ᠤᠯᠠᠭᠠᠨᠬᠤᠲᠠ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠤᠪᠢ ᠬᠤᠷᠠᠮᠳᠤᠭᠤᠯᠬᠤ ᠳᠦᠷᠢᠮ ᠤᠨ ᠬᠡᠷᠡᠭᠵᠢᠭᠦᠯᠬᠦ ᠲᠥᠰᠥᠯ ︵ᠲᠤᠷᠰᠢᠨ ᠬᠡᠷᠡᠭᠵᠢᠭᠦᠯᠬᠦ︶︾ ᠢ ᠨᠡᠶᠢᠲᠡᠯᠡᠪᠡ
ᠨᠡᠶᠢᠲᠡᠯᠡᠭᠰᠡᠨ ᠴᠠᠭ᠄
2023/1/10
       ᠣᠶᠢᠷ᠎ᠠ ᠳᠤ᠂ ᠤᠯᠠᠭᠠᠨᠬᠤᠲᠠ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠤᠪᠢ ᠬᠤᠷᠠᠮᠳᠤᠭᠤᠯᠬᠤ ᠳᠦᠷᠢᠮ ᠤᠨ ᠬᠡᠷᠡᠭᠵᠢᠭᠦᠯᠬᠦ ᠲᠥᠰᠥᠯ ︵ᠲᠤᠷᠰᠢᠨ ᠬᠡᠷᠡᠭᠵᠢᠭᠦᠯᠬᠦ︶︾ ᠢ ᠨᠡᠶᠢᠲᠡᠯᠡᠵᠦ᠂ ᠪᠥᠬᠦ ᠬᠤᠲᠠ ᠶᠢᠨ 16 ᠭᠠᠴᠠᠭ᠎ᠠ ᠲᠣᠰᠬᠤᠨ ᠳᠤ ᠬᠤᠪᠢ ᠬᠤᠷᠠᠮᠳᠤᠭᠤᠯᠬᠤ ᠳᠦᠷᠢᠮ ᠤᠨ ᠵᠠᠭᠪᠤᠷ ᠢ ᠬᠡᠷᠡᠭᠵᠢᠭᠦᠯᠵᠦ᠂ ᠵᠠᠰᠠᠯᠲᠠ ᠪᠦᠲᠦᠮᠵᠢᠲᠡᠶ᠂ ᠠᠵᠤ ᠦᠢᠯᠡᠰ ᠬᠦᠩᠵᠢᠩᠭᠦᠢ᠂ ᠬᠥᠮᠥᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ᠂ ᠭᠠᠴᠠᠭ᠎ᠠ ᠲᠣᠰᠬᠤᠨ ᠤ ᠰᠤᠷᠲᠠᠯ ᠪᠣᠯᠪᠠᠰᠤᠨ᠂ ᠨᠠᠵᠠᠭᠠᠢ ᠲᠠᠯ᠎ᠠ ᠶᠢᠨ ᠨᠠᠷᠢᠨ ᠲᠠᠩᠰᠠ ᠵᠡᠷᠭᠡ 5 ᠶᠡᠭᠡ ᠲᠥᠷᠥᠯ ᠤᠨ 23 ᠵᠢᠵᠢᠭ ᠲᠥᠷᠥᠯ ᠢᠶᠠᠷ ᠭᠠᠴᠠᠭ᠎ᠠ ᠲᠣᠰᠬᠤᠨ ᠤ ᠠᠷᠠᠳ ᠲᠤ ᠬᠤᠪᠢ ᠬᠤᠷᠠᠮᠳᠤᠭᠤᠯᠬᠤ ᠦᠨᠡᠯᠡᠯᠲᠡ ᠬᠢᠪᠡ᠃ ᠭᠠᠴᠠᠭ᠎ᠠ ᠲᠣᠰᠬᠤᠨ ᠨᠢᠭᠡᠪᠦᠷᠢ ᠡᠬᠢᠯᠡᠯᠲᠡ ᠶᠢᠨ ᠬᠤᠪᠢ 5 ᠲᠦᠮᠡᠨ ᠬᠤᠪᠢ ᠬᠤᠷᠠᠮᠳᠤᠭᠤᠯᠵᠤ᠂ ᠭᠠᠴᠠᠭ᠎ᠠ ᠲᠣᠰᠬᠤᠨ ᠤ ᠠᠷᠠᠳ ᠬᠤᠪᠢ ᠬᠥᠮᠥᠨ ᠭᠤᠶᠤᠴᠢᠯᠠᠨ ᠮᠡᠳᠡᠭᠦᠯᠬᠦ᠂ ᠲᠤᠤᠷᠵᠢᠭᠤᠯᠤᠭᠴᠢ ᠪᠤᠶᠤ ᠭᠠᠴᠠᠭ᠎ᠠ ᠲᠣᠰᠬᠤᠨ ᠤ ᠠᠷᠠᠳ ᠣᠷᠣᠯᠠᠨ ᠭᠤᠶᠤᠴᠢᠯᠠᠨ ᠮᠡᠳᠡᠭᠦᠯᠬᠦ᠂ ᠬᠠᠮᠲᠤ ᠶᠢᠨ ᠵᠣᠬᠢᠶᠠᠨ ᠪᠠᠶᠢᠭᠤᠯᠤᠯᠲᠠ ᠶᠢᠨ ᠰᠢᠯᠭᠠᠨ ᠦᠨᠡᠯᠡᠬᠦ 3 ᠵᠦᠢᠯ ᠤᠨ ᠬᠡᠯᠪᠡᠷᠢ ᠪᠠᠷ ᠬᠤᠪᠢ ᠬᠤᠷᠠᠮᠳᠤᠭᠤᠯᠵᠤ᠂ ᠬᠤᠷᠠᠮᠳᠤᠯ ᠬᠤᠪᠢ ᠶᠢ ᠡᠳ᠋ ᠪᠣᠳᠠᠰ ᠰᠣᠯᠢᠬᠤ ᠳᠤ ᠬᠡᠷᠡᠭᠯᠡᠵᠦ ᠪᠣᠯᠣᠨ᠎ᠠ᠃ ᠲᠣᠰ ᠳᠦᠷᠢᠮ ᠢ ᠬᠡᠷᠡᠭᠵᠢᠭᠦᠯᠦᠭᠰᠡᠨ ᠨᠢ ᠭᠠᠴᠠᠭ᠎ᠠ ᠲᠣᠰᠬᠤᠨ ᠤ ᠠᠷᠠᠳ ᠤᠨ ᠬᠥᠳᠡᠭᠡ ᠲᠣᠰᠬᠤᠨ ᠤ ᠵᠠᠰᠠᠯᠲᠠ ᠳᠤ ᠣᠷᠤᠯᠴᠠᠬᠤ ᠶᠢ ᠪᠦᠲᠦᠮᠵᠢᠲᠡᠶ ᠤᠷᠮᠠᠰᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠠᠷᠭ᠎ᠠ ᠮᠠᠶ᠋ᠢᠭ ᠤᠨ ᠬᠤᠪᠢᠷᠠᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠬᠤ ᠪᠣᠯᠣᠨ᠎ᠠ᠃  
 
ᠢᠷᠡᠯᠲᠡ᠄ ᠤᠯᠠᠭᠠᠨᠬᠤᠲᠠ ᠶᠢᠨ ᠨᠠᠮ ᠤᠨ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号