ᠬᠤᠲᠠ ᠶᠢᠨ ᠳᠡᠳ᠋ ᠳᠠᠷᠤᠭ᠎ᠠ ᠭᠤᠸᠠᠨ ᠹᠧᠩ ᠤᠨ 2023 ᠤᠨ ᠤ 9 ᠳ᠋ᠤᠭᠡᠷ ᠰᠠᠷ᠎ᠠ ᠶᠢᠨ ᠴᠢᠬᠤᠯᠠ ᠶᠠᠪᠤᠳᠠᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2023/12/14
   9 ᠰᠠᠷ᠎ᠠ ᠶᠢᠨ 1 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠭᠤᠸᠠᠨ ᠹᠧᠩ ᠴᠧᠩ ᠽᠧ ᠤᠰᠤᠨ ᠤ ᠶᠠᠪᠤᠳᠠᠯ ᠤᠨ ᠺᠣᠮᠫᠠᠨᠢ ᠪᠠᠷ ᠬᠦᠷᠴᠦ ᠨᠢᠭᠡᠳᠦᠭᠡᠷ ᠤᠰᠤᠨ ᠰᠤᠷᠪᠤᠯᠵᠢ ᠶᠢᠨ ᠭᠠᠵᠠᠷ ᠤᠨ ᠬᠠᠮᠠᠭᠠᠯᠠᠯᠲᠠ ᠶᠢᠨ ᠠᠵᠢᠯ ᠢ ᠲᠣᠬᠢᠷᠠᠭᠤᠯᠵᠤ᠂ ᠳᠠᠬᠢᠯᠲᠠ ᠤᠰᠤ ᠶᠢ ᠬᠤᠷᠢᠶᠠᠨ ᠠᠪᠴᠤ ᠠᠰᠢᠭᠯᠠᠬᠤ ᠠᠵᠢᠯ ᠢ ᠴᠢᠩᠭᠠᠳᠬᠠᠵᠤ᠂ ᠳᠠᠬᠢᠯᠲᠠ ᠤᠰᠤᠨ ᠤ ᠠᠰᠢᠭᠯᠠᠯᠲᠠ ᠶᠢᠨ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    9 ᠰᠠᠷ᠎ᠠ ᠶᠢᠨ 2 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠭᠤᠸᠠᠨ ᠹᠧᠩ ᠪᠠᠢ ᠯᠤ᠋ ᠪᠠᠭ᠎ᠠ ᠰᠤᠷᠭᠠᠭᠤᠯᠢ ᠶᠢᠨ ᠣᠶᠢᠷ᠎ᠠ ᠬᠠᠪᠢ ᠶᠢᠨ ᠭᠠᠵᠠᠷ ᠰᠢᠷᠤᠢ ᠶᠢ ᠬᠡᠷᠡᠭᠯᠡᠬᠦ ᠲᠥᠯᠦᠪᠵᠢᠭᠦᠯᠭᠡ ᠶᠢᠨ ᠪᠠᠶᠢᠳᠠᠯ ᠳᠤ ᠲᠣᠬᠢᠷᠠᠭᠤᠯᠤᠯᠲᠠ ᠬᠢᠭᠰᠡᠨ ᠪᠥᠭᠡᠳ ᠲᠣᠬᠢᠷᠠᠭᠤᠯᠤᠯᠲᠠ ᠬᠢᠬᠦ ᠴᠢᠬᠤᠯᠠᠲᠠᠢ ᠭᠠᠵᠠᠷ ᠰᠢᠷᠤᠢ ᠶᠢ ᠬᠡᠷᠡᠭᠯᠡᠬᠦ ᠭᠠᠵᠠᠷ ᠵᠢᠴᠢ ᠡᠷᠭᠢᠨ ᠲᠣᠭᠤᠷᠢᠨ ᠤ ᠭᠠᠵᠠᠷ ᠰᠢᠷᠤᠢ ᠶᠢ ᠬᠡᠷᠡᠭᠯᠡᠬᠦ ᠪᠠᠶᠢᠳᠠᠯ ᠳᠤ ᠴᠢᠭᠯᠡᠭᠦᠯᠦᠨ ᠪᠣᠳᠠᠲᠠᠢ ᠭᠠᠵᠠᠷ ᠲᠤᠨᠢ ᠪᠠᠶᠢᠴᠠᠭᠠᠯᠲᠠ ᠬᠢᠵᠠᠢ᠃    9 ᠰᠠᠷ᠎ᠠ ᠶᠢᠨ 5 ᠤ ᠡᠳᠦᠷ ᠠᠴᠠ 8 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠭᠤᠸᠠᠨ ᠹᠧᠩ ᠴᠠᠩᠴᠦ᠋ᠨ ᠬᠤᠲᠠ ᠶᠢᠨ ᠣᠶ ᠰᠢᠭᠤᠢ ᠪᠠ ᠴᠡᠴᠡᠷᠯᠢᠭ ᠤᠨ  ᠲᠤᠪᠴᠢᠶᠠᠨ ᠳᠠᠷᠤᠭ᠎ᠠ ᠰᠦᠨ ᠨᠢᠩ ᠨᠠᠷ ᠲᠠᠢ ᠬᠠᠮᠲᠤ ᠮᠠᠨ ᠤ ᠬᠤᠲᠠ ᠳᠤ ᠪᠠᠶᠢᠴᠠᠭᠠᠨ ᠰᠤᠳᠤᠯᠤᠯᠲᠠ ᠬᠢᠵᠦ᠂ ᠮᠠᠨ ᠤ ᠬᠤᠲᠠ ᠶᠢᠨ ᠠᠮᠢ ᠠᠬᠤᠢ ᠶᠢᠨ ᠴᠡᠴᠡᠷᠯᠢᠭ ᠤᠨ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ ᠵᠢᠴᠢ ᠠᠷᠠᠴᠢᠯᠠᠨ ᠬᠠᠮᠠᠭᠠᠯᠠᠵᠤ ᠪᠠᠶᠢᠭ᠎ᠠ ᠪᠠᠶᠢᠳᠠᠯ ᠵᠢᠴᠢ ᠰᠢᠨ᠎ᠡ ᠪᠠᠷ ᠪᠠᠶᠢᠭᠤᠯᠤᠭᠰᠠᠨ ᠵᠡᠭᠡᠯᠢ ᠭᠤᠳᠤᠮᠵᠢ ᠶᠢᠨ ᠵᠦᠯᠭᠡ ᠭᠠᠵᠠᠷ ᠤᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠵᠢᠴᠢ ᠠᠷᠠᠴᠢᠯᠠᠨ ᠬᠠᠮᠠᠭᠠᠯᠠᠵᠤ ᠪᠠᠶᠢᠭ᠎ᠠ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠨ ᠦᠵᠡᠭᠰᠡᠨ ᠪᠥᠭᠡᠳ ᠠᠮᠢ ᠠᠬᠤᠢ ᠶᠢᠨ ᠵᠦᠯᠭᠡ ᠭᠠᠵᠠᠷ ᠤᠨ ᠪᠦᠲᠦᠭᠡᠨ ᠪᠠᠶᠢᠭᠤᠯᠤᠯᠲᠠ ᠶᠢ ᠬᠡᠷᠬᠢᠨ ᠴᠢᠩᠭᠠᠳᠬᠠᠬᠤ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃    9 ᠰᠠᠷ᠎ᠠ ᠶᠢᠨ 8 ᠤ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠭᠤᠸᠠᠨ ᠹᠧᠩ ᠪᠥᠬᠦ ᠠᠶᠢᠮᠠᠭ ᠤᠨ ᠶᠡᠭᠡ ᠤᠯᠠᠭᠠᠨᠬᠤᠲᠠ ᠣᠷᠣᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠠᠷᠠᠯᠵᠢᠶᠠᠨ ᠤ ᠶᠡᠭᠡ ᠬᠤᠷᠠᠯ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃    9 ᠰᠠᠷ᠎ᠠ ᠶᠢᠨ 11 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠭᠤᠸᠠᠨ ᠹᠧᠩ ᠭᠠᠵᠠᠷ ᠰᠢᠷᠣᠢ ᠶᠢ ᠰᠢᠯᠵᠢᠭᠦᠯᠦᠨ ᠬᠤᠳᠠᠯᠳᠤᠬᠤ ᠮᠥᠩᠭᠦ ᠶᠢ ᠨᠡᠬᠡᠮᠵᠢᠯᠡᠨ ᠲᠤᠰᠢᠶᠠᠯᠭᠠᠬᠤ ᠵᠢᠴᠢ ᠭᠡᠷ ᠪᠠᠶᠢᠰᠢᠩ ᠭᠠᠵᠠᠷ ᠬᠥᠷᠥᠩᠭᠡ ᠶᠢᠨ ᠲᠦᠷᠤᠯ ᠵᠤᠶᠢᠯ ᠤᠨ ᠭᠠᠷ ᠭᠦᠢᠴᠡᠳᠬᠡᠯ ᠢ ᠭᠦᠢᠴᠡᠳᠬᠡᠬᠦ ᠠᠵᠢᠯ ᠢ ᠲᠣᠬᠢᠷᠠᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ  ᠡᠶᠡᠳᠡᠬᠦᠯᠤᠨ ᠵᠤᠬᠢᠴᠠᠭᠤᠯᠬᠤ ᠪᠠ ᠠᠵᠤ ᠠᠬᠤᠶᠢᠯᠠᠯ ᠤᠨ ᠭᠠᠵᠠᠷ ᠰᠢᠷᠣᠢ ᠶᠢ ᠰᠢᠯᠵᠢᠭᠦᠯᠦᠨ ᠬᠤᠳᠠᠯᠳᠤᠬᠤ ᠮᠥᠩᠭᠦ ᠶᠢ ᠨᠡᠬᠡᠮᠵᠢᠯᠡᠨ ᠲᠤᠰᠢᠶᠠᠯᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠡᠬᠡᠮᠵᠢᠯᠡᠨ ᠲᠤᠰᠢᠶᠠᠯᠭᠠᠬᠤ ᠠᠬᠢᠴᠠ ᠶᠢ ᠲᠦᠷᠭᠡᠳᠬᠡᠨ᠂ ᠰᠠᠯᠠᠭ᠎ᠠ ᠮᠥᠴᠢᠷ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠬᠠᠷᠠᠯᠲᠠ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃    9 ᠰᠠᠷ᠎ᠠ ᠶᠢᠨ 14 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠭᠤᠸᠠᠨ ᠹᠧᠩ ᠬᠠᠤᠯᠢ ᠠᠴᠠ ᠵᠥᠷᠢᠴᠡᠨ ᠭᠠᠵᠠᠷ ᠬᠡᠷᠡᠭᠯᠡᠭᠰᠡᠨ᠂ ᠲᠣᠭᠲᠠᠭᠠᠯ ᠠᠴᠠ ᠵᠥᠷᠢᠴᠡᠨ ᠪᠠᠷᠢᠭᠰᠠᠨ ᠪᠠᠷᠢᠯᠭ᠎ᠠ ᠶᠢ ᠢᠯᠭᠠᠷᠠᠭᠤᠯᠤᠨ ᠳᠢᠭᠯᠡᠭᠰᠡᠨ᠂ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠭᠡᠷ ᠪᠠᠶᠢᠰᠢᠩ ᠪᠠᠷᠢᠭᠰᠠᠨ ᠶᠠᠪᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠷᠢᠨ ᠨᠢᠮᠪᠠᠢ ᠲᠣᠬᠢᠷᠠᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠢ ᠲᠣᠭᠲᠠᠭᠰᠠᠨ ᠴᠠᠭ ᠬᠤᠭᠤᠴᠠᠭᠠᠨ ᠤ ᠳᠣᠲᠣᠷ᠎ᠠ ᠴᠡᠭᠴᠡᠯᠡᠨ ᠵᠠᠰᠠᠬᠤ ᠪᠠ ᠴᠡᠭᠴᠡᠯᠡᠨ ᠰᠠᠶᠢᠵᠢᠷᠠᠭᠤᠯᠬᠤ  ᠶᠢ ᠪᠡᠶᠡᠯᠡᠬᠦᠯᠬᠦ ᠬᠡᠷᠡᠭᠲᠡᠢ ᠭᠡᠵᠦ ᠱᠠᠭᠠᠷᠳᠠᠵᠠᠢ᠃    9 ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠭᠤᠸᠠᠨ ᠹᠧᠩ ᠭᠡᠷ ᠪᠠᠶᠢᠰᠢᠩ ᠭᠠᠵᠠᠷ ᠬᠥᠷᠥᠩᠭᠡ ᠶᠢᠨ ᠲᠦᠷᠤᠯ ᠵᠤᠶᠢᠯ ᠤᠨ ᠲᠤᠰᠬᠠᠢ ᠲᠣᠬᠢᠷᠠᠭᠤᠯᠤᠯᠲᠠ ᠶᠢᠨ ᠬᠤᠷᠠᠯ ᠳᠤ ᠣᠷᠣᠯᠴᠠᠵᠤ᠂ ᠬᠤᠷᠠᠯ ᠳᠡᠭᠡᠷ᠎ᠡ ᠮᠠᠨ ᠤ ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠵᠢᠴᠢ ᠭᠤᠣᠯᠳᠠᠯᠭ᠎ᠠ ᠲᠠᠢ ᠲᠦᠷᠤᠯ ᠵᠤᠶᠢᠯ ᠢ ᠠᠬᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠪᠡ᠃    9 ᠰᠠᠷ᠎ᠠ ᠶᠢᠨ 18 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠭᠤᠸᠠᠨ ᠹᠧᠩ ᠪᠥᠬᠦ ᠠᠶᠢᠮᠠᠭ ᠤᠨ ᠬᠤᠲᠠ ᠪᠠᠯᠭᠠᠰᠤᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ᠂  ᠴᠠᠭ   ᠲᠠᠭᠠᠨ ᠲᠤᠰᠢᠶᠠᠬᠤ ᠠᠰᠠᠷ ᠤᠨ ᠠᠵᠢᠯ ᠤᠨ ᠲᠤᠰᠬᠠᠢ ᠰᠡᠳᠦᠪᠲᠦ ᠬᠤᠷᠠᠯ ᠳᠤ ᠣᠷᠣᠯᠴᠠᠵᠤ᠂ ᠬᠤᠷᠠᠯ ᠳᠡᠭᠡᠷ᠎ᠡ ᠬᠠᠮᠢᠶ᠎ᠠ ᠪᠦᠬᠦᠢ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠪᠡ᠃    9 ᠰᠠᠷ᠎ᠠ ᠶᠢᠨ 21 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠭᠤᠸᠠᠨ ᠹᠧᠩ ᠪᠤᠭᠤᠲᠤ ᠬᠤᠲᠠ ᠪᠠᠷ ᠬᠦᠷᠴᠦ ᠪᠥᠬᠦ ᠣᠷᠣᠨ ᠤ ᠬᠤᠲᠠ ᠪᠠᠯᠭᠠᠰᠤᠨ ᠤ ᠬᠠᠭᠤᠴᠢᠨ  ᠪᠠᠭ᠎ᠠ ᠲᠣᠭᠤᠷᠢᠭ ᠢ ᠵᠠᠰᠠᠨ ᠰᠢᠨᠡᠳᠭᠡᠬᠦ ᠵᠢᠴᠢ ᠠᠳᠠᠯ ᠠᠬᠤᠢ ᠶᠢᠨ ᠬᠠᠮᠢᠶᠠᠷᠤᠯᠲᠠ ᠶᠢᠨ ᠠᠵᠢᠯ ᠤᠨ ᠲᠤᠬᠠᠢ ᠶᠢᠨ ᠲᠠᠯᠠᠪᠠᠢ ᠶᠢᠨ ᠬᠤᠷᠠᠯ ᠳᠤ ᠣᠷᠣᠯᠴᠠᠵᠤ᠂ ᠬᠤᠷᠠᠯ ᠳᠡᠭᠡᠷ᠎ᠡ ᠮᠠᠨ ᠤ ᠬᠤᠲᠠ ᠶᠢᠨ ᠬᠠᠭᠤᠴᠢᠨ ᠪᠠᠭ᠎ᠠ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢᠨ ᠠᠵᠢᠯ ᠤᠨ ᠲᠤᠷᠰᠢᠯᠭ᠎ᠠ ᠪᠠ ᠠᠷᠭ᠎ᠠ ᠬᠢᠳᠡᠯ ᠤᠨ ᠲᠤᠬᠠᠢ ᠬᠠᠷᠢᠭᠤ ᠮᠡᠳᠡᠭᠦᠯᠦᠯᠲᠡ ᠬᠢᠪᠡ᠃     9 ᠰᠠᠷ᠎ᠠ ᠶᠢᠨ 23 ᠤ ᠡᠳᠦᠷ ᠠᠴᠠ 24 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠭᠤᠸᠠᠨ ᠹᠧᠩ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ ᠮᠠᠨ ᠤ ᠬᠤᠲᠠ ᠶᠢᠨ ᠭᠤᠣᠯ ᠰᠡᠳᠦᠪᠲᠦ ᠬᠥᠮᠦᠵᠢᠯ ᠤᠨ ᠠᠩᠬᠠᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠳᠤ ᠣᠷᠣᠯᠴᠠᠵᠤ᠂ ︽ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠵᠤ᠂ ᠰᠤᠷᠤᠯᠴᠠᠯᠭ᠎ᠠ ᠪᠠᠷ ᠣᠶᠤᠨ ᠤᠬᠠᠭᠠᠨ ᠢ ᠨᠡᠮᠡᠭᠳᠡᠭᠦᠯᠵᠦ᠂ ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠵᠤ᠂ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ︾ ᠶᠢ ᠬᠡᠷᠬᠢᠨ ᠪᠡᠶᠡᠯᠡᠭᠦᠯᠬᠦ ᠲᠤᠬᠠᠢ ᠭᠦᠨᠵᠡᠭᠡᠢ ᠰᠤᠳᠤᠯᠤᠨ ᠶᠠᠷᠢᠯᠴᠠᠵᠤ ᠶᠠᠷᠢᠶ᠎ᠠ ᠲᠠᠯᠪᠢᠪᠠ᠃    9 ᠰᠠᠷ᠎ᠠ ᠶᠢᠨ 25 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠭᠤᠸᠠᠨ ᠹᠧᠩ ᠷᠠᠰᠢᠶᠠᠨ ᠬᠤᠲᠠ ᠪᠠᠷ ᠬᠦᠷᠴᠦ ᠪᠥᠬᠦ ᠠᠶᠢᠮᠠᠭ ᠤᠨ 2023 ᠣᠨ ᠤ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠲᠤᠬᠠᠢ ᠶᠢᠨ ᠲᠠᠯᠠᠪᠤᠷ ᠤᠨ ᠬᠤᠷᠠᠯ ᠳᠤ ᠣᠷᠣᠯᠴᠠᠪᠠ᠃    9 ᠰᠠᠷ᠎ᠠ ᠶᠢᠨ 27 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠭᠤᠸᠠᠨ ᠹᠧᠩ ᠬᠤᠲᠠ ᠶᠢᠨ ᠰᠢᠭᠦᠬᠦ ᠬᠤᠷᠢᠶᠠᠨ ᠳᠤ ᠬᠦᠷᠴᠦ ᠭᠡᠷ ᠪᠠᠶᠢᠰᠢᠩ ᠭᠠᠵᠠᠷ ᠬᠥᠷᠥᠩᠭᠡ ᠶᠢᠨ  ᠲᠦᠷᠤᠯ ᠵᠤᠶᠢᠯ ᠤᠨ ᠵᠠᠭᠠᠯᠳᠤᠯᠭ᠎ᠠ ᠪᠠᠨ ᠪᠤᠴᠠᠭᠠᠬᠤ ᠬᠠᠮᠢᠶ᠎ᠠ ᠪᠦᠬᠦᠢ ᠤᠴᠢᠷ ᠶᠠᠪᠤᠳᠠᠯ ᠢ ᠵᠣᠬᠢᠴᠠᠭᠤᠯᠤᠨ ᠵᠣᠯᠭᠠᠭᠤᠯᠪᠠ᠃
 
ᠢᠷᠡᠯᠲᠡ᠄ ᠤᠯᠠᠭᠠᠨᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号