ᠤᠯᠠᠭᠠᠨᠬᠤᠳᠠ᠄ ᠠᠭᠤᠯᠠ ᠤᠰᠤᠨ ᠤ ᠲᠤᠮᠳᠠ ︽ᠠᠷᠠᠳ ᠲᠦᠮᠡᠨ ᠤ ᠵᠤᠯ ᠵᠢᠷᠭᠠᠯ︾ ᠪᠠ ︽ᠠᠮᠢ ᠠᠬᠤᠢ ᠶᠢᠨ  ᠭᠤᠸ᠎ᠠ ᠰᠠᠶᠢᠬᠠᠨ︾ ᠢ ᠵᠢᠷᠤᠭᠯᠠᠨ᠎ᠠ
ᠨᠡᠶᠢᠲᠡᠯᠡᠭᠰᠡᠨ ᠴᠠᠭ᠄
2023/11/28
   ᠤᠯᠠᠭᠠᠨᠬᠤᠳᠠ ᠠᠭᠤᠯᠠ ᠶᠢ ᠲᠦᠰᠢᠨ ᠤᠰᠤ ᠲᠠᠢ ᠬᠠᠪᠢᠳᠠᠵᠦ᠂ ᠶᠠᠪᠤᠵᠦ ᠰᠠᠭᠤᠬᠤ ᠳᠤ ᠲᠦᠬᠦᠮ᠂ ᠦᠩᠭᠡ ᠦᠵᠡᠮᠵᠢ ᠪᠠᠷ ᠭᠤᠶᠤ ᠰᠠᠶᠢᠬᠠᠨ᠃ ᠦᠵᠡᠰᠬᠦᠯᠡᠩᠳᠦ ᠰᠠᠶᠢᠬᠠᠨ ᠬᠠᠨ ᠠᠭᠤᠯᠠ ᠶᠢᠨ ᠬᠤᠷᠮᠤᠢ ᠳᠤ ᠪᠠᠶᠢᠷᠢᠯᠠᠳᠠᠭ ᠤᠯᠠᠭᠠᠨᠬᠤᠳᠠ ᠪᠤᠯ ᠲᠤᠭᠤᠷ ᠤᠨ ᠭᠤᠤᠯ ᠪᠤᠯᠤᠨ ᠬᠦᠢᠯᠡᠷ ᠭᠤᠤᠯ ᠤᠨ ᠰᠢᠮ᠎ᠡ ᠲᠡᠵᠢᠭᠡᠯ ᠢᠶᠠᠷ ᠰᠠᠶᠢᠨ ᠰᠠᠶᠢᠬᠠᠨ ᠠᠮᠢ ᠠᠬᠤᠢ ᠤᠷᠴᠢᠨ ᠲᠤᠭᠤᠷᠢᠨ ᠢ ᠪᠦᠷᠢᠯᠳᠤᠭᠦᠯᠵᠤ᠂ ᠤᠷᠤᠰᠢᠨ ᠰᠠᠭᠤᠷᠢᠰᠢᠬᠤ ᠳᠤ ᠲᠤᠬᠢᠷᠠᠮᠵᠢᠳᠠᠢ ᠴᠡᠴᠡᠷᠯᠢᠬᠳᠦ ᠬᠤᠳᠠ ᠪᠤᠯᠤᠨ᠎ᠠ᠃
   ᠨᠤᠭᠤᠭᠠᠷᠠᠭᠤᠯᠤᠯᠳᠠ ᠬᠢᠭᠰᠡᠨ ᠢᠭᠴᠤ ᠰᠠᠬᠤᠯᠢᠭ ᠣᠶ ᠰᠢᠭᠤᠶ ᠪᠠ ᠭᠤᠶᠤ ᠰᠠᠶᠢᠬᠠᠨ ᠦᠵᠡᠮᠵᠢ ᠲᠠᠢ ᠴᠡᠴᠡᠷᠯᠢᠭ ᠨᠢ ᠬᠤᠲᠠ ᠪᠠᠨ ᠬᠦᠷᠢᠶᠡᠯᠡᠨ ᠴᠢᠮᠡᠭᠯᠡᠨ᠎ᠡ᠃ ᠡ᠊ᠨᠳᠡ ︽10 ᠮᠢᠨᠦ᠋ᠲ ᠲᠤ ᠪᠡᠶ᠎ᠡ ᠴᠢᠭᠢᠷᠠᠭᠵᠢᠭᠤᠯᠬᠤ ᠲᠣᠭᠤᠷᠢᠭ ᠬᠦᠷᠬᠦ︾ ᠬᠠᠷᠠᠯᠳᠠ ᠶᠢ ᠪᠡᠶᠡᠯᠡᠬᠦᠯᠦᠭᠰᠡᠨ ᠢᠶᠠᠷ ᠪᠠᠷᠠᠬᠤ ᠦᠭᠡᠢ ᠤᠷᠴᠢᠨ ᠲᠤᠭᠤᠷᠢᠨ ᠨᠢ ᠦᠵᠡᠰᠭᠦᠯᠡᠩᠲᠦ ᠰᠠᠶᠢᠬᠠᠨ ᠠᠭᠤᠷ ᠠᠮᠢᠰᠬᠤᠯ ᠴᠡᠪᠡᠷ ᠲᠤᠩᠭᠠᠯᠠᠭ ᠠᠴᠠ ᠬᠤᠳᠠ ᠶᠢᠨ ᠠᠷᠠᠳ ᠤᠨ ᠰᠤᠯᠠ ᠰᠡᠯᠡᠬᠦᠦ ᠦᠶ᠎ᠡ ᠶᠢᠨ ᠪᠡᠶ᠎ᠡ ᠴᠢᠭᠢᠷᠠᠭᠵᠢᠭᠤᠯᠬᠤ ᠰᠠᠶᠢᠬᠠᠨ ᠰᠤᠩᠭᠤᠯᠳᠡ ᠶᠢᠨ ᠭᠠᠵᠠᠷ ᠪᠣᠯᠤᠭᠰᠠᠨ ᠪᠠᠶᠢᠨ᠎ᠠ᠃
   ᠣᠳᠣᠬᠠᠨ ᠳᠤ᠂ ᠤᠯᠠᠭᠠᠨᠬᠤᠲᠠ ᠶᠢᠨ ᠬᠤᠲᠠ ᠶᠢᠨ ᠲᠣᠭᠤᠷᠢᠭ ᠲᠤ ᠨᠡᠶᠢᠲᠡ 30 ᠴᠡᠴᠡᠷᠯᠢᠭ ᠲᠠᠢ᠂ ᠡᠭᠦᠨ ᠳᠤ 4 ᠶᠡᠷᠦᠩᠬᠡᠶᠢᠯᠡᠭᠰᠡᠨ ᠴᠡᠴᠡᠷᠯᠢᠭ ᠪᠠ 26 ᠵᠡᠭᠡᠯᠢ ᠭᠤᠳᠤᠮᠵᠢ ᠶᠢᠨ ᠵᠤᠭᠠᠴᠠᠯ ᠤᠨ ᠴᠡᠴᠡᠷᠯᠢᠭ ᠪᠠᠭᠳᠠᠵᠦ᠂ ᠶᠡᠷᠦᠩᠬᠡᠶ ᠲᠠᠯᠠᠪᠠᠶ ᠨᠢ 650.1 ᠲᠦᠮᠡᠨ ᠲᠡᠭᠰᠢ ᠳᠥᠷᠪᠡᠯᠵᠢᠨ ᠮᠧᠲᠷ ᠬᠦᠷᠪᠡ᠃ ᠡᠳᠡᠭᠡᠷ ᠴᠡᠴᠡᠷᠯᠢᠭ᠂ ᠠᠭᠤᠳᠠᠮ ᠲᠠᠯᠠᠪᠠᠢ ᠨᠢ ᠬᠤᠳᠠ ᠶᠢᠨ ᠪᠠᠶᠢᠭᠠᠯᠢ ᠶᠢᠨ ᠠᠮᠢ ᠠᠬᠤᠢ ᠪᠣᠯᠤᠨ ᠰᠤᠶᠤᠯ ᠢᠷᠭᠡᠨᠰᠢᠯ ᠢ ᠤᠷᠭᠠᠨᠢᠭ ᠢᠶᠠᠷ ᠠᠭᠤᠰᠤᠯᠴᠠᠭᠤᠯᠵᠦ᠂ ᠤᠯᠠᠨ ᠲᠦᠮᠡᠨ ᠳᠤ ᠬᠤᠳᠠ ᠶᠢᠨ ᠪᠦᠳᠦᠭᠡᠨ ᠪᠠᠶᠢᠭᠤᠯᠤᠯᠲᠠ ᠵᠢᠴᠢ ᠬᠦᠭᠵᠢᠯᠳᠡ ᠶᠢᠨ ᠦᠷ᠎ᠡ ᠪᠦᠳᠦᠭᠡᠯ ᠢ ᠡᠳ᠋ᠯᠡᠬᠦᠯᠵᠡᠢ᠃
   ︽ᠭᠡᠷ ᠠᠴᠠ ᠪᠠᠨ ᠭᠠᠷᠤᠮᠠᠭᠴᠠ ᠵᠢᠵᠢᠭ ᠴᠡᠴᠡᠷᠯᠢᠭ ᠲᠤ ᠬᠦᠷᠴᠢᠬᠡᠳᠡᠭ᠃ ᠥᠷᠯᠥᠭᠡ ᠪᠡᠶ᠎ᠡ ᠪᠠᠨ ᠪᠤᠯᠪᠠᠰᠤᠷᠠᠭᠤᠯᠬᠤ᠂ ᠰᠡᠯᠡᠬᠦᠴᠡᠨ ᠲᠣᠭᠤᠷᠢᠬᠤ ᠳᠤ ᠨᠡᠯᠢᠶᠡᠳ ᠳᠥᠭᠦᠮ᠂ ᠣᠷᠴᠢᠨ ᠲᠣᠭᠤᠷᠢᠨ ᠴᠦ ᠤᠯᠠᠮ ᠢᠶᠠᠷ ᠰᠠᠶᠢᠵᠢᠷᠠᠯ᠎ᠠ︾ ᠭᠡᠵᠦ ᠤᠯᠠᠭᠠᠨᠬᠤᠲᠠ ᠶᠢᠨ  ᠴᠧᠩ ᠵᠦᠩ ᠴᠧᠩ ᠪᠠᠭ᠎ᠠ ᠲᠤᠭᠤᠷᠢᠭ ᠤᠨ ᠰᠠᠭᠤᠭᠠᠯᠢ ᠠᠷᠠᠳ ᠦ᠋ ᠰᠢᠤ ᠫᠢᠩ ᠬᠡᠯᠡᠨ᠎ᠠ᠃
   ᠤᠢᠢᠷ᠎ᠠ ᠶᠢᠨ ᠵᠢᠯ ᠠᠴᠠ ᠨᠠᠭᠠᠰᠢ᠂ ᠤᠯᠠᠭᠠᠨᠬᠤᠲᠠ ᠶᠢᠨ ᠬᠢᠨ ᠠᠭᠤᠯᠠ ᠤᠰᠤ ᠤᠢ ᠮᠤᠳᠦ ᠭᠠᠵᠠᠷ ᠲᠠᠷᠢᠶ᠎ᠠ ᠨᠠᠭᠤᠷ ᠪᠦᠷᠢᠳᠦ ᠨᠤᠳᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠱᠧᠨ ᠵᠢᠶᠦ᠋ᠨ ᠱᠠᠨ᠂ ᠲᠤᠭᠤᠷ ᠤᠨ ᠭᠤᠣᠯ᠂ ᠬᠦᠢᠯᠡᠷ ᠭᠤᠣᠯ ᠵᠡᠷᠭᠡ ᠠᠮᠢ ᠠᠬᠤᠢ ᠶᠢ ᠰᠡᠷᠭᠦᠭᠡᠨ ᠵᠠᠰᠠᠬᠤ ᠢᠨᠵᠧᠨᠧᠷᠢᠩ ᠢ ᠶᠡᠬᠡᠪᠡᠷ ᠠᠬᠢᠭᠤᠯᠵᠤ᠂ ᠲᠤᠭᠤᠷ ᠤᠨ ᠭᠤᠤᠯ ᠤᠯᠤᠰ ᠤᠨ ᠨᠤᠭᠤ ᠭᠠᠵᠠᠷ ᠤᠨ ᠴᠡᠴᠡᠷᠯᠢᠭ᠂ ᠲᠢᠶᠠᠨ ᠵᠢᠶᠤᠤ ᠲᠢᠶᠠᠨ ᠵᠢᠶᠦ᠋ᠨ ᠠᠮᠢ ᠠᠬᠤᠢ ᠶᠢᠨ ᠵᠢᠭᠤᠯᠴᠢᠯᠠᠯ ᠤᠨ ᠠᠮᠠᠷᠠᠯᠲᠠ ᠶᠢᠨ ᠣᠷᠣᠨ᠂ ᠱᠧᠨ ᠵᠢᠶᠦ᠋ᠨ ᠸᠠᠨ ᠠᠮᠢ ᠠᠬᠤᠢ ᠶᠢᠨ ᠪᠡᠶᠡᠴᠢᠯᠡᠨ ᠣᠶᠢᠯᠠᠭᠠᠬᠤ ᠣᠷᠣᠨ ᠢ ᠪᠠᠶᠢᠭᠤᠯᠪᠠ᠃ ᠡᠲᠡᠭᠡᠷ ᠭᠠᠵᠠᠷ ᠣᠷᠣᠨ ᠨᠢ ᠬᠥᠮᠦᠰ ᠤᠨ ᠵᠢᠭᠤᠯᠴᠢᠯᠠᠨ ᠲᠣᠭᠤᠷᠢᠬᠤ ᠰᠠᠶᠢᠬᠠᠨ ᠭᠠᠵᠠᠷ ᠪᠣᠯᠤᠭᠰᠠᠨ ᠢᠶᠠᠷ ᠪᠠᠷᠠᠬᠤ ᠥᠬᠡᠢ ᠪᠠᠰᠠ ᠨᠡᠷ᠎ᠡ ᠴᠤᠤᠲᠠᠶ ᠦᠵᠡᠮᠵᠢ ᠶᠢᠨ ᠣᠷᠣᠨ ᠪᠣᠯᠤᠭᠰᠠᠨ ᠪᠠᠶᠢᠨ᠎ᠠ᠃                                          ·  ᠪᠢᠯᠢᠭ   ᠭᠤᠤᠯᠴᠢ  ·
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号