ᠤᠯᠠᠭᠠᠨᠬᠤᠲᠠ ᠤᠰᠤᠨ ᠤ ᠡᠬᠢ ᠪᠠᠶᠠᠯᠢᠭ ᠢ ᠴᠢᠩᠭ᠎ᠠ ᠨᠢᠮᠪᠠᠢ ᠰᠠᠶᠢᠲᠤᠷ ᠬᠠᠮᠢᠶᠠᠷᠤᠨ᠎ᠡ
ᠨᠡᠶᠢᠲᠡᠯᠡᠭᠰᠡᠨ ᠴᠠᠭ᠄
2023/11/8
   ᠲᠤᠭᠤᠷ ᠤᠨ ᠭᠤᠣᠯ ᠤᠨ ᠰᠠᠪᠠ ᠭᠠᠵᠠᠷ ᠤᠨ ᠬᠤᠩ ᠯᠢᠶᠠᠨ ᠭᠡᠷ ᠲᠡᠭᠡᠨ ᠦᠯᠡᠳᠡᠨ ᠬᠤᠴᠤᠷᠤᠭᠰᠠᠨ ᠭᠠᠵᠠᠷ ᠤᠨ ᠭᠤᠣᠯ ᠤᠨ ᠬᠡᠰᠡᠭ ᠲᠤ᠂ ᠲᠣᠰᠬᠤᠨ ᠤ ᠳᠡᠰ ᠤᠨ ᠭᠤᠣᠯ ᠮᠦᠷᠡᠨ ᠤ ᠳᠠᠷᠤᠭ᠎ᠠ ᠵᠦ ᠭᠦᠸᠧ ᠵᠧᠨ ᠭᠤᠣᠯ ᠮᠦᠷᠡᠨ ᠤ ᠵᠠᠮ ᠵᠢᠴᠢ ᠡᠷᠭᠢ ᠶᠢᠨ ᠠᠮᠢ ᠠᠬᠤᠢ ᠣᠷᠴᠢᠨ ᠲᠣᠭᠤᠷᠢᠨ ᠢ ᠨᠠᠷᠢᠨ ᠬᠢᠨᠠᠮᠠᠭᠠᠢ ᠲᠣᠭᠤᠷᠢᠨ ᠴᠠᠭᠳᠠᠨ᠎ᠠ᠃ ︽ᠭᠠᠷᠠᠭ ᠪᠦᠷᠢ ᠨᠢᠭᠡ ᠤᠳᠠᠭ᠎ᠠ ᠭᠤᠣᠯ ᠲᠠᠭᠠᠤ ᠴᠠᠭᠳᠠᠬᠤ ᠳᠠᠭᠠᠨ ᠭᠤᠣᠯ ᠤᠨ ᠬᠠᠰᠢᠯᠭ᠎ᠠ ᠡᠪᠳᠡᠭᠳᠡᠭᠰᠡᠨ ᠡᠰᠡᠬᠦ᠂ ᠳᠤᠷ᠎ᠠ ᠪᠠᠷ ᠢᠶᠠᠨ ᠪᠠᠷᠢᠭᠰᠠᠨ ᠦᠵᠡᠭᠳᠡᠯ ᠪᠠᠶᠢᠬᠤ ᠡᠰᠡᠬᠦ᠂ ᠭᠤᠣᠯ ᠤᠨ ᠤᠰᠤᠨ ᠤ ᠪᠣᠬᠢᠷᠲᠤᠯ ᠤᠨ ᠪᠠᠶᠢᠳᠠᠯ ᠣᠷᠣᠰᠢᠵᠤ ᠪᠠᠶᠢᠬᠤ ᠡᠰᠡᠬᠦ ᠶᠢ ᠦᠵᠡᠬᠦ ᠬᠡᠷᠡᠭᠲᠡᠢ᠂ ᠪᠠᠭ᠎ᠠ ᠠᠰᠠᠭᠤᠳᠠᠯ ᠢ ᠪᠢᠳᠡ ᠥᠪᠡᠷ ᠢᠶᠠᠨ ᠰᠢᠢᠳᠪᠦᠷᠢᠯᠡᠵᠦ ᠪᠣᠯᠣᠨ᠎ᠠ᠂ ᠰᠢᠢᠳᠪᠦᠷᠢᠯᠡᠵᠦ ᠳᠡᠶᠢᠯᠬᠦ ᠦᠭᠡᠢ ᠶᠢ ᠨᠢ ᠴᠠᠭ ᠲᠤᠬᠠᠢ ᠳᠤᠨᠢ ᠭᠤᠣᠯ ᠮᠦᠷᠡᠨ ᠤ ᠳᠠᠷᠤᠭ᠎ᠠ ᠳᠤ ᠮᠡᠳᠡᠭᠦᠯᠵᠦ ᠰᠢᠢᠳᠪᠦᠷᠢᠯᠡᠭᠦᠯᠦᠨ᠎ᠡ︾ ᠭᠡᠵᠦ ᠤᠯᠠᠭᠠᠨᠬᠤᠲᠠ ᠶᠢᠨ ᠬᠤᠲᠠ ᠶᠢᠨ ᠲᠡᠭᠦᠷᠭᠡ ᠬᠡᠷᠡᠭ ᠡᠷᠬᠢᠯᠡᠬᠦ ᠭᠠᠵᠠᠷ ᠤᠨ ᠬᠤᠩ ᠯᠢᠶᠠᠨ ᠭᠡᠷ ᠲᠡᠭᠡᠨ ᠦᠯᠡᠳᠡᠨ ᠬᠤᠴᠤᠷᠤᠭᠰᠠᠨ ᠭᠠᠵᠠᠷ ᠤᠨ ᠭᠠᠴᠠᠭ᠎ᠠ ᠲᠣᠰᠬᠤᠨ ᠤ ᠳᠡᠰ ᠤᠨ ᠭᠤᠣᠯ ᠮᠥᠷᠡᠨ ᠤ ᠳᠠᠷᠤᠭ᠎ᠠ ᠵᠦ ᠭᠦᠸᠧ ᠵᠧᠨ ᠬᠡᠯᠡᠪᠡ᠃    ᠤᠯᠠᠭᠠᠨᠬᠤᠲᠠ᠂ ᠭᠤᠣᠯ ᠮᠦᠷᠡᠨ ︵ᠨᠠᠭᠤᠷ ᠴᠦᠬᠦᠷᠤᠮ︶  ᠤ ᠳᠠᠷᠤᠭ᠎ᠠ ᠶᠢᠨ ᠳᠦᠷᠢᠮ ᠤᠨ ᠠᠵᠢᠯ ᠢᠶᠠᠷ ᠭᠠᠷᠳᠠᠴᠠ ᠪᠣᠯᠭᠠᠵᠤ᠂  ︽ᠤᠰᠤᠨ ᠤ ᠠᠮᠢ ᠠᠬᠤᠢ ᠶᠢᠨ ᠬᠠᠮᠠᠭᠠᠯᠠᠯᠲᠠ ᠶᠢᠨ ᠫᠠᠶᠢᠰᠠ︾ ᠶᠢ ᠦᠷᠭᠦᠯᠵᠢᠯᠡᠨ ᠰᠠᠶᠢᠲᠤᠷ ᠴᠣᠭᠴᠠᠯᠠᠪᠠ᠃ 2017 ᠣᠨ ᠳᠤ᠂ ᠪᠥᠬᠦ ᠬᠤᠲᠠ ᠳᠤ ᠬᠤᠲᠠ᠂ ᠪᠠᠯᠭᠠᠰᠤ᠂ ᠲᠣᠰᠬᠤᠨ ᠭᠤᠷᠪᠠᠨ ᠱᠠᠲᠤᠨ ᠤ ᠭᠤᠣᠯ ᠮᠦᠷᠡᠨ ᠤ ᠳᠠᠷᠤᠭ᠎ᠠ ᠶᠢᠨ ᠰᠢᠰᠲ᠋ᠧᠮ ᠢ ᠪᠠᠶᠢᠭᠤᠯᠵᠤ᠂ ︽ᠨᠢᠭᠡ ᠭᠤᠣᠯ ᠮᠦᠷᠡᠨ ︵ᠨᠠᠭᠤᠷ ᠴᠦᠬᠦᠷᠤᠮ︶  ᠳᠤ ᠨᠢᠭᠡ ᠠᠷᠭ᠎ᠠ ᠪᠣᠳᠣᠯᠭ᠎ᠠ︾ ᠬᠡᠷᠡᠭᠵᠢᠬᠦᠯᠬᠦ ᠪᠠᠷ ᠱᠠᠲᠤ ᠬᠤᠪᠢᠶᠠᠨ ᠬᠠᠮᠢᠶᠠᠷᠬᠤ ᠶᠢ ᠪᠠᠶᠢᠭᠤᠯᠵᠤ᠂ ᠭᠤᠣᠯ ᠮᠦᠷᠡᠨ ᠨᠠᠭᠤᠷ ᠴᠦᠬᠦᠷᠤᠮ ᠤᠨ ᠬᠠᠮᠢᠶᠠᠷᠤᠯᠲᠠ ᠶᠢᠨ ᠬᠡᠪᠴᠢᠶᠡᠨ ᠳᠤ ᠳᠣᠲᠣᠭᠠᠳᠤ ᠳᠠᠭᠠᠨ ᠳᠤᠷ᠎ᠠ ᠪᠠᠷ ᠢᠶᠠᠨ ᠡᠵᠡᠯᠡᠬᠦ᠂ ᠳᠤᠷ᠎ᠠ ᠪᠠᠷ ᠢᠶᠠᠨ ᠮᠠᠯᠲᠠᠬᠤ᠂ ᠳᠤᠷ᠎ᠠ ᠪᠠᠷ ᠢᠶᠠᠨ ᠣᠪᠣᠭᠠᠯᠠᠬᠤ᠂ ᠳᠤᠷ᠎ᠠ ᠪᠠᠷ ᠢᠶᠠᠨ ᠪᠠᠶᠢᠭᠤᠯᠬᠤ ᠵᠡᠷᠭᠡ ᠲᠣᠪᠣᠶᠢᠮ᠎ᠠ ᠠᠰᠠᠭᠤᠳᠠᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠶᠢᠨ ᠬᠠᠮᠲᠤ ︽ᠭᠤᠣᠯ ᠮᠦᠷᠡᠨ ᠤ ᠳᠠᠷᠤᠭ᠎ᠠ  ᠲᠠᠢ ᠨᠡᠪᠳᠡᠷᠡᠯᠴᠡᠬᠦ  ︾ ᠲᠣᠭᠤᠷᠢᠨ ᠴᠠᠭᠳᠠᠬᠤ APP ᠶᠢ ᠡᠬᠢᠯᠡᠨ ᠬᠡᠷᠡᠭᠯᠡᠵᠦ᠂ ᠪᠥᠬᠦ ᠬᠤᠲᠠ ᠶᠢᠨ ᠳᠣᠲᠣᠷᠠᠬᠢ 21 ᠭᠤᠣᠯ ᠮᠥᠷᠡᠨ᠂ 1 ᠨᠠᠭᠤᠷ ᠴᠥᠭᠦᠷᠥᠮ ᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠠᠮᠢ ᠠᠬᠤᠢ ᠶᠢᠨ ᠳᠠᠪᠠᠭᠤᠯᠢᠭ ᠢ ᠠᠷᠠᠳ ᠲᠤ ᠪᠤᠶᠠᠨ ᠦᠢᠯᠡᠳᠬᠦ ᠠᠮᠢ ᠠᠬᠤᠢ ᠶᠢᠨ ᠠᠰᠢᠭ ᠲᠤᠰᠠ ᠶᠢ ᠦᠷᠭᠦᠯᠵᠢᠯᠡᠨ ᠪᠠᠳᠠᠷᠠᠭᠤᠯᠤᠨ᠎ᠠ    ᠡᠭᠦᠨ ᠤ ᠬᠠᠮᠲᠤ᠂ ᠤᠯᠠᠭᠠᠨᠬᠤᠲᠠ ᠪᠠᠰᠠ ᠤᠰᠤ ᠶᠢ ᠤᠷᠴᠢᠯᠡᠨ ᠬᠡᠷᠡᠭᠯᠡᠬᠦ ᠶᠢ ᠠᠬᠢᠭᠤᠯᠵᠤ᠂ ᠦᠷᠭᠦᠯᠵᠢᠯᠡᠬᠦ ᠬᠥᠭᠵᠢᠯᠲᠡ ᠶᠢᠨ ᠠᠰᠢᠭᠯᠠᠯᠲᠠ ᠶᠢ ᠪᠡᠶᠡᠯᠡᠭᠦᠯᠪᠡ᠃ ᠲᠤᠭᠤᠷ ᠤᠨ ᠭᠤᠣᠯ ᠤᠨ ᠠᠮᠢ ᠠᠬᠤᠢ ᠶᠢ ᠴᠡᠭᠴᠡᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠤᠰᠤᠨ ᠣᠷᠣᠨ ᠤ ᠲᠠᠯᠠᠪᠠᠢ ᠶᠢ 50.7ha ᠪᠠᠶᠢᠭᠰᠠᠨ ᠠᠴᠠ 147.5ha ᠪᠣᠯᠭᠠᠨ ᠥᠷᠭᠡᠳᠬᠡᠵᠦ᠂ ᠪᠠᠶᠢᠭᠤᠯᠤᠭᠰᠠᠨ ᠣᠷᠣᠨ ᠤ ᠰᠢᠮᠡᠳᠴᠦ ᠪᠣᠯᠬᠤ ᠭᠠᠵᠠᠷ ᠤᠨ ᠲᠠᠯᠠᠪᠠᠢ ᠶᠢ 18.8km ᠲᠤ ᠬᠦᠷᠭᠡᠵᠦ᠂ ᠪᠠᠶᠢᠭᠤᠯᠤᠭᠰᠠᠨ ᠣᠷᠣᠨ ᠤ ᠲᠠᠯᠠᠪᠠᠢ ᠶᠢᠨ 41.8% ᠢ ᠡᠵᠡᠯᠡᠵᠦ᠂ ᠤᠰᠤ ᠬᠠᠳᠠᠭᠠᠯᠠᠵᠤ ᠡᠭᠡᠭᠦᠯᠦᠨ ᠬᠡᠷᠡᠭᠯᠡᠬᠦ ᠬᠦᠴᠤᠳᠠᠢ ᠴᠢᠳᠠᠮᠵᠢ ᠪᠠᠷ ᠵᠢᠯ ᠪᠦᠷᠢ ᠳᠤᠮᠳᠠᠴᠢ ᠪᠠᠷ 330 ᠲᠦᠮᠡᠨ ᠲᠣᠨ ᠠᠴᠠ 440 ᠲᠦᠮᠡᠨ ᠲᠣᠨ ᠤᠰᠤ ᠠᠷᠪᠢᠯᠠᠬᠤ ᠶᠢ ᠪᠡᠶᠡᠯᠡᠭᠦᠯᠵᠦ ᠴᠢᠳᠠᠵᠠᠢ᠃
 
ᠢᠷᠡᠯᠲᠡ᠄ ᠤᠯᠠᠭᠠᠨᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号