢᠭᠡ ᠠᠯᠬᠤᠮ ᠥᠷᠭᠡᠳᠴᠦ᠂ ᠪᠥᠬᠦ ᠤᠯᠤᠰ ᠲᠤ ᠨᠡᠶᠢᠲᠡ 72 ᠨᠢᠭᠡᠳᠦᠯᠲᠡᠶ ᠲᠥᠯᠥᠪᠯᠡᠬᠦ ᠭᠠᠵᠠᠷ ᠣᠷᠣᠨ ᠳᠤ ᠴᠢᠰᠤᠨ ᠳᠠᠷᠤᠯᠲᠠ ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ᠂ ᠬᠤᠤᠷᠲᠤ ᠬᠠᠪᠤᠳᠠᠷ ᠤᠨ ᠡᠭᠦᠳᠡᠨ ᠡᠮᠨᠡᠯᠭᠡ ᠶᠢᠨ ᠰᠠᠴᠤᠷᠠᠭ ᠬᠢᠮᠢ ᠶᠢᠨ ᠵᠠᠰᠠᠯ᠂ ᠰᠢᠭᠡᠰᠦᠨ ᠬᠤᠤᠷᠳᠠᠯ ᠢ ᠨᠡᠪᠴᠢᠭᠦᠯᠦᠨ ᠢᠯᠭᠠᠷᠠᠭᠤᠯᠬᠤ᠂ ᠡᠷᠬᠡᠲᠡᠨ ᠰᠢᠯᠵᠢᠭᠦᠯᠬᠦ ᠮᠡᠰᠡ ᠵᠠᠰᠠᠯ ᠤᠨ ᠳᠠᠷᠠᠭᠠᠬᠢ ᠤᠨᠳᠤᠤᠰᠢᠯ ᠢ ᠡᠰᠡᠷᠭᠦᠴᠡᠬᠦ ᠡᠮᠴᠢᠯᠡᠭᠡ ᠵᠡᠷᠭᠡ 5 ᠵᠥᠢᠯ ᠤᠨ ᠡᠭᠦᠳᠡᠨ ᠡᠮᠨᠡᠯᠭᠡ ᠶᠢᠨ ᠡᠪᠡᠳᠴᠢᠨ ᠢ ᠵᠠᠰᠠᠬᠤ ᠵᠠᠷᠤᠳᠠᠯ ᠢ ᠮᠤᠵᠢ ᠠᠯᠤᠰᠯᠠᠨ ᠰᠢᠭᠤᠳ ᠲᠡᠰᠦᠯᠦᠨ ᠪᠤᠳᠤᠬᠤ ᠲᠤᠷᠰᠢᠯᠲᠠ ᠶᠢ ᠡᠬᠢᠯᠡᠭᠦᠯᠵᠦ᠂ ᠡᠨᠡ ᠵᠢᠯ ᠤᠨ ᠡᠴᠦᠰ ᠠᠴᠠ ᠡᠮᠦᠨ᠎ᠡ ᠪᠣᠶ ᠪᠥᠬᠦᠶ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠢ ᠬᠠᠮᠤᠷᠬᠤ ᠪᠠᠷ ᠴᠢᠷᠮᠠᠶᠢᠵᠤ ᠪᠠᠶᠢᠨ᠎ᠠ᠃         ᠣᠳᠣᠬᠠᠨ ᠳᠤ ᠡᠭᠦᠳᠡᠨ ᠡᠮᠨᠡᠯᠭᠡ ᠶᠢᠨ ᠵᠠᠷᠤᠳᠠᠯ ᠢ ᠮᠤᠵᠢ ᠠᠯᠤᠰᠯᠠᠨ ᠰᠢᠭᠤᠳ ᠲᠡᠰᠦᠯᠦᠨ ᠪᠤᠳᠤᠬᠤ ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ ᠪᠤᠢ᠃ ᠪᠥᠬᠦ ᠤᠯᠤᠰ ᠤᠨ ᠡᠭᠦᠳᠡᠨ ᠡᠮᠨᠡᠯᠭᠡ ᠶᠢᠨ ᠵᠠᠷᠤᠳᠠᠯ ᠢ ᠮᠤᠵᠢ ᠠᠯᠤᠰᠯᠠᠨ ᠰᠢᠭᠤᠳ ᠲᠡᠰᠦᠯᠦᠨ ᠪᠤᠳᠤᠬᠤ ᠳᠤ ᠨᠢᠭᠡᠨᠲᠡ ᠰᠦᠯᠵᠢᠶᠡᠨ ᠳᠤ ᠬᠤᠯᠪᠣᠭᠰᠠᠨ ᠲᠤᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ 5.72 ᠲᠦᠮᠡ᠂ ᠲᠤᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ 10.36 ᠲᠦᠮᠡ ᠭᠠᠷᠴᠤ᠂ ᠡᠨᠡ ᠵᠢᠯ ᠡᠭᠦᠳᠡᠨ ᠡᠮᠨᠡᠯᠭᠡ ᠶᠢᠨ ᠵᠠᠷᠤᠳᠠᠯ ᠢ ᠮᠤᠵᠢ ᠠᠯᠤᠰᠯᠠᠨ 500.01 ᠲᠦᠮᠡᠨ ᠬᠥᠮᠦᠨ ᠤᠳᠠᠭ᠎ᠠ ᠳᠤ ᠰᠢᠭᠤᠳ ᠲᠡᠰᠦᠯᠦᠨ ᠪᠤᠳᠤᠵᠤ᠂ ᠡᠮᠴᠢᠯᠡᠭᠡᠨ ᠤ ᠵᠠᠷᠤᠳᠠᠯ ᠳᠤ ᠬᠤᠯᠪᠣᠭᠳᠠᠭᠰᠠᠨ ᠵᠤᠭᠤᠰ 12.49 ᠳ᠋ᠦᠩᠰᠢᠭᠤᠷ ᠲᠥᠭᠦᠷᠢᠭ᠂ ᠰᠠᠭᠤᠷᠢ ᠮᠥᠩᠭᠦ ᠠᠴᠠ ᠳᠥᠯᠥᠬᠦ ᠨᠢ 7.31 ᠳ᠋ᠦᠩᠰᠢᠭᠤᠷ ᠲᠥᠭᠦᠷᠢᠭ ᠬᠦᠷᠴᠦ᠂ ᠰᠠᠭᠤᠷᠢ ᠮᠥᠩᠭᠦ ᠠᠴᠠ ᠳᠥᠯᠥᠬᠦ ᠬᠠᠷᠢᠴᠠᠯ ᠨᠢ 58 . 5 % ᠪᠤᠯᠪᠠ᠃ ᠡᠮᠨᠡᠯᠭᠡ ᠳᠤ ᠰᠠᠭᠤᠬᠤ ᠲᠠᠯ᠎ᠠ ᠪᠠᠷ᠂ ᠡᠮᠨᠡᠯᠭᠡ ᠳᠤ ᠰᠠᠭᠤᠭᠰᠠᠨ ᠵᠠᠷᠤᠳᠠᠯ ᠢ ᠮᠤᠵᠢ ᠠᠯᠤᠰᠯᠠᠨ ᠰᠢᠭᠤᠳ ᠲᠡᠰᠦᠯᠦᠨ ᠪᠤᠳᠤᠬᠤ ᠨᠢ ᠨᠢᠭᠡᠨᠲᠡ ᠪᠥᠬᠦ ᠤᠯᠤᠰ ᠤᠨ ᠪᠣᠶ ᠪᠥᠬᠦᠶ ᠮᠤᠵᠢ ᠣᠷᠣᠨ ᠢ ᠬᠠᠮᠤᠷᠴᠤ᠂ ᠪᠣᠶ ᠪᠥᠬᠦᠶ ᠨᠢᠭᠡᠳᠦᠯᠲᠡᠶ ᠲᠥᠯᠥᠪᠯᠡᠬᠦ ᠭᠠᠵᠠᠷ ᠣᠷᠣᠨ᠂ ᠡᠯ᠎ᠡ ᠲᠥᠷᠥᠯ ᠤᠨ ᠳᠠᠭᠠᠳᠬᠠᠯ ᠳᠤ ᠣᠷᠣᠯᠴᠠᠭᠰᠠᠳ ᠪᠠ ᠭᠠᠳᠠᠭᠰᠢ ᠭᠠᠷᠤᠭᠰᠠᠨ ᠬᠥᠮᠦᠰ᠂ ᠡᠮᠨᠡᠯᠭᠡ ᠳᠤ ᠰᠠᠭᠤᠭᠰᠠᠨ ᠵᠠᠷᠤᠳᠠᠯ ᠢ ᠮᠤᠵᠢ ᠠᠯᠤᠰᠯᠠᠨ ᠰᠢᠭᠤᠳ ᠲᠡᠰᠦᠯᠦᠨ ᠪᠤᠳᠤᠬᠤ ᠠᠵᠢᠯᠯᠠᠭᠠᠨ ᠨᠢ ᠲᠣᠭᠲᠠᠭᠤᠨ ᠪᠠᠶᠢᠨ᠎ᠠ᠃ ᠪᠥᠬᠦ ᠤᠯᠤᠰ ᠤᠨ ᠡᠮᠨᠡᠯᠭᠡ ᠳᠤ ᠰᠠᠭᠤᠭᠰᠠᠨ ᠵᠠᠷᠤᠳᠠᠯ ᠢ ᠮᠤᠵᠢ ᠠᠯᠤᠰᠯᠠᠨ ᠰᠢᠭᠤᠳ ᠲᠡᠰᠦᠯᠦᠨ ᠪᠤᠳᠤᠬᠤ ᠳᠤ ᠨᠢᠭᠡᠨᠲᠡ ᠰᠦᠯᠵᠢᠶᠡᠨ ᠳᠤ ᠬᠤᠯᠪᠣᠭᠰᠠᠨ ᠲᠣᠭᠲᠠᠮᠠᠯ ᠴᠡᠭ ᠤᠨ ᠡᠮᠴᠢᠯᠡᠭᠡᠨ ᠤ ᠪᠠᠶᠢᠭᠤᠯᠤᠮᠵᠢ 5.55 ᠲᠦᠮᠡ ᠬᠦᠷᠴᠣ᠂ ᠡᠨᠡ ᠵᠢᠯ ᠡᠮᠨᠡᠯᠭᠡ ᠳᠤ ᠰᠠᠭᠤᠭᠰᠠᠨ ᠵᠠᠷᠤᠳᠠᠯ ᠢ ᠮᠤᠵᠢ ᠠᠯᠤᠰᠯᠠᠨ 122. 37 ᠲᠦᠮᠡᠨ ᠬᠥᠮᠦᠨ ᠤᠳᠠᠭ᠎ᠠ ᠰᠢᠭᠤᠳ ᠲᠡᠰᠦᠯᠦᠨ ᠪᠤᠳᠤᠵᠤ᠂ ᠡᠮᠴᠢᠯᠡᠭᠡᠨ ᠤ ᠵᠠᠷᠤᠳᠠᠯ 281. 06 ᠳ᠋ᠦᠩᠰᠢᠭᠤᠷ ᠲᠥᠭᠦᠷᠢᠭ ᠲᠤ ᠬᠤᠯᠪᠣᠭᠳᠠᠵᠤ᠂ ᠰᠠᠭᠤᠷᠢ ᠮᠦᠩᠭᠦᠨ ᠠᠴᠠ 161.52 ᠳ᠋ᠦᠩᠰᠢᠭᠤᠷ ᠲᠥᠭᠦᠷᠢᠭ ᠳᠥᠯᠥᠵᠦ᠂ ᠰᠠᠭᠤᠷᠢ ᠮᠦᠩᠭᠦᠨ ᠤ ᠳᠥᠯᠥᠬᠦ ᠬᠠᠷᠢᠴᠠᠯ ᠨᠢ 57 . 5 % ᠪᠣᠯᠤᠨ᠎ᠠ᠃    
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号