︽ᠤᠯᠠᠭᠠᠨᠬᠤᠲᠠ ᠶᠢᠨ ᠠᠵᠢᠯ ᠤᠨ ᠪᠠᠶᠢᠷᠢ ᠠᠴᠠ ᠪᠠᠨ ᠪᠠᠭᠤᠭᠰᠠᠨ ᠴᠡᠷᠢᠭ ᠠᠴᠠ ᠬᠠᠯᠠᠭᠳᠠᠭᠰᠠᠳ ᠢ ᠲᠤᠰᠠᠯᠠᠨ ᠳᠠᠬᠢᠨ ᠠᠵᠢᠯ ᠣᠯᠭᠤᠬᠤ ᠠᠵᠢᠯ ᠤᠨ ᠬᠡᠷᠡᠭᠵᠢᠭᠦᠯᠬᠦ ᠲᠥᠰᠦᠯ︾ ︵2022 ᠬᠡᠪᠯᠡᠯ︶ ᠢ ᠲᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/1/9
       ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠶᠢᠨ ᠬᠡᠷᠡᠭ ᠡᠷᠬᠢᠯᠡᠬᠦ ᠭᠠᠵᠠᠷ᠂ ᠬᠤᠲᠠ ᠶᠢᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠰᠡᠷᠬᠡᠨ ᠣᠲᠣ ᠦᠶ᠎ᠡ ᠶᠢᠨ ᠲᠠᠷᠢᠶᠠᠯᠠᠩ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠳᠤ᠄        ᠬᠤᠲᠠ ᠶᠢᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠤᠯᠠᠭᠠᠨᠬᠤᠲᠠ ᠶᠢᠨ ᠠᠵᠢᠯ ᠤᠨ ᠪᠠᠶᠢᠷᠢ ᠠᠴᠠ ᠪᠠᠨ ᠪᠠᠭᠤᠭᠰᠠᠨ ᠴᠡᠷᠢᠭ ᠠᠴᠠ ᠬᠠᠯᠠᠭᠳᠠᠭᠰᠠᠳ ᠢ ᠲᠤᠰᠠᠯᠠᠨ ᠳᠠᠬᠢᠨ ᠠᠵᠢᠯ ᠣᠯᠭᠤᠬᠤ ᠠᠵᠢᠯ ᠤᠨ ᠬᠡᠷᠡᠭᠵᠢᠭᠦᠯᠬᠦ ᠲᠥᠰᠦᠯ︾ ︵2022 ᠬᠡᠪᠯᠡᠯ︶ ᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠦᠭᠡᠷᠡᠢ᠂ ᠥᠩᠭᠡᠷᠡᠭᠰᠡᠨ ᠳᠤ ᠳᠠᠷᠤᠮᠠᠯᠯᠠᠨ ᠲᠠᠷᠬᠠᠭᠠᠭᠰᠠᠨ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠨᠢ ᠲᠣᠰ ᠪᠢᠴᠢᠭ ᠮᠠᠲ᠋ᠧᠷᠢᠶᠠᠯ ᠲᠠᠢ ᠨᠢᠭᠡᠳᠦᠯ ᠥᠬᠡᠶ ᠪᠠᠶᠢᠪᠠᠯ᠂ ᠲᠣᠰ ᠪᠢᠴᠢᠭ ᠮᠠᠲ᠋ᠧᠷᠢᠶᠠᠯ ᠢᠶᠠᠷ ᠪᠠᠷᠢᠮᠵᠢᠶ᠎ᠠ ᠪᠣᠯᠭᠠᠨ᠎ᠠ᠃                      2022 ᠣᠨ ᠤ 10 ᠰᠠᠷ᠎ᠠ ᠶᠢᠨ 17 ᠤ ᠡᠳᠦᠷ        ᠤᠯᠠᠭᠠᠨᠬᠤᠲᠠ ᠶᠢᠨ ᠠᠵᠢᠯ ᠤᠨ ᠪᠠᠶᠢᠷᠢ ᠠᠴᠠ ᠪᠠᠨ ᠪᠠᠭᠤᠭᠰᠠᠨ ᠴᠡᠷᠢᠭ ᠠᠴᠠ ᠬᠠᠯᠠᠭᠳᠠᠭᠰᠠᠳ ᠢ ᠲᠤᠰᠠᠯᠠᠨ ᠳᠠᠬᠢᠨ ᠠᠵᠢᠯ ᠣᠯᠭᠤᠬᠤ ᠠᠵᠢᠯ ᠤᠨ ᠬᠡᠷᠡᠭᠵᠢᠭᠦᠯᠬᠦ ᠲᠥᠰᠦᠯ︾ ︵2022 ᠬᠡᠪᠯᠡᠯ︶        ᠪᠥᠬᠦ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠠᠵᠢᠯ ᠤᠯᠬᠤ ᠶᠢ ᠬᠠᠪᠰᠤᠷᠤᠨ ᠲᠡᠳᠬᠦᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠴᠡᠷᠢᠭ ᠠᠴᠠ ᠬᠠᠯᠠᠭᠳᠠᠭᠰᠠᠳ ᠤᠨ ᠠᠵᠢᠯ ᠣᠯᠵᠤ ᠦᠢᠯᠡᠰ ᠴᠣᠭᠴᠠᠯᠠᠬᠤ ᠶᠢ ᠪᠠᠲᠤᠯᠠᠬᠤ ᠶᠢᠨ ᠲᠤᠰᠠᠳᠠ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ ᠲᠣᠰ ᠲᠥᠰᠦᠯ ᠢ ᠲᠣᠭᠲᠠᠭᠠᠪᠠ᠃        ᠨᠢᠭᠡ᠂ ᠵᠢᠯᠣᠭᠤᠳᠬᠤ ᠦᠵᠡᠯ ᠰᠠᠨᠠᠭ᠎ᠠ ᠪᠠ ᠦᠨᠳᠦᠰᠦᠨ ᠵᠠᠷᠴᠢᠮ        ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠲᠤᠬᠠᠶ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠥᠭᠦᠯᠡᠯᠲᠡ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠴᠡᠷᠢᠭ ᠠᠴᠠ ᠬᠠᠯᠠᠭᠳᠠᠭᠰᠠᠳ ᠤᠨ ᠪᠣᠳᠠᠲᠠᠶ ᠬᠦᠴᠢᠷᠳᠡᠯ ᠢ ᠦᠨᠡᠨ ᠬᠦ ᠰᠠᠶᠢᠲᠤᠷ ᠰᠢᠢᠳᠪᠦᠷᠢᠯᠡᠬᠦ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠱᠠᠭᠠᠷᠳᠠᠯᠭ᠎ᠠ ᠶᠣᠰᠣᠭᠠᠷ᠂ ᠴᠡᠷᠢᠭ ᠠᠴᠠ ᠬᠠᠯᠠᠭᠳᠠᠭᠰᠠᠳ ᠢ ᠲᠤᠰᠠᠯᠠᠵᠤ ᠳᠠᠬᠢᠨ ᠠᠵᠢᠯ ᠣᠯᠭᠤᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠢᠯᠡ ᠲᠣᠳᠣ ᠡᠷᠬᠡ ᠲᠡᠭᠰᠢ ᠲᠥᠪ ᠭᠤᠣᠯᠴᠢ ᠪᠠᠶᠢᠬᠤ᠂ ᠵᠠᠰᠠᠭ ᠤᠨ ᠣᠷᠳᠣᠨ ᠠᠴᠠ ᠦᠨᠳᠦᠰᠦᠨ ᠵᠦᠢᠯ ᠢ ᠪᠠᠲᠤᠯᠠᠵᠤ ᠲᠤᠰᠠᠯᠠᠬᠤ ᠵᠠᠷᠴᠢᠮ ᠢ ᠪᠠᠷᠢᠮᠲᠠᠯᠠᠵᠤ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠪᠠᠶᠢᠭᠠᠳ ᠠᠵᠢᠯ ᠤᠨ ᠪᠠᠶᠢᠷᠢ ᠠᠴᠠ ᠪᠠᠨ ᠪᠠᠭᠤᠭᠰᠠᠨ ᠴᠡᠷᠢᠭ ᠠᠴᠠ ᠬᠠᠯᠠᠭᠳᠠᠭᠰᠠᠳ ᠢ ᠬᠠᠪᠰᠤᠷᠤᠨ ᠲᠠᠬᠢᠨ ᠠᠵᠢᠯ ᠣᠯᠭᠤᠨ᠎ᠠ᠃ ᠡᠭᠦᠨ ᠤ ᠬᠠᠮᠲᠤ᠂ ᠤᠯᠤᠰ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠢ ᠬᠢᠨᠠᠮᠠᠭᠠᠶ ᠰᠠᠶᠢᠲᠤᠷ ᠠᠳᠬᠤᠵᠤ᠂ ᠴᠡᠷᠢᠭ ᠠᠴᠠ ᠬᠠᠯᠠᠭᠳᠠᠭᠰᠠᠳ ᠢ ᠬᠥᠲᠥᠯᠦᠨ ᠵᠢᠯᠣᠭᠤᠳᠴᠤ ᠪᠠᠶᠢᠭᠠᠳ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠬᠠᠮᠲᠤ᠂ ᠬᠡᠪ ᠤᠨ ᠠᠷᠭ᠎ᠠ ᠵᠠᠮ ᠢᠶᠠᠷ ᠳᠠᠮᠵᠢᠨ᠂ ᠠᠰᠢᠭ ᠲᠤᠰᠠ ᠶᠢᠨ ᠬᠦᠰᠡᠯ ᠱᠠᠭᠠᠷᠳᠠᠯᠭ᠎ᠠ ᠪᠠᠨ ᠵᠥᠪ ᠣᠨᠣᠪᠴᠢᠲᠠᠶ ᠢᠯᠡᠳᠬᠡᠵᠦ᠂ ᠬᠠᠤᠯᠢ ᠰᠠᠬᠢᠯᠭ᠎ᠠ ᠶᠢ ᠵᠢᠷᠤᠮᠯᠠᠨ ᠬᠠᠤᠯᠢ ᠴᠠᠭᠠᠵᠠ ᠶᠢ ᠰᠠᠬᠢᠵᠤ᠂ ᠨᠡᠶᠢᠭᠡᠮ ᠤᠨ ᠡᠮᠬᠢ ᠳᠢᠭᠯᠢᠮ ᠢ ᠤᠬᠠᠮᠰᠠᠷ ᠠᠴᠠ ᠪᠠᠨ ᠬᠠᠮᠠᠭᠠᠯᠠᠬᠤ ᠨᠡᠶᠢᠲᠡᠯᠢᠭ ᠵᠢᠱᠢᠶ᠎ᠡ ᠦᠵᠡᠭᠦᠯᠬᠦ ᠪᠠᠷ ᠴᠢᠷᠮᠠᠶᠢᠨ᠎ᠠ᠃ᠬᠤᠶᠠᠷ᠂ ᠭᠤᠶᠤᠴᠢᠯᠠᠬᠤ ᠴᠠᠭ ᠤᠨ ᠬᠢᠵᠠᠭᠠᠷ ᠵᠢᠴᠢ ᠲᠤᠰᠠᠯᠠᠬᠤ ᠬᠦᠷᠢᠶ᠎ᠡ ᠬᠡᠪᠴᠢᠶ᠎ᠡ        ︵ᠨᠢᠭᠡ︶ ᠭᠤᠶᠤᠴᠢᠯᠠᠬᠤ ᠴᠠᠭ ᠤᠨ ᠬᠢᠵᠠᠭᠠᠷ        ᠠᠵᠢᠯ ᠤᠨ ᠪᠠᠶᠢᠷᠢ ᠠᠴᠠ ᠪᠠᠨ ᠪᠠᠭᠤᠭᠰᠠᠨ ᠴᠡᠷᠢᠭ ᠠᠴᠠ ᠬᠠᠯᠠᠭᠳᠠᠭᠰᠠᠳ ᠢ ᠲᠤᠰᠠᠯᠠᠵᠤ ᠳᠠᠬᠢᠨ ᠠᠵᠢᠯ ᠣᠯᠭᠤᠬᠤ ᠠᠵᠢᠯ ᠤᠨ ᠪᠠᠶᠢᠷᠢ ᠢ ᠭᠤᠶᠤᠴᠢᠯᠠᠬᠤ ᠴᠠᠭ ᠨᠢ 2022 ᠣᠨ ᠤ 12 ᠰᠠᠷ᠎ᠠ ᠶᠢᠨ 31 ᠤ ᠡᠳᠦᠷ ᠪᠣᠯᠳᠠᠯ᠎ᠠ ᠶᠠᠪᠤᠭᠳᠠᠨ᠎ᠠ᠃        ︵ᠬᠤᠶᠠᠷ︶ ᠲᠤᠰᠠᠯᠠᠬᠤ ᠬᠦᠷᠢᠶ᠎ᠡ ᠬᠡᠪᠴᠢᠶ᠎ᠡ        1. 2011 ᠣᠨ ᠠᠴᠠ ᠡᠮᠦᠨ᠎ᠡ ᠴᠡᠷᠢᠭ ᠠᠴᠠ ᠬᠠᠯᠠᠭᠳᠠᠭᠰᠠᠨ᠂ ᠵᠠᠰᠠᠭ ᠤᠨ ᠣᠷᠳᠣᠨ ᠠᠴᠠ ᠠᠵᠢᠯ ᠲᠣᠬᠢᠷᠠᠭᠤᠯᠬᠤ ᠨᠥᠬᠦᠴᠡᠯ ᠳᠤ ᠨᠡᠶᠢᠴᠡᠭᠰᠡᠨ᠂ ᠬᠤᠳᠠ ᠶᠢᠨ ᠴᠡᠷᠢᠭ ᠠᠴᠠ ᠬᠠᠯᠠᠭᠳᠠᠭᠰᠠᠳ ᠢ ᠲᠥᠪᠬᠢᠨᠡᠭᠦᠯᠬᠦ ᠠᠯᠪᠠᠨ ᠭᠡᠷ ᠠᠴᠠ ᠲᠥᠪᠬᠢᠨᠡᠭᠦᠯᠦᠭᠰᠡᠨ ᠤ ᠲᠠᠷᠠᠭ᠎ᠠ ᠠᠵᠢᠯ ᠤᠨ ᠪᠠᠶᠢᠷᠢ ᠠᠴᠠ ᠪᠠᠭᠤᠭᠰᠠᠨ ᠮᠥᠷᠲᠡᠭᠡᠨ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠭᠤᠬᠤ ᠨᠠᠰᠤᠨ ᠳᠤ ᠬᠠᠷᠠᠬᠠᠨ ᠬᠦᠷᠦᠭᠡᠳᠦᠢ ᠬᠤᠳᠠ ᠪᠠᠯᠭᠠᠰᠤᠨ ᠤ ᠬᠠᠷᠢᠶ᠎ᠠ ᠲᠠᠢ ᠴᠡᠷᠢᠭ ᠠᠴᠠ ᠬᠠᠯᠠᠭᠳᠠᠭᠰᠠᠨ ᠰᠠᠶᠢᠨ ᠳᠤᠷ᠎ᠠ ᠶᠢᠨ ᠴᠡᠷᠢᠭ ︵ᠳᠠᠷᠤᠭ᠎ᠠ ᠪᠠᠶᠢᠯᠳᠤᠭᠴᠢ︶᠂ ᠬᠤᠳᠠ ᠪᠠᠯᠭᠠᠰᠤᠨ ᠤ ᠬᠠᠷᠢᠶ᠎ᠠ ᠲᠠᠢ ᠠᠯᠪᠠᠨ ᠵᠢᠷᠤᠮ ᠤᠨ ᠴᠡᠷᠢᠭ ︵ᠠᠶᠢᠮᠠᠭ ᠤᠨ ᠲᠥᠪᠬᠢᠨᠡᠭᠦᠯᠦᠯᠲᠡ ᠶᠢᠨ ᠠᠯᠪᠠᠨ ᠬᠡᠷ ᠤᠨ ᠬᠠᠷᠢᠭᠤᠴᠠᠨ ᠲᠥᠪᠬᠢᠨᠡᠭᠦᠯᠬᠦ ᠬᠡᠪᠴᠢᠶᠡᠨ ᠳᠣᠲᠣᠷ᠎ᠠ᠂ ᠬᠤᠲᠠ ᠶᠢᠨ ᠲᠥᠪᠬᠢᠨᠡᠭᠦᠯᠦᠯᠲᠡ ᠶᠢᠨ ᠠᠯᠪᠠᠨ ᠬᠡᠷ ᠠᠴᠠ ᠲᠥᠪᠬᠢᠨᠡᠭᠦᠯᠬᠦ ᠭᠠᠷᠳᠠᠮ ᠬᠢᠵᠦ ᠥᠭᠭᠦᠭᠰᠡᠨ ᠴᠡᠷᠢᠭ ᠠᠴᠠ ᠬᠠᠯᠠᠭᠳᠠᠭᠰᠠᠳ ᠢ ᠪᠠᠭᠲᠠᠭᠠᠬᠤ ᠥᠬᠡᠶ︶᠃        2. 2011 ᠣᠨ ᠠᠴᠠ ᠡᠮᠦᠨ᠎ᠡ ᠴᠡᠷᠢᠭ ᠠᠴᠠ ᠬᠠᠯᠠᠭᠳᠠᠭᠰᠠᠨ ︽ᠬᠤᠲᠠ ᠪᠠᠯᠭᠠᠰᠤᠨ ᠤ ᠡᠷᠦᠬᠡ ᠠᠮᠠ  ᠲᠠᠢ ᠵᠠᠯᠠᠭᠤᠴᠤᠳ ᠲᠠᠷᠢᠶᠠᠯᠠᠩ ᠤᠨ ᠡᠷᠦᠬᠡ ᠠᠮᠠ ᠶᠢᠨ ᠭᠦᠢᠴᠡᠳᠭᠡᠯ ᠲᠤᠭ᠎ᠠ ᠶᠢ ᠡᠵᠡᠯᠡᠨ ᠴᠡᠷᠢᠭ ᠲᠤ ᠣᠷᠤᠭᠰᠠᠨ︾ ᠴᠡᠷᠢᠭ ᠠᠴᠠ ᠬᠠᠯᠠᠭᠳᠠᠭᠰᠠᠨ ᠪᠠᠶᠢᠯᠳᠤᠭᠴᠢ ︵ᠲᠤᠬᠠᠶᠢᠯᠠᠪᠠᠯ ᠬᠥᠳᠡᠭᠡ ᠲᠣᠰᠬᠤᠨ ᠤ ᠴᠡᠷᠢᠭ ᠡᠯᠰᠡᠬᠦ ᠭᠦᠢᠴᠡᠳᠬᠡᠬᠦ ᠲᠤᠭ᠎ᠠ ᠶᠢ ᠡᠵᠡᠯᠡᠨ ᠴᠡᠷᠢᠭ ᠲᠤ ᠤᠷᠤᠭᠰᠠᠨ ᠬᠤᠲᠠ ᠪᠠᠯᠭᠠᠰᠤᠨ ᠤ ᠬᠠᠷᠢᠶ᠎ᠠ ᠲᠠᠢ ᠴᠡᠷᠢᠭ ᠠᠴᠠ ᠬᠠᠯᠠᠭᠳᠠᠭᠰᠠᠨ ᠪᠠᠶᠢᠯᠳᠤᠭᠴᠢ︶᠃        3. ᠵᠠᠰᠠᠭ ᠤᠨ ᠣᠷᠳᠣᠨ ᠵᠥᠪᠬᠡᠨ ᠨᠢᠭᠡᠳᠦᠭᠡᠷ ᠤᠳᠠᠭᠠᠨ ᠤ ᠠᠵᠢᠯ ᠣᠯᠭᠤᠯᠲᠠ ᠶᠢᠨ ᠲᠤᠰᠠᠯᠠᠮᠵᠢ ᠶᠢ ᠬᠠᠷᠢᠭᠤᠴᠠᠨ᠎ᠠ᠂ ᠬᠤᠪᠢᠶᠠᠷᠢᠯᠠᠭᠰᠠᠨ ᠪᠠᠶᠢᠭᠤᠯᠭ᠎ᠠ ᠨᠢᠭᠡᠴᠢ ᠶᠢ ᠬᠠᠰᠤᠭᠰᠠᠨ᠂ ᠨᠡᠶᠢᠯᠡᠭᠦᠯᠦᠭᠰᠡᠨ ᠠᠴᠠ ᠪᠣᠯᠵᠣ ᠠᠵᠢᠯ ᠤᠨ ᠪᠠᠶᠢᠷᠢ ᠪᠠᠨ ᠬᠠᠰᠤᠭᠤᠯᠤᠭᠰᠠᠨ ᠪᠠᠶᠢᠪᠠᠯ᠂ ᠬᠤᠲᠠ ᠶᠢᠨ ᠵᠠᠰᠠᠭ ᠤᠨ ᠣᠷᠳᠣᠨ ᠠᠴᠠ ᠠᠵᠢᠯ ᠤᠨ ᠪᠠᠶᠢᠷᠢ ᠶᠢᠨ ᠲᠣᠬᠢᠷᠠᠭᠤᠯᠤᠯᠲᠠ ᠬᠢᠨ᠎ᠠ᠂ ᠬᠤᠪᠢ ᠬᠥᠮᠦᠨ ᠤ ᠰᠢᠯᠲᠠᠭᠠᠨ ᠠᠴᠠ ᠪᠣᠯᠵᠣ ᠳᠠᠬᠢᠨᠲᠠ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠪᠠᠯ ᠬᠤᠲᠠ ᠶᠢᠨ ᠵᠠᠰᠠᠭ ᠤᠨ ᠣᠷᠳᠣᠨ ᠠᠴᠠ ᠳᠠᠭᠢᠵᠤ ᠠᠵᠢᠯ ᠣᠯᠭᠤᠯᠲᠠ ᠶᠢᠨ ᠲᠤᠰᠠᠯᠠᠮᠵᠢ ᠬᠠᠩᠭᠠᠬᠤ ᠥᠬᠡᠶ᠃        4. ᠬᠦᠨᠳᠦ ᠨᠣᠴᠢᠲᠠᠶ ᠡᠷᠡᠭᠦᠦ ᠶᠢᠨ ᠰᠢᠳᠬᠡᠯ ᠤᠨ ᠲᠡᠮᠳᠡᠭᠯᠡᠯ ᠲᠠᠢ ᠬᠥᠮᠦᠰ ᠢ ᠠᠵᠢᠯ ᠣᠯᠭᠤᠯᠲᠠ ᠶᠢᠨ ᠲᠤᠰᠠᠯᠠᠮᠵᠢ ᠶᠢᠨ ᠬᠡᠪᠴᠢᠶᠡᠨ ᠳᠤ ᠪᠠᠭᠲᠠᠭᠠᠬᠤ ᠦᠭᠡᠢ᠃        ᠭᠤᠷᠪᠠ᠂ ᠠᠵᠢᠯ ᠤᠨ ᠪᠠᠶᠢᠷᠢ ᠶᠢᠨ ᠬᠤᠪᠢᠶᠠᠷᠢᠯᠠᠯᠲᠠ        ᠬᠤᠲᠠ ᠶᠢᠨ ᠠᠵᠢᠯ ᠤᠨ ᠪᠠᠶᠢᠷᠢ ᠠᠴᠠ ᠪᠠᠨ ᠪᠠᠭᠤᠭᠰᠠᠨ ᠴᠡᠷᠢᠭ ᠠᠴᠠ ᠬᠠᠯᠠᠭᠳᠠᠭᠰᠠᠳ ᠲᠤ ᠳᠠᠬᠢᠨ ᠠᠵᠢᠯ ᠣᠯᠭᠤᠬᠤ ᠠᠵᠢᠯ ᠤᠨ ᠤᠳᠤᠷᠢᠳᠬᠤ ᠳᠤᠭᠤᠶᠢᠯᠠᠩ ︵ᠳᠣᠷᠣᠭᠰᠢ ︽ᠤᠳᠤᠷᠢᠳᠬᠤ ᠳᠤᠭᠤᠶᠢᠯᠠᠩ︾ ᠭᠡᠵᠦ ᠲᠣᠪᠴᠢᠯᠠᠨ᠎ᠠ︶ ᠠᠴᠠ ᠠᠵᠢᠯ ᠤᠨ ᠪᠠᠶᠢᠷᠢ ᠶᠢᠨ ᠲᠥᠯᠥᠪᠯᠡᠭᠡ ᠪᠠᠭᠤᠯᠭᠠᠵᠤ᠂ ᠨᠥᠬᠦᠴᠡᠯ ᠳᠤ ᠨᠡᠶᠢᠴᠡᠬᠦ ᠴᠡᠷᠢᠭ ᠠᠴᠠ ᠬᠠᠯᠠᠭᠳᠠᠭᠰᠠᠳ ᠲᠤ ᠨᠢᠭᠡᠳᠦᠯᠲᠡᠶ ᠲᠣᠬᠢᠷᠠᠭᠤᠯᠤᠯᠲᠠ ᠬᠢᠵᠦ᠂ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠴᠢᠬᠤᠯᠠ ᠨᠥᠬᠦᠪᠥᠷᠢ ᠪᠣᠯᠭᠠᠨ᠎ᠠ᠃        ᠳᠥᠷᠪᠡ᠂ ᠴᠠᠯᠢᠩ ᠣᠯᠭᠤᠮᠵᠢ᠂ ᠠᠵᠢᠯ ᠤᠨ ᠪᠠᠶᠢᠷᠢ ᠳᠤ ᠣᠷᠣᠬᠤ ᠨᠥᠬᠦᠴᠡᠯ ᠵᠢᠴᠢ ᠠᠵᠢᠯ ᠠᠴᠠ ᠪᠠᠭᠤᠭᠰᠠᠨ ᠬᠠᠷᠠᠭᠠᠯᠵᠠᠯ        ︵ᠨᠢᠭᠡ︶ ᠴᠠᠯᠢᠩ ᠣᠯᠭᠤᠮᠵᠢ᠃ ᠮᠠᠨ ᠤ ᠬᠤᠲᠠ ᠶᠢᠨ ᠣᠲᠣ ᠶᠢᠨ ᠬᠡᠷᠡᠭᠵᠢᠭᠦᠯᠵᠦ ᠪᠠᠶᠢᠭ᠎ᠠ ᠨᠠᠭᠠᠳᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠪᠠᠷ 30% ᠪᠠᠷ ᠳᠡᠭᠡᠭᠰᠢᠯᠡᠭᠦᠯᠵᠦ᠂ ᠬᠤᠲᠠ ᠶᠢᠨ ᠡᠳ᠋ ᠤᠨ ᠵᠠᠰᠠᠭ ᠤᠨ ᠣᠨ ᠤ ᠲᠥᠰᠦᠪ ᠲᠤ ᠨᠢᠭᠡᠳᠦᠯᠲᠡᠶ ᠣᠷᠣᠭᠤᠯᠤᠨ ᠰᠢᠢᠳᠪᠦᠷᠢᠯᠡᠵᠦ᠂ ᠴᠠᠯᠢᠩ ᠤᠨ ᠣᠯᠭᠤᠮᠵᠢ ᠶᠢ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ ᠴᠠᠭ ᠲᠤᠬᠠᠶ ᠳᠤᠨᠢ ᠲᠣᠬᠢᠷᠠᠭᠤᠯᠬᠤ ᠶᠢᠨ ᠬᠠᠮᠲᠤ ᠭᠤᠤᠯᠳᠠᠯᠭ᠎ᠠ ᠲᠠᠢ ᠤᠷᠢᠳᠠᠪᠠᠷ ᠪᠠᠲᠤᠯᠠᠨ᠎ᠠ᠃ ᠮᠠᠨ ᠤ ᠬᠤᠲᠠ ᠶᠢᠨ ᠰᠦᠢᠳᠬᠡᠯ ᠲᠤᠰᠢᠶᠠᠬᠤ ᠨᠠᠭᠠᠳᠤ ᠵᠠᠬ᠎ᠠ ᠶᠢᠨ ᠰᠠᠭᠤᠷᠢ ᠲᠤᠭ᠎ᠠ ᠶᠢᠨ ᠪᠠᠷᠢᠮᠵᠢᠶ᠎ᠠ ᠶᠣᠰᠣᠭᠠᠷ ᠨᠠᠰᠤᠵᠢᠯ ᠤᠨ ᠠᠰᠠᠷᠠᠮᠵᠢ᠂ ᠡᠮ ᠡᠮᠨᠡᠯᠭᠡ᠂ ᠬᠦᠨᠳᠦ ᠡᠪᠡᠳᠴᠢᠨ᠂ ᠠᠵᠢᠯ ᠠᠴᠠ ᠪᠣᠯᠤᠭᠰᠠᠨ ᠭᠡᠮᠲᠦᠯ᠂ ᠠᠵᠢᠯ ᠠᠯᠳᠠᠬᠤ ᠵᠡᠷᠭᠡ ᠨᠡᠶᠢᠭᠡᠮ ᠤᠨ ᠳᠠᠭᠠᠳᠬᠠᠯ ᠢ ᠲᠤᠰᠢᠶᠠᠨ᠎ᠠ᠃        ︵ᠬᠤᠶᠠᠷ︶ ᠠᠵᠢᠯ ᠤᠨ ᠪᠠᠶᠢᠷᠢ ᠳᠤ ᠭᠠᠷᠬᠤ ᠨᠥᠬᠦᠴᠡᠯ᠃ ᠨᠡᠷ᠎ᠡ ᠮᠡᠳᠡᠭᠦᠯᠵᠦ ᠭᠤᠶᠤᠴᠢᠯᠠᠬᠤ ᠶᠢᠨ ᠬᠠᠮᠲᠤ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠵᠡᠷᠭᠡ ᠡᠭᠦᠷᠭᠡ ᠴᠢᠳᠠᠪᠬᠢᠲᠦ ᠰᠠᠯᠠᠭ᠎ᠠ ᠮᠥᠴᠢᠷ ᠢᠶᠠᠷ ᠬᠢᠨᠠᠨ ᠪᠠᠶᠢᠴᠠᠭᠠᠯᠭᠠᠭᠰᠠᠨ ᠤ ᠳᠠᠷᠠᠭ᠎ᠠ᠂ ᠳᠠᠬᠢᠨ ᠠᠵᠢᠯ ᠣᠯᠭᠤᠬᠤ ᠲᠤᠰᠠᠯᠠᠮᠵᠢ ᠶᠢᠨ ᠨᠥᠬᠦᠴᠡᠯ ᠳᠤ ᠨᠡᠶᠢᠴᠡᠪᠡᠯ᠂ ᠲᠣᠰ ︽ᠲᠥᠰᠦᠯ︾ ᠤᠨ ᠶᠣᠰᠣᠭᠠᠷ ᠬᠡᠷᠡᠭᠵᠢᠭᠦᠯᠦᠨ᠎ᠡ᠃        ︵ᠭᠤᠷᠪᠠ︶ ᠠᠵᠢᠯ ᠠᠴᠠ ᠪᠠᠭᠤᠭᠰᠠᠨ ᠬᠠᠷᠠᠭᠠᠯᠵᠠᠯ᠃ ᠠᠵᠢᠯ ᠤᠨ ᠪᠠᠶᠢᠷᠢ ᠳᠤ ᠤᠷᠤᠭᠰᠠᠨ ᠴᠡᠷᠢᠭ ᠠᠴᠠ ᠬᠠᠯᠠᠭᠳᠠᠭᠰᠠᠳ ᠣᠳᠣᠬᠠᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠲᠤᠰᠢᠶᠠᠵᠤ᠂ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠭᠤᠬᠤ ᠨᠠᠰᠤᠨ ᠳᠤ ᠬᠦᠷᠦᠭᠰᠡᠨ ᠪᠥᠭᠡᠳ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠭᠤᠬᠤ ᠨᠠᠰᠤᠨ ᠳᠤ ᠬᠦᠷᠦᠭᠰᠡᠨ ᠪᠣᠯᠪᠠᠴᠤ ᠰᠦᠢᠳᠬᠡᠯ ᠲᠤᠰᠢᠶᠠᠭᠠᠳ ᠪᠦᠬᠦᠯᠢ 15 ᠵᠢᠯ ᠪᠣᠯᠤᠭᠠᠳᠤᠶ ᠪᠠᠶᠢᠪᠠᠯ᠂ ᠲᠤᠰ ᠬᠥᠮᠦᠨ ᠨᠢ ᠡᠭᠦᠷᠭᠡᠯᠡᠬᠦ ᠶᠢᠨ ᠬᠠᠮᠲᠤ ᠦᠷᠭᠦᠯᠵᠢᠯᠡᠨ ᠰᠦᠢᠳᠬᠡᠯ ᠲᠤᠰᠢᠶᠠᠬᠤ ᠪᠠᠷ ᠰᠠᠶᠢᠨ ᠳᠤᠷ᠎ᠠ ᠠᠴᠠ ᠪᠠᠨ ᠭᠤᠶᠤᠴᠢᠯᠠᠭᠠᠳ ᠪᠦᠬᠦᠯᠢ 15 ᠵᠢᠯ ᠪᠣᠯᠤᠭᠰᠠᠨ ᠤ ᠲᠠᠷᠠᠭ᠎ᠠ᠂ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠣᠰᠣᠭᠠᠷ ᠠᠵᠢᠯ ᠠᠴᠠ ᠪᠠᠭᠤᠬᠤ ᠭᠠᠷ ᠭᠦᠢᠴᠡᠳᠬᠡᠯ ᠬᠢᠨ᠎ᠠ᠃        ᠲᠠᠪᠤ᠂ ᠠᠵᠢᠯ ᠤᠨ ᠶᠠᠪᠤᠴᠠ        ︵ᠨᠢᠭᠡ︶ ᠠᠵᠢᠯ ᠣᠯᠭᠤᠯᠲᠠ ᠶᠢᠨ ᠲᠤᠰᠠᠯᠠᠮᠵᠢ ᠭᠤᠶᠤᠴᠢᠯᠠᠭᠰᠠᠨ ᠴᠡᠷᠢᠭ ᠠᠴᠠ ᠬᠠᠯᠠᠭᠳᠠᠭᠰᠠᠳ᠂ ᠲᠣᠰ ᠬᠥᠮᠦᠨ ᠨᠢ ᠪᠡᠶ᠎ᠡ ᠶᠢᠨ ᠦᠨᠡᠮᠯᠡᠯ᠂ ᠴᠡᠷᠢᠭ ᠠᠴᠠ ᠬᠠᠯᠠᠭᠳᠠᠭᠰᠠᠨ ᠦᠨᠡᠮᠯᠡᠯ᠂ ᠴᠡᠷᠢᠭ ᠠᠴᠠ ᠬᠠᠯᠠᠭᠳᠠᠭᠰᠠᠳ ᠢ ᠲᠥᠪᠬᠢᠨᠡᠭᠦᠯᠬᠦ ᠶᠢ ᠬᠢᠨᠠᠨ ᠵᠥᠪᠰᠢᠶᠡᠷᠡᠬᠦ ᠬᠦᠰᠦᠨᠦᠭᠲᠦ᠂ ᠴᠡᠷᠢᠭ ᠠᠴᠠ ᠬᠠᠯᠠᠭᠳᠠᠭᠰᠠᠳ ᠢ ᠬᠤᠪᠢᠶᠠᠷᠢᠯᠠᠬᠤ ᠠᠵᠢᠯ ᠤᠨ ᠲᠠᠨᠢᠯᠴᠠᠭᠤᠯᠭ᠎ᠠ ᠶᠢᠨ ᠪᠢᠴᠢᠭ᠂ ᠬᠥᠳᠡᠯᠮᠦᠷᠢ ᠶᠢᠨ ᠬᠠᠷᠢᠴᠠᠭ᠎ᠠ ︵ᠭᠡᠷ᠎ᠡ︶ ᠶᠢ ᠴᠤᠴᠠᠯᠤᠭᠰᠠᠨ ︵ᠳᠠᠭᠤᠰᠬᠠᠭᠰᠠᠨ︶ ᠭᠡᠷᠡᠴᠢ ᠵᠡᠷᠭᠡ ᠬᠠᠮᠢᠶ᠎ᠠ ᠪᠥᠬᠦᠶ ᠮᠠᠲ᠋ᠧᠷᠢᠶᠠᠯ ᠢᠶᠠᠨ ᠠᠪᠴᠤ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ᠤᠨ ᠠᠵᠢᠯ ᠣᠯᠭᠤᠵᠤ ᠦᠢᠯᠡᠰ ᠴᠣᠭᠴᠠᠯᠠᠬᠤ ᠲᠠᠰᠤᠭ ᠲᠤ ᠬᠦᠷᠴᠦ ᠭᠤᠶᠤᠴᠢᠯᠠᠨ ᠳᠠᠩᠰᠠᠯᠠᠭᠤᠯᠤᠨ᠎ᠠ᠃        ︵ᠬᠤᠶᠠᠷ︶ ᠭᠤᠶᠤᠴᠢᠯᠠᠭᠴᠢ ᠨᠢ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ᠤᠨ ᠠᠵᠢᠯ ᠣᠯᠭᠤᠵᠤ ᠦᠢᠯᠡᠰ ᠴᠣᠭᠴᠠᠯᠠᠬᠤ ᠲᠠᠰᠤᠭ ᠲᠤ ︽ᠤᠯᠠᠭᠠᠨᠬᠤᠲᠠ ᠶᠢᠨ ᠠᠵᠢᠯ ᠤᠨ ᠪᠠᠶᠢᠷᠢ ᠠᠴᠠ ᠪᠠᠨ ᠪᠠᠭᠤᠭᠰᠠᠨ ᠴᠡᠷᠢᠭ ᠠᠴᠠ ᠬᠠᠯᠠᠭᠳᠠᠭᠰᠠᠳ ᠢ ᠲᠤᠰᠠᠯᠠᠵᠤ ᠳᠠᠬᠢᠨ ᠠᠵᠢᠯ ᠣᠯᠭᠤᠬᠤ ᠠᠵᠢᠯ ᠤᠨ ᠪᠠᠶᠢᠷᠢ ᠶᠢᠨ ᠭᠤᠶᠤᠴᠢᠯᠠᠯ ᠤᠨ ᠪᠢᠴᠢᠭ︾᠂ ︽ᠤᠯᠠᠭᠠᠨᠬᠤᠲᠠ ᠶᠢᠨ ᠠᠵᠢᠯ ᠤᠨ ᠪᠠᠶᠢᠷᠢ ᠠᠴᠠ ᠪᠠᠨ ᠪᠠᠭᠤᠭᠰᠠᠨ ᠴᠡᠷᠢᠭ ᠠᠴᠠ ᠬᠠᠯᠠᠭᠳᠠᠭᠰᠠᠳ ᠢ ᠲᠤᠰᠠᠯᠠᠵᠤ ᠳᠠᠬᠢᠨ ᠠᠵᠢᠯ ᠣᠯᠭᠤᠬᠤ ᠠᠵᠢᠯ ᠤᠨ ᠪᠠᠶᠢᠷᠢ ᠶᠢᠨ ᠭᠤᠶᠤᠴᠢᠯᠠᠯ ᠤᠨ ᠬᠦᠰᠦᠨᠦᠭᠲᠦ︾ ᠶᠢ ᠲᠠᠭᠯᠠᠨ ᠪᠢᠴᠢᠬᠦ ᠶᠢᠨ ᠬᠠᠮᠲᠤ ᠳᠣᠤᠷᠠᠬᠢ ᠮᠡᠲᠦ ᠠᠮᠠᠯᠠᠯᠲᠠ ᠬᠢᠨ᠎ᠡ᠄        1. ᠠᠵᠢᠯ ᠤᠨ ᠪᠠᠶᠢᠷᠢ ᠳᠤ ᠭᠠᠷᠤᠭᠰᠠᠨ ᠤ ᠲᠡᠷᠠᠭ᠎ᠠ᠂ ᠤᠬᠠᠮᠰᠠᠷ ᠠᠴᠠ ᠪᠠᠨ ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠶᠢ ᠰᠠᠬᠢᠵᠤ᠂ ᠪᠠᠶᠢᠭᠤᠯᠭ᠎ᠠ ᠨᠢᠭᠡᠴᠢ ᠶᠢᠨ ᠢᠶᠠᠨ ᠡᠯ᠎ᠡ ᠵᠦᠢᠯ ᠤᠨ ᠲᠦᠷᠢᠮ ᠲᠣᠭᠲᠠᠭᠠᠯ ᠢ ᠴᠢᠩᠭ᠎ᠠ ᠵᠢᠷᠤᠮᠯᠠᠬᠤ ᠬᠡᠷᠡᠭᠲᠡᠶ᠃        2.ᠠᠵᠢᠯ ᠤᠨ ᠪᠠᠶᠢᠷᠢ ᠳᠤ ᠭᠠᠷᠤᠭᠰᠠᠨ ᠤ ᠲᠠᠷᠠᠭ᠎ᠠ᠂ ᠲᠤᠰ ᠬᠥᠮᠦᠨ ᠤ ᠰᠢᠯᠲᠠᠭᠠᠨ ᠠᠴᠠ ᠪᠤᠯᠵᠤ ᠰᠠᠨᠠᠭᠠᠴᠢᠯᠠᠭ᠎ᠠ ᠠᠴᠠ ᠪᠠᠨ ᠬᠠᠶᠠᠭᠰᠠᠨ ᠪᠣᠶᠤ ᠬᠥᠮᠦᠨ ᠬᠡᠷᠡᠭᠯᠡᠬᠦ ᠪᠠᠶᠢᠭᠤᠯᠭ᠎ᠠ ᠨᠢᠭᠡᠴᠢ ᠶᠢᠨ ᠬᠠᠮᠢᠶᠠᠷᠤᠯᠲᠠ ᠶᠢᠨ ᠲᠦᠷᠢᠮ ᠢ ᠵᠥᠷᠢᠴᠡᠵᠦ᠂ ᠬᠠᠤᠯᠢ ᠶᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠨ ᠤᠷᠢᠭᠳᠠᠬᠰᠠᠨ ᠪᠠᠶᠢᠪᠠᠯ᠂ ᠠᠯᠢᠪᠠ ᠦᠷ᠎ᠡ ᠳ᠋ᠥᠩ ᠪᠠ ᠬᠠᠷᠢᠭᠤᠴᠠᠯᠭ᠎ᠠ ᠶᠢ ᠥᠪᠡᠰᠦᠪᠡᠨ ᠡᠭᠦᠷᠭᠡᠯᠡᠨ᠎ᠡ᠃        3. ᠲᠤᠰ ᠬᠥᠮᠦᠨ ᠤ ᠪᠡᠶ᠎ᠡ ᠮᠠᠬᠠᠪᠣᠳ ᠤᠨ ᠨᠥᠬᠦᠴᠡᠯ ᠨᠢ ᠰᠠᠶᠢᠨ᠂ ᠠᠵᠢᠯ ᠤᠨ ᠪᠠᠶᠢᠷᠢ ᠶᠢᠨ ᠠᠵᠢᠯ ᠤᠨ ᠱᠠᠭᠠᠷᠳᠠᠯᠭ᠎ᠠ ᠶᠢ ᠡᠭᠦᠷᠭᠡᠯᠡᠵᠦ ᠳᠡᠶᠢᠯᠬᠦ᠂ ᠬᠠᠯᠳᠠᠪᠤᠷᠢᠲᠤ ᠡᠪᠡᠳᠴᠢᠨ ᠦᠭᠡᠢ ᠪᠠᠶᠢᠬᠤ ᠬᠡᠷᠡᠭᠲᠡᠢ᠃        ︵ᠭᠤᠷᠪᠠ︶ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠨᠢ ᠳᠠᠬᠢᠨ ᠠᠵᠢᠯ ᠣᠯᠭᠤᠬᠤ ᠳᠤ ᠲᠤᠰᠠᠯᠠᠮᠵᠢ ᠭᠤᠶᠤᠴᠢᠯᠠᠭᠰᠠᠨ ᠠᠵᠢᠯ ᠤᠨ ᠪᠠᠶᠢᠷᠢ ᠶᠢᠨ ᠴᠡᠷᠢᠭ ᠠᠴᠠ ᠬᠠᠯᠠᠭᠳᠠᠭᠰᠠᠳ ᠤᠨ ᠲᠠᠩᠰᠠ ᠡᠪᠬᠡᠮᠡᠯ ᠤᠨ ᠮᠠᠲ᠋ᠧᠷᠢᠶᠠᠯ ᠢ ᠬᠢᠨᠠᠨ ᠬᠠᠷᠭᠤᠭᠤᠯᠵᠤ ᠪᠣᠭᠤᠮᠲᠠ ᠰᠠᠬᠢᠬᠤ ᠶᠢ ᠬᠠᠷᠢᠭᠤᠴᠠᠵᠤ᠂ ᠨᠥᠬᠦᠴᠡᠯ ᠳᠤ ᠨᠡᠶᠢᠴᠡᠬᠦ ᠴᠡᠷᠢᠭ ᠠᠴᠠ ᠬᠠᠯᠠᠭᠳᠠᠭᠰᠠᠳ ᠢ ᠳᠡᠩᠰᠡᠯᠡᠨ ᠲᠡᠮᠳᠡᠭᠯᠡᠨ᠎ᠡ᠃        ︵ᠳᠥᠷᠪᠡ︶ ᠤᠳᠤᠷᠢᠳᠬᠤ ᠳᠤᠭᠤᠶᠢᠯᠠᠩ ᠨᠢ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠬᠠᠩᠭᠠᠭᠰᠠᠨ ᠭᠤᠶᠤᠴᠢᠯᠠᠭᠰᠠᠳ ᠤᠨ ᠪᠠᠶᠢᠳᠠᠯ ᠢ ᠦᠨᠳᠦᠰᠦᠯᠡᠨ᠂ ᠬᠠᠮᠲᠤ ᠪᠠᠷ ᠵᠥᠪᠳᠡᠯᠴᠡᠨ ᠰᠤᠳᠤᠯᠤᠭᠰᠠᠨ ᠤ ᠳᠠᠷᠠᠭ᠎ᠠ᠂ ᠠᠵᠢᠯ ᠤᠨ ᠪᠠᠶᠢᠷᠢ ᠳᠤ ᠭᠠᠷᠬᠤ ᠴᠡᠷᠢᠭ ᠠᠴᠠ ᠬᠠᠯᠠᠭᠳᠠᠭᠰᠠᠳ ᠤᠨ ᠲᠤᠭ᠎ᠠ ᠬᠡᠮᠵᠢᠶ᠎ᠡ ᠵᠢᠴᠢ ᠬᠠᠮᠢᠭᠠᠰᠢ ᠶᠠᠪᠤᠬᠤ ᠶᠢ ᠲᠣᠭᠲᠠᠭᠠᠨ᠎ᠠ᠃        ︵ᠲᠠᠪᠤ︶ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠠᠴᠠ ᠨᠢᠭᠡᠨᠲᠡ ᠰᠤᠳᠤᠯᠤᠨ ᠪᠠᠲᠤᠯᠠᠭᠰᠠᠨ ᠲᠤᠰᠠᠯᠠᠮᠵᠢ ᠭᠥᠷᠳᠡᠬᠦ ᠡᠲᠡᠭᠡᠳ ᠲᠤ ︽ᠤᠯᠠᠭᠠᠨᠬᠤᠲᠠ ᠶᠢᠨ ᠠᠵᠢᠯ ᠤᠨ ᠪᠠᠶᠢᠷᠢ ᠠᠴᠠ ᠪᠠᠨ ᠪᠠᠭᠤᠭᠰᠠᠨ ᠴᠡᠷᠢᠭ ᠤᠨ ᠠᠯᠪᠠ ᠠᠴᠠ ᠬᠠᠯᠠᠭᠳᠠᠭᠰᠠᠳ ᠢ ᠲᠤᠰᠠᠯᠠᠨ ᠳᠠᠬᠢᠨ ᠠᠵᠢᠯ ᠣᠯᠭᠤᠬᠤ ᠠᠵᠢᠯ ᠤᠨ ᠪᠠᠶᠢᠷᠢ ᠶᠢᠨ ᠲᠠᠨᠢᠯᠴᠠᠭᠤᠯᠭ᠎ᠠ ᠶᠢᠨ ᠪᠢᠴᠢᠭ︾ ᠭᠠᠷᠭᠠᠵᠤ᠂ ᠲᠤᠰᠠᠯᠠᠮᠵᠢ ᠭᠥᠷᠳᠡᠭᠰᠡᠳ 5 ᠠᠵᠢᠯᠯᠠᠬᠤ ᠡᠳᠦᠷ ᠤᠨ ᠳᠣᠲᠣᠷ᠎ᠠ ᠲᠣᠰ ᠲᠠᠨᠢᠯᠴᠠᠭᠤᠯᠭ᠎ᠠ ᠶᠢᠨ ᠪᠢᠴᠢᠭ ᠢ ᠠᠪᠴᠤ᠂ ᠬᠥᠮᠦᠨ ᠬᠡᠷᠡᠭᠯᠡᠬᠦ ᠪᠠᠶᠢᠭᠤᠯᠭ᠎ᠠ ᠨᠢᠭᠡᠴᠢ ᠳᠤ ᠬᠦᠷᠴᠦ ᠨᠡᠷ᠎ᠡ ᠮᠡᠳᠡᠭᠦᠯᠬᠦ ᠶᠢᠨ ᠬᠠᠮᠲᠤ ᠠᠵᠢᠯ ᠤᠨ ᠪᠠᠶᠢᠷᠢ ᠳᠤ ᠭᠠᠷᠴᠤ ᠠᠵᠢᠯᠯᠠᠨ᠎ᠠ᠂ ᠣᠨᠴᠠᠭᠠᠶ ᠪᠠᠶᠢᠳᠠᠯ ᠥᠬᠡᠶ ᠪᠠᠷ ᠬᠤᠭᠤᠴᠠᠭ᠎ᠠ ᠬᠡᠲᠦᠷᠡᠲᠡᠯ᠎ᠡ ᠨᠡᠷ᠎ᠡ ᠮᠡᠳᠡᠭᠦᠯᠦᠭᠰᠡᠨ ᠥᠬᠡᠶ ᠪᠠᠶᠢᠪᠠᠯ ᠲᠣᠰ ᠬᠥᠮᠦᠨ ᠨᠢ ᠰᠠᠨᠠᠭᠠᠴᠢᠯᠠᠭ᠎ᠠ ᠠᠴᠠ ᠪᠠᠨ ᠬᠠᠶᠠᠭᠰᠠᠨ ᠢᠶᠠᠷ ᠦᠵᠡᠵᠦ᠂ ᠬᠤᠲᠠ ᠶᠢᠨ ᠵᠠᠰᠠᠭ ᠤᠨ ᠣᠷᠳᠣᠨ ᠠᠴᠠ ᠲᠡᠭᠦᠨ ᠳᠤ ᠲᠤᠰᠠᠯᠠᠮᠵᠢ ᠦᠵᠡᠭᠦᠯᠵᠦ ᠳᠠᠬᠢᠨ ᠠᠵᠢᠯ ᠣᠯᠭᠤᠬᠤ ᠠᠵᠢᠯ ᠤᠨ ᠪᠠᠶᠢᠷᠢ ᠶᠢ ᠳᠠᠭᠢᠵᠤ ᠬᠠᠩᠭᠠᠬᠤ ᠥᠬᠡᠶ᠃        ︵ᠵᠢᠷᠭᠤᠭ᠎ᠠ︶ ᠬᠥᠮᠦᠨ ᠬᠡᠷᠡᠭᠯᠡᠬᠦ ᠪᠠᠶᠢᠭᠤᠯᠭ᠎ᠠ ᠨᠢᠭᠡᠴᠢ ᠲᠤᠰᠠᠯᠠᠬᠤ ᠠᠵᠢᠯ ᠤᠨ ᠪᠠᠶᠢᠷᠢ ᠶᠢᠨ ᠠᠵᠢᠯᠲᠠᠨ ᠢ ᠭᠥᠯᠢᠶᠡᠨ ᠠᠪᠤᠭᠰᠠᠨ ᠤ ᠳᠠᠷᠠᠭ᠎ᠠ᠂ ᠲᠡᠭᠦᠨ ᠲᠠᠢ ᠭᠡᠷ᠎ᠡ ᠲᠣᠭᠲᠠᠬᠤ ᠶᠢᠨ ᠬᠠᠮᠲᠤ ᠲᠤᠰᠬᠠᠶ ᠬᠥᠮᠦᠨ ᠳᠣᠭᠢᠷᠠᠭᠤᠯᠤᠨ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠤ ᠣᠴᠢᠭᠤᠯᠵᠤ ᠬᠠᠮᠢᠶ᠎ᠠ ᠪᠥᠬᠦᠶ ᠭᠠᠷᠳᠠᠮ ᠢ ᠨᠢ ᠭᠦᠢᠴᠡᠳᠬᠡᠭᠦᠯᠦᠨ᠎ᠡ᠃ᠵᠢᠷᠭᠤᠭ᠎ᠠ᠂ ᠲᠤᠰᠠᠯᠠᠬᠤ ᠠᠵᠢᠯ ᠤᠨ ᠪᠠᠶᠢᠷᠢ ᠶᠢᠨ ᠭᠡᠷ᠎ᠡ ᠵᠢᠴᠢ ᠠᠵᠢᠯᠲᠠᠨ ᠤ ᠬᠠᠮᠢᠶᠠᠷᠤᠯᠲᠠ        ︵ᠨᠢᠭᠡ︶ ᠭᠡᠷ᠎ᠡ ᠲᠣᠭᠲᠠᠭᠠᠬᠤ ᠪᠠ ᠭᠡᠷ᠎ᠡ ᠴᠤᠴᠠᠯᠬᠤ        1. ᠲᠤᠰᠠᠯᠠᠬᠤ ᠠᠵᠢᠯ ᠤᠨ ᠪᠠᠶᠢᠷᠢ ᠶᠢᠨ ᠭᠡᠷ᠎ᠡ ᠶᠢᠨ ᠬᠤᠭᠤᠴᠠᠭ᠎ᠠ ᠶᠢ ᠡ᠊ᠩ ᠤᠨ ᠪᠠᠶᠢᠳᠠᠯ ᠳᠤ ᠬᠤᠶᠠᠷ ᠵᠢᠯ ᠳᠤ ᠨᠢᠭᠡ ᠤᠳᠠᠭ᠎ᠠ ᠲᠣᠭᠲᠠᠭᠠᠨ᠎ᠠ᠂ ᠴᠡᠷᠢᠭ ᠤᠨ ᠠᠯᠪᠠ ᠠᠴᠠ ᠬᠠᠯᠠᠭᠳᠠᠭᠰᠠᠳ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠭᠤᠬᠤ ᠨᠠᠰᠤᠨ ᠳᠤ ᠬᠦᠷᠲᠡᠯ᠎ᠡ 3 ᠵᠢᠯ ᠭᠦᠢᠴᠡᠬᠦ ᠦᠬᠡᠢ ᠪᠣᠯ ᠠᠵᠢᠯ ᠠᠴᠠ ᠪᠠᠭᠤᠵᠤ ᠠᠮᠠᠷᠠᠬᠤ ᠴᠠᠭ ᠬᠦᠷᠲᠡᠯ᠎ᠡ ᠲᠣᠭᠲᠠᠭᠠᠵᠤ ᠪᠣᠯᠤᠨ᠎ᠠ᠂ ᠲᠤᠷᠰᠢᠨ ᠬᠡᠷᠡᠭᠯᠡᠬᠦ ᠬᠤᠭᠤᠴᠠᠭ᠎ᠠ ᠨᠢ 1 ᠰᠠᠷ᠎ᠠ ᠪᠣᠯᠤᠨ᠎ᠠ᠃        2. ᠬᠥᠮᠦᠨ ᠬᠡᠷᠡᠭᠯᠡᠬᠦ ᠪᠠᠶᠢᠭᠤᠯᠭ᠎ᠠ ᠨᠢᠭᠡᠴᠢ ᠪᠣᠯᠤᠨ ᠤᠷᠢᠭᠳᠠᠭᠴᠢ ᠭᠠᠷ ᠤᠨ ᠦᠰᠦᠭ ᠵᠢᠷᠤᠭᠰᠠᠨ ᠤ ᠲᠠᠷᠠᠭ᠎ᠠ ᠬᠦᠴᠦᠨ ᠲᠠᠢ᠂ ᠭᠡᠷ᠎ᠡ ᠨᠢ ᠭᠤᠷᠪᠠᠨ ᠬᠤᠪᠢ ᠪᠠᠶᠢᠵᠤ᠂ ᠬᠤᠳᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠡᠷᠬᠢᠯᠡᠬᠦ ᠲᠣᠪᠴᠢᠶ᠎ᠠ᠂ ᠬᠥᠮᠦᠨ ᠬᠡᠷᠡᠭᠯᠡᠬᠦ ᠨᠢᠭᠡᠴᠢ᠂ ᠤᠷᠢᠭᠳᠠᠭᠴᠢ ᠲᠤᠰ ᠪᠦᠷᠢ ᠨᠢᠭᠡ ᠬᠤᠪᠢ ᠠᠪᠤᠨ᠎ᠠ᠃        3. ᠤᠷᠢᠭᠳᠠᠭᠴᠢ ᠶᠢᠨ ᠭᠡᠷ᠎ᠡ ᠶᠢᠨ ᠬᠤᠭᠤᠴᠠᠭ᠎ᠠ ᠨᠢ ᠳᠦᠭᠦᠷᠦᠭᠰᠡᠨ ᠤ ᠲᠠᠷᠠᠭ᠎ᠠ ᠬᠥᠮᠦᠨ ᠬᠡᠷᠡᠭᠯᠡᠬᠦ ᠪᠠᠶᠢᠭᠤᠯᠭ᠎ᠠ ᠨᠢᠭᠡᠴᠢ ᠶᠢᠨ ᠬᠢᠨᠠᠨ ᠰᠢᠯᠭᠠᠯᠲᠠ ᠳᠤ ᠬᠢᠷᠢ ᠲᠡᠩᠴᠡᠪᠡᠯ᠂ ᠲᠣᠭᠲᠠᠭᠰᠠᠨ ᠬᠤᠭᠤᠴᠠᠭᠠᠨ ᠳᠣᠲᠣᠷ᠎ᠠ ᠦᠷᠭᠦᠯᠵᠢᠯᠡᠨ ᠭᠠᠷ ᠤᠨ ᠦᠰᠦᠭ ᠵᠢᠷᠤᠵᠤ ᠪᠣᠯᠤᠨ᠎ᠠ᠃        4. ᠬᠥᠮᠦᠨ ᠬᠡᠷᠡᠭᠯᠡᠬᠦ ᠪᠠᠶᠢᠭᠤᠯᠭ᠎ᠠ ᠨᠢᠭᠡᠴᠢ ᠪᠣᠯᠤᠨ ᠲᠤᠰᠠᠯᠠᠬᠤ ᠠᠵᠢᠯ ᠤᠨ ᠪᠠᠶᠢᠷᠢ ᠶᠢᠨ ᠤᠷᠢᠭᠳᠠᠭᠰᠠᠳ ᠵᠥᠪᠳᠡᠯᠴᠡᠭᠡᠳ ᠰᠠᠨᠠᠯ ᠨᠢᠭᠡᠳᠴᠦ᠂ ᠤᠷᠢᠭᠳᠠᠭᠴᠢ ᠨᠢ 30 ᠡᠳᠦᠷ ᠤᠨ ᠳᠣᠲᠣᠷ᠎ᠠ ᠪᠢᠴᠢᠭ ᠤᠨ ᠭᠤᠶᠤᠴᠢᠯᠠᠯ ᠢᠶᠠᠨ ᠤᠷᠢᠳᠴᠢᠯᠠᠨ ᠲᠤᠰᠢᠶᠠᠪᠠᠯ᠂ ᠬᠤᠶᠠᠷ ᠲᠠᠯ᠎ᠠ ᠪᠠᠷ ᠢᠶᠠᠨ ᠭᠡᠷ᠎ᠡ ᠪᠠᠨ ᠴᠤᠴᠠᠯᠵᠤ ᠪᠣᠯᠤᠨ᠎ᠠ᠂ ᠲᠤᠷᠰᠢᠨ ᠬᠡᠷᠡᠭᠯᠡᠬᠦ ᠬᠤᠭᠤᠴᠠᠭᠠᠨ ᠳᠤ 3 ᠡᠳᠦᠷ ᠤᠨ ᠡᠮᠦᠨ᠎ᠡ ᠬᠥᠮᠦᠨ ᠬᠡᠷᠡᠭᠯᠡᠬᠦ ᠪᠠᠶᠢᠭᠤᠯᠭ᠎ᠠ ᠨᠢᠭᠡᠴᠢ ᠳᠤ ᠮᠡᠳᠡᠭᠳᠡᠵᠦ᠂ ᠭᠡᠷ᠎ᠡ ᠪᠠᠨ ᠴᠤᠴᠠᠯᠵᠤ ᠪᠣᠯᠤᠨ᠎ᠠ᠃        ︵ᠬᠤᠶᠠᠷ︶ ᠠᠵᠢᠯᠳᠠᠨ ᠤ ᠬᠠᠮᠢᠶᠠᠷᠤᠯᠲᠠ        1. ᠴᠡᠷᠢᠭ ᠠᠴᠠ ᠬᠠᠯᠠᠭᠳᠠᠭᠰᠠᠳ ᠢ ᠲᠤᠰᠠᠯᠠᠵᠤ ᠳᠠᠬᠢᠨ ᠠᠵᠢᠯ ᠣᠯᠭᠤᠬᠤ ᠠᠵᠢᠯ ᠤᠨ ᠪᠠᠶᠢᠷᠢ ᠶᠢᠨ ᠤᠷᠢᠭᠳᠠᠭᠰᠠᠳ ᠢ ᠬᠥᠮᠦᠨ ᠬᠡᠷᠡᠭᠯᠡᠬᠦ ᠪᠠᠶᠢᠭᠤᠯᠭ᠎ᠠ ᠨᠢᠭᠡᠴᠢ ᠠᠴᠠ ᠨᠢᠭᠡᠳᠦᠯᠲᠡᠶ ᠬᠠᠮᠢᠶᠠᠷᠴᠤ᠂ ᠠᠵᠢᠯ ᠤᠨ ᠪᠠᠶᠢᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠴᠡᠷᠢᠭ ᠠᠴᠠ ᠬᠠᠯᠠᠭᠳᠠᠭᠰᠠᠳ ᠢ ᠲᠤᠰᠠᠯᠠᠵᠤ ᠳᠠᠬᠢᠨ ᠠᠵᠢᠯ ᠣᠯᠭᠤᠬᠤ ᠠᠵᠢᠯ ᠤᠨ ᠪᠠᠶᠢᠷᠢ ᠶᠢᠨ ᠤᠷᠢᠭᠳᠠᠭᠰᠠᠳ ᠤᠨ ᠠᠵᠢᠯ ᠤᠨ ᠡᠭᠦᠷᠭᠡ ᠬᠠᠷᠢᠭᠤᠴᠠᠯᠭ᠎ᠠ᠂ ᠠᠵᠢᠯ ᠤᠨ ᠰᠠᠬᠢᠯᠭ᠎ᠠ ᠪᠠᠲᠤ ᠶᠢ ᠲᠣᠳᠣᠷᠬᠠᠶᠢᠯᠠᠵᠤ᠂ ᠪᠠᠶᠢᠭ᠎ᠠ ᠪᠠᠶᠢᠭᠤᠯᠭ᠎ᠠ ᠨᠢᠭᠡᠴᠢ ᠶᠢᠨ ᠬᠠᠮᠢᠶᠠᠷᠤᠯᠲᠠ ᠶᠢᠨ ᠲᠦᠷᠢᠮ ᠲᠠᠢ ᠬᠠᠷᠢᠴᠠᠭᠤᠯᠤᠨ ᠬᠠᠮᠲᠤ ᠳᠤᠨᠢ ᠬᠢᠨᠠᠨ ᠰᠢᠯᠭᠠᠵᠤ᠂ ᠬᠢᠨᠠᠨ ᠰᠢᠯᠭᠠᠬᠤ ᠠᠷᠭ᠎ᠠ ᠶᠢ ᠳᠠᠭᠢᠵᠤ ᠲᠤᠰᠠᠭᠠᠷ ᠲᠣᠭᠲᠠᠭᠠᠬᠤ ᠥᠬᠡᠶ᠃ ᠴᠡᠷᠢᠭ ᠠᠴᠠ ᠬᠠᠯᠠᠭᠳᠠᠭᠰᠠᠳ ᠢ ᠲᠤᠰᠠᠯᠠᠵᠤ ᠳᠠᠬᠢᠨ ᠠᠵᠢᠯ ᠣᠯᠭᠤᠬᠤ ᠠᠵᠢᠯ ᠤᠨ ᠪᠠᠶᠢᠷᠢ ᠳᠤ ᠤᠷᠢᠭᠳᠠᠭᠰᠠᠳ ᠣᠨ ᠤ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠥᠬᠡᠶ ᠪᠠᠶᠢᠪᠠᠯ᠂ ᠬᠥᠮᠦᠨ ᠬᠡᠷᠡᠭᠯᠡᠬᠦ ᠪᠠᠶᠢᠭᠤᠯᠭ᠎ᠠ ᠨᠢᠭᠡᠴᠢ ᠨᠢ ᠲᠡᠳᠡᠨ ᠳᠤ ᠴᠢᠬᠤᠯᠠ ᠪᠥᠬᠦᠶ ᠪᠣᠯᠪᠠᠰᠤᠷᠠᠯ ᠬᠢᠵᠦ᠂ ᠪᠣᠯᠪᠠᠰᠤᠷᠠᠯ ᠳᠤ ᠣᠷᠣᠯᠴᠠᠭᠰᠠᠨ ᠤ ᠳᠠᠷᠠᠭ᠎ᠠ ᠤᠷᠢᠭᠳᠠᠭᠰᠠᠳ ᠮᠥᠨ ᠬᠦ ᠤᠷᠢᠭᠳᠠᠭᠰᠠᠨ ᠠᠵᠢᠯ ᠤᠨ ᠪᠠᠶᠢᠷᠢ ᠶᠢᠨ ᠠᠵᠢᠯ ᠢᠶᠠᠨ ᠬᠢᠵᠦ ᠳᠡᠶᠢᠯᠬᠦ ᠥᠬᠡᠶ ᠪᠠᠶᠢᠪᠠᠯ᠂ ᠬᠥᠮᠦᠨ ᠬᠡᠷᠡᠭᠯᠡᠬᠦ ᠪᠠᠶᠢᠭᠤᠯᠭ᠎ᠠ ᠨᠢᠭᠡᠴᠢ ᠨᠢ ᠭᠤᠶᠤᠴᠢᠯᠠᠯ ᠭᠠᠷᠭᠠᠵᠤ ᠭᠡᠷ᠎ᠡ ᠪᠠᠨ ᠳᠠᠭᠤᠰᠬᠠᠵᠤ ᠪᠣᠯᠤᠨ᠎ᠠ᠃        2. ᠬᠥᠮᠦᠨ ᠬᠡᠷᠡᠭᠯᠡᠬᠦ ᠪᠠᠶᠢᠭᠤᠯᠭ᠎ᠠ ᠨᠢᠭᠡᠴᠢ ᠠᠴᠠ ᠴᠡᠷᠢᠭ ᠠᠴᠠ ᠬᠠᠯᠠᠭᠳᠠᠭᠰᠠᠳ ᠢ ᠲᠤᠰᠠᠯᠠᠵᠤ ᠲᠠᠬᠢᠨ ᠠᠵᠢᠯ ᠣᠯᠭᠤᠬᠤ ᠠᠵᠢᠯ ᠤᠨ ᠪᠠᠶᠢᠷᠢ ᠳᠤ ᠤᠷᠢᠭᠳᠠᠭᠰᠠᠨ ᠬᠥᠮᠦᠰ ᠤᠨ ᠠᠵᠢᠯ ᠤᠨ ᠪᠠᠶᠢᠷᠢ ᠳᠤ ᠭᠠᠷᠤᠭᠰᠠᠨ ᠪᠠᠶᠢᠳᠠᠯ ᠳᠤ ᠠᠵᠢᠯ ᠳᠤ ᠭᠠᠷᠬᠤ ᠶᠢ ᠰᠢᠯᠭᠠᠨ ᠪᠠᠶᠢᠴᠠᠭᠠᠵᠤ᠂ ᠤᠷᠢᠵᠤ ᠬᠡᠷᠡᠭᠯᠡᠬᠦ ᠭᠡᠷ᠎ᠡ ᠶᠢ ᠦᠷᠭᠦᠯᠵᠢᠯᠡᠨ ᠲᠣᠭᠲᠠᠭᠠᠬᠤ ᠶᠢᠨ ᠴᠢᠬᠤᠯᠠ ᠦᠨᠳᠦᠰᠦᠯᠡᠯ ᠪᠣᠯᠭᠠᠨ᠎ᠠ᠃ ᠤᠷᠢᠭᠳᠠᠭᠴᠢ ᠨᠢ ᠬᠥᠮᠦᠨ ᠬᠡᠷᠡᠭᠯᠡᠬᠦ ᠪᠠᠶᠢᠭᠤᠯᠭ᠎ᠠ ᠨᠢᠭᠡᠴᠢ ᠶᠢᠨ ᠠᠵᠢᠯ ᠤᠨ ᠬᠠᠮᠢᠶᠠᠷᠤᠯᠲᠠ ᠶᠢᠨ ᠲᠦᠷᠢᠮ ᠢ ᠬᠦᠨᠳᠦ ᠨᠣᠴᠢᠲᠠᠶ ᠵᠥᠷᠢᠴᠡᠵᠦ᠂ ᠠᠵᠢᠯ ᠤᠨ ᠡᠭᠦᠷᠭᠡ ᠪᠠᠨ ᠲᠣᠭᠲᠠᠭᠠᠯ ᠶᠣᠰᠣᠭᠠᠷ ᠪᠡᠶᠡᠯᠡᠭᠦᠯᠦᠭᠰᠡᠨ ᠦᠭᠡᠢ ᠪᠠᠶᠢᠪᠠᠯ᠂ ᠬᠥᠮᠦᠨ ᠬᠡᠷᠡᠭᠯᠡᠬᠦ ᠪᠠᠶᠢᠭᠤᠯᠭ᠎ᠠ ᠨᠢᠭᠡᠴᠢ ᠭᠤᠶᠤᠴᠢᠯᠠᠯ ᠭᠠᠷᠭᠠᠵᠤ ᠤᠷᠢᠵᠤ ᠬᠡᠷᠡᠭᠯᠡᠬᠦ ᠭᠡᠷ᠎ᠡ ᠪᠠᠨ ᠴᠤᠴᠠᠯᠵᠤ ᠪᠣᠯᠤᠨ᠎ᠠ᠃        ᠳᠣᠯᠤᠭ᠎ᠠ᠂ ᠤᠳᠤᠷᠢᠳᠬᠤ ᠳᠤᠭᠤᠶᠢᠯᠠᠩ ᠵᠢᠴᠢ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ        ︵ᠨᠢᠭᠡ︶ ᠤᠳᠤᠷᠢᠳᠬᠤ ᠳᠤᠭᠤᠶᠢᠯᠠᠩ᠃ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠴᠢᠬᠤᠯᠠ ᠶᠡᠭᠡ ᠬᠦᠴᠢᠷ ᠲᠦᠪᠡᠭᠲᠡᠶ ᠠᠰᠠᠭᠤᠳᠠᠯ ᠢ ᠰᠤᠳᠤᠯᠬᠤ ᠶᠢ ᠬᠠᠷᠢᠭᠤᠴᠠᠵᠤ᠂ ᠲᠤᠰᠠᠯᠠᠬᠤ ᠠᠵᠢᠯ ᠤᠨ ᠪᠠᠶᠢᠷᠢ ᠶᠢᠨ ᠠᠵᠢᠯ ᠤᠨ ᠦᠵᠦ ᠳᠠᠪᠬᠤᠷᠭ᠎ᠠ ᠶᠢᠨ ᠵᠢᠷᠤᠭ ᠲᠥᠯᠥᠪᠯᠡᠭᠡ ᠪᠠ ᠵᠣᠬᠢᠴᠠᠭᠤᠯᠤᠨ ᠠᠵᠢᠯᠯᠠᠭᠤᠯᠬᠤ ᠶᠢ ᠰᠠᠶᠢᠲᠤᠷ ᠬᠢᠵᠦ᠂ ᠤᠳᠤᠷᠢᠳᠬᠤ ᠳᠤᠭᠤᠶᠢᠯᠠᠩ ᠢᠶᠠᠷ ᠵᠥᠪᠳᠡᠯᠴᠡᠵᠦ ᠰᠤᠳᠤᠯᠤᠨ ᠮᠠᠭᠠᠳᠯᠠᠭᠰᠠᠨ ᠤ ᠳᠠᠷᠠᠭ᠎ᠠ᠂ ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ ᠶᠢ ᠲᠥᠪᠯᠡᠷᠡᠭᠦᠯᠦᠨ ᠨᠢᠭᠡᠳᠦᠯᠲᠡᠶ ᠨᠡᠶᠢᠲᠡᠯᠡᠨ᠎ᠡ᠃        ︵ᠬᠤᠶᠠᠷ︶ ᠡᠯ᠎ᠡ ᠪᠠᠯᠭᠠᠰᠤ ︵ᠬᠦᠷᠢᠶᠡᠯᠡᠩ ᠲᠣᠭᠤᠷᠢᠭ︶᠂ ᠵᠡᠭᠡᠯᠢ ᠶᠢᠨ ᠬᠡᠷᠡᠭ ᠡᠷᠬᠢᠯᠡᠬᠦ ᠭᠠᠵᠠᠷ᠃ ᠴᠡᠷᠢᠭ ᠤᠨ ᠠᠯᠪᠠ ᠠᠴᠠ ᠬᠠᠯᠠᠭᠳᠠᠭᠰᠠᠳ ᠢ ᠲᠤᠰᠠᠯᠠᠨ ᠳᠠᠬᠢᠨ ᠠᠵᠢᠯ ᠣᠯᠭᠤᠬᠤ ᠠᠵᠢᠯ ᠤᠨ ᠪᠠᠶᠢᠷᠢ ᠶᠢᠨ ᠤᠷᠢᠭᠳᠠᠭᠰᠠᠳ ᠤᠨ ᠬᠠᠮᠢᠶᠠᠷᠤᠯᠲᠠ ᠶᠢ ᠬᠠᠷᠢᠭᠤᠴᠠᠵᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ  ᠠᠴᠠ ᠴᠡᠷᠢᠭ ᠠᠴᠠ ᠬᠠᠯᠠᠭᠳᠠᠭᠰᠠᠳ ᠢ ᠲᠤᠰᠠᠯᠠᠨ ᠠᠵᠢᠯ ᠣᠯᠭᠤᠬᠤ ᠠᠵᠢᠯ ᠤᠨ ᠪᠠᠶᠢᠷᠢ ᠶᠢᠨ ᠤᠷᠢᠭᠳᠠᠭᠰᠠᠳ ᠤᠨ ᠴᠠᠯᠢᠩ᠂ ᠳᠠᠭᠠᠳᠬᠠᠯ ᠵᠡᠷᠭᠡ ᠣᠯᠭᠤᠮᠵᠢ ᠶᠢ ᠨᠠᠶᠢᠳᠠᠪᠤᠷᠢᠵᠢᠭᠤᠯᠬᠤ ᠶᠢ ᠵᠣᠬᠢᠴᠠᠭᠤᠯᠤᠨ᠎ᠠ᠃        ︵ᠭᠤᠷᠪᠠ︶ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠃ ᠴᠡᠷᠢᠭ ᠠᠴᠠ ᠬᠠᠯᠠᠭᠳᠠᠭᠰᠠᠳ ᠤᠨ ᠲᠤᠰᠠᠯᠠᠮᠵᠢ ᠭᠤᠶᠤᠴᠢᠯᠠᠵᠤ ᠳᠠᠬᠢᠨ ᠠᠵᠢᠯ ᠣᠯᠭᠤᠬᠤ ᠠᠵᠢᠯ ᠤᠨ ᠪᠠᠶᠢᠷᠢ ᠶᠢᠨ ᠠᠵᠢᠯᠲᠠᠨ ᠤ ᠬᠢᠷᠢ ᠬᠡᠮ ᠢ ᠬᠢᠨᠠᠨ ᠬᠠᠷᠭᠤᠭᠤᠯᠬᠤ᠂ ᠳᠡᠭᠡᠭᠰᠢ ᠮᠡᠳᠡᠭᠦᠯᠬᠦ ᠵᠢᠴᠢ ︽ᠤᠯᠠᠭᠠᠨᠬᠤᠲᠠ ᠶᠢᠨ ᠠᠵᠢᠯ ᠤᠨ ᠪᠠᠶᠢᠷᠢ ᠠᠴᠠ ᠪᠠᠨ ᠪᠠᠭᠤᠭᠰᠠᠨ ᠴᠡᠷᠢᠭ ᠠᠴᠠ ᠬᠠᠯᠠᠭᠳᠠᠭᠰᠠᠳ ᠢ ᠲᠤᠰᠠᠯᠠᠬᠤ ᠳᠠᠬᠢᠨ ᠠᠵᠢᠯ ᠣᠯᠭᠤᠬᠤ ᠠᠵᠢᠯ ᠤᠨ ᠪᠠᠶᠢᠷᠢ ᠶᠢᠨ ᠲᠠᠨᠢᠯᠴᠠᠭᠤᠯᠭ᠎ᠠ ᠶᠢᠨ ᠪᠢᠴᠢᠭ︾ ᠭᠠᠷᠭᠠᠬᠤ ᠶᠢ ᠬᠠᠷᠢᠭᠤᠴᠠᠨ᠎ᠠ᠃ ᠨᠡᠪᠲᠡᠷᠡᠯᠴᠡᠨ ᠵᠣᠬᠢᠴᠠᠭᠤᠯᠬᠤ ᠶᠢ ᠰᠠᠶᠢᠲᠤᠷ ᠬᠢᠵᠦ᠂ ᠠᠵᠢᠯ ᠤᠨ ᠪᠠᠶᠢᠷᠢ ᠠᠴᠠ ᠪᠠᠨ ᠪᠠᠭᠤᠭᠰᠠᠨ ᠴᠡᠷᠢᠭ ᠠᠴᠠ ᠬᠠᠯᠠᠭᠳᠠᠭᠰᠠᠳ ᠤᠨ ᠬᠥᠳᠡᠯᠦᠯ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠪᠥᠬᠦ ᠲᠠᠯ᠎ᠠ ᠪᠠᠷ ᠡᠵᠡᠮᠰᠢᠵᠦ᠂ ᠴᠢᠬᠤᠯᠠ ᠶᠡᠭᠡ ᠬᠦᠴᠢᠷ ᠲᠦᠪᠡᠭᠲᠡᠶ ᠠᠰᠠᠭᠤᠳᠠᠯ ᠢ ᠴᠠᠭ ᠲᠤᠬᠠᠶ ᠳᠤᠨᠢ ᠤᠳᠤᠷᠢᠳᠬᠤ ᠳᠤᠭᠤᠶᠢᠯᠠᠩ ᠳᠤ ᠬᠠᠷᠢᠭᠤ ᠮᠡᠳᠡᠭᠦᠯᠦᠨ᠎ᠡ᠃        ︵ᠲᠦᠷᠪᠡ︶ ᠬᠤᠳᠠ ᠶᠢᠨ ᠡᠳ᠋ ᠤᠨ ᠵᠠᠰᠠᠭ ᠤᠨ ᠲᠣᠪᠴᠢᠶ᠎ᠠ᠃ ᠬᠥᠮᠦᠨ ᠬᠡᠷᠡᠭᠯᠡᠬᠦ ᠪᠠᠶᠢᠭᠤᠯᠭ᠎ᠠ ᠨᠢᠭᠡᠴᠢ ᠶᠢᠨ ᠬᠠᠩᠭᠠᠭᠰᠠᠨ ᠴᠡᠷᠢᠭ ᠠᠴᠠ ᠬᠠᠯᠠᠭᠳᠠᠭᠰᠠᠳ ᠢ ᠲᠤᠰᠠᠯᠠᠵᠤ ᠳᠠᠬᠢᠨ ᠠᠵᠢᠯ ᠣᠯᠭᠤᠬᠤ ᠠᠵᠢᠯ ᠤᠨ ᠪᠠᠶᠢᠷᠢ ᠶᠢᠨ ᠤᠷᠢᠭᠳᠠᠭᠰᠠᠳ ᠤᠨ ᠨᠡᠷᠡᠰ ᠢ ᠦᠨᠳᠦᠰᠦᠯᠡᠨ᠂ ᠴᠡᠷᠢᠭ ᠠᠴᠠ ᠬᠠᠯᠠᠭᠳᠠᠭᠰᠠᠳ ᠢ ᠲᠤᠰᠠᠯᠠᠵᠤ ᠳᠠᠬᠢᠨ ᠠᠵᠢᠯ ᠣᠯᠭᠤᠬᠤ ᠠᠵᠢᠯ ᠤᠨ ᠪᠠᠶᠢᠷᠢ ᠶᠢᠨ ᠤᠷᠢᠭᠳᠠᠭᠰᠠᠳ ᠤᠨ ᠴᠠᠯᠢᠩ᠂ ᠳᠠᠭᠠᠳᠬᠠᠯ ᠵᠡᠷᠭᠡ ᠪᠠᠯᠠ ᠮᠥᠩᠭᠦ ᠶᠢᠨ ᠪᠠᠲᠤᠯᠠᠭ᠎ᠠ ᠶᠢᠨ ᠠᠵᠢᠯ ᠢ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃        ︵ᠲᠠᠪᠤ︶ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠃ ᠬᠠᠤᠯᠢ ᠪᠠᠷ ᠲᠣᠭᠲᠠᠭᠠᠭᠰᠠᠨ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠬᠢᠭᠡᠳ ᠬᠤᠪᠢᠷᠠᠯᠲᠠ ᠶᠢᠨ ᠪᠠᠶᠢᠳᠠᠯ ᠢ ᠬᠠᠷᠢᠭᠤᠴᠠᠨ ᠬᠠᠩᠭᠠᠵᠤ᠂ ᠬᠥᠮᠦᠨ ᠬᠡᠷᠡᠭᠯᠡᠬᠦ ᠪᠠᠶᠢᠭᠤᠯᠭ᠎ᠠ ᠨᠢᠭᠡᠴᠢ ᠶᠢ ᠬᠠᠮᠵᠢᠨ ᠴᠡᠷᠢᠭ ᠠᠴᠠ ᠬᠠᠯᠠᠭᠳᠠᠭᠰᠠᠳ ᠢ ᠲᠤᠰᠠᠯᠠᠵᠤ ᠲᠠᠬᠢᠨ ᠠᠵᠢᠯ ᠣᠯᠭᠤᠬᠤ ᠠᠵᠢᠯ ᠤᠨ ᠪᠠᠶᠢᠷᠢ ᠳᠤ ᠤᠷᠢᠭᠳᠠᠭᠰᠠᠨ ᠬᠥᠮᠦᠰ ᠤᠨ ᠳᠠᠭᠠᠳᠬᠠᠯ ᠤᠨ ᠣᠯᠭᠤᠮᠵᠢ ᠶᠢ ᠨᠠᠶᠢᠳᠠᠪᠤᠷᠢᠵᠢᠭᠤᠯᠤᠨ᠎ᠠ᠃        ︵ᠵᠢᠷᠭᠤᠭ᠎ᠠ︶ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠃ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠲᠠᠢ ᠬᠠᠮᠵᠢᠯᠴᠠᠨ ᠨᠥᠬᠦᠴᠡᠯ ᠳᠤ ᠨᠡᠶᠢᠴᠡᠬᠦ ᠠᠵᠢᠯ ᠤᠨ ᠪᠠᠶᠢᠷᠢ ᠠᠴᠠ ᠪᠠᠨ ᠪᠠᠭᠤᠭᠰᠠᠨ ᠴᠡᠷᠢᠭ ᠠᠴᠠ ᠬᠠᠯᠠᠭᠳᠠᠭᠰᠠᠳ ᠤᠨ ᠬᠠᠤᠯᠢ ᠠᠴᠠ ᠵᠥᠷᠢᠴᠡᠭᠰᠡᠨ ᠲᠡᠮᠳᠡᠭᠯᠡᠯ ᠢ ᠪᠠᠶᠢᠴᠠᠭᠠᠨ ᠯᠠᠪᠯᠠᠬᠤ ᠠᠵᠢᠯ ᠢ ᠬᠠᠷᠢᠭᠤᠴᠠᠨ᠎ᠠ᠃        ᠨᠠᠢᠮᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ        ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠪᠠᠯᠭᠠᠰᠤ ︵ᠬᠦᠷᠢᠶᠡᠯᠡᠩ ᠲᠣᠭᠤᠷᠢᠭ︶᠂ ᠵᠡᠭᠡᠯᠢ ᠶᠢᠨ ᠬᠡᠷᠡᠭ ᠡᠷᠬᠢᠯᠡᠬᠦ ᠭᠠᠵᠠᠷ ᠪᠣᠯᠤᠨ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠴᠡᠷᠢᠭ ᠠᠴᠠ ᠬᠠᠯᠠᠭᠳᠠᠭᠰᠠᠳ ᠢ ᠲᠤᠰᠠᠯᠠᠵᠤ ᠳᠠᠬᠢᠨ ᠠᠵᠢᠯ ᠣᠯᠭᠤᠬᠤ ᠠᠵᠢᠯ ᠢ ᠴᠢᠩᠭᠠᠳᠬᠠᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠴᠡᠷᠢᠭ ᠠᠴᠠ ᠬᠠᠯᠠᠭᠳᠠᠭᠰᠠᠳ ᠤᠨ ᠬᠦᠴᠢᠷ ᠵᠣᠪᠠᠯᠠᠩ ᠢ ᠴᠢᠷᠮᠠᠶᠢᠨ ᠰᠢᠢᠳᠪᠦᠷᠢᠯᠡᠵᠦ ᠥᠭᠬᠦ ᠬᠡᠷᠡᠭᠲᠡᠶ᠃ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ ᠂ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠢᠶᠠᠷ ᠲᠦᠷᠦᠭᠦᠯᠡᠭᠦᠯᠦᠨ ᠶᠡᠷᠦᠩᠬᠡᠶᠢᠯᠡᠨ ᠠᠳᠬᠤᠬᠤ᠂ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠨᠡᠪᠲᠡᠷᠡᠯᠴᠡᠨ ᠵᠣᠬᠢᠴᠠᠭᠤᠯᠵᠤ᠂ ᠡᠯ᠎ᠡ ᠪᠠᠯᠭᠠᠰᠤ ᠵᠡᠭᠡᠯᠢ ᠭᠤᠳᠤᠮᠵᠢ᠂ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠨ᠂ ᠨᠢᠭᠲᠠ ᠬᠠᠮᠵᠢᠯᠴᠠᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠠᠵᠢᠯ ᠤᠨ ᠪᠠᠶᠢᠷᠢ ᠠᠴᠠ ᠪᠠᠨ ᠪᠠᠭᠤᠭᠰᠠᠨ ᠴᠡᠷᠢᠭ ᠠᠴᠠ ᠬᠠᠯᠠᠭᠳᠠᠭᠰᠠᠳ ᠤᠨ ᠬᠠᠮᠤᠭ ᠤᠨ ᠰᠡᠳᠬᠢᠯ ᠲᠠᠯᠪᠢᠵᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠶ ᠠᠰᠢᠭ ᠲᠤᠰᠠ ᠶᠢᠨ ᠠᠰᠠᠭᠤᠳᠠᠯ ᠢ ᠬᠠᠤᠯᠢ ᠶᠣᠰᠣᠭᠠᠷ ᠵᠦᠶ ᠵᠣᠬᠢᠰᠲᠠᠶ ᠰᠢᠢᠳᠪᠦᠷᠢᠯᠡᠬᠦ ᠬᠡᠷᠡᠭᠲᠡᠶ᠃        ︵ᠬᠤᠶᠠᠷ︶ ᠵᠠᠷᠤᠳᠠᠯ ᠤᠨ ᠪᠠᠲᠤᠯᠠᠭ᠎ᠠ ᠶᠢ ᠴᠢᠩᠭᠠᠷᠠᠭᠤᠯᠤᠨ᠎ᠠ᠃ ᠬᠤᠲᠠ ᠶᠢᠨ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠠᠵᠢᠯ ᠤᠨ ᠪᠠᠶᠢᠷᠢ ᠠᠴᠠ ᠪᠠᠨ ᠪᠠᠭᠤᠭᠰᠠᠨ ᠴᠡᠷᠢᠭ ᠠᠴᠠ ᠬᠠᠯᠠᠭᠳᠠᠭᠰᠠᠳ ᠲᠤ ᠳᠠᠬᠢᠨ ᠠᠵᠢᠯ ᠣᠯᠭᠤᠬᠤ ᠪᠠᠯᠠ ᠮᠥᠩᠭᠦ ᠶᠢ ᠣᠨ ᠤ ᠡᠳ᠋ ᠤᠨ ᠵᠠᠰᠠᠭ ᠤᠨ ᠲᠥᠰᠦᠪ ᠲᠡᠭᠡᠨ ᠣᠷᠣᠭᠤᠯᠵᠤ᠂ ᠵᠢᠯ ᠪᠦᠷᠢ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠪᠠ ᠠᠵᠢᠯᠲᠠᠨ ᠤ ᠲᠤᠭ᠎ᠠ ᠬᠡᠮᠵᠢᠶᠡᠨ ᠤ ᠬᠤᠪᠢᠷᠠᠯᠲᠠ ᠶᠢ ᠦᠨᠳᠦᠰᠦᠯᠡᠨ ᠲᠣᠬᠢᠷᠠᠭᠤᠯᠤᠯᠲᠠ ᠬᠢᠵᠦ᠂ ᠪᠠᠯᠠ ᠮᠥᠩᠭᠦ ᠶᠢ ᠲᠣᠭᠲᠠᠭᠰᠠᠨ ᠬᠤᠭᠤᠴᠠᠭᠠᠨ ᠳᠤ᠂ ᠲᠤᠭ᠎ᠠ ᠶᠣᠰᠣᠭᠠᠷ ᠥᠭᠬᠦ ᠶᠢ ᠦᠨᠡᠨ ᠬᠦ  ᠪᠠᠲᠤᠯᠠᠬᠤ ᠬᠡᠷᠡᠭᠲᠡᠶ᠃        ︵ᠭᠤᠷᠪᠠ︶ ᠬᠢᠨᠠᠨ ᠪᠠᠶᠢᠴᠠᠭᠠᠵᠤ ᠪᠣᠭᠤᠮᠲᠠ ᠶᠢ ᠴᠢᠩᠭ᠎ᠠ ᠠᠳᠬᠤᠬᠤ ᠬᠡᠷᠡᠭᠲᠡᠶ᠃ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠡᠷᠭᠡ ᠡᠭᠦᠷᠭᠡ ᠴᠢᠳᠠᠪᠬᠢᠲᠤ ᠰᠠᠯᠠᠭ᠎ᠠ ᠮᠥᠴᠢᠷ ᠤᠳ ᠰᠠᠬᠢᠯᠭ᠎ᠠ ᠪᠠᠲᠤ ᠶᠣᠰᠣ ᠲᠦᠷᠢᠮ ᠢ ᠴᠢᠩᠭ᠎ᠠ ᠰᠠᠬᠢᠵᠤ᠂ ᠲᠠᠩᠰᠠ ᠡᠪᠬᠡᠮᠡᠯ ᠤᠨ ᠮᠠᠲ᠋ᠧᠷᠢᠶᠠᠯ ᠢ ᠴᠢᠩᠭ᠎ᠠ ᠬᠢᠨᠠᠨ ᠬᠠᠷᠭᠤᠭᠤᠯᠬᠤ ᠬᠡᠷᠡᠭᠲᠡᠶ᠃ ᠲᠤᠰᠠᠯᠠᠬᠤ ᠲᠠᠬᠢᠨ ᠠᠵᠢᠯ ᠣᠯᠭᠤᠬᠤ ᠠᠵᠢᠯ ᠤᠨ ᠪᠠᠶᠢᠷᠢ ᠶᠢ ᠮᠡᠬᠡᠯᠡᠨ ᠣᠯᠤᠭᠰᠠᠨ ᠪᠠᠶᠢᠪᠠᠯ᠂ ᠨᠢᠭᠡᠨᠲᠡ ᠬᠥᠷᠳᠡᠭᠰᠡᠨ ᠵᠣᠬᠢᠴᠠᠩᠭᠤᠶ ᠬᠠᠷᠠᠭᠠᠯᠵᠠᠯ ᠢ ᠨᠢ ᠨᠡᠬᠡᠮᠵᠢᠯᠡᠨ ᠠᠪᠴᠢᠷᠠᠨ᠎ᠠ᠃ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠥᠬᠦᠶ ᠬᠠᠷᠢᠭᠤᠴᠠᠯᠭ᠎ᠠ ᠨᠡᠬᠡᠮᠵᠢᠯᠡᠨ᠎ᠡ᠃ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠨ ᠲᠤᠰᠠᠯᠠᠬᠤ ᠲᠠᠬᠢᠨ ᠠᠵᠢᠯ ᠣᠯᠭᠤᠬᠤ ᠠᠵᠢᠯ ᠤᠨ ᠪᠠᠶᠢᠷᠢ ᠶᠢ ᠲᠣᠭᠲᠠᠭᠠᠯ ᠠᠴᠠ ᠵᠥᠷᠢᠴᠡᠨ ᠭᠦᠢᠴᠡᠳᠬᠡᠭᠰᠡᠨ ᠭᠠᠷᠳᠠᠨ ᠬᠢᠬᠦ ᠪᠠᠶᠢᠭᠤᠯᠤᠮᠵᠢ ᠪᠠ ᠠᠵᠢᠯᠳᠠᠨ ᠠᠴᠠ ᠬᠠᠮᠢᠶ᠎ᠠ ᠪᠦᠬᠦᠢ ᠪᠠᠶᠢᠭᠤᠯᠤᠮᠵᠢ ᠪᠠ ᠠᠵᠢᠯᠳᠠᠨ ᠤ ᠬᠠᠷᠢᠭᠤᠴᠠᠯᠭ᠎ᠠ ᠶᠢ ᠨᠡᠬᠡᠮᠵᠢᠯᠡᠨ᠎ᠡ᠃
 
ᠢᠷᠡᠯᠲᠡ᠄ ᠤᠯᠠᠭᠠᠨᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号