ᠤᠯᠠᠭᠠᠨᠬᠤᠲᠠ ᠶᠢᠨ ᠡᠪᠦᠯ ᠤᠨ ᠢᠷᠠᠭᠤ ᠠᠶᠠᠯᠭᠤ  ᠮᠦᠩᠭᠦᠨ ᠴᠠᠭᠠᠨ ᠦᠵᠡᠮᠵᠢ ᠶᠢᠨ ᠲᠤᠷᠠᠰᠤᠮᠵᠢ
ᠨᠡᠶᠢᠲᠡᠯᠡᠭᠰᠡᠨ ᠴᠠᠭ᠄
2023/1/17
         ᠡᠪᠦᠯ ᠤᠨ ᠤᠯᠠᠷᠢᠯ ᠤᠨ ᠵᠤᠭᠠᠴᠠᠯ ᠤᠨ ᠰᠢᠵᠢᠷ ᠠᠯᠲᠠᠨ ᠤᠯᠠᠷᠢᠯ ᠬᠦᠷᠴᠦ ᠢᠷᠡᠬᠦ ᠶᠢ ᠳᠠᠭᠠᠯᠳᠤᠨ᠂ ᠬᠥᠮᠥᠰ ᠤᠨ ᠮᠥᠰᠥ ᠴᠠᠰᠤᠨ ᠤ ᠲᠤᠬᠠᠢ ᠬᠠᠯᠠᠭᠤᠨ ᠰᠡᠳᠬᠢᠯᠭᠡ ᠳᠠᠬᠢᠨᠲᠠ ᠣᠷᠭᠢᠯᠤᠨ ᠪᠠᠳᠠᠷᠠᠪᠠ᠃ ᠣᠶᠢᠷ᠎ᠠ ᠳᠤ᠂ ᠤᠯᠠᠭᠠᠨᠬᠤᠲᠠ ᠶᠢᠨ ᠲᠠᠪᠤᠳᠤᠭᠠᠷ ᠬᠤᠭᠤᠴᠠᠭᠠᠨ ᠤ ᠮᠥᠰᠥ ᠴᠠᠰᠤᠨ ᠤ ᠵᠤᠭᠠᠴᠠᠯ ᠤᠨ ᠤᠯᠠᠷᠢᠯ ᠤᠨ ᠰᠢᠷᠢᠰ ᠠᠵᠢᠯᠯᠠᠭ᠎ᠠ ᠵᠢᠩᠬᠢᠨᠢ ᠪᠠᠷ ᠡᠬᠢᠯᠡᠵᠦ᠂ ᠬᠤᠯᠠ ᠤᠶᠢᠷ᠎ᠠ ᠶᠢᠨ ᠵᠤᠭᠠᠴᠠᠭᠰᠠᠳ ᠵᠠᠯᠭᠠᠭ᠎ᠠ ᠪᠠᠷ ᠤᠯᠠᠭᠠᠨᠬᠤᠲᠠ ᠶᠢᠨ ᠣᠯᠠᠨ ᠨᠡᠶᠢᠲᠡ ᠶᠢᠨ ᠮᠥᠰᠥ ᠴᠠᠰᠤᠨ ᠤ ᠴᠡᠩᠭᠡᠯ ᠤᠨ ᠬᠦᠷᠢᠶᠡᠯᠡᠩ ᠳᠤ  ᠬᠦᠷᠦᠯᠴᠡᠨ ᠢᠷᠡᠵᠦ ᠮᠥᠰᠥ ᠴᠠᠰᠤᠨ ᠤ ᠷᠢᠳᠢ ᠰᠢᠳᠢ ᠶᠢ ᠬᠠᠮᠲᠤ ᠪᠠᠷ ᠡᠳ᠋ᠯᠡᠨ᠎ᠡ᠃
       ᠤᠯᠠᠨ ᠨᠡᠶᠢᠲᠡ ᠶᠢᠨ ᠮᠥᠰᠥ ᠴᠠᠰᠤᠨ ᠤ ᠴᠡᠩᠭᠡᠯ ᠤᠨ ᠬᠦᠷᠢᠶᠡᠯᠡᠩ ᠢ ᠪᠠᠶᠢᠭᠤᠯᠤᠭᠰᠠᠨ ᠨᠢ ᠤᠯᠠᠭᠠᠨᠬᠤᠲᠠ ᠶᠢᠨ ᠡᠪᠦᠯ ᠤᠨ ᠤᠯᠠᠷᠢᠯ ᠤᠨ ᠮᠥᠰᠥ ᠴᠠᠰᠤᠨ ᠤ ᠵᠤᠭᠠᠴᠠᠯ ᠢ ᠦᠨᠡᠨ ᠬᠦ ᠬᠦᠭᠵᠢᠭᠡᠵᠡᠢ᠃ ᠡᠨᠡ ᠵᠢᠯ᠂ ᠤᠯᠠᠭᠠᠨᠬᠤᠲᠠ 3 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠶ ᠲᠠᠢ ᠣᠯᠠᠨ ᠨᠡᠶᠢᠲᠡ ᠶᠢᠨ ᠮᠥᠰᠥ ᠴᠠᠰᠤᠨ ᠤ ᠴᠡᠩᠭᠡᠯ ᠤᠨ ᠬᠦᠷᠢᠶᠡᠯᠡᠩ ᠢ ᠪᠠᠶᠢᠭᠤᠯᠪᠠ᠃ ᠣᠳᠣᠬᠠᠨ ᠳᠤ ᠲᠦᠷᠭᠡᠨ ᠲᠡᠰᠢᠯᠲᠡ᠂ ᠣᠯᠠᠨ ᠨᠡᠶᠢᠲᠡ ᠶᠢᠨ ᠮᠥᠰᠥ ᠲᠡᠰᠢᠯᠲᠡ᠂ ᠴᠠᠰᠤᠨ ᠳᠡᠭᠡᠷᠡᠬᠢ ᠬᠥᠯ ᠪᠥᠮᠪᠦᠭᠡ᠂ ᠮᠥᠰᠥᠨ ᠳᠡᠭᠡᠷᠡᠬᠢ ᠯᠤᠤᠲᠤ ᠣᠩᠭᠤᠴᠠ᠂ ᠮᠥᠰᠥᠨ ᠳᠡᠭᠡᠷᠡᠬᠢ ᠳᠤᠭᠤᠢ ᠲᠡᠷᠭᠡ᠂ ᠴᠠᠰᠤᠨ ᠳᠤ ᠭᠤᠯᠭᠤᠬᠤ ᠴᠠᠭᠠᠷᠢᠭ ᠵᠡᠷᠭᠡ 8 ᠵᠦᠢᠯ ᠤᠨ ᠮᠥᠰᠥ ᠴᠠᠰᠤᠨ ᠤ ᠵᠤᠭ᠎ᠠ ᠴᠡᠩᠭᠡᠯ ᠤᠨ ᠵᠦᠢᠯᠡᠰ ᠢ ᠥᠷᠨᠢᠭᠦᠯᠵᠦ ᠪᠣᠯᠣᠨ᠎ᠠ᠃ ᠣᠯᠠᠨ ᠨᠡᠶᠢᠲᠡ ᠶᠢᠨ ᠮᠥᠰᠥ ᠴᠠᠰᠤᠨ ᠤ ᠴᠡᠩᠭᠡᠯ ᠤᠨ ᠬᠦᠷᠢᠶᠡᠯᠡᠩ ᠢ 1 ᠰᠠᠷ᠎ᠠ ᠶᠢᠨ 6 ᠤ ᠡᠳᠦᠷ ᠠᠴᠠ ᠡᠬᠢᠯᠡᠨ ᠵᠢᠩᠬᠢᠨᠢ ᠪᠠᠷ ᠡᠵᠡᠩᠨᠡᠵᠦ᠂ ᠡᠭᠦᠳᠡᠨ ᠪᠢᠯᠧᠲ ᠠᠪᠬᠤ ᠦᠭᠡᠢ ᠪᠥᠭᠡᠳ ᠬᠤᠯᠠ ᠤᠶᠢᠷ᠎ᠠ ᠶᠢᠨ ᠵᠤᠭᠠᠴᠠᠭᠰᠠᠳ ᠲᠤ ᠦᠨ᠎ᠡ ᠲᠥᠯᠥᠪᠦᠷᠢ ᠦᠭᠡᠢ ᠪᠠᠷ ᠮᠥᠰᠥᠨ ᠱᠠᠬᠠᠢ᠂ ᠭᠠᠭᠠᠷ ᠵᠡᠷᠭᠡ ᠮᠥᠰᠥ ᠴᠠᠰᠤᠨ ᠤ ᠵᠤᠭ᠎ᠠ ᠴᠡᠩᠭᠡᠯ ᠤᠨ ᠲᠥᠬᠦᠭᠡᠷᠦᠮᠵᠢ ᠬᠠᠩᠭᠠᠵᠤ ᠪᠠᠶᠢᠨ᠎ᠠ᠃
      ᠣᠶᠢᠯᠠᠭᠠᠭᠰᠠᠨ ᠢᠶᠠᠷ᠂ ᠤᠯᠠᠭᠠᠨᠬᠤᠲᠠ ᠶᠢᠨ ᠲᠠᠪᠤᠳᠤᠭᠠᠷ ᠬᠤᠭᠤᠴᠠᠭᠠᠨ ᠤ ᠮᠥᠰᠥ ᠴᠠᠰᠤᠨ ᠤ ᠵᠤᠭᠠᠴᠠᠯ ᠤᠨ ᠤᠯᠠᠷᠢᠯ ᠤᠨ ᠰᠢᠷᠢᠰ ᠠᠵᠢᠯᠯᠠᠭ᠎ᠠ ᠨᠢ ︽ᠤᠯᠠᠭᠠᠨᠬᠤᠲᠠ ᠶᠢᠨ ᠡᠪᠦᠯ ᠤᠨ ᠢᠷᠠᠭᠤ ᠠᠶᠠᠯᠭᠤ  ᠮᠦᠩᠭᠦᠨ ᠴᠠᠭᠠᠨ ᠦᠵᠡᠮᠵᠢ  ᠶᠢᠨ ᠲᠤᠷᠠᠰᠤᠮᠵᠢ︾ ᠪᠠᠷ ᠭᠤᠣᠯ ᠰᠡᠳᠦᠪ ᠪᠣᠯᠭᠠᠵᠤ᠂ ᠠᠵᠢᠯᠯᠠᠭ᠎ᠠ ᠨᠢ 2023 ᠣᠨ ᠤ 1 ᠰᠠᠷ᠎ᠠ ᠶᠢᠨ 1 ᠤ ᠡᠳᠦᠷ ᠠᠴᠠ 2023 ᠣᠨ ᠤ 3 ᠰᠠᠷ᠎ᠠ ᠶᠢᠨ 20 ᠤ ᠡᠳᠦᠷ ᠪᠣᠯᠲᠠᠯ᠎ᠠ ᠦᠷᠭᠦᠯᠵᠢᠯᠡᠨ᠎ᠡ᠃
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号