88 ᠲᠦᠮᠡᠨ ᠲᠥᠭᠦᠷᠢᠭ ᠤᠨ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠭᠦᠢᠯᠡᠷ ᠭᠤᠤᠯ ᠴᠡᠴᠡᠷᠯᠢᠭ ᠲᠤ ᠤᠭᠰᠠᠷᠠᠭᠳᠠᠯ᠎ᠠ
ᠨᠡᠶᠢᠲᠡᠯᠡᠭᠰᠡᠨ ᠴᠠᠭ᠄
2022/9/27
       ︽ᠪᠥᠬᠦ ᠠᠷᠠᠳ ᠢᠶᠠᠷ ᠢᠶᠠᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ︾ ᠣᠨᠣᠯᠵᠢᠬᠤᠨ ᠢ ᠤᠯᠠᠮ ᠨᠢᠭᠡ ᠠᠯᠬᠤᠮ ᠰᠠᠨᠠᠭᠠᠴᠢᠯᠠᠵᠤ᠂ ᠬᠤᠲᠠ ᠶᠢᠨ ᠠᠷᠠᠳ ᠤᠨ ᠠᠵᠢᠯ ᠤᠨ ᠴᠢᠯᠥᠭᠡᠨ ᠤ ᠰᠣᠶᠣᠯ ᠪᠡᠶ᠎ᠡ ᠶᠢᠨ ᠲᠠᠮᠢᠷ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠦᠯᠦᠭᠡ ᠣᠶᠢᠷ᠎ᠠ ᠳᠤ᠂ ᠤᠯᠠᠭᠠᠨᠬᠤᠲᠠ ᠭᠦᠢᠯᠡᠷ ᠭᠤᠤᠯ ᠴᠡᠴᠡᠷᠯᠢᠭ ᠤᠨ ᠪᠡᠶ᠎ᠡ ᠴᠢᠭᠢᠷᠠᠭᠵᠢᠭᠤᠯᠬᠤ ᠲᠠᠯᠠᠪᠠᠶ ᠳᠤ 89 ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠢ ᠰᠢᠨ᠎ᠡ ᠪᠠᠷ ᠤᠭᠰᠠᠷᠠᠵᠤ᠂ ᠪᠥᠬᠦ ᠬᠤᠲᠠ ᠶᠢᠨ ᠰᠠᠭᠤᠭᠠᠯᠢ ᠠᠷᠠᠳ ᠤᠨ ᠣᠯᠠᠨ ᠡᠰᠢᠲᠦ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠶᠢ ᠭᠦᠢᠴᠡᠳ ᠬᠠᠩᠭᠠᠭᠰᠠᠨ ᠪᠠᠶᠢᠨ᠎ᠠ᠃
       ᠰᠣᠷᠪᠤᠯᠵᠢᠯᠠᠭᠴᠢ ᠤᠯᠠᠭᠠᠨᠬᠤᠲᠠ ᠶᠢᠨ ᠭᠦᠢᠯᠡᠷ ᠭᠤᠤᠯ ᠴᠡᠴᠡᠷᠯᠢᠭ ᠤᠨ ᠪᠡᠶ᠎ᠡ ᠴᠢᠭᠢᠷᠠᠭᠵᠢᠭᠤᠯᠬᠤ ᠠᠭᠤᠳᠠᠮ ᠲᠠᠯᠠᠪᠠᠢ ᠳᠤ ᠬᠦᠷᠬᠦ ᠳᠤ᠂ ᠪᠠᠷᠢᠯᠭ᠎ᠠ ᠶᠢᠨ ᠠᠵᠢᠯᠲᠠᠳ ᠪᠡᠶ᠎ᠡ ᠴᠢᠭᠢᠷᠠᠭᠵᠢᠭᠤᠯᠬᠤ ᠤᠯᠠᠭ᠎ᠠ ᠦᠷᠳᠡᠭᠡ ᠤᠭᠰᠠᠷᠠᠵᠤ ᠪᠠᠶᠢᠯ᠎ᠠ᠂ ᠤᠯᠠᠭ᠎ᠠ ᠦᠷᠳᠡᠭᠡ ᠶᠢᠨ ᠳᠡᠭᠡᠷ᠎ᠡ ᠲᠠᠯ᠎ᠠ ᠳᠤ ᠨᠡᠷᠡᠨ ᠡᠨᠧᠷᠭᠢ ᠶᠢᠨ ᠴᠠᠬᠢᠯᠭᠠᠨ ᠬᠤᠷᠢᠶᠠᠭᠤᠷ ᠬᠠᠪᠲᠠᠰᠤ ᠤᠭᠰᠠᠷᠠᠨ᠂ ᠪᠠᠭᠠᠨ᠎ᠠ ᠳᠡᠭᠡᠷ᠎ᠡ ᠨᠢ ᠪᠠᠰᠠ ᠬᠦᠯ᠂ ᠬᠦᠵᠦᠭᠦᠦ ᠰᠡᠭᠡᠷ ᠵᠡᠷᠭᠡ ᠢᠯᠢᠬᠦ ᠪᠠᠭᠠᠵᠢ ᠬᠡᠷᠡᠭᠰᠡᠯ ᠪᠣᠯᠤᠨ ᠵᠢᠭᠠᠯᠲᠠ ᠶᠢᠨ ᠫᠠᠶᠢᠰᠠ ᠲᠠᠭᠠᠷᠠᠭᠤᠯᠵᠤ᠂ ᠰᠠᠭᠤᠭᠠᠯᠢ ᠠᠷᠠᠳ ᠵᠢᠯᠤᠭᠤᠳᠤᠯᠭ᠎ᠠ ᠶᠢ ᠦᠨᠳᠦᠰᠦᠯᠡᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠠᠷᠭ᠎ᠠ ᠵᠠᠮ ᠢ ᠡᠵᠡᠮᠰᠢᠵᠦ᠂ ᠰᠢᠨᠵᠢᠯᠡᠬᠦ ᠤᠬᠠᠭᠠᠨᠴᠢ ᠪᠠᠷ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠵᠤ ᠪᠣᠯᠤᠨ᠎ᠠ᠃
      ︽ᠣᠳᠣᠬᠠᠨ ᠳᠤ᠂ ᠡᠨᠡ ᠪᠣᠯ ᠤᠯᠠᠭᠠᠨᠬᠤᠲᠠ ᠶᠢᠨ ᠬᠠᠮᠤᠭ ᠤᠨ ᠲᠡᠷᠢᠭᠦᠨ ᠤ ᠣᠶᠤᠨᠴᠢ ᠪᠡᠶ᠎ᠡ ᠴᠢᠭᠢᠷᠠᠭᠵᠢᠭᠤᠯᠬᠤ ᠴᠡᠴᠡᠷᠯᠢᠭ ᠮᠥᠨ᠂ ᠥᠩᠭᠡᠷᠡᠭᠰᠡᠨ ᠤ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠲᠠᠢ ᠠᠳᠠᠯᠢ ᠥᠬᠡᠶ ᠨᠢ ᠭᠡᠪᠡᠯ ᠲᠡᠷᠡ ᠨᠢ ᠣᠶᠤᠨᠴᠢ ᠪᠡᠶ᠎ᠡ ᠴᠢᠭᠢᠷᠠᠭᠵᠢᠭᠤᠯᠬᠤ ᠥᠷᠲᠡᠭᠡ ᠲᠠᠢ ᠪᠠᠶᠢᠵᠤ᠂ ᠣᠲᠣ ᠶᠢᠨ ᠬᠠᠮᠤᠭ ᠤᠨ ᠲᠡᠷᠢᠭᠦᠨ ᠤ ᠳᠥᠷᠪᠡᠳᠦᠭᠡᠷ ᠦᠶ᠎ᠡ ᠶᠢᠨ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠢ ᠣᠷᠣᠭᠤᠯᠤᠨ ᠠᠪᠴᠢᠷᠠᠵᠤ᠂ ᠨᠠᠰᠤᠲᠠᠶᠢᠴᠤᠳ᠂ ᠬᠡᠤᠬᠡᠳ ᠤᠨ ᠪᠡᠶ᠎ᠡ ᠴᠢᠭᠢᠷᠠᠭᠵᠢᠭᠤᠯᠬᠤ ᠳᠤ ᠨᠠᠩ ᠲᠥᠬᠦᠮ ᠪᠣᠯᠭᠠᠵᠠᠶ︾ ᠭᠡᠵᠦ ᠱᠧᠨᠵᠧᠨ ᠬᠤᠳᠠ ᠶᠢᠨ ᠬᠤᠤ ᠵᠢᠶᠠ ᠲᠢᠩ ᠠᠵᠤ ᠦᠢᠯᠡᠰ ᠤᠨ ᠬᠢᠵᠠᠭᠠᠷᠲᠤ ᠺᠣᠮᠫᠠᠨᠢ ᠶᠢᠨ ᠬᠥᠬᠡᠬᠤᠲᠠ ᠶᠢᠨ ᠬᠤᠪᠢᠶᠠᠷᠢ ᠺᠣᠮᠫᠠᠨᠢ ᠶᠢᠨ ᠲᠦᠷᠦᠯ ᠵᠦᠢᠯ ᠤᠨ ᠮᠡᠷᠭᠡᠵᠢᠯᠲᠡᠨ ᠼᠠᠢ ᠶᠢᠩ ᠪᠢᠨ ᠰᠣᠷᠪᠤᠯᠵᠢᠯᠠᠭᠴᠢ ᠳᠤ ᠲᠠᠨᠢᠯᠴᠠᠭᠤᠯᠪᠠ᠃
       ᠣᠶᠢᠯᠠᠭᠠᠭᠰᠠᠨ ᠢᠶᠠᠷ᠂ ᠤᠯᠠᠭᠠᠨᠬᠤᠲᠠ ᠶᠢᠨ ᠭᠦᠢᠯᠡᠷ ᠭᠤᠤᠯ ᠴᠡᠴᠡᠷᠯᠢᠭ ᠤᠨ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠤᠨ ᠲᠥᠷᠥᠯ ᠵᠦᠢᠯ ᠢ 9 ᠰᠠᠷ᠎ᠠ ᠶᠢᠨ 6 ᠤ ᠡᠳᠦᠷ ᠵᠢᠩᠬᠢᠨᠢ ᠪᠠᠷ ᠡᠬᠢᠯᠡᠭᠦᠯᠵᠦ᠂ ᠬᠡᠪᠲᠡᠭᠡ ᠮᠠᠶ᠋ᠢᠭ ᠤᠨ ᠪᠡᠶ᠎ᠡ ᠴᠢᠭᠢᠷᠠᠭᠵᠢᠭᠤᠯᠬᠤ ᠲᠡᠷᠭᠡ᠂ ᠬᠦᠵᠦᠭᠦᠦ ᠢᠯᠢᠬᠦ ᠮᠠᠰᠢᠨ᠂ ᠬᠤᠶᠠᠷ ᠬᠥᠮᠦᠨ ᠤ ᠳᠡᠭᠡᠳᠦ ᠮᠥᠴᠢ ᠶᠢᠨ ᠲᠠᠲᠠᠭᠤᠷ ᠵᠡᠷᠭᠡ 89 ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠢ ᠣᠷᠣᠭᠤᠯᠤᠨ ᠠᠪᠴᠢᠷᠠᠵᠤ᠂ ᠨᠡᠶᠢᠲᠡ 889950 ᠲᠥᠭᠦᠷᠢᠭ ᠤᠨ ᠪᠠᠯᠠ ᠣᠷᠣᠭᠤᠯᠵᠤ᠂ ᠰᠠᠭᠤᠭᠠᠯᠢ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠳᠤ ᠪᠣᠯᠪᠠᠰᠤᠷᠠᠬᠤ ᠲᠠᠪᠴᠠᠩ ᠬᠠᠩᠭᠠᠭᠰᠠᠨ ᠪᠠᠶᠢᠨ᠎ᠠ᠃
       ᠤᠯᠠᠭᠠᠨᠬᠤᠲᠠ ᠶᠢᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠡᠳ᠋ ᠳᠠᠷᠤᠭ᠎ᠠ ᠶᠠᠩ ᠱᠦ ᠲᠢᠶᠠᠨ ᠢᠯᠡᠷᠬᠡᠶᠢᠯᠡᠬᠦ ᠳᠡᠭᠡᠨ᠄ ︽ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠲᠤᠭᠤᠰᠢᠯᠠᠭᠤᠯᠬᠤ ᠶᠢᠨ ᠲᠥᠯᠥᠭᠡ᠂ ᠠᠷᠠᠳ ᠲᠦᠮᠡᠨ ᠤ ᠳᠡᠷᠭᠡᠳᠡᠬᠢ ᠪᠡᠶ᠎ᠡ ᠶᠢᠨ ᠲᠠᠮᠢᠷ ᠤᠨ ᠬᠡᠷᠡᠭᠰᠡᠯ ᠢ ᠰᠠᠶᠢᠲᠤᠷ ᠪᠠᠶᠢᠭᠤᠯᠵᠤ᠂ ᠪᠦᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠬᠦ ᠶᠢᠨ ᠲᠦᠯᠦᠭᠡ᠂ ᠪᠢᠳᠡ ᠤᠯᠠᠭᠠᠨᠬᠤᠲᠠ ᠶᠢᠨ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠭᠦᠢᠯᠡᠷ ᠭᠤᠤᠯ ᠴᠡᠴᠡᠷᠯᠢᠭ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠵᠠᠮ ᠱᠤᠭᠤᠮ ᠢ ᠪᠠᠶᠢᠭᠤᠯᠪᠠ᠂ ᠡᠨᠡ ᠬᠦ ᠵᠠᠮ ᠱᠤᠭᠤᠮ ᠤᠨ ᠲᠥᠷᠥᠯ ᠵᠦᠢᠯ ᠣᠯᠠᠨ᠂ ᠲᠤᠭ᠎ᠠ ᠬᠡᠮᠵᠢᠶ᠎ᠡ ᠶᠡᠭᠡ᠂ ᠨᠡᠶᠢᠲᠡ 5 ᠴᠢᠳᠠᠮᠵᠢᠳᠤ ᠣᠷᠣᠨ ᠪᠣᠶ᠂ ᠲᠡᠭᠦᠨ ᠢ ᠪᠠᠶᠢᠭᠤᠯᠤᠭᠰᠠᠨ ᠨᠢ ᠭᠦᠢᠯᠡᠷ ᠭᠤᠤᠯ ᠴᠡᠴᠡᠷᠯᠢᠭ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠡᠶ᠎ᠡ ᠶᠢᠨ ᠲᠠᠮᠢᠷ ᠤᠨ ᠲᠥᠷᠥᠯ ᠵᠦᠢᠯ ᠢ ᠪᠠᠶᠠᠯᠢᠭᠵᠢᠭᠤᠯᠤᠭᠰᠠᠨ ᠮᠥᠷᠲᠡᠭᠡᠨ ᠪᠠᠰᠠ ᠥᠷᠭᠡᠨ ᠣᠯᠠᠨ ᠬᠤᠲᠠ ᠶᠢᠨ ᠠᠷᠠᠳ ᠤᠨ ᠪᠡᠶ᠎ᠡ ᠮᠠᠬᠠᠪᠣᠳ ᠢᠶᠠᠨ ᠪᠣᠯᠪᠠᠰᠤᠷᠠᠭᠤᠯᠬᠤ ᠳᠤ ᠪᠠᠰᠠ ᠨᠢᠭᠡᠨ ᠰᠠᠶᠢᠨ ᠭᠠᠵᠠᠷ ᠬᠠᠩᠭᠠᠭᠰᠠᠨ ᠪᠠᠶᠢᠨ᠎ᠠ︾ ᠭᠡᠵᠡᠶ᠃
 
ᠢᠷᠡᠯᠲᠡ᠄ ᠤᠯᠠᠭᠠᠨᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号