ᠤᠯᠠᠭᠠᠨᠬᠤᠳᠠ ᠠᠭᠠᠯᠢᠭ ᠠᠯᠢᠮ᠎ᠠ ᠶᠢᠨ ᠠᠵᠤ ᠥᠢᠯᠡᠰ ᠢ ᠬᠦᠭᠵᠢᠬᠦᠯᠥᠨ ︽ᠬᠢᠨᠭ᠍ᠭᠠᠨ ᠠᠴᠠ ᠢᠷᠡᠯᠳᠡ ᠲᠠᠢ︾ ᠨᠡᠷᠡᠳᠥ ᠳᠡᠮᠳᠡᠭ ᠢ ᠡᠬᠦᠳᠴᠥ ᠪᠠᠶᠢᠭ᠎ᠠ ᠲᠤᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2023/12/14
   ︵ᠰᠤᠷᠪᠤᠯᠵᠢᠯᠠᠭᠴᠢ ᠤᠷᠠᠨᠳᠤᠳᠢ︶ ᠣᠶᠢᠷ᠎ᠠ ᠶᠢᠨ ᠵᠢᠯ ᠳᠤ᠂ ᠥᠪᠥᠷ ᠮᠣᠩᠭᠤᠯ ᠤᠨ ᠬᠢᠩᠭᠠᠨ ᠠᠶᠢᠮᠠᠭ ᠤᠨ ᠤᠯᠠᠭᠠᠨᠬᠤᠳᠠ ᠶᠢᠨ ᠺᠧ ᠸᠧᠢ ᠢᠳᠡᠭᠡᠨ ᠤ ᠬᠢᠵᠠᠭᠠᠷᠲᠤ ᠺᠣᠮᠫᠠᠨᠢ ᠶᠢᠨ ᠬᠢᠨ ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠨ᠂ ᠪᠣᠬᠢᠷᠲᠤᠯ ᠥᠬᠡᠶ ᠦᠢᠯᠡᠳᠪᠦᠷᠢᠯᠡᠯ ᠤᠨ ᠵᠠᠭᠪᠤᠷ ᠢ ᠪᠣᠶ ᠪᠣᠯᠭᠠᠵᠤ᠂ ᠨᠠᠷᠠᠲᠤ ᠲᠥᠷᠥᠯ ᠳᠡᠮᠳᠡᠭ ᠤᠨ ᠨᠥᠯᠥᠭᠡᠯᠡᠬᠦ ᠬᠦᠴᠦᠨ ᠢ ᠥᠷᠭᠡᠳᠭᠡᠨ᠂ ᠬᠢᠩᠭᠠᠨ ᠠᠶᠢᠮᠠᠭ ᠤᠨ ᠠᠭᠠᠯᠢᠭ ᠠᠯᠢᠮ᠎ᠠ ᠶᠢᠨ ᠠᠵᠤ ᠦᠢᠯᠡᠰ ᠤᠨ ᠬᠥᠭᠵᠢᠯᠲᠡ ᠶᠢ ᠶᠡᠭᠡ ᠪᠠᠷ ᠠᠬᠢᠭᠤᠯᠵᠤ᠂ ᠠᠭᠠᠯᠢᠭ ᠠᠯᠢᠮ᠎ᠠ ᠶᠢᠨ ᠪᠦᠳᠥᠭᠡᠭᠳᠡᠬᠦᠨ ᠢ ︽ᠬᠢᠨᠭ᠍ᠭᠠᠨ ᠠᠴᠠ ᠢᠷᠡᠯᠳᠡ ᠲᠠᠢ︾ ᠨᠡᠷᠡᠳᠥ ᠳᠡᠮᠳᠡᠭ ᠤᠨ ᠴᠢᠬᠤᠯᠠ ᠨᠢᠭᠡ ᠬᠡᠰᠡᠭ ᠪᠤᠯᠭᠠᠵᠤ᠂ ︽ᠬᠢᠨᠭ᠍ᠭᠠᠨ ᠤ ᠭᠠᠷᠤᠯᠳᠠ ᠶᠢ ᠰᠠᠨᠠᠭ᠎ᠠ ᠠᠮᠥᠷ ᠰᠤᠩᠭᠤᠬᠤ︾ ᠳᠤ ᠰᠢᠨ᠎ᠡ ᠠᠮᠢᠯᠠᠯ ᠤᠨ ᠬᠦᠴᠥᠨ ᠤᠯᠭᠤᠵᠠᠢ᠃
   ᠥᠪᠥᠷ ᠮᠣᠩᠭᠤᠯ ᠤᠨ ᠬᠢᠩᠭᠠᠨ ᠠᠶᠢᠮᠠᠭ ᠤᠨ ᠺᠧ ᠸᠧᠶ ᠢᠳᠡᠭᠡᠨ ᠤ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠤᠨ ᠲᠠᠰᠤᠭ ᠲᠤ ᠣᠷᠣᠬᠤ ᠳᠤ᠂ ᠠᠵᠢᠯᠴᠢᠳ ᠠᠭᠠᠯᠢᠭ ᠠᠯᠢᠮ᠎ᠠ ᠠᠷᠢᠯᠭᠠᠬᠤ᠂ ᠥᠢᠯᠡᠳᠪᠤᠷᠢᠯᠡᠬᠦ᠂ ᠪᠤᠭᠤᠳᠠᠯᠯᠠᠬᠤ ᠵᠡᠷᠭᠡ ᠶᠠᠪᠤᠴᠠ ᠶᠢ ᠠᠯᠬᠤᠮ ᠳᠠᠷᠠᠭ᠎ᠠ ᠲᠠᠢ ᠶᠠᠪᠤᠭᠳᠠᠭᠤᠯᠵᠤ᠂ ᠪᠦᠬᠦᠶᠢᠯᠡ ᠦᠢᠯᠡᠳᠪᠦᠷᠢ ᠶᠢᠨ ᠲᠠᠰᠤᠭ ᠲᠤ ᠵᠢᠮᠢᠰ ᠤᠨ ᠠᠩᠬᠢᠯᠥᠮ᠎ᠡ ᠦᠨᠦᠷ ᠬᠠᠩᠬᠤᠯᠵᠤ ᠪᠠᠶᠢᠯ᠎ᠠ᠃    ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠬᠢᠩᠭᠠᠨ ᠠᠶᠢᠮᠠᠭ ᠤᠨ ᠺᠧ ᠸᠧᠢ ᠢᠳᠡᠭᠡᠨ ᠤ ᠬᠢᠵᠠᠭᠠᠷᠲᠤ ᠺᠣᠮᠫᠠᠨᠢ ᠨᠢ ᠡᠷᠬᠢᠨ ᠲᠣᠭᠤᠷᠢᠨ ᠤ 48 ᠡᠷᠦᠬᠡ ᠲᠣᠰᠬᠤᠨ ᠤ ᠠᠷᠠᠳ ᠢ ᠳᠠᠶᠢᠴᠢᠯᠠᠨ ᠠᠵᠢᠯ ᠣᠯᠭᠤᠵᠤ᠂ 120 ᠡᠷᠦᠬᠡ ᠵᠢᠮᠢᠰ ᠤᠨ ᠲᠠᠷᠢᠶᠠᠴᠢᠳ ᠢ ᠳᠠᠶᠢᠴᠢᠯᠠᠨ ᠠᠭᠠᠯᠢᠭ ᠠᠯᠢᠮ᠎ᠠ ᠶᠢᠨ ᠠᠵᠤ ᠥᠢᠯᠡᠰ ᠢ ᠬᠦᠭᠵᠢᠬᠦᠯᠥᠭᠰᠡᠨ ᠢᠶᠠᠷ ᠪᠠᠷᠠᠬᠤ ᠥᠬᠡᠶ᠂ ᠪᠠᠰᠠ ᠪᠣᠬᠢᠷᠲᠤᠯ ᠥᠬᠡᠶ ᠪᠠᠶᠢᠭᠠᠯᠢᠯᠢᠭ᠂ ᠨᠡᠮᠡᠯᠲᠡ ᠡᠳ᠋ ᠥᠬᠡᠶ᠂ ᠠᠮᠲᠠ ᠰᠠᠶᠢᠲᠠᠶ ᠵᠡᠷᠭᠡ ᠣᠨᠴᠠᠯᠢᠭ ᠢᠶᠠᠷ ᠢᠶᠠᠨ ᠠᠭᠠᠯᠢᠭ ᠠᠯᠢᠮ᠎ᠠ ᠶᠢᠨ ᠪᠦᠲᠦᠭᠡᠭᠳᠡᠬᠦᠨ ᠢ ᠥᠢᠯᠡᠳᠪᠤᠷᠢᠯᠡᠨ᠂ ᠥᠷᠭᠡᠨ ᠣᠯᠠᠨ ᠬᠡᠷᠡᠭᠯᠡᠭᠴᠢᠳ ᠤᠨ ᠲᠠᠭᠠᠰᠢᠶᠠᠯ ᠢ ᠣᠯᠤᠭᠰᠠᠨ ᠪᠠᠶᠢᠨ᠎ᠠ᠃
   ᠣᠳᠣᠬᠠᠨ ᠳᠤ᠂ ᠠᠭᠠᠯᠢᠭ ᠠᠯᠢᠮ᠎ᠠ ᠶᠢᠨ ᠪᠦᠲᠦᠭᠡᠭᠳᠡᠬᠦᠨ ᠨᠢ ᠨᠢᠭᠡᠨᠲᠡ ᠪᠡᠭᠡᠵᠢᠩ᠂ ᠭᠤᠸᠠᠩᠵᠧᠦ ᠵᠡᠷᠭᠡ ᠠᠷᠪᠠᠨ ᠬᠡᠳᠦᠨ ᠮᠤᠵᠢ ᠬᠤᠲᠠ ᠳᠤ ᠪᠣᠷᠣᠯᠠᠭᠤᠯᠤᠭᠳᠠᠵᠤ ᠪᠠᠶᠢᠨ᠎ᠠ᠃ ᠲᠤᠰ ᠺᠣᠮᠫᠠᠨᠢ ᠠᠭᠠᠯᠢᠭ ᠠᠯᠢᠮ᠎ᠠ ᠶᠢᠨ ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠠᠷᠭ᠎ᠠ ᠵᠠᠮ ᠢ ᠲᠠᠰᠤᠷᠠᠯᠲᠠ ᠥᠬᠡᠶ ᠥᠷᠭᠡᠳᠭᠡᠵᠦ᠂ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠭᠡ ᠬᠢᠬᠦ + ᠰᠦᠯᠵᠢᠶᠡᠨ ᠭᠠᠳᠠᠨ᠎ᠠ ᠪᠣᠷᠣᠯᠠᠭᠤᠯᠬᠤ ᠵᠡᠷᠭᠡ ᠵᠠᠭᠪᠤᠷ ᠢ ᠬᠡᠷᠡᠭᠯᠡᠨ᠂ ᠵᠢᠯ ᠤᠨ ᠪᠣᠷᠣᠯᠠᠭᠤᠯᠭ᠎ᠠ ᠨᠢ 960 ᠲᠦᠮᠡᠨ ᠲᠥᠭᠦᠷᠢᠭ ᠲᠤ ᠬᠦᠷᠴᠤ ᠪᠠᠶᠢᠨ᠎ᠠ᠃    ᠥᠪᠥᠷ ᠮᠣᠩᠭᠤᠯ ᠤᠨ ᠬᠢᠩᠭᠠᠨ ᠠᠶᠢᠮᠠᠭ ᠤᠨ ᠺᠧ ᠸᠧᠢ ᠢᠳᠡᠭᠡᠨ ᠤ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠵᠣᠣ ᠱᠧᠩ ᠴᠢᠶᠣᠤ ᠢᠯᠡᠷᠬᠡᠶᠢᠯᠡᠬᠦ ᠳᠡᠭᠡᠨ᠂ ᠲᠤᠰ ᠺᠣᠮᠫᠠᠨᠢ ᠪᠣᠯ ᠬᠢᠩᠭᠠᠨ ᠠᠶᠢᠮᠠᠭ ᠤᠨ ᠭᠤᠤᠯᠳᠠᠯᠭ᠎ᠠ ᠲᠠᠢ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠴᠢᠯᠡᠯᠲᠡ ᠶᠢᠨ ᠲᠣᠯᠣᠭᠠᠶᠢᠯᠠᠭᠴᠢ ᠠᠵᠤ ᠠᠬᠤᠶᠢᠯᠠᠯ ᠮᠥᠨ᠃ ᠺᠣᠮᠫᠠᠨᠢ ᠨᠢ ᠬᠢᠩᠭᠠᠨ ᠠᠶᠢᠮᠠᠭ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠳᠡᠮᠳᠡᠭ ᠢ ᠡᠬᠦᠳᠬᠦ ᠪᠠᠷ ᠳᠠᠮᠵᠢᠭᠤᠯᠤᠨ ᠠᠭᠠᠯᠢᠭ ᠠᠯᠢᠮ᠎ᠠ ᠶᠢᠨ ᠪᠦᠳᠥᠭᠡᠭᠳᠡᠬᠦᠨ ᠤ ᠨᠦᠯᠥᠭᠡᠯᠡᠬᠦ ᠬᠦᠴᠥᠨ ᠢ ᠤᠯᠠᠮ ᠳᠡᠭᠡᠭᠰᠢᠯᠡᠬᠦᠯᠥᠨ᠂ ᠠᠭᠠᠯᠢᠭ ᠠᠯᠢᠮ᠎ᠠ ᠶᠢᠨ ᠪᠦᠳᠥᠭᠡᠭᠳᠡᠬᠦᠨ ᠥᠢᠯᠡᠳᠪᠤᠷᠢᠯᠡᠬᠦ ᠠᠵᠤ ᠥᠢᠯᠡᠰ ᠢ ᠤᠯᠠᠮ ᠬᠦᠭᠵᠢᠬᠦᠯᠬᠦ ᠪᠠᠷ ᠴᠢᠷᠮᠠᠶᠢᠵᠤ ᠪᠠᠶᠢᠨ᠎ᠠ᠃
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号