ᠤᠯᠠᠭᠠᠨᠬᠤᠲᠠ ᠶᠢᠨ ᠵᠠᠯᠠᠭᠤᠴᠤᠳ ᠪᠠᠭᠠᠴᠤᠳ ᠤᠨ ᠠᠵᠢᠯᠯᠠᠭ᠎ᠠ ᠶᠢᠨ ᠲᠥᠪ ᠤᠨ ᠲᠥᠷᠥᠯ ᠵᠦᠢᠯ ᠡᠮᠬᠢ ᠵᠢᠷᠤᠮ ᠲᠠᠢ ᠠᠬᠢᠪᠠ
ᠨᠡᠶᠢᠲᠡᠯᠡᠭᠰᠡᠨ ᠴᠠᠭ᠄
2023/1/10
        ᠤᠯᠠᠭᠠᠨᠬᠤᠲᠠ ᠶᠢᠨ ᠵᠠᠯᠠᠭᠤᠴᠤᠳ ᠪᠠᠭᠠᠴᠤᠳ ᠤᠨ ᠠᠵᠢᠯᠯᠠᠭ᠎ᠠ ᠶᠢᠨ ᠲᠥᠪ ᠤᠨ ᠲᠥᠷᠥᠯ ᠵᠦᠢᠯ ᠡᠮᠬᠢ ᠵᠢᠷᠤᠮ ᠲᠠᠢ ᠠᠬᠢᠪᠠ᠃ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 6000 ᠲᠦᠮᠡᠨ ᠲᠥᠭᠦᠷᠢᠭ ᠪᠠᠶᠢᠵᠤ᠂ 8708 ᠲᠡᠭᠰᠢ ᠳᠥᠷᠪᠡᠯᠵᠢᠨ ᠮᠧᠲᠷ ᠭᠠᠵᠠᠷ ᠢ ᠡᠵᠡᠯᠡᠵᠦ᠂ ᠪᠠᠷᠢᠯᠭ᠎ᠠ ᠶᠢᠨ ᠲᠠᠯᠠᠪᠠᠶ ᠨᠢ 1.44 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠭᠤᠣᠯᠳᠠᠭᠤ ᠣᠯᠠᠨ ᠵᠠᠭᠤᠴᠢᠲᠤ ᠰᠤᠷᠭᠠᠨ ᠬᠥᠮᠦᠵᠢᠯ ᠤᠨ ᠲᠥᠪ᠂ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠲᠥᠪ᠂ ᠬᠡᠪ ᠴᠢᠨᠠᠷ ᠢ ᠥᠷᠭᠡᠳᠬᠡᠬᠦ ᠲᠥᠪ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠴᠢᠳ ᠤᠨ ᠶᠡᠷᠦᠩᠬᠡᠶᠢᠯᠡᠭᠰᠡᠨ ᠦᠢᠯᠡᠳᠦᠯᠭᠡ ᠶᠢᠨ ᠪᠡᠶᠡᠴᠢᠯᠡᠨ ᠣᠶᠢᠯᠠᠭᠠᠬᠤ ᠲᠥᠪ ᠵᠡᠷᠭᠡ ᠶᠢ ᠪᠦᠲᠦᠭᠡᠨ ᠪᠠᠶᠢᠭᠤᠯᠤᠨ᠎ᠠ᠃ ᠣᠳᠣᠬᠠᠨ ᠳᠤ᠂ ᠨᠢᠭᠡᠨᠲᠡ 2000 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠭᠤᠣᠯ ᠴᠣᠭᠴᠠ ᠶᠢ ᠨᠢᠭᠡᠨᠲᠡ ᠪᠢᠲᠡᠭᠦᠮᠵᠢᠯᠡᠵᠦ᠂ ᠵᠢᠱᠢᠯᠲᠡ ᠪᠠᠷ ᠡᠨᠡ ᠵᠢᠯ ᠤᠨ ᠡᠴᠦᠰ ᠲᠤ ᠠᠵᠢᠯ ᠢᠶᠠᠨ ᠳᠠᠭᠤᠰᠬᠠᠬᠤ ᠶᠢᠨ ᠬᠠᠮᠲᠤ ᠠᠰᠢᠭᠯᠠᠯᠲᠠ ᠳᠤ ᠣᠷᠣᠭᠤᠯᠬᠤ ᠪᠣᠯᠣᠨ᠎ᠠ᠃
 
ᠢᠷᠡᠯᠲᠡ᠄ ᠤᠯᠠᠭᠠᠨᠬᠤᠲᠠ ᠶᠢᠨ ᠨᠠᠮ ᠤᠨ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号