| ᠤᠯᠤᠰ ᠤᠨ ᠠᠮᠤᠷ ᠲᠦᠪᠰᠢᠨ ᠪᠣᠯ ᠦᠨᠳᠦᠰᠦᠲᠡᠨ ᠤ ᠰᠡᠷᠭᠦᠨ ᠮᠠᠨᠳᠤᠯᠲᠠ ᠶᠢᠨ ᠦᠨᠳᠦᠰᠦ ᠰᠠᠭᠤᠷᠢ ᠮᠥᠨ᠂ | ᠨᠡᠶᠢᠭᠡᠮ ᠤᠨ ᠲᠣᠭᠲᠠᠭᠤᠨ ᠪᠠᠶᠢᠳᠠᠯ ᠪᠣᠯ ᠤᠯᠤᠰ ᠣᠷᠣᠨ ᠤ ᠬᠦᠴᠦᠷᠬᠡᠭᠵᠢᠨ ᠮᠠᠨᠳᠤᠬᠤ ᠶᠢᠨ ᠤᠷᠢᠲᠠᠯ ᠮᠥᠨ᠃ ᠨᠢᠳᠤᠨᠤᠨ | ᠵᠢᠯ᠂ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ ᠬᠢᠨ ᠳᠡᠭᠡᠳᠦ ᠱᠠᠲᠤᠨ ᠤ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠪᠣᠯᠤᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠵᠢᠴᠢ ᠰᠢ ᠶᠢᠨ | ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠣᠯᠤᠨ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ | ᠲᠤᠬᠠᠢ ᠴᠢᠬᠤᠯᠠ ᠥᠭᠦᠯᠡᠯᠲᠡ ᠵᠡᠷᠭᠡ ᠶᠢ ᠰᠤᠷᠤᠯᠴᠠᠨ ᠳᠤᠭᠤᠰᠢᠯᠠᠭᠤᠯᠵᠦ᠂ ︽ᠵᠠᠭᠤᠨ ᠡᠳᠦᠷ ᠤᠨ ᠠᠵᠢᠯᠯᠠᠭ᠎ᠠ︾᠂ ︽ | ᠬᠤᠶᠠᠷ ᠢ ᠠᠷᠢᠯᠭᠠᠬᠤ ᠬᠤᠶᠠᠷ ᠲᠤ ᠴᠣᠬᠢᠯᠲᠠ ᠥᠭᠬᠦ︾ ᠵᠡᠷᠭᠡ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠨᠠᠮ | ᠪᠣᠯᠤᠨ ᠠᠷᠠᠳ ᠲᠦᠮᠡᠨ ᠠᠴᠠ ᠳᠠᠭᠠᠭᠠᠯᠭᠠᠭᠰᠠᠨ ᠰᠢᠨ᠎ᠡ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠶᠢ ᠯᠠᠪᠳᠠᠭᠤᠨ | ᠪᠠᠳᠤᠳᠠᠢ ᠭᠦᠢᠴᠡᠳᠭᠡᠵᠦ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠬᠤ ᠳᠤ ᠬᠢᠩᠭᠠᠨ ᠤ | ᠳᠣᠲᠣᠭᠠᠳᠤ ᠶᠢ ᠬᠠᠮᠠᠭᠠᠯᠠᠬᠤ ᠠᠵᠢᠯ ᠤᠨ ᠤᠶᠤᠨ ᠤᠬᠠᠭᠠᠨ ᠪᠠ ᠬᠦᠴᠦᠨ ᠴᠢᠳᠠᠯ ᠢ ᠨᠡᠮᠡᠷᠢᠯᠡᠭᠰᠡᠨ ᠪᠠᠶᠢᠨ᠎ᠠ᠃ | ᠦᠵᠡᠯ ᠰᠠᠨᠠᠭ᠎ᠠ ᠪᠣᠯ ᠦᠢᠯᠡ ᠠᠵᠢᠯᠯᠠᠭ᠎ᠠ ᠶᠢᠨ ᠵᠢᠯᠣᠭᠤᠳᠤᠮᠵᠢ ᠮᠥᠨ᠂ ᠤᠨᠤᠯ ᠪᠣᠯ ᠦᠢᠯᠡᠳᠦᠯᠭᠡ ᠶᠢᠨ | ᠵᠦᠭᠯᠡᠭᠦᠷ ᠮᠥᠨ᠃ ᠠᠶᠢᠮᠠᠬ ᠤᠨ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ ᠬᠢᠨ ᠤᠯᠤᠰ ᠲᠦᠷᠦ ᠶᠢᠨ ᠴᠠᠭᠳᠠᠭ᠎ᠠ ᠶᠢᠨ | ᠪᠠᠶᠢᠭᠤᠯᠤᠯᠲᠠ ᠶᠢ ᠴᠢᠩᠭ᠎ᠠ ᠠᠳᠬᠤᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ | ᠥᠷᠨᠢᠭᠦᠯᠵᠦ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠ ᠵᠣᠬᠢᠶᠠᠨ ᠪᠠᠶᠢᠭᠤᠯᠤᠯᠲᠠ ᠶᠢ ᠴᠢᠩᠭᠠᠳᠬᠠᠨ᠂ ᠨᠠᠮ ᠤᠨ | ᠬᠤᠷᠢᠶᠠᠨ ᠤ ᠬᠤᠷᠠᠯᠳᠤᠭᠠᠨ ᠢ 26 ᠤᠳᠠᠭ᠎ᠠ ᠬᠤᠷᠠᠯᠳᠤᠭᠤᠯᠵᠤ᠂ ᠡᠯ᠎ᠡ ᠲᠦᠷᠦᠯ ᠤᠨ ᠤᠯᠤᠰ ᠲᠦᠷᠦ ᠶᠢᠨ ᠡᠭᠡᠯᠵᠢᠯᠡᠨ | ᠪᠤᠯᠪᠠᠰᠤᠷᠠᠬᠤ ᠠᠩᠬᠢ ᠶᠢ 68 ᠬᠤᠭᠤᠴᠠᠭ᠎ᠠ ᠵᠣᠬᠢᠶᠠᠨ ᠪᠠᠶᠢᠭᠤᠯᠪᠠ᠃ ᠮᠦᠨ ᠴᠤ ᠮᠠᠨ ᠤ ᠠᠶᠢᠮᠠᠭ ᠤᠨ ᠬᠤᠪᠢᠰᠬᠠᠯ ᠤᠨ | ᠡᠬᠢ ᠪᠠᠶᠠᠯᠢᠭ ᠲᠤ ᠲᠦᠰᠢᠭᠯᠡᠨ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠢᠷᠢᠰ ᠠᠵᠢᠯᠯᠠᠭ᠎ᠠ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠠᠮᠠᠭᠠᠯᠠᠬᠤ᠂ ᠴᠠᠭᠳᠠᠭ᠎ᠠ ᠠᠷᠠᠳ ᠬᠤᠤᠰᠯᠠᠯ | ᠪᠠᠶᠢᠭᠤᠯᠤᠨ ᠬᠠᠪᠰᠤᠷᠤᠯᠴᠠᠬᠤ ᠵᠡᠷᠭᠡ ᠠᠵᠢᠯ ᠢ ᠦᠷᠨᠢᠬᠦᠯᠤᠨ ᠠᠷᠠᠳ ᠤᠯᠠᠨ ᠤ ᠪᠠᠴᠢᠮ ᠲᠤᠯᠭᠠᠮ ᠬᠦᠴᠢᠷ ᠵᠣᠪᠠᠭᠤᠷᠢ ᠲᠠᠢ | ᠪᠠᠶᠢᠬᠤ ᠠᠰᠠᠭᠤᠳᠠᠯ ᠢ ᠦᠨᠡᠨ ᠬᠦ ᠰᠢᠢᠳᠪᠦᠷᠢᠯᠡᠪᠡ᠃ | ᠤᠯᠤᠰ ᠲᠦᠷᠦ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠦᠬᠦ | ᠬᠦᠴᠦᠨ ᠢᠶᠠᠷ ᠢᠶᠠᠨ ᠬᠠᠮᠠᠭᠠᠯᠠᠪᠠ᠃ ᠠᠶᠢᠮᠠᠬ ᠤᠨ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ ᠬᠢᠨ ᠨᠠᠮ ᠤᠨ ᠬᠤᠷᠢᠳᠤᠭᠠᠷ | ᠶᠡᠭᠡ ᠬᠤᠷᠠᠯ ᠤᠨ ᠠᠮᠤᠷ ᠢ ᠬᠠᠮᠠᠭᠠᠯᠠᠬᠤ ᠠᠵᠢᠯ ᠢᠶᠠᠷ ᠬᠥᠲᠥᠯᠦᠮᠵᠢ ᠪᠣᠯᠭᠠᠵᠤ᠂ ︽ᠵᠠᠭᠤᠨ ᠡᠳᠦᠷ ᠤᠨ ᠠᠵᠢᠯᠯᠠᠭ᠎ᠠ︾ ᠶᠢ | ᠭᠦᠨᠵᠡᠭᠡᠶ ᠥᠷᠨᠢᠭᠦᠯᠵᠦ᠂ ︽ᠬᠤᠶᠠᠷ ᠢ ᠠᠷᠢᠯᠭᠠᠬᠤ ᠬᠤᠶᠠᠷ ᠲᠤ ᠴᠣᠬᠢᠯᠲᠠ ᠥᠭᠬᠦ︾᠂ ︽ᠶᠦᠨ ᠵᠢᠶᠠᠨ︾᠂ ︽ᠺᠦᠨ | ᠯᠦᠨ︾᠂ ︽ᠲᠣᠣᠷ ᠰᠦᠯᠵᠢᠶ᠎ᠡ ᠶᠢ ᠴᠡᠪᠡᠷᠰᠢᠭᠦᠯᠬᠦ︾᠂ ︽ᠨᠠᠰᠤᠵᠢᠯ ᠤᠨ ᠠᠰᠠᠷᠠᠮᠵᠢ ᠶᠢᠨ ᠮᠦᠡᠭᠬᠦ ᠶᠢᠨ ᠮᠡᠬᠡᠯᠡᠯ ᠳᠤ | ᠴᠣᠬᠢᠯᠲᠠ ᠥᠭᠬᠦ︾ ᠵᠡᠷᠭᠡ ᠲᠤᠰᠬᠠᠶ ᠠᠵᠢᠯᠯᠠᠭ᠎ᠠ ᠶᠢ ᠳᠠᠷᠠᠭᠠᠯᠠᠨ ᠦᠷᠨᠢᠬᠦᠯᠤᠨ᠂ ᠬᠠᠷ᠎ᠠ ᠬᠠᠷᠭᠢᠰ ᠬᠦᠴᠦᠨ ᠢ ᠠᠷᠢᠯᠭᠠᠬᠤ | ᠲᠡᠮᠡᠴᠡᠯ ᠢ ᠪᠠᠶᠢᠩᠭᠤᠵᠢᠭᠤᠯᠤᠨ ᠠᠬᠢᠭᠤᠯᠵᠤ᠂ ︽ᠬᠤᠯᠠᠭᠠᠶᠢᠯᠠᠬᠤ ᠪᠤᠯᠢᠶᠠᠬᠤ ᠮᠡᠬᠡᠯᠡᠬᠦ︾᠂ ︽ᠫᠤᠤ ᠵᠡᠪᠰᠡᠭ ᠠᠷᠠᠯᠵᠢᠶᠠᠯᠠᠬᠤ | ︾᠂ ︽ᠱᠠᠯᠢᠭ ᠵᠠᠪᠬᠠᠶ ᠵᠣᠭᠤᠰ ᠨᠠᠭᠠᠳᠬᠤ ᠬᠤᠣᠷᠲᠤ ᠡᠳ᠋ ᠫᠠᠨᠽᠠᠯᠠᠬᠤ︾ ᠵᠡᠷᠭᠡ ᠬᠠᠣᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃ | 2022 ᠣᠨ ᠳᠤ᠂ ᠪᠥᠬᠦ ᠠᠶᠢᠮᠠᠭ ᠤᠨ ᠡᠯ᠎ᠡ ᠲᠥᠷᠥᠯ ᠤᠨ ᠡᠷᠡᠭᠦᠦ ᠶᠢᠨ ᠬᠡᠷᠡᠭ ᠤᠨ ᠬᠡᠷᠡᠭ ᠪᠣᠯᠭᠠᠨ | ᠳᠠᠩᠰᠠᠯᠠᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 12% ᠢᠶᠠᠷ ᠪᠠᠭᠤᠷᠠᠵᠤ᠂ ᠢᠯᠡᠷᠡᠭᠦᠯᠦᠭᠰᠡᠨ ᠲᠤᠭ᠎ᠠ ᠠᠳᠠᠯᠢ | ᠬᠤᠭᠤᠴᠠᠭᠠᠨ ᠤ ᠬᠢ ᠠᠴᠠ 30% ᠪᠠᠷ ᠨᠡᠮᠡᠭᠳᠡᠵᠦ᠂ ᠨᠠᠢᠮᠠᠨ ᠲᠥᠷᠥᠯ ᠤᠨ ᠬᠦᠨᠳᠦ ᠨᠣᠴᠢᠲᠠᠶ ᠬᠦᠴᠦᠷᠬᠡᠭᠯᠡᠯ ᠤᠨ ᠶᠠᠯᠠᠲᠤ | ᠬᠡᠷᠡᠭ ᠤᠨ ᠬᠡᠷᠡᠭ ᠪᠣᠯᠭᠠᠨ ᠳᠠᠩᠰᠠᠯᠠᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 21% ᠪᠠᠷ ᠪᠠᠭᠤᠷᠠᠪᠠ᠃ ︽ | ᠬᠤᠶᠠᠷ ᠢ ᠪᠤᠯᠢᠶᠠᠵᠦ ᠨᠢᠭᠡ ᠶᠢ ᠬᠤᠯᠠᠭᠠᠶᠢᠯᠠᠬᠤ︾ ᠬᠡᠷᠡᠭ ᠤᠨ ᠬᠡᠷᠡᠭ ᠪᠣᠯᠭᠠᠨ ᠳᠠᠩᠰᠠᠯᠠᠭᠰᠠᠨ ᠲᠤᠭ᠎ᠠ ᠠᠳᠠᠯᠢ | ᠬᠤᠭᠤᠴᠠᠭᠠᠨ ᠤ ᠬᠢ ᠠᠴᠠ 36% ᠪᠠᠷ ᠪᠠᠭᠤᠷᠠᠪᠠ᠃ ᠰᠡᠷᠭᠡᠶᠢᠯᠡᠵᠦ ᠪᠣᠯᠬᠤᠶᠢᠴᠠ ᠬᠡᠷᠡᠭ ᠤᠨ ᠬᠡᠷᠡᠭ ᠪᠣᠯᠭᠠᠨ | ᠳᠠᠩᠰᠠᠯᠠᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 36% ᠪᠠᠷ ᠪᠠᠭᠤᠷᠠᠪᠠ᠃ ᠳᠣᠲᠣᠭᠠᠳᠤ ᠶᠢ ᠬᠠᠮᠠᠭᠠᠯᠠᠬᠤ | ᠶᠠᠮᠤᠨ ᠠᠴᠠ ᠵᠠᠷᠯᠠᠬᠰᠠᠨ ᠬᠤᠣᠷᠲᠤ ᠡᠳ᠋ ᠤᠨ ᠬᠡᠷᠡᠭ ᠢ ᠢᠯᠡᠷᠡᠭᠦᠯᠤᠨ᠂ ᠰᠦᠯᠵᠢᠶ᠎ᠡ ᠪᠠᠷ ᠬᠤᠣᠷᠲᠤ ᠡᠳ᠋ ᠫᠠᠨᠽᠠᠯᠠᠨ | ᠵᠥᠭᠡᠭᠡᠪᠦᠷᠢᠯᠡᠬᠦ ᠵᠠᠮ ᠢ ᠡᠪᠳᠡᠵᠦ᠂ ᠳᠣᠲᠣᠭᠠᠳᠤ ᠶᠢ ᠬᠠᠮᠠᠭᠠᠯᠠᠬᠤ ᠶᠠᠮᠤᠨ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ | ᠬᠦᠬᠢᠬᠦᠯᠤᠯ ᠢ ᠤᠯᠪᠠ᠃ 60 ᠳ᠋ᠦᠩᠰᠢᠭᠤᠷ ᠲᠥᠭᠦᠷᠢᠭ ᠤᠨ ᠬᠤᠳᠠᠯ ᠬᠠᠭᠤᠷᠮᠠᠬ ᠪᠠᠷᠢᠮᠲᠠ ᠶᠢᠨ ᠭᠡᠷᠡᠭ ᠢ ᠢᠯᠡᠷᠡᠬᠦᠯᠵᠦ᠂ | ᠥᠪᠡᠷᠲᠡᠭᠡᠨ ᠵᠠᠰᠠᠬᠤ ᠣᠷᠣᠨ ᠤ ︽ᠠᠷᠪᠠᠨ ᠶᠡᠭᠡ ᠬᠠᠣᠯᠢ ᠪᠠᠷ ᠵᠠᠰᠠᠬᠤ ᠬᠡᠷᠡᠭ︾ ᠤᠨ ᠰᠢᠯᠭᠠᠷᠠᠭᠤᠯᠤᠯᠲᠠ ᠳᠤ ᠣᠷᠣᠪᠠ᠃ | ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢ ᠴᠢᠩᠭᠠᠳᠬᠠᠵᠤ᠂ ᠠᠮᠢ ᠠᠬᠤᠶ ᠶᠢᠨ ᠠᠮᠤᠷ | ᠲᠦᠪᠰᠢᠨ ᠤ ᠬᠠᠯᠬᠠᠪᠴᠢ ᠶᠢ ᠰᠠᠬᠢᠨ ᠬᠠᠮᠠᠭᠠᠯᠠᠪᠠ᠃ ᠠᠶᠢᠮᠠᠬ ᠤᠨ ᠳᠣᠲᠣᠭᠠᠳᠤ ᠶᠢ ᠬᠠᠮᠠᠭᠠᠯᠠᠬᠤ ᠳᠤᠪᠴᠢᠶ᠎ᠠ ︽ᠬᠥᠬᠡᠮᠳᠦᠭ | ᠨᠣᠭᠤᠭᠠᠨ ᠠᠭᠤᠯᠠ ᠤᠰᠤ ᠪᠣᠯ ᠲᠠᠷᠤᠢ ᠠᠯᠳᠠ ᠮᠥᠩᠭᠦᠨ ᠠᠭᠤᠯᠠ︾ ᠭᠡᠬᠦ ᠰᠢᠨᠵᠢᠯᠡᠬᠦ ᠤᠬᠠᠭᠠᠨᠴᠢ ᠨᠤᠲᠠᠯᠠᠯᠲᠠ ᠶᠢ | ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ ︽ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠴᠦᠬᠦᠷᠤᠮ | ᠡᠪᠡᠰᠦ ᠪᠡᠯᠴᠢᠭᠡᠷ ᠡᠯᠡᠰᠦ ᠮᠠᠩᠬ᠎ᠠ︾ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ | ᠪᠠᠷᠢᠮᠲᠠᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠭᠰᠡᠨ᠂ ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠢ | ᠡᠪᠳᠡᠭᠰᠡᠨ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠡᠷᠡᠰ ᠴᠣᠬᠢᠯᠲᠠ ᠥᠭᠴᠦ᠂ | 219 ᠡᠪᠡᠰᠦ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠡᠷᠡᠭ ᠢ ᠢᠯᠡᠷᠡᠭᠦᠯᠵᠦ᠂ ᠬᠡᠷᠡᠭ ᠲᠤ ᠬᠤᠯᠪᠣᠭᠳᠠᠭᠰᠠᠨ ᠣᠶᠢᠲᠤ | ᠭᠠᠵᠠᠷ ᠤᠨ ᠲᠠᠯᠠᠪᠠᠢ 9337 ᠮᠦ᠂ ᠬᠡᠷᠡᠭ ᠲᠤ ᠬᠤᠯᠪᠣᠭᠳᠠᠭᠰᠠᠨ ᠨᠤᠲᠤᠭ ᠪᠡᠯᠴᠢᠭᠡᠷ ᠤᠨ ᠲᠠᠯᠠᠪᠠᠢ 14459 ᠮᠦ | ᠪᠠᠶᠢᠪᠠ᠃ ᠬᠠᠭᠤᠷᠮᠠᠭ᠂ ᠴᠢᠨᠠᠷ ᠮᠠᠭᠤ ᠡᠮ ᠦᠢᠯᠡᠳᠴᠦ ᠪᠣᠷᠣᠯᠠᠭᠤᠯᠤᠭᠰᠠᠨ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠳᠤ ᠬᠦᠴᠦᠲᠡᠶ ᠴᠣᠬᠢᠯᠲᠠ ᠥᠭᠴᠦ᠂ ᠨᠢᠭᠡ ᠪᠦᠯᠦᠭ ᠲᠤᠮᠤ ᠴᠢᠬᠤᠯᠠ ᠬᠡᠷᠡᠭ ᠢ ᠲᠥᠪᠯᠡᠷᠡᠭᠦᠯᠦᠨ ᠲᠠᠩᠨᠠᠨ | ᠢᠯᠡᠷᠡᠭᠦᠯᠵᠦ᠂ ᠨᠢᠭᠡ ᠪᠦᠯᠦᠭ ᠶᠠᠯᠠᠲᠤ ᠠᠵᠢᠯᠯᠠᠭ᠎ᠠ ᠶᠢᠨ ᠬᠡᠯᠬᠢᠶ᠎ᠡ ᠶᠢ ᠡᠪᠳᠡᠵᠦ᠂ ᠨᠢᠭᠡ ᠪᠦᠯᠦᠭ ᠶᠠᠯᠠᠲᠤ ᠡᠲᠡᠭᠡᠳ ᠢ | ᠴᠢᠩᠭ᠎ᠠ ᠰᠢᠳᠭᠡᠵᠦ᠂ ᠨᠢᠭᠡ ᠪᠦᠯᠦᠭ ᠭᠤᠣᠯᠳᠠᠯᠭ᠎ᠠ ᠲᠠᠢ ᠭᠠᠵᠠᠷ ᠢ ᠴᠡᠭᠴᠡᠯᠡᠨ ᠵᠠᠰᠠᠵᠤ᠂ ᠨᠢᠭᠡ ᠪᠦᠯᠦᠭ ᠠᠮᠤᠷ | ᠲᠦᠪᠰᠢᠨ ᠤ ᠲᠠᠯᠳᠠ ᠭᠡᠮ ᠢ ᠠᠷᠢᠯᠭᠠᠪᠠ᠃ | ᠳᠣᠲᠣᠭᠠᠳᠤ ᠶᠢ ᠬᠠᠮᠠᠭᠠᠯᠠᠬᠤ ᠠᠵᠢᠯ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ︽ᠨᠢᠭᠡ ᠥᠷᠲᠡᠭᠡ | ᠮᠠᠶ᠋ᠢᠭ︾ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠤᠳᠤᠭᠠᠳᠦ ᠶᠢ ᠬᠠᠮᠠᠭᠠᠯᠠᠬᠤ ᠰᠠᠯᠪᠤᠷᠢ ᠶᠢ 12 ᠪᠠᠶᠢᠭᠤᠯᠵᠤ᠂ | ︽24 ᠴᠠᠭ ᠤᠨ ᠴᠠᠭᠳᠠᠭᠠᠨ ᠤ ᠭᠠᠵᠠᠷ︾ ᠢ ᠪᠠᠶᠢᠭᠤᠯᠤᠨ ᠳᠠᠭᠤᠰᠬᠠᠵᠤ᠂ ᠳᠣᠲᠣᠭᠠᠳᠤ ᠶᠢ ᠬᠠᠮᠠᠭᠠᠯᠠᠬᠤ ᠠᠵᠢᠯ ᠤᠨ ︽ | 24 ᠴᠠᠭ ᠤᠨ ᠥᠪᠡᠰᠦᠪᠡᠨ ᠦᠢᠯᠡᠴᠢᠯᠡᠬᠦ ᠣᠶᠤᠨᠴᠢ ᠠᠯᠪᠠᠨ ᠭᠡᠷ︾ ᠢ ᠬᠡᠷᠡᠭᠵᠢᠭᠦᠯᠪᠡ᠃ 279 ᠵᠦᠢᠯ ᠤᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ︵ᠡᠬᠦᠨ ᠳᠤ ᠨᠢᠭᠤᠴᠠ ᠳᠤ ᠬᠤᠯᠪᠣᠭᠳᠠᠬᠤ ᠵᠦᠢᠯᠡᠰ ᠪᠠ ᠣᠨᠴᠠᠭᠠᠶ ᠬᠢᠨᠠᠨ | ᠵᠥᠪᠰᠢᠶᠡᠷᠡᠭᠦᠯᠬᠦ ᠱᠠᠭᠠᠷᠳᠠᠯᠭ᠎ᠠ ᠲᠠᠢ ᠵᠦᠢᠯᠡᠰ ᠪᠠᠭᠳᠠᠬᠤ ᠦᠭᠡᠢ︶ ᠢ ᠬᠦᠢᠴᠡᠳᠭᠡᠭᠰᠡᠨ ᠨᠤᠷᠮ᠎ᠠ 100% ᠬᠦ᠋ᠷᠴᠦ᠂ ︽ | ᠰᠦᠯᠵᠢᠶᠡᠨ ᠳᠡᠭᠡᠷ᠎ᠡ ᠭᠦᠢᠴᠡᠳᠭᠡᠬᠦ︾᠂ ︽ᠠᠯᠠᠭᠠᠨ ᠳᠡᠭᠡᠷ᠎ᠡ ᠭᠦᠢᠴᠡᠳᠭᠡᠬᠦ︾᠂ ︽ᠪᠥᠬᠦ ᠶᠠᠪᠤᠴᠠ ᠳᠤ ᠰᠦᠯᠵᠢᠶᠡᠨ | ᠳᠡᠭᠡᠷ᠎ᠡ ᠭᠦᠢᠴᠡᠳᠭᠡᠬᠦ︾᠂ ︽ᠨᠢᠭᠡ ᠯᠡ ᠤᠳᠠᠭ᠎ᠠ ᠳᠤ ᠭᠦᠢᠴᠡᠳᠭᠡᠬᠦ︾ ᠶᠢ ᠪᠡᠶᠡᠯᠡᠭᠦᠯᠪᠡ᠃ | ᠡᠨᠡ ᠵᠢᠯ᠂ ᠮᠠᠨ ᠤ ᠠᠶᠢᠮᠠᠬ ᠤᠨ ᠳᠤᠳᠤᠭᠠᠳᠦ ᠶᠢ ᠬᠠᠮᠠᠭᠠᠯᠠᠬᠤ ᠰᠢᠰᠲ᠋ᠧᠮ ᠤᠨ ᠬᠢᠨ ᠦᠷᠬᠦᠯᠵᠢᠯᠡᠨ | ᠬᠤᠪᠢᠰᠬᠠᠯ ᠤᠨ ᠤᠳᠤᠮᠰᠢᠯ ᠢ ᠵᠠᠯᠭᠠᠮᠵᠢᠯᠠᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠬ ᠰᠠᠨᠠᠭ᠎ᠠ ᠶᠢ ᠬᠦᠨᠵᠡᠭᠡᠢ | ᠰᠤᠷᠤᠯᠴᠠᠨ ᠳᠤᠭᠤᠰᠢᠯᠠᠭᠤᠯᠵᠤ᠂ ᠳᠤᠳᠤᠭᠠᠳᠦ ᠶᠢ ᠬᠠᠮᠠᠭᠠᠯᠠᠬᠤ ᠠᠵᠢᠯ ᠤᠨ ᠪᠦᠬᠦ ᠳᠠᠯ᠎ᠠ ᠪᠠᠷ ᠬᠦᠭᠵᠢᠬᠦ ᠶᠢ ᠠᠬᠢᠭᠤᠯᠤᠨ᠎ᠠ᠃ | | ︵ᡁᠢ ᠮᠢᠨ ᠬᠤᠩ ᠮᠸᠢ︶ | | |