ᠤᠯᠠᠭᠠᠨᠬᠤᠲᠠ ᠦᠨᠳᠦᠰᠦᠨ ᠱᠠᠲᠤᠨ ᠤ ᠭᠤᠤᠯ ᠰᠡᠳᠦᠪᠲᠦ ᠬᠥᠮᠦᠵᠢᠯ ᠢ ᠣᠯᠠᠨ ᠵᠦᠢᠯ ᠤᠨ ᠠᠷᠭ᠎ᠠ ᠪᠠᠷ ᠦᠷᠨᠢᠬᠦᠯᠵᠦ ᠪᠠᠶᠢᠭ᠎ᠠ ᠲᠤᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2023/12/14
    ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠤᠯᠠᠭᠠᠨᠬᠤᠲᠠ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ᠂ ᠪᠣᠳᠠᠲᠠᠢ ᠠᠷᠭ᠎ᠠ ᠪᠠᠷ ︽ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠤᠶᠤᠨ ᠤᠬᠠᠭᠠᠨ ᠢ ᠨᠢᠭᠳᠠᠷᠠᠭᠤᠯᠬᠤ᠂ ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠯᠭ᠎ᠠ ᠪᠠᠷ ᠠᠵᠢᠯ ᠢ ᠠᠬᠢᠭᠤᠯᠬᠤ︾ ᠳᠡᠭᠡᠷ᠎ᠡ ᠬᠦᠴᠦ ᠳᠠᠯᠪᠢᠨ ᠪᠤᠳᠠᠳᠤ ᠦᠷ᠎ᠡ ᠪᠦᠲᠦᠮᠵᠢ ᠣᠯᠵᠠᠢ᠃     ᠤᠨᠤᠯ ᠤᠨ ᠰᠤᠷᠤᠯᠴᠠᠯᠭ᠎ᠠ ᠶᠢ ᠴᠢᠩᠭᠠᠳᠬᠠᠨ ᠤᠨᠤᠯ ᠢᠶᠠᠷ ᠳᠠᠷᠢᠬᠢ ᠳᠤᠯᠤᠭᠠᠢ ᠪᠠᠨ ᠵᠡᠪᠰᠡᠭᠯᠡᠪᠡ᠃ ᠤᠯᠠᠭᠠᠨᠬᠤᠳᠠ   ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ︽ᠨᠠᠮ ᠤᠨ ᠬᠢᠴᠢᠶᠡᠯ ᠡᠬᠢᠯᠡᠪᠡ︾ ᠭᠡᠬᠦ ᠰᠦᠯᠵᠢᠶᠡᠨ ᠳᠡᠭᠡᠷᠡᠬᠢ ᠨᠠᠮ ᠤᠨ ᠪᠢᠴᠢᠯ ᠬᠢᠴᠢᠶᠡᠯ ᠢ 1 ᠬᠤᠭᠤᠴᠠᠭ᠎ᠠ ᠨᠡᠬᠡᠬᠡᠵᠦ᠂ ︽ᠲᠠᠪᠤᠨ ᠥᠭᠦᠯᠡᠪᠦᠷᠢ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠵᠡᠷᠭᠡ ᠲᠤᠰᠬᠠᠢ ᠰᠡᠳᠦᠪᠲᠦ ᠨᠠᠮ ᠤᠨ ᠬᠢᠴᠢᠶᠡᠯ ᠢ 2 ᠴᠠᠭ ᠨᠡᠮᠡᠨ ᠲᠤᠬᠢᠷᠠᠭᠤᠯᠵᠤ᠂ ᠪᠦᠬᠦ ᠬᠤᠳᠠ ᠶᠢᠨ 200 ᠭᠠᠷᠤᠢ ᠨᠠᠮ ᠤᠨ ᠭᠡᠰᠢᠭᠦᠨ ᠤᠳᠤᠷᠢᠳᠬᠤ ᠺᠠᠳ᠋ᠷ ᠢ ᠪᠤᠯᠪᠠᠰᠤᠷᠠᠭᠤᠯᠵᠠᠢ ᠃ ᠳᠠᠪᠢᠨ ᠦᠷᠳᠡᠭᠡ ᠪᠠᠯᠭᠠᠰᠤ ᠶᠢᠨ ᠬᠢᠨ ᠨᠠᠮ ᠤᠨ ᠭᠡᠰᠢᠭᠦᠨ ᠤ ᠣᠨᠴᠠᠯᠢᠭ ᠲᠠᠢ ᠤᠶᠠᠯᠳᠤᠭᠤᠯᠤᠨ ᠡᠯ᠎ᠡ ᠲᠦᠷᠦᠯ ᠤᠨ ᠰᠤᠷᠤᠯᠴᠠᠬᠤ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠥᠪᠡᠷᠳᠡᠭᠡᠨ ᠰᠤᠷᠤᠯᠴᠠᠬᠤ᠂ ᠤᠯᠠᠨ ᠢᠶᠠᠷ ᠢᠶᠠᠨ ᠰᠤᠳᠤᠯᠤᠨ ᠰᠤᠷᠤᠯᠴᠠᠬᠤ᠂ ᠲᠤᠰᠬᠠᠢ ᠰᠡᠳᠦᠪ ᠢᠶᠠᠷ ᠬᠢᠴᠢᠶᠡᠯ ᠶᠠᠷᠢᠬᠤ᠂ ᠬᠠᠪᠰᠤᠷᠤᠨ ᠵᠢᠯᠣᠭᠤᠳᠴᠤ ᠰᠤᠷᠤᠯᠴᠠᠯᠭ᠎ᠠ ᠶᠢ ᠠᠬᠢᠭᠤᠯᠬᠤ᠂ ᠸᠢᠳᠢᠣ᠋ ᠪᠠᠷ ᠵᠢᠭᠠᠨ ᠰᠤᠷᠭᠠᠬᠤ ᠵᠡᠷᠭᠡ ︽ᠪᠤᠳᠠᠳᠦ ᠴᠤᠭᠴᠠ + ᠰᠦᠯᠵᠢᠶᠡᠨ ᠳᠡᠭᠡᠷᠡᠬᠢ︾ ᠰᠤᠷᠤᠯᠴᠠᠬᠤ ᠬᠡᠯᠪᠡᠷᠢ ᠪᠠᠷ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢ 2 ᠤᠳᠠᠭ᠎ᠠ ᠥᠷᠨᠢᠭᠦᠯᠵᠦ᠂ ᠨᠠᠰᠤ ᠠᠬᠠᠰᠢᠷᠠᠵᠤ ᠪᠡᠶ᠎ᠡ ᠮᠠᠭᠤᠳᠠᠭᠰᠠᠨ ᠨᠠᠮ ᠤᠨ ᠭᠡᠰᠢᠭᠦᠨ ᠳᠤ ︽ᠰᠤᠷᠤᠯᠴᠠᠯᠭ᠎ᠠ ᠶᠢ ᠬᠡᠷ ᠲᠤᠨᠢ ᠬᠦᠷᠭᠡᠬᠦ︾ ᠦᠢᠯᠡᠴᠢᠯᠡᠭᠡ ᠬᠠᠨᠭ᠍ᠭᠠᠨ᠂ 186 ᠨᠠᠮ ᠤᠨ ᠭᠡᠰᠢᠭᠦᠨ ᠢ ᠰᠤᠷᠤᠯᠴᠠᠯᠭ᠎ᠠ ᠳᠤ ᠤᠷᠤᠯᠴᠠᠭᠤᠯᠵᠠᠢ᠃ ᠤᠯᠤᠰ ᠤᠨ ᠨᠡᠭᠡᠭᠡᠨ ᠬᠥᠭᠵᠢᠭᠦᠯᠦᠯᠲᠡ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ︽ᠬᠡᠪ ᠪᠣᠯᠪᠠᠰᠤᠷᠠᠯ ᠤᠨ ᠴᠢᠳᠠᠪᠤᠷᠢ ᠪᠠᠨ ᠳᠡᠭᠡᠭᠰᠢᠯᠡᠭᠦᠯᠬᠦ︾ ᠭᠤᠤᠯ ᠰᠡᠳᠦᠪᠳᠦ ᠬᠥᠮᠦᠵᠢᠯ ᠤᠨ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠵᠦ᠂ ᠠᠶᠤᠯᠭᠦᠶ ᠦᠢᠯᠡᠳᠪᠦᠷᠢᠯᠡᠯ᠂ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠪᠠᠶᠢᠳᠠᠯ ᠵᠡᠷᠭᠡ ᠲᠤᠰᠬᠠᠶ ᠰᠡᠳᠦᠪ ᠲᠠᠢ ᠤᠶᠠᠯᠳᠤᠭᠤᠯᠤᠨ ︽ᠶᠡᠭᠡ ᠬᠢᠴᠢᠶᠡᠯ ᠤᠨ ᠲᠠᠩᠬᠢᠮ︾ ᠢ 8 ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠨᠠᠮ ᠤᠨ ᠭᠡᠰᠢᠭᠦᠨ ᠺᠠᠳ᠋ᠷ ᠠᠵᠢᠯᠳᠠᠨ ᠠᠵᠢᠯᠴᠢᠨ ᠤ ᠦᠵᠡᠯ ᠰᠠᠨᠠᠭ᠎ᠠ ᠣᠶᠢᠯᠠᠭᠠᠭᠳᠠᠬᠤᠨ ᠢ ᠲᠡᠭᠡᠭᠰᠢᠯᠡᠭᠦᠯᠪᠡ᠃    ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠵᠦ᠂ ᠠᠵᠢᠯ ᠶᠠᠪᠤᠳᠠᠯ ᠬᠢᠵᠦ ᠦᠢᠯᠡᠰ ᠪᠤᠰᠬᠠᠬᠤ ᠶᠢ ᠠᠬᠢᠭᠤᠯᠪᠠ ᠃ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢᠶᠠᠨ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠶ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠭᠤᠤᠯ ᠰᠡᠳᠦᠪᠲᠦ ᠬᠥᠮᠦᠵᠢᠯ ᠤᠨ ᠰᠤᠷᠤᠯᠴᠠᠯᠭ᠎ᠠ ᠶᠢ ᠠᠵᠢᠯ ᠶᠠᠪᠤᠳᠠᠯ ᠬᠢᠵᠦ ᠦᠢᠯᠡᠰ ᠪᠤᠰᠬᠠᠬᠤ ᠶᠢᠨ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠪᠠ᠃ ᠾᠧ ᠫᠢᠩ ᠵᠡᠭᠡᠯᠢ ᠶᠢᠨ ᠬᠤᠩ ᠫᠦ᠋ ᠨᠡᠶᠢᠭᠡᠮ ᠲᠣᠭᠤᠷᠢᠭ ᠤᠨ ᠬᠢᠨ ᠪᠣᠳᠠᠲᠤ ᠪᠠᠶᠢᠳᠠᠯ ᠢᠶᠠᠨ ᠦᠨᠳᠦᠰᠦᠯᠡᠵᠦ᠂ ᠠᠵᠢᠯ ᠤᠨ ᠪᠠᠶᠢᠷᠢᠨ ᠳᠤ ᠪᠠᠶᠢᠭ᠎ᠠ ᠨᠠᠮ ᠤᠨ ᠭᠡᠰᠢᠭᠦᠨ ᠤ ᠡᠷᠦᠬᠡ ᠪᠠᠷ ᠰᠤᠷᠪᠤᠯᠵᠢᠯᠠᠵᠦ᠂ ᠨᠠᠰᠤᠲᠠᠶᠢᠴᠤᠳ ᠤᠨ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠨ᠂ ᠨᠠᠰᠤᠲᠠᠶᠢᠴᠤᠳ ᠤᠨ ᠦᠨᠳᠦᠰᠦᠨ ᠮᠡᠳᠡᠭᠡ ᠵᠠᠩᠭᠢ ᠪᠠ ᠬᠡᠷᠡᠭᠴᠡᠭᠡ ᠱᠠᠭᠠᠷᠳᠠᠯᠭ᠎ᠠ ᠶᠢᠨ ᠡᠬᠡ ᠲᠠᠩᠰᠠ ᠵᠤᠬᠢᠶᠠᠵᠦ᠂ ᠬᠠᠷᠢᠶᠠᠲᠤ ᠣᠷᠣᠨ ᠤ 1069 ᠨᠠᠰᠤᠲᠠᠨ ᠳᠤ ᠵᠣᠯ ᠵᠢᠷᠭᠠᠯᠲᠤ ᠬᠤᠭᠤᠯᠠᠨ ᠬᠡᠷ᠂ ᠡᠷᠡᠭᠦᠯᠵᠢᠯ ᠰᠤᠪᠢᠯᠠᠯᠲᠠ ᠶᠢᠨ ᠥᠷᠲᠡᠭᠡ᠂ ᠪᠥᠵᠢᠭ ᠤᠨ ᠲᠠᠰᠤᠭ᠂ ᠨᠠᠶᠢᠷᠠᠯ ᠳᠠᠭᠤᠦ ᠶᠢᠨ ᠲᠠᠰᠤᠭ ᠂ ᠰᠢᠲᠠᠷ᠎ᠠ ᠶᠢᠨ ᠲᠠᠰᠤᠭ᠂ ᠡᠪᠡᠰᠦᠨ ᠭᠦᠷᠦᠮᠡᠯ ᠤᠨ ᠲᠠᠰᠤᠭ ᠤᠨ ᠴᠢᠳᠠᠮᠵᠢ ᠶᠢ ᠨᠢᠭᠡ ᠴᠤᠭᠴᠠᠵᠢᠭᠤᠯᠤᠭᠰᠠᠨ ︽ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠮᠲᠤ ᠶᠢᠨ ᠴᠣᠭᠴᠠ︾ ᠶᠢ ᠪᠥᠬᠦ ᠬᠦᠴᠦᠨ ᠢᠶᠠᠷ ᠢᠶᠠᠨ ᠪᠠᠶᠢᠭᠤᠯᠤᠨ ᠥᠭᠴᠦ᠂ ᠨᠠᠰᠤᠲᠠᠶᠢᠴᠤᠳ ᠤᠨ ᠠᠳᠠᠯᠢ ᠪᠤᠰᠤ ᠬᠡᠷᠡᠭᠴᠡᠭᠡ ᠱᠠᠭᠠᠷᠳᠠᠯᠭ᠎ᠠ ᠶᠢ ᠬᠠᠨᠭ᠍ᠭᠠᠵᠠᠢ᠃ ᠤᠯᠠᠭᠠᠨᠬᠤᠲᠠ ᠶᠢᠨ ᠴᠧᠩ ᠽᠧ ᠤᠰᠤᠨ ᠤ ᠶᠠᠪᠤᠳᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ︽ᠠᠵᠢᠯ ᠶᠠᠪᠤᠳᠠᠯ ᠬᠢᠵᠦ ᠦᠢᠯᠡᠰ ᠪᠤᠰᠬᠠᠨ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ︾ ᠠᠵᠢᠯ ᠤᠨ ᠦᠢᠯᠡᠳᠦᠯᠭᠡ ᠪᠣᠯᠭᠠᠨ ᠬᠤᠪᠢᠷᠠᠭᠤᠯᠵᠤ᠂ ᠣᠯᠠᠨ ᠲᠦᠮᠡᠨ ᠳᠤ ᠰᠦᠢᠳᠭᠡᠯ ᠬᠤᠷᠢᠶᠠᠬᠤ ᠥᠬᠡᠶ ᠪᠠᠷ ᠤᠰᠤᠨ ᠤ ᠤᠶᠤᠨᠲᠤ ᠬᠡᠮᠵᠢᠭᠦᠷ ᠤᠭᠰᠠᠷᠠᠨ ᠥᠭᠴᠦ᠂ ᠣᠯᠠᠨ ᠲᠦᠮᠡᠨ ᠤ ᠸᠢᠴᠠᠲ ᠢᠶᠠᠷ ᠰᠦᠯᠵᠢᠶᠡᠨ ᠳᠡᠭᠡᠷ᠎ᠡ ᠰᠦᠢᠳᠭᠡᠯ ᠲᠤᠰᠢᠶᠠᠬᠤ ᠶᠢ ᠪᠡᠶᠡᠯᠡᠭᠦᠯᠪᠡ᠃ ᠮᠧᠩ ᠨᠢᠦ ᠰᠦ ᠶᠢᠨ ᠦᠢᠯᠡᠰ ᠤᠨ ᠬᠢᠨ ︽ᠨᠠᠮ ᠤᠨ ᠭᠡᠰᠢᠭᠦᠨ ᠦᠢᠯᠡᠳᠪᠦᠷᠢᠯᠡᠯ ᠡᠵᠡᠩᠨᠡᠯᠲᠡ ᠳᠤ ᠦᠢᠯᠡᠴᠢᠯᠡᠬᠦ︾ ᠠᠵᠢᠯ ᠤᠨ ᠭᠤᠤᠯ ᠱᠤᠭᠤᠮ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠳᠪᠦᠷᠢ ᠶᠢᠨ ᠲᠠᠰᠤᠭ ᠤᠨ ᠨᠢᠭᠡᠳᠦᠭᠡᠷ ᠹᠷᠣᠨᠲ᠂ ᠬᠥᠯᠳᠡᠭᠡᠬᠦ ᠦᠢᠯᠡᠳᠪᠦᠷᠢ ᠶᠢᠨ ᠲᠠᠰᠤᠭ ᠲᠤ ᠬᠤᠰᠢᠭᠤᠴᠢ ᠵᠢᠱᠢᠶᠡᠴᠢ ᠠᠵᠢᠯ ᠤᠨ ᠪᠠᠶᠢᠷᠢ ᠶᠢ 2 ᠭᠠᠷᠭᠠᠵᠤ᠂ ︽ᠨᠠᠮ ᠤᠨ ᠭᠡᠰᠢᠭᠦᠨ ᠡᠮᠦᠨ᠎ᠠ ᠹᠷᠣᠨᠲ ᠲᠤ ᠦᠢᠯᠡᠴᠢᠯᠡᠬᠦ︾ ᠵᠡᠷᠭᠡ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠵᠤ᠂ ᠤᠯᠠᠨ ᠳᠦᠮᠡᠨ ᠤ ᠬᠦᠴᠢᠷ ᠠᠰᠠᠭᠤᠳᠠᠯ ᠢ 152 ᠵᠤᠷᠪᠤᠰ ᠰᠢᠢᠳᠪᠦᠷᠢᠯᠡᠪᠡ᠃     ᠥᠪᠡᠷ ᠢ ᠪᠠᠨ ᠦᠭᠡᠷᠡᠴᠢᠯᠡᠨ ᠴᠡᠭᠴᠡᠯᠡᠬᠦ ᠶᠢ ᠴᠢᠩᠭᠠᠳᠬᠠᠵᠤ᠂ ᠭᠤᠤᠯ ᠰᠡᠳᠤᠪᠳᠤ ᠬᠦᠮᠦᠵᠢᠯ ᠤᠨ ᠪᠦᠬᠦ ᠶᠠᠪᠤᠴᠠ ᠳᠤ ᠳᠤᠭᠤᠰᠢᠯᠠᠭᠤᠯᠪᠠ᠃ ᠤᠯᠠᠭᠠᠨᠬᠤᠳᠠ ᠶᠢᠨ ᠬᠠᠤᠯᠢ ᠴᠠᠭᠠᠵᠠ ᠶᠢᠨ ᠲᠤᠪᠴᠢᠶ᠎ᠠ ᠰᠤᠷᠤᠯᠴᠠᠵᠦ ᠰᠤᠳᠤᠯᠤᠨ ᠶᠠᠷᠢᠯᠴᠠᠬᠤ᠂ ᠰᠢᠨᠵᠢᠯᠡᠨ ᠪᠠᠶᠢᠴᠠᠭᠠᠬᠤ ᠠᠷᠭ᠎ᠠ ᠪᠠᠷ ᠠᠰᠠᠭᠤᠳᠠᠯ ᠢ ᠰᠢᠭᠤᠳ ᠡᠷᠢᠬᠦ᠂ ᠳᠡᠭᠡᠳᠦ ᠱᠠᠲᠤᠨ ᠠᠴᠠ ᠠᠰᠠᠭᠤᠳᠠᠯ ᠢ ᠪᠠᠶᠢᠴᠠᠭᠠᠵᠤ ᠬᠠᠷᠢᠭᠤ ᠲᠤᠰᠬᠠᠬᠤ᠂ ᠠᠰᠠᠭᠤᠳᠠᠯ ᠤᠨ ᠲᠥᠪᠯᠡᠷᠡᠯ ᠤᠨ ᠴᠡᠭ ᠢ ᠪᠦᠬᠦ ᠲᠠᠯ᠎ᠠ ᠪᠠᠷ ᠡᠷᠢᠬᠦ᠂ ᠲᠦᠷᠦᠯ ᠵᠦᠢᠯ ᠬᠤᠪᠢᠶᠠᠨ ᠠᠰᠠᠭᠤᠳᠠᠯ ᠤᠨ ᠨᠠᠷᠢᠨ ᠳᠠᠩᠰᠠ ᠪᠠ ᠳᠠᠪᠠᠭᠤᠯᠢᠭ ᠵᠦᠷᠢᠶ᠎ᠠ ᠶᠢᠨ ᠨᠠᠷᠢᠨ ᠳᠠᠩᠰᠠ ᠶᠢ ᠵᠢᠭᠰᠠᠭᠠᠵᠤ᠂ ︽ᠥᠭᠡᠷᠡᠴᠢᠯᠡᠬᠦ︾ ᠶᠢ ᠪᠦᠬᠦ ᠶᠠᠪᠤᠴᠠ ᠳᠤ ᠳᠤᠭᠤᠰᠢᠯᠠᠭᠤᠯᠪᠠ᠃ ᠤᠯᠠᠭᠠᠨᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ ᠠᠰᠠᠭᠤᠳᠠᠯ ᠢᠶᠠᠷ ᠤᠳᠤᠷᠢᠳᠤᠮᠵᠢ ᠪᠣᠯᠭᠠᠨ ᠴᠡᠭᠴᠡᠯᠡᠨ ᠰᠠᠶᠢᠵᠢᠷᠠᠭᠤᠯᠬᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢ ᠴᠢᠩᠭᠠᠳᠬᠠᠬᠤ᠂ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠦᠢᠯᠡᠴᠢᠯᠡᠬᠦ ᠵᠡᠷᠭᠡ ᠠᠷᠭ᠎ᠠ ᠪᠠᠷ ᠮᠧᠩ ᠨᠢᠦ ᠰᠦ ᠶᠢᠨ ᠦᠢᠯᠡᠰ᠂ ᠬᠤᠩ ᠴᠧᠩ ᠱᠦᠢᠨᠢ ᠵᠡᠷᠭᠡ 2 ᠠᠵᠤ ᠠᠬᠤᠶᠢᠯᠠᠯ ᠳᠤ ᠰᠠᠶᠢᠨ ᠳᠤᠷ᠎ᠠ ᠶᠢᠨ ᠴᠢᠨᠠᠷᠲᠠᠶ ᠠᠷᠢᠭᠤᠨ ᠴᠡᠪᠡᠷ ᠦᠢᠯᠡᠳᠪᠦᠷᠢᠯᠡᠯ ᠢ ᠬᠢᠨᠠᠨ ᠬᠠᠷᠭᠤᠭᠤᠯᠬᠤ ᠠᠵᠢᠯᠯᠠᠭ᠎ᠠ ᠥᠷᠨᠢᠭᠦᠯᠪᠡ᠃ ᠤᠯᠠᠭᠠᠨᠬᠤᠳᠠ ᠶᠢᠨ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠬᠤ ᠶᠢ ᠭᠤᠣᠯ ᠰᠡᠳᠦᠪᠲᠦ ᠬᠥᠮᠦᠵᠢᠯ ᠤᠨ ᠪᠦᠬᠦ ᠶᠠᠪᠤᠴᠠ ᠳᠤ ᠳᠤᠭᠤᠰᠢᠯᠠᠭᠤᠯᠵᠦ᠂ ᠭᠤᠣᠯ ᠰᠡᠳᠦᠪᠲᠦ ᠬᠥᠮᠦᠵᠢᠯ ᠢ ᠴᠢᠨᠠᠷ ᠰᠠᠶᠢᠲᠠᠢ ᠥᠷᠨᠢᠬᠦᠯᠵᠠᠢ᠃
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号