ᠤᠯᠠᠭᠠᠨᠬᠤᠲᠠ ᠶᠢᠨ ᠠᠮᠢᠳᠤᠷᠠᠯ ᠤᠨ ᠬᠤᠭ ᠨᠣᠪᠰᠢ ᠶᠢᠨ ᠪᠠᠴᠢᠮ ᠪᠠᠶᠢᠳᠠᠯ ᠢ ᠠᠷᠭᠠᠴᠠᠭᠠᠨ ᠭᠠᠵᠠᠷ ᠲᠤ ᠪᠤᠯᠠᠵᠤ ᠰᠢᠢᠳᠪᠦᠷᠢᠯᠡᠬᠦ ᠲᠠᠯᠠᠪᠤᠷ ᠤᠨ ᠲᠥᠷᠥᠯ ᠵᠦᠢᠯ ᠢ ᠪᠥᠬᠦ ᠲᠠᠯ᠎ᠠ ᠪᠠᠷ ᠳᠠᠭᠤᠰᠬᠠᠪᠠ
ᠨᠡᠶᠢᠲᠡᠯᠡᠭᠰᠡᠨ ᠴᠠᠭ᠄
2023/1/10
        ᠤᠯᠠᠭᠠᠨᠬᠤᠲᠠ ᠶᠢᠨ ᠠᠮᠢᠳᠤᠷᠠᠯ ᠤᠨ ᠬᠤᠭ ᠨᠣᠪᠰᠢ ᠶᠢᠨ ᠪᠠᠴᠢᠮ ᠪᠠᠶᠢᠳᠠᠯ ᠢ ᠠᠷᠭᠠᠴᠠᠭᠠᠨ ᠭᠠᠵᠠᠷ ᠲᠤ ᠪᠤᠯᠠᠵᠤ ᠰᠢᠢᠳᠪᠦᠷᠢᠯᠡᠬᠦ ᠲᠠᠯᠠᠪᠤᠷ ᠤᠨ ᠲᠥᠷᠥᠯ ᠵᠦᠢᠯ ᠢ ᠪᠥᠬᠦ ᠲᠠᠯ᠎ᠠ ᠪᠠᠷ ᠳᠠᠭᠤᠰᠬᠠᠪᠠ᠃ ᠲᠣᠰ ᠲᠥᠷᠥᠯ ᠵᠦᠢᠯ ᠤᠯᠠᠭᠠᠨᠬᠠᠳᠠ ᠪᠠᠯᠭᠠᠰᠤᠨ ᠳᠤ ᠪᠠᠶᠢᠷᠢᠰᠢᠵᠤ ᠪᠠᠶᠢᠨ᠎ᠠ᠃ ᠨᠡᠶᠢᠲᠡ 3052.07 ᠲᠦᠮᠡᠨ ᠲᠥᠭᠦᠷᠢᠭ ᠤᠨ ᠪᠡᠯᠡ ᠣᠷᠣᠭᠤᠯᠵᠤ᠂ 2022 ᠣᠨ ᠤ 5 ᠰᠠᠷ᠎ᠠ ᠳᠤ ᠠᠵᠢᠯ ᠡᠬᠢᠯᠡᠭᠦᠯᠵᠦ᠂ ᠭᠤᠣᠯᠳᠠᠭᠤ 98.68 ᠲᠦᠮᠡᠨ ᠪᠣᠰᠤᠭ᠎ᠠ ᠳᠥᠷᠪᠡᠯᠵᠢᠨ ᠮᠧᠲᠷ ᠤᠨ ᠪᠠᠭᠲᠠᠭᠠᠮᠵᠢ ᠲᠠᠢ ᠭᠠᠵᠠᠷ ᠲᠤ ᠪᠤᠯᠠᠬᠤ ᠲᠣᠭᠤᠷᠢᠭ᠂ ᠶᠡᠭᠡ ᠬᠠᠰᠢᠯᠭ᠎ᠠ᠂ ᠳᠡᠭᠡᠭᠰᠢᠯᠡᠭᠦᠯᠬᠦ ᠬᠥᠭᠡᠷᠭᠡ ᠶᠢᠨ ᠬᠤᠳᠳᠤᠭ᠂ ᠲᠣᠬᠢᠷᠠᠭᠤᠯᠬᠤ ᠴᠥᠭᠦᠷᠥᠮ ᠵᠡᠷᠭᠡ ᠲᠣᠨᠤᠭ ᠲᠥᠬᠦᠭᠡᠷᠦᠮᠵᠢ ᠶᠢ ᠪᠠᠭᠲᠠᠭᠠᠭᠰᠠᠨ 8.6216 ᠾᠧᠺᠲ᠋ᠠᠷ ᠲᠠᠯᠠᠪᠠᠶ ᠲᠠᠢ ᠠᠮᠢᠳᠤᠷᠠᠯ ᠤᠨ ᠬᠤᠭ ᠨᠣᠪᠰᠢ ᠶᠢᠨ ᠪᠠᠴᠢᠮ ᠪᠠᠶᠢᠳᠠᠯ ᠢ ᠠᠷᠭᠠᠴᠠᠭᠠᠨ ᠪᠤᠯᠠᠵᠤ ᠰᠢᠢᠳᠪᠦᠷᠢᠯᠡᠬᠦ ᠲᠠᠯᠠᠪᠠᠶ ᠶᠢ ᠪᠦᠲᠦᠭᠡᠨ ᠪᠠᠶᠢᠭᠤᠯᠤᠨ᠎ᠠ᠂ ᠡᠭᠦᠨ ᠳᠤ ᠭᠤᠣᠯᠳᠠᠭᠤ 8.6216 ᠾᠧᠺᠲ᠋ᠠᠷ ᠭᠠᠵᠠᠷ ᠤᠨ ᠠᠮᠢᠳᠤᠷᠠᠯ ᠤᠨ ᠬᠤᠭ ᠨᠣᠪᠰᠢ ᠶᠢᠨ ᠪᠠᠴᠢᠮ ᠪᠠᠶᠢᠳᠠᠯ ᠢ ᠠᠷᠭᠠᠴᠠᠭᠠᠨ ᠭᠠᠵᠠᠷ ᠲᠤ ᠪᠤᠯᠠᠵᠤ ᠰᠢᠢᠳᠪᠦᠷᠢᠯᠡᠬᠦ ᠲᠠᠯᠠᠪᠠᠶ ᠪᠠᠭᠲᠠᠨ᠎ᠠ᠃ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠡᠳᠦᠷ ᠲᠤ 500 ᠲᠣᠨ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠵᠦ᠂ 6000 ᠪᠣᠰᠤᠭ᠎ᠠ ᠳᠥᠷᠪᠡᠯᠵᠢᠨ ᠮᠧᠲᠷ ᠤᠨ ᠨᠡᠪᠴᠢᠮᠡᠯ ᠰᠢᠭᠦᠰᠦ ᠶᠢ ᠬᠤᠷᠢᠶᠠᠨ ᠬᠠᠳᠠᠭᠠᠯᠠᠵᠤ ᠪᠣᠯᠣᠨ᠎ᠠ᠃  
 
ᠢᠷᠡᠯᠲᠡ᠄ ᠤᠯᠠᠭᠠᠨᠬᠤᠲᠠ ᠶᠢᠨ ᠨᠠᠮ ᠤᠨ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号