ᠤᠯᠠᠭᠠᠨᠬᠤᠲᠠ ᠤᠰᠤᠨ ᠤ ᠡᠬᠢ ᠪᠠᠶᠠᠯᠢᠭ ᠢ ᠨᠠᠷᠢᠨ ᠨᠢᠮᠪᠠᠢ ᠲᠦᠯᠤᠪᠯᠡᠨ ᠰᠠᠶᠢᠲᠤᠷ ᠬᠡᠷᠡᠭᠯᠡᠨ᠎ᠡ
ᠨᠡᠶᠢᠲᠡᠯᠡᠭᠰᠡᠨ ᠴᠠᠭ᠄
2023/11/8
   ᠤᠯᠠᠭᠠᠨᠬᠤᠲᠠ ᠶᠢᠨ ᠴᠧᠩ ᠽᠧ ᠤᠰᠤᠨ ᠤ ᠶᠠᠪᠤᠳᠠᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠡᠵᠡᠮᠳᠡᠯ ᠤᠨ ᠲᠠᠰᠤᠭ ᠢᠶᠠᠷ ᠣᠷᠣᠬᠤ ᠳᠤ᠂ ᠲᠣᠬᠢᠷᠠᠭᠤᠯᠤᠭᠴᠢ ᠠᠴᠠ ᠶᠠᠭ ᠬᠢᠨᠠᠨ ᠡᠵᠡᠮᠳᠡᠬᠦ ᠰᠢᠰᠲ᠋ᠧᠮ ᠢᠶᠠᠷ ᠳᠠᠮᠵᠢᠭᠤᠯᠤᠨ ᠬᠥᠭᠡᠷᠭᠡ ᠶᠢᠨ ᠭᠡᠷ᠂ ᠳᠠᠷᠤᠯᠲᠠ ᠶᠢ ᠬᠡᠮᠵᠢᠬᠦ ᠴᠡᠭ᠂ PH ᠵᠡᠷᠭᠡ ᠪᠣᠯᠵᠣᠯᠲᠤ ᠲᠤᠭ᠎ᠠ ᠶᠢᠨ ᠬᠤᠪᠢᠷᠠᠯᠲᠠ ᠶᠢᠨ ᠪᠠᠶᠢᠳᠠᠯ ᠢ ᠴᠠᠭ ᠲᠤᠬᠠᠢ ᠳᠤᠨᠢ ᠬᠢᠨᠠᠨ ᠡᠵᠡᠮᠳᠡᠵᠦ  ᠪᠠᠶᠢᠯ᠎ᠠ᠃ ᠺᠣᠮᠫᠠᠨᠢ ᠶᠢᠨ ᠨᠦᠬᠦᠭᠡ ᠲᠠᠯ᠎ᠠ ᠶᠢᠨ ᠭᠤᠣᠯ ᠬᠤᠳᠠ ᠶᠢᠨ ᠲᠣᠭᠤᠷᠢᠭ ᠤᠨ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢᠨ ᠶᠡᠷᠦᠩᠬᠡᠶᠢᠯᠡᠨ ᠰᠢᠢᠳᠪᠦᠷᠢᠯᠡᠬᠦ ᠲᠠᠰᠤᠭ ᠲᠤ᠂ ᠡᠯ᠎ᠡ ᠲᠦᠷᠦᠯ ᠤᠨ ᠪᠣᠬᠢᠷ ᠤᠰᠤ ᠶᠢ ᠰᠢᠢᠳᠪᠦᠷᠢᠯᠡᠬᠦ ᠲᠥᠬᠦᠭᠡᠷᠦᠮᠵᠢ ᠴᠦ ᠡᠮᠬᠢ ᠵᠠᠮᠪᠠᠷᠠᠭ᠎ᠠ ᠲᠠᠢ ᠠᠵᠢᠯᠯᠠᠵᠤ᠂ ᠴᠡᠪᠡᠷᠬᠡᠨ ᠳᠠᠬᠢᠯᠲᠠ ᠤᠰᠤ ᠶᠢ ᠬᠦᠷᠢᠨ ᠤ ᠭᠠᠳᠠᠨᠠᠬᠢ ᠲᠤᠶᠠᠭ᠎ᠠ ᠪᠠᠷ ᠠᠷᠢᠭᠤᠳᠬᠠᠭᠰᠠᠨ ᠤ ᠳᠠᠷᠠᠭ᠎ᠠ ᠪᠣᠯᠣᠳ ᠲᠡᠮᠦᠷ᠂ ᠢᠯᠴᠢ ᠶᠢᠨ ᠬᠦᠴᠦᠨ ᠵᠡᠷᠭᠡ ᠠᠵᠤ ᠠᠬᠤᠶᠢᠯᠠᠯ ᠤᠷᠤᠭᠤ ᠤᠷᠤᠰᠴᠤ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠳᠤ ᠬᠡᠷᠡᠭᠯᠡᠨ᠎ᠠ᠃    ᠨᠢᠭᠡ ᠲᠠᠯ᠎ᠠ ᠪᠠᠷ ᠤᠰᠤᠨ ᠤ ᠠᠮᠤᠷ ᠲᠦᠪᠰᠢᠨ ᠢ ᠠᠳᠬᠤᠵᠤ᠂ ᠨᠦᠭᠦᠭᠡ ᠲᠠᠯ᠎ᠠ ᠪᠠᠷ ᠤᠰᠤᠨ ᠤ ᠠᠮᠢ ᠠᠬᠤᠢ ᠶᠢ  ᠰᠠᠶᠢᠵᠢᠷᠠᠭᠤᠯᠤᠨ᠎ᠠ᠃ ᠤᠯᠠᠭᠠᠨᠬᠤᠲᠠ ᠪᠣᠬᠢᠷ ᠤᠰᠤᠨ ᠤ ᠬᠤᠭᠤᠯᠠᠢ ᠶᠢᠨ ᠲᠣᠣᠷ ᠪᠠ ᠲᠦᠬᠦᠭᠡᠷᠤᠮᠵᠢ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠪᠣᠬᠢᠷ ᠤᠰᠤ ᠶᠢ ᠴᠡᠪᠡᠷᠰᠢᠭᠦᠯᠬᠦ ᠮᠡᠷᠭᠡᠰᠢᠯ ᠢᠶᠠᠷ ᠳᠠᠮᠵᠢᠭᠤᠯᠤᠨ ᠰᠢᠢᠳᠪᠦᠷᠢᠯᠡᠯᠲᠡ ᠶᠢ ᠪᠠᠷᠢᠮᠵᠢᠶ᠎ᠠ ᠳᠤ ᠬᠦᠷᠦᠭᠦᠯᠦᠭᠰᠡᠨ ᠤ ᠳᠠᠷᠠᠭᠠᠬᠢ ᠳᠤᠮᠳᠠᠬᠢ ᠤᠰᠤ ᠶᠢ ᠡᠭᠡᠭᠦᠯᠦᠨ ᠬᠤᠷᠢᠶᠠᠵᠤ ᠠᠰᠢᠭᠯᠠᠨ᠂ ᠪᠣᠬᠢᠷ ᠤᠰᠤ ᠶᠢ ᠰᠢᠢᠳᠪᠦᠷᠢᠯᠡᠬᠦ ᠴᠢᠳᠠᠪᠤᠷᠢ ᠪᠠ ᠤᠰᠤᠨ ᠤ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠦᠨ᠂ ᠤᠰᠤ ᠬᠡᠷᠡᠭᠯᠡᠬᠦ ᠠᠮᠤᠷ ᠲᠦᠪᠰᠢᠨ ᠢ ᠦᠨᠡᠨᠬᠦ ᠪᠠᠲᠤᠯᠠᠵᠤ ᠪᠤᠢ᠃     ︽ᠮᠠᠨ ᠤ ᠺᠣᠮᠫᠠᠨᠢ ᠶᠢᠨ ᠭᠤᠣᠯ ᠬᠤᠲᠠ ᠶᠢᠨ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠭᠤᠣᠯᠳᠠᠭᠤ ᠪᠦᠬᠦ ᠬᠤᠲᠠ ᠶᠢᠨ ᠪᠣᠬᠢᠷ ᠤᠰᠤ ᠶᠢ ᠰᠢᠢᠳᠪᠦᠷᠢᠯᠡᠬᠦ ᠪᠠ ᠳᠠᠬᠢᠯᠲᠠ ᠤᠰᠤ ᠶᠢ ᠠᠰᠢᠭᠯᠠᠬᠤ ᠠᠵᠢᠯ ᠢ ᠬᠠᠷᠢᠭᠤᠴᠠᠵᠤ᠂ 2022 ᠣᠨ ᠳᠤ 1127 ᠲᠦᠮᠡᠨ ᠲᠣᠨ ᠪᠣᠬᠢᠷ ᠤᠰᠤ ᠶᠢ ᠰᠢᠢᠳᠪᠦᠷᠢᠯᠡᠵᠦ᠂ 456 ᠲᠦᠮᠡᠨ ᠲᠣᠨ ᠳᠠᠬᠢᠯᠲᠠ ᠤᠰᠤ ᠶᠢ ᠰᠢᠢᠳᠪᠦᠷᠢᠯᠡᠵᠦ᠂ ᠳᠠᠬᠢᠯᠲᠠ ᠤᠰᠤᠨ ᠤ ᠠᠰᠢᠭᠯᠠᠯᠲᠠ ᠶᠢᠨ ᠨᠣᠷᠮ᠎ᠠ ᠶᠢ 40% ᠳᠤ ᠬᠦᠷᠭᠡᠵᠤ ᠪᠠᠶᠢᠨ᠎ᠠ︾ ᠭᠡᠵᠦ ᠤᠯᠠᠭᠠᠨᠬᠤᠲᠠ ᠶᠢᠨ ᠴᠧᠩ ᠽᠧ ᠤᠰᠤᠨ ᠤ ᠶᠠᠪᠤᠳᠠᠯ ᠤᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠭᠡᠰᠢᠭᠦᠨ ᠺᠠᠩ ᠰᠢᠤᠸᠠᠢ ᠫᠢᠩ ᠬᠡᠯᠡᠪᠡ᠃    ᠤᠰᠤᠨ ᠤ ᠡᠬᠢ ᠪᠠᠶᠠᠯᠢᠭ ᠢ ᠠᠷᠪᠢᠯᠠᠨ ᠬᠡᠷᠡᠭᠯᠡᠬᠦ ᠶᠢ ᠪᠠᠷᠢᠮᠲᠠᠯᠠᠵᠤ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢ ᠲᠦᠷᠭᠡᠳᠬᠡᠨ᠎ᠡ᠃ ᠤᠯᠠᠭᠠᠨᠬᠤᠲᠠ ᠡᠯ᠎ᠡ ᠠᠵᠢᠯ ᠲᠥᠷᠥᠯ ᠡᠯ᠎ᠡ ᠬᠦᠷᠢᠶᠡᠨ ᠤ ᠤᠰᠤ ᠶᠢ ᠠᠷᠪᠢᠯᠠᠵᠤ ᠬᠡᠷᠡᠭᠯᠡᠬᠦ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠤᠰᠤᠨ ᠤ ᠡᠬᠢ ᠪᠠᠶᠠᠯᠢᠭ ᠢ ᠠᠷᠪᠢᠲᠠᠢ ᠡᠷᠴᠢᠮᠯᠢᠭ ᠥᠨᠳᠥᠷ ᠦᠷ᠎ᠡ ᠪᠦᠲᠦᠮᠵᠢᠲᠡᠶ ᠪᠠᠷ ᠠᠰᠢᠭᠯᠠᠬᠤ ᠶᠢ ᠦᠨᠡᠨ ᠬᠦ ᠪᠠᠲᠤᠯᠠᠨ᠎ᠠ᠃ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠠᠮᠢ ᠠᠬᠤᠢ ᠶᠢᠨ ᠦᠷ᠎ᠡ ᠠᠰᠢᠭ ᠪᠣᠯᠣᠨ ᠦᠵᠡᠮᠵᠢ ᠶᠢᠨ ᠦᠷ᠎ᠡ ᠪᠦᠳᠤᠮᠵᠢ ᠶᠢ ᠨᠢᠭᠡᠳᠦᠯᠲᠡᠢ ᠲᠥᠯᠥᠪᠯᠡᠨ ᠨᠡᠶᠢᠲᠡ ᠳᠤᠨᠢ ᠬᠠᠷᠠᠭᠠᠯᠵᠠᠵᠤ᠂ ᠥᠪᠡᠷ ᠤᠨ ᠥᠷᠲᠡᠭ ᠢᠶᠠᠷ ᠳᠣᠣᠷ᠎ᠠ᠂ ᠡᠳᠡᠭᠡᠷᠡᠬᠦ ᠳᠤ ᠬᠢᠯᠪᠠᠷ᠂ ᠵᠣᠬᠢᠴᠠᠬᠤ ᠴᠢᠨᠠᠷ ᠢᠶᠠᠷ ᠴᠢᠩᠭ᠎ᠠ ᠪᠠᠶᠢᠳᠠᠭ ᠬᠦᠢᠲᠡᠨ ᠳᠤ ᠲᠡᠰᠪᠦᠷᠢᠲᠡᠢ ᠭᠠᠩ ᠳᠤ ᠲᠡᠰᠪᠦᠷᠢᠲᠡᠢ ᠤᠷᠭᠤᠮᠠᠯ ᠢ ᠳᠠᠷᠢᠵᠤ ᠵᠠᠶᠢᠯᠠᠬᠤ ᠶᠢ ᠶᠡᠬᠡᠪᠡᠷ ᠠᠬᠢᠭᠤᠯᠵᠤ᠂ ᠲᠤᠷᠤᠭ ᠪᠣᠳᠠ ᠮᠣᠳᠣ ᠶᠢ 20 ᠭᠠᠷᠤᠢ ᠵᠦᠢᠯ ᠳᠠᠷᠢᠵᠤ᠂  ᠵᠢᠯ ᠪᠦᠷᠢ ᠳᠤᠮᠳᠠᠴᠢ ᠪᠠᠷ 6 ᠲᠦᠮᠡᠨ ᠲᠣᠨ ᠤᠰᠤ ᠠᠷᠪᠢᠯᠠᠵᠤ ᠪᠤᠢ᠃ ᠪᠠᠰᠠ ᠲᠠᠷᠢᠶᠠᠯᠠᠩ ᠤᠨ ᠤᠰᠤᠨ ᠤ ᠦᠨ᠎ᠡ ᠶᠢ ᠵᠦᠢ ᠵᠣᠬᠢᠰᠲᠠᠢ ᠲᠣᠭᠲᠠᠭᠠᠵᠤ᠂ ᠥᠨᠳᠥᠷ ᠪᠠᠷᠢᠮᠵᠢᠶᠠᠲᠤ ᠦᠨᠳᠦᠰᠦᠨ ᠲᠠᠷᠢᠶᠠᠨ ᠭᠠᠵᠠᠷ ᠤᠨ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢ ᠶᠡᠭᠡ ᠪᠠᠷ ᠠᠬᠢᠭᠤᠯᠵᠤ᠂ ᠪᠣᠳᠠᠲᠠᠢ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ ᠠᠰᠢᠭᠯᠠᠯᠲᠠ ᠶᠢᠨ ᠢᠯᠡᠳᠬᠡᠮᠵᠢ ᠶᠢ 0.55 ᠪᠣᠯᠭᠠᠨ ᠳᠡᠭᠡᠭᠰᠢᠯᠡᠭᠦᠯᠵᠦ᠂ 2.7 ᠵᠠᠭᠤᠨ ᠤ ᠨᠢᠭᠡᠴᠢ ᠳᠡᠭᠡᠭᠰᠢᠯᠡᠭᠦᠯᠵᠦ᠂ 2022 ᠣᠨ ᠳᠤ 340 ᠲᠦᠮᠡᠨ ᠲᠣᠨ ᠤᠰᠤ ᠠᠷᠪᠢᠯᠠᠵᠤ᠂ ᠮᠦ ᠪᠦᠷᠢ ᠶᠢᠨ ᠤᠰᠤᠨ ᠤ ᠬᠤᠷᠣᠭᠳᠠᠯ ᠤᠨ ᠬᠡᠮᠵᠢᠶ᠎ᠡ ᠶᠢ ᠪᠠᠭᠤᠷᠠᠭᠤᠯᠵᠤ᠂ ᠦᠢᠯᠡᠳᠪᠦᠷᠢᠯᠡᠯ ᠤᠨ ᠦᠷ᠎ᠡ ᠠᠰᠢᠭ ᠢ ᠳᠡᠭᠡᠭᠰᠢᠯᠡᠭᠦᠯᠦᠭᠡᠳ᠂ ᠲᠠᠷᠢᠶᠠᠴᠢᠳ ᠢ ᠲᠠᠶᠢᠴᠢᠯᠡᠨ ᠬᠦᠮᠤᠨ ᠪᠦᠬᠦᠨ ᠤᠰᠤ ᠠᠷᠪᠢᠯᠠᠬᠤ ᠡᠩᠨᠡᠭᠡᠨ ᠳᠤ ᠢᠳᠡᠪᠬᠢᠳᠠᠢ ᠤᠷᠤᠯᠴᠠᠵᠤ ᠪᠠᠶᠢᠨ᠎ᠠ᠃    ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠡᠷᠡᠰ ᠰᠠᠬᠢᠨ ᠬᠠᠮᠠᠭᠠᠯᠠᠨ᠎ᠠ    2023 ᠤᠨ ᠤ 3 ᠳ᠋ᠤᠭᠠᠷ ᠰᠠᠷ᠎ᠠ ᠠᠴᠠ ᠨᠠᠰᠢ᠂ ᠤᠯᠠᠭᠠᠨᠬᠤᠲᠠ ᠲᠦᠭᠡᠭᠡᠯ ᠤᠰᠤᠨ ᠤ ᠬᠤᠭᠤᠯᠠᠢ ᠶᠢᠨ ᠲᠣᠣᠷ ᠤᠨ ᠪᠦᠷᠬᠦᠴᠡ ᠶᠢᠨ ᠣᠷᠣᠨ ᠤ ᠳᠣᠲᠣᠷᠠᠬᠢ ᠥᠪᠡᠷᠲᠡᠭᠡᠨ ᠪᠡᠯᠡᠳᠬᠡᠭᠰᠡᠨ ᠤᠰᠤᠨ ᠤ ᠡᠬᠢ ᠰᠤᠷᠪᠤᠯᠵᠢ ᠶᠢ ᠲᠥᠪᠯᠡᠷᠡᠭᠦᠯᠦᠨ ᠴᠡᠪᠡᠷᠯᠡᠨ ᠴᠡᠭᠴᠡᠯᠡᠬᠦ ᠠᠵᠢᠯ ᠢ ᠥᠷᠨᠢᠭᠦᠯᠵᠦ᠂ ᠭᠠᠵᠠᠷ ᠳᠣᠣᠷᠠᠬᠢ ᠤᠰᠤ ᠶᠢ ᠲᠠᠲᠠᠵᠤ ᠬᠡᠷᠡᠭᠯᠡᠬᠦ ᠶᠢ ᠴᠢᠩᠭ᠎ᠠ ᠬᠢᠵᠠᠭᠠᠷᠯᠠᠵᠤ᠂ ᠤᠰᠤᠨ ᠤ ᠠᠮᠢ ᠠᠬᠤᠢ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ︽ᠬᠤᠸᠠᠷ ᠤᠶᠤᠬᠤ ᠡᠷᠳᠡᠮ︾ ᠢᠶᠠᠷ ᠠᠵᠤ ᠠᠬᠤᠢ ᠨᠡᠶᠢᠭᠡᠮ ᠤᠨ ᠦᠷᠭᠦᠯᠵᠢᠯᠡᠬᠦ ᠬᠥᠭᠵᠢᠯᠲᠡ ᠳᠤ ᠤᠰᠤᠨ ᠤ ᠡᠬᠢ ᠪᠠᠶᠠᠯᠢᠭ ᠤᠨ ᠪᠠᠲᠤᠯᠠᠭ᠎ᠠ ᠶᠢ ᠪᠠᠬᠢᠵᠢᠬᠦᠯᠪᠡ᠃  ᠣᠳᠣᠬᠠᠨ ᠳᠤ ᠨᠢᠭᠡᠨᠲᠡ 350 ᠡᠷᠦᠬᠡ ᠤᠰᠤ ᠵᠠᠯᠠᠨ ᠬᠡᠷᠡᠭᠯᠡᠵᠦ᠂ 97 ᠡᠷᠦᠬᠡ ᠬᠠᠮᠲᠤᠷᠠᠨ ᠬᠠᠤᠯᠢ ᠬᠡᠷᠡᠭᠵᠢᠭᠦᠯᠦᠨ ᠪᠠᠶᠢᠴᠠᠭᠠᠯᠲᠠ ᠬᠢᠵᠦ᠂ ᠥᠪᠡᠷ ᠢᠶᠠᠨ ᠪᠡᠯᠡᠳᠬᠡᠭᠰᠡᠨ ᠤᠰᠤᠨ ᠤ ᠰᠤᠷᠪᠤᠯᠵᠢ ᠶᠢᠨ 34 ᠬᠤᠳᠳᠤᠭ ᠢ ᠪᠠᠶᠢᠴᠠᠭᠠᠨ ᠰᠢᠢᠳᠪᠦᠷᠢᠯᠡᠵᠦ᠂ ᠭᠠᠵᠠᠷ ᠳᠣᠣᠷᠠᠬᠢ ᠤᠰᠤ ᠶᠢ 5.1 ᠲᠦᠮᠡᠨ ᠲᠣᠨ ᠠᠷᠪᠢᠯᠠᠪᠠ᠃ ᠡᠭᠦᠨ ᠤ ᠬᠠᠮᠲᠤ᠂ ᠪᠠᠷᠢᠯᠭ᠎ᠠ ᠶᠢᠨ ᠭᠠᠵᠠᠷ ᠤᠨ ᠤᠰᠤ ᠬᠡᠷᠡᠭᠯᠡᠬᠦ ᠠᠵᠢᠯᠯᠠᠭ᠎ᠠ ᠶᠢ ᠴᠢᠩᠭ᠎ᠠ ᠬᠠᠮᠢᠶᠠᠷᠬᠤ ᠶᠢ ᠪᠠᠷᠢᠮᠲᠠᠯᠠᠵᠤ᠂ ᠤᠯᠠᠷᠢᠯ ᠤᠨ ᠲᠣᠭᠤᠷᠢᠨ ᠪᠠᠶᠢᠴᠠᠭᠠᠵᠤ ᠬᠠᠷᠭᠤᠭᠤᠯᠤᠨ ᠪᠠᠶᠢᠴᠠᠭᠠᠬᠤ ᠳᠦᠷᠢᠮ ᠢ ᠬᠡᠷᠡᠭᠵᠢᠭᠦᠯᠵᠦ᠂ 2023 ᠣᠨ ᠳᠤ ᠦᠨᠳᠦᠰᠦᠨ ᠪᠦᠲᠦᠭᠡᠨ ᠪᠠᠶᠢᠭᠤᠯᠤᠯᠲᠠ ᠶᠢᠨ 12 ᠪᠠᠷᠢᠯᠭ᠎ᠠ ᠶᠢᠨ ᠭᠠᠵᠠᠷ ᠤᠨ ᠲᠣᠭᠤᠷᠢᠨ ᠪᠠᠶᠢᠴᠠᠭᠠᠵᠤ ᠬᠠᠷᠭᠤᠭᠤᠯᠤᠨ ᠪᠠᠶᠢᠴᠠᠭᠠᠬᠤ ᠠᠵᠢᠯ ᠢ ᠪᠡᠶᠡᠯᠡᠭᠦᠯᠪᠡ᠂ ᠡᠭᠦᠨ ᠳᠤ᠂ ᠨᠢᠭᠡᠨᠲᠡ 6 ᠡᠷᠦᠬᠡ ᠤᠰᠤ ᠲᠠᠲᠠᠬᠤ ᠵᠥᠪᠰᠢᠶᠡᠷᠡᠯ ᠤᠨ ᠦᠨᠡᠮᠯᠡᠯ ᠠᠪᠴᠤ᠂ ᠤᠰᠤᠨ ᠤ ᠡᠬᠢ ᠪᠠᠶᠠᠯᠢᠭ ᠤᠨ ᠭᠠᠶᠢᠯᠢ ᠶᠢ 7.3 ᠲᠦᠮᠡᠨ ᠲᠥᠭᠦᠷᠢᠭ ᠬᠤᠷᠢᠶᠠᠪᠠ᠃
 
ᠢᠷᠡᠯᠲᠡ᠄ ᠤᠯᠠᠭᠠᠨᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号