ᠬᠤᠲᠠ ᠶᠢᠨ ᠳᠡᠳ᠋ ᠳᠠᠷᠤᠭ᠎ᠠ ᠭᠤᠸᠠᠨ ᠹᠧᠩ ᠤᠨ 2023 ᠤᠨ ᠤ 8 ᠳ᠋ᠤᠭᠠᠷ ᠰᠠᠷ᠎ᠠ ᠶᠢᠨ ᠴᠢᠬᠤᠯᠠ ᠶᠠᠪᠤᠳᠠᠯ  ᠤᠨ ᠲᠡᠮᠳᠡᠭᠯᠡᠯ
ᠨᠡᠶᠢᠲᠡᠯᠡᠭᠰᠡᠨ ᠴᠠᠭ᠄
2023/12/14
   18.8 ᠰᠠᠷ᠎ᠠ ᠶᠢᠨ 2 ᠤᠨ ᠡᠳᠦᠷ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠳᠠ ᠶᠢᠨ ᠳᠡᠳ᠋ ᠳᠠᠷᠤᠭ᠎ᠠ ᠭᠤᠸᠠᠨ ᠹᠧᠩ ᠬᠤᠳᠠ ᠶᠢᠨ ᠲᠣᠭᠤᠷᠢᠭ ᠤᠨ ᠦᠶᠡᠷ ᠢ ᠰᠡᠷᠭᠡᠶᠢᠯᠡᠬᠦ ᠪᠠᠶᠢᠳᠠᠯ ᠢ ᠪᠠᠶᠢᠴᠠᠭᠠᠵᠤ᠂ ᠬᠢᠩᠭᠠᠨ ᠯᠢᠩ ᠴᠤᠸᠠᠩ᠂ ᠬᠤᠳᠠ ᠶᠢᠨ ᠬᠤᠶᠢᠲᠤ ᠲᠠᠯ᠎ᠠ ᠶᠢᠨ ᠶᠡᠭᠡ ᠵᠠᠮ ᠤᠨ ᠶᠠᠪᠠᠭᠠᠨ ᠬᠥᠮᠥᠨ ᠤ ᠬᠥᠭᠦᠷᠭᠡ ᠵᠡᠷᠭᠡ ᠲᠦᠷᠤᠯ ᠵᠤᠶᠢᠯ  ᠢ  ᠪᠠᠶᠢᠴᠠᠭᠠᠵᠠᠢ᠃     8 ᠰᠠᠷ᠎ᠠ ᠶᠢᠨ 4 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠭᠤᠸᠠᠨ ᠹᠧᠩ ᠰᠣᠷᠪᠤᠯᠵᠢᠯᠠᠯ ᠢ ᠬᠦᠯᠢᠶᠡᠨ ᠠᠪᠴᠤ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠵᠠᠬᠢᠳᠠᠯ ᠰᠣᠷᠪᠤᠯᠵᠢᠯᠠᠯ ᠤᠨ ᠤᠴᠢᠷ ᠶᠠᠪᠤᠳᠠᠯ ᠢ ᠰᠢᠢᠳᠪᠦᠷᠢᠯᠡᠵᠡᠢ᠃     8 ᠰᠠᠷ᠎ᠠ ᠶᠢᠨ 7 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠭᠤᠸᠠᠨ ᠹᠧᠩ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ ᠳᠤᠯᠠᠭᠠᠯᠠᠭ᠎ᠠ ᠶᠢᠨ ᠥᠭᠡᠷᠡᠴᠢᠯᠡᠯᠲᠡ ᠶᠢ ᠠᠬᠢᠭᠤᠯᠬᠤ ᠬᠠᠮᠢᠶ᠎ᠠ ᠪᠦᠬᠦᠢ ᠤᠴᠢᠷ ᠶᠠᠪᠤᠳᠠᠯ ᠢ ᠰᠤᠳᠤᠯᠵᠠᠢ᠃     8 ᠰᠠᠷ᠎ᠠ ᠶᠢᠨ 10  ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠳᠠ ᠶᠢᠨ ᠳᠡᠳ᠋ ᠳᠠᠷᠤᠭ᠎ᠠ ᠭᠤᠸᠠᠨ ᠹᠧᠩ ᠬᠢᠩᠭᠠᠨ ᠯᠢᠩ ᠴᠤᠸᠠᠩ ᠵᠢᠷᠤᠭ ᠲᠥᠯᠥᠪᠯᠡᠭᠡ ᠶᠢᠨ ᠪᠦᠯᠬᠦᠮ ᠤᠨ ᠮᠤ᠋ ᠶᠢᠩ ᠪᠠᠭᠰᠢ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠭᠠᠳ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠤᠴᠢᠷ ᠶᠠᠪᠤᠳᠠᠯ ᠢ ᠠᠬᠢᠭᠤᠯᠪᠠ᠃     8 ᠰᠠᠷ᠎ᠠ ᠶᠢᠨ 13 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠭᠤᠸᠠᠨ ᠹᠧᠩ ᠴᠠᠭ ᠲᠠᠭᠠᠨ ᠲᠤᠰᠢᠶᠠᠬᠤ ᠠᠰᠠᠷ ᠤᠨ ᠲᠥᠷᠥᠯ ᠵᠦᠢᠯ ᠤᠨ ᠲᠥᠯᠥᠪᠦᠷᠢ ᠨᠡᠭᠡᠬᠦ ᠪᠠ ᠬᠤᠬᠢᠷᠠᠯ ᠳᠤ ᠤᠴᠠᠷᠠᠭᠤᠯᠤᠭᠰᠠᠨ ᠶᠠᠪᠤᠳᠠᠯ ᠢ ᠡᠭᠡᠬᠦᠯᠬᠦ ᠲᠤᠬᠠᠢ ᠪᠠᠶᠢᠴᠠᠭᠠᠨ ᠰᠤᠳᠤᠯᠵᠤ᠂ ︽ᠴᠠᠭ ᠲᠠᠭᠠᠨ ᠲᠤᠰᠢᠶᠠᠬᠤ ᠠᠰᠠᠷ︾ ᠪᠣᠯ ᠳᠠᠷᠤᠢ ᠬᠥᠭᠵᠢᠯᠲᠡ ᠶᠢ ᠠᠬᠢᠭᠤᠯᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠠᠪᠤᠳᠠᠯ ᠮᠥᠨ᠂ ᠵᠠᠰᠠᠭ ᠠᠵᠤ ᠠᠬᠤᠶᠢᠯᠠᠯ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠨ᠂ ᠨᠠᠷᠢᠯᠢᠭ ᠣᠨᠣᠴᠠᠲᠠᠢ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠴᠢᠨᠠᠷ ᠲᠤᠭ᠎ᠠ ᠶᠢ ᠪᠠᠲᠤᠯᠠᠨ ᠲᠤᠰᠢᠶᠠᠬᠤ ᠶᠢ ᠪᠡᠶᠡᠯᠡᠭᠦᠯᠵᠦ᠂ ᠮᠠᠨ ᠤ ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     8 ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠭᠤᠸᠠᠨ ᠹᠧᠩ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠢ ᠪᠠᠶᠢᠴᠠᠭᠠᠨ ᠰᠤᠳᠤᠯᠵᠤ᠂ ᠲᠥᠷᠥᠯ ᠵᠦᠢᠯ ᠤᠨ ᠭᠤᠣᠯᠳᠠᠯᠭ᠎ᠠ ᠲᠠᠢ ᠲᠦᠪᠡᠭᠲᠡᠢ ᠠᠰᠠᠭᠤᠳᠠᠯ ᠢ ᠰᠤᠳᠤᠯᠤᠨ ᠰᠢᠢᠳᠪᠤᠷᠢᠯᠡᠪᠡ᠃     8 ᠰᠠᠷ᠎ᠠ ᠶᠢᠨ16 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠭᠤᠸᠠᠨ ᠹᠧᠩ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠬᠠᠤᠯᠢ ᠶᠢ ᠵᠥᠷᠢᠴᠡᠨ ᠭᠠᠵᠠᠷ ᠬᠡᠷᠡᠭᠯᠡᠬᠦ ᠵᠢᠴᠢ ᠲᠠᠷᠢᠶᠠᠨ ᠭᠠᠵᠠᠷ ᠢ ᠬᠠᠮᠠᠭᠠᠯᠠᠬᠤ ᠵᠡᠷᠭᠡ ᠭᠤᠣᠯᠳᠠᠯᠭ᠎ᠠ ᠲᠠᠢ ᠲᠦᠷᠤᠯ ᠵᠤᠶᠢᠯ ᠢ ᠱᠠᠯᠠᠪᠳᠠᠭᠤᠯᠤᠨ ᠪᠠᠶᠢᠴᠠᠭᠠᠵᠤ ᠵᠣᠯᠭᠠᠭᠤᠯᠬᠤ ᠬᠤᠷᠠᠯ ᠳᠤ ᠣᠷᠣᠯᠴᠠᠪᠠ᠃     8 ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠭᠤᠸᠠᠨ ᠹᠧᠩ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠠᠮᠢᠶ᠎ᠠ ᠪᠦᠬᠦᠢ ᠭᠤᠣᠯᠳᠠᠯᠭ᠎ᠠ ᠲᠠᠢ ᠠᠵᠢᠯ ᠢ ᠠᠬᠢᠭᠤᠯᠬᠤ ᠲᠤᠬᠠᠢ ᠰᠤᠳᠤᠯᠵᠠᠢ᠃     8 ᠰᠠᠷ᠎ᠠ ᠶᠢᠨ 19 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠭᠤᠸᠠᠨ ᠹᠧᠩ ᠪᠥᠬᠦ ᠣᠷᠣᠨ ᠤ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠠᠵᠢᠯ ᠤᠨ ᠸᠢᠳᠢᠤ᠋ ᠬᠤᠷᠠᠯ ᠳᠤ ᠣᠷᠣᠯᠴᠠᠪᠠ᠃     8 ᠰᠠᠷ᠎ᠠ ᠶᠢᠨ 19 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠭᠤᠸᠠᠨ ᠹᠧᠩ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠵᠠᠬᠢᠳᠠᠯ ᠰᠣᠷᠪᠤᠯᠵᠢᠯᠠᠯ ᠤᠨ  ᠬᠤᠯᠪᠤᠭᠠᠯᠠᠨ ᠳᠠᠭᠠᠭᠠᠴᠢᠯᠠᠭᠰᠠᠨ ᠬᠡᠷᠡᠭ ᠵᠢᠴᠢ 12345 ᠠᠵᠢᠯ ᠤᠨ ᠬᠠᠭᠤᠳᠠᠰᠤ ᠶᠢᠨ ᠤᠴᠢᠷ ᠶᠠᠪᠤᠳᠠᠯ ᠢ ᠰᠤᠳᠤᠯᠤᠨ ᠮᠠᠭᠠᠳᠯᠠᠵᠤ᠂ ᠬᠠᠮᠢᠶ᠎ᠠ ᠪᠦᠬᠦᠢ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠴᠠᠢ᠃     8 ᠰᠠᠷ᠎ᠠ ᠶᠢᠨ 23 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠭᠤᠸᠠᠨ ᠹᠧᠩ ᠠᠽᠢᠶ᠎ᠠ ᠲᠢᠪ ᠤᠨ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ ᠪᠠᠩᠬᠢ ᠶᠢᠨ ᠤᠯᠠᠭᠠᠨᠬᠤᠲᠠ ᠶᠢᠨ ᠲᠦᠷᠤᠯ ᠵᠤᠶᠢᠯ ᠢ ᠠᠬᠢᠭᠤᠯᠬᠤ ᠬᠤᠷᠠᠯ ᠳᠤ ᠣᠷᠣᠯᠴᠠᠵᠤ᠂ ᠲᠦᠷᠤᠯ ᠵᠤᠶᠢᠯ ᠤᠨ ᠬᠠᠮᠲᠤᠷᠠᠯᠴᠠᠭᠠᠨ ᠤ ᠤᠴᠢᠷ ᠶᠠᠪᠤᠳᠠᠯ ᠵᠡᠷᠭᠡ ᠪᠠᠶᠢᠳᠠᠯ ᠤᠨ ᠲᠠᠯ᠎ᠠ ᠪᠠᠷ ᠰᠠᠨᠠᠯ ᠢᠶᠠᠨ ᠰᠣᠯᠢᠯᠴᠠᠵᠤ ᠶᠠᠷᠢᠯᠴᠠᠪᠠ᠃     8 ᠰᠠᠷ᠎ᠠ ᠶᠢᠨ 24 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠭᠤᠸᠠᠨ ᠹᠧᠩ ᠠᠶᠢᠮᠠᠭ ᠤᠨ ᠲᠡᠳ᠋ ᠳᠠᠷᠤᠭ᠎ᠠ ᠾᠧ ᠸᠧᠢ ᠯᠢ ᠶᠢᠨ ᠲᠤᠰᠬᠠᠢ ᠰᠡᠳᠦᠪᠲᠦ ᠬᠤᠷᠠᠯ ᠳᠤ ᠣᠷᠣᠯᠴᠠᠵᠤ᠂ ᠵᠢᠦ ᠵᠧᠦ ᠲᠦᠩ ᠪᠦᠯᠦᠭᠯᠡᠯ ᠲᠠᠢ ᠬᠠᠮᠲᠤᠷᠠᠯᠴᠠᠬᠤ ᠲᠦᠷᠤᠯ ᠵᠤᠶᠢᠯ ᠤᠨ ᠬᠠᠮᠢᠶ᠎ᠠ ᠪᠦᠬᠦᠢ ᠤᠴᠢᠷ ᠶᠠᠪᠤᠳᠠᠯ ᠢ ᠰᠤᠳᠤᠯᠵᠠᠢ᠃     8 ᠰᠠᠷ᠎ᠠ ᠶᠢᠨ 26 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠳᠠ ᠶᠢᠨ ᠳᠡᠳ᠋ ᠳᠠᠷᠤᠭ᠎ᠠ ᠭᠤᠸᠠᠨ ᠹᠧᠩ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠤᠳᠤᠷᠢᠳᠬᠤ ᠪᠠᠭ ᠤᠨ ᠬᠠᠮᠲᠤ ᠶᠢᠨ ᠶᠠᠷᠢᠯᠴᠠᠬᠤ ᠬᠤᠷᠠᠯ ᠳᠤ ᠣᠷᠣᠯᠴᠠᠪᠠ᠃     8 ᠰᠠᠷ᠎ᠠ ᠶᠢᠨ 27 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠭᠤᠸᠠᠨ ᠹᠧᠩ ︽ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ ᠶᠢᠨ ᠠᠮᠢ ᠠᠬᠤᠢ ᠶᠢ ᠵᠠᠰᠠᠨ ᠰᠡᠷᠭᠦᠭᠡᠬᠦ ᠲᠦᠷᠤᠯ ᠵᠤᠶᠢᠯ︾ ᠤᠨ ᠠᠵᠢᠯ ᠡᠬᠢᠯᠡᠬᠦ ᠶᠣᠰᠣᠯᠠᠯ ᠳᠤ ᠣᠷᠣᠯᠴᠠᠪᠠ᠃     8 ᠰᠠᠷ᠎ᠠ ᠶᠢᠨ 30 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠭᠤᠸᠠᠨ ᠹᠧᠩ ᠬᠠᠮᠢᠶ᠎ᠠ ᠪᠦᠬᠦᠢ ᠵᠡᠭᠡᠯᠢ ᠶᠢᠨ ᠬᠡᠷᠡᠭ ᠡᠷᠬᠢᠯᠡᠬᠦ ᠭᠠᠵᠠᠷ ᠢᠶᠠᠷ ᠬᠦᠷᠴᠦ᠂ ᠲᠣᠭᠲᠠᠭᠠᠯ ᠠᠴᠠ ᠵᠥᠷᠢᠴᠡᠨ ᠪᠠᠷᠢᠭᠰᠠᠨ ᠪᠠᠷᠢᠯᠭ᠎ᠠ ᠶᠢ ᠢᠯᠭᠠᠷᠠᠭᠤᠯᠤᠨ ᠳᠢᠭᠯᠡᠬᠦ ᠠᠵᠢᠯ ᠢ ᠵᠤᠬᠢᠴᠠᠭᠤᠯᠵᠤ᠂ ᠬᠠᠮᠢᠶ᠎ᠠ ᠪᠦᠬᠦᠢ ᠲᠣᠭᠲᠠᠭᠠᠯ ᠠᠴᠠ ᠵᠥᠷᠢᠴᠡᠨ ᠪᠠᠷᠢᠭᠰᠠᠨ ᠪᠠᠷᠢᠯᠭ᠎ᠠ ᠶᠢ ᠲᠠᠲᠠᠪᠤᠷᠢᠯᠠᠨ ᠨᠤᠷᠠᠭᠠᠬᠤ ᠠᠵᠢᠯ ᠤᠨ ᠡᠷᠴᠢᠮ ᠢ ᠴᠢᠩᠭᠠᠷᠠᠭᠤᠯᠬᠤ ᠬᠡᠷᠡᠭᠲᠡᠢ ᠭᠡᠵᠦ ᠱᠠᠭᠠᠷᠳᠠᠵᠠᠢ᠃
 
ᠢᠷᠡᠯᠲᠡ᠄ ᠤᠯᠠᠭᠠᠨᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号