ᠬᠤᠳᠠ ᠶᠢᠨ ᠲᠡᠳ᠋ ᠲᠠᠷᠤᠭ᠎ᠠ ᠯᠢ ᠶᠢᠩ ᠺᠦᠨ ᠤ 2023 ᠤᠨ ᠤ 7 ᠳ᠋ᠤᠭᠠᠷ ᠰᠠᠷ᠎ᠠ ᠶᠢᠨ ᠴᠢᠬᠤᠯᠠ ᠶᠠᠪᠤᠳᠠᠯ  ᠤᠨ ᠲᠡᠮᠳᠡᠭᠯᠡᠯ
ᠨᠡᠶᠢᠲᠡᠯᠡᠭᠰᠡᠨ ᠴᠠᠭ᠄
2023/12/14
    7 ᠰᠠᠷ᠎ᠠ ᠶᠢᠨ 1 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠠᠶᠢᠮᠠᠭ ᠤᠨ ᠪᠡᠶ᠎ᠡ ᠶᠢᠨ ᠲᠠᠮᠢᠷ ᠤᠨ ᠣᠷᠳᠣᠨ ᠢᠶᠠᠷ ᠬᠦᠷᠴᠦ ᠪᠥᠬᠦ ᠤᠯᠤᠰ ᠤᠨ ᠢᠳᠡᠷ ᠥᠲᠡᠯᠦᠭᠡ ᠨᠠᠰᠤᠨ ᠤ ᠰᠠᠭᠰᠤᠨ ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ ᠤ ᠪᠡᠯᠡᠳᠬᠡᠯ ᠠᠵᠢᠯ ᠤᠨ ᠲᠤᠬᠠᠢ ᠰᠤᠳᠤᠯᠵᠠᠢ᠃ ᠦᠳᠡ ᠶᠢᠨ ᠬᠤᠶᠢᠨ᠎ᠠ ᠨᠢ᠂ ᠪᠥᠬᠦ ᠠᠶᠢᠮᠠᠭ ᠤᠨ ᠰᠤᠮᠤ ᠰᠢᠶᠠᠩ ᠪᠠᠯᠭᠠᠰᠤᠨ ᠤ ᠵᠠᠰᠠᠭ ᠤᠨ ᠣᠷᠳᠣᠨ ᠤ ᠪᠠᠶᠢᠭ᠎ᠠ ᠭᠠᠵᠠᠷ ᠤᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠸᠢᠳᠢᠤ᠋ ᠬᠤᠷᠠᠯ ᠳᠤ ᠤᠷᠤᠯᠴᠠᠪᠠ᠃     7 ᠰᠠᠷ᠎ᠠ ᠶᠢᠨ 2 ᠤᠨ ᠡᠳᠦᠷ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠪᠠᠶᠢᠭᠤᠯᠭ᠎ᠠ ᠳᠤ ᠠᠵᠢᠯᠯᠠᠪᠠ᠃     7 ᠰᠠᠷ᠎ᠠ ᠶᠢᠨ 3 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠤ ᠣᠷᠣᠯᠴᠠᠪᠠ᠃ ᠦᠳᠡ ᠶᠢᠨ ᠬᠤᠶᠢᠨ᠎ᠠ ᠨᠢ᠂ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ  ᠢᠶᠠᠷ ᠬᠦᠷᠴᠦ ᠤᠯᠤᠰ ᠤᠨ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠶᠢᠨ ᠲᠤᠬᠠᠢ ᠶᠢᠨ ᠲᠠᠯᠠᠪᠤᠷ ᠤᠨ ᠬᠤᠷᠠᠯ ᠤᠨ ᠪᠡᠯᠡᠳᠬᠡᠯ ᠠᠵᠢᠯ ᠤᠨ ᠡᠶᠡᠳᠡᠬᠦᠯᠬᠦ ᠬᠤᠷᠠᠯ ᠳᠤ ᠤᠷᠤᠯᠴᠠᠪᠠ᠃  ᠪᠥᠬᠦ ᠠᠶᠢᠮᠠᠭ ᠤᠨ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠶᠢᠨ ᠲᠠᠯᠠᠪᠠᠶ ᠶᠢᠨ ᠦᠵᠡᠭᠦᠯᠭᠡ ᠶᠢᠨ ᠴᠤᠭᠯᠠᠭᠠᠨ ᠤ  ᠲᠤᠭᠯᠠᠯᠳᠠ ᠶᠢᠨ ᠪᠡᠯᠡᠳᠬᠡᠯ ᠠᠵᠢᠯ ᠤᠨ ᠲᠤᠬᠠᠢ ᠰᠤᠳᠤᠯᠵᠠᠢ᠃     7 ᠰᠠᠷ᠎ᠠ ᠶᠢᠨ 4 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠪᠥᠬᠦ ᠠᠶᠢᠮᠠᠭ ᠤᠨ ᠲᠠᠷᠢᠶᠠᠯᠠᠩ ᠤᠨ ᠲᠠᠯ᠎ᠠ ᠶᠢᠨ ᠠᠵᠢᠯ ᠤᠨ ᠲᠤᠬᠠᠢ ᠣᠳᠣᠬᠠᠨ ᠤ ᠭᠤᠣᠯᠳᠠᠯᠭ᠎ᠠ ᠲᠠᠢ ᠠᠵᠢᠯ ᠢ ᠵᠤᠬᠢᠴᠠᠭᠤᠯᠤᠨ ᠠᠬᠢᠭᠤᠯᠬᠤ ᠳᠤ ᠣᠷᠣᠯᠴᠠᠪᠠ᠃ ᠬᠢᠩᠭᠠᠨ ᠠᠶᠢᠮᠠᠭ ᠤᠨ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠳᠤ ᠣᠷᠣᠯᠴᠠᠪᠠ᠃ ᠦᠳᠡ ᠶᠢᠨ ᠬᠤᠶᠢᠨ᠎ᠠ ᠨᠢ ᠂ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠭᠡᠷ ᠪᠠᠶᠢᠰᠢᠩ ᠪᠠᠷᠢᠬᠤ ᠶᠢ ᠴᠡᠭᠴᠡᠯᠡᠨ ᠵᠠᠰᠠᠬᠤ ᠠᠵᠢᠯ ᠢ  ᠠᠬᠢᠭᠤᠯᠬᠤ ᠬᠤᠷᠠᠯ ᠳᠤ ᠣᠷᠣᠯᠴᠠᠪᠠ᠃     7 ᠰᠠᠷ᠎ᠠ ᠶᠢᠨ 5 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠬᠤᠯᠤᠰᠤᠳᠠᠢ ᠭᠠᠴᠠᠭ᠎ᠠ  ᠪᠠᠷ ᠬᠦᠷᠴᠦ ᠨᠠᠩᠭᠢ ᠡᠷᠳᠡᠨᠢ ᠰᠢᠰᠢ ᠪᠣᠯᠪᠠᠰᠤᠷᠠᠭᠤᠯᠬᠤ ᠦᠢᠯᠡᠳᠪᠦᠷᠢ ᠪᠣᠯᠣᠨ ᠱᠧᠨ ᠵᠢᠶᠦ᠋ᠨ ᠸᠠᠨ ᠤ ᠬᠦᠳᠡᠭᠡ ᠶᠢᠨ ᠪᠠᠭᠤᠴᠠ ᠶᠢ ᠪᠠᠶᠢᠴᠠᠭᠠᠨ ᠦᠵᠡᠪᠡ᠃ ᠦᠳᠡ ᠶᠢᠨ ᠬᠤᠶᠢᠨ᠎ᠠ ᠨᠢ᠂ ᠴᠦᠨ ᠡᠾᠧ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠠᠵᠢᠯ ᠢᠶᠠᠨ ᠵᠣᠯᠭᠠᠭᠤᠯᠤᠨ ᠶᠠᠷᠢᠯᠴᠠᠬᠤ ᠬᠤᠷᠠᠯ ᠬᠢᠪᠡ᠃ ᠢᠯᠠᠯᠳᠠ ᠪᠠᠯᠭᠠᠰᠤ   ᠪᠠᠷ ᠬᠦᠷᠴᠦ ᠦᠶᠡᠷ ᠢ ᠰᠡᠷᠭᠡᠶᠢᠯᠡᠬᠦ ᠠᠵᠢᠯ ᠤᠨ ᠪᠠᠶᠢᠳᠠᠯ ᠢ ᠱᠠᠯᠠᠪᠳᠠᠭᠤᠯᠤᠨ ᠵᠢᠯᠣᠭᠤᠳᠪᠠ᠃     7 ᠰᠠᠷ᠎ᠠ ᠶᠢᠨ 6 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠪᠥᠬᠦ ᠤᠯᠤᠰ ᠤᠨ ᠢᠳᠡᠷ ᠥᠲᠡᠯᠦᠭᠡ ᠨᠠᠰᠤᠨ ᠤ ᠰᠠᠭᠰᠤᠨ ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ ᠤ ᠡᠬᠢᠯᠡᠯᠳᠡ ᠶᠢᠨ ᠶᠣᠰᠣᠯᠠᠯ ᠳᠤ ᠣᠷᠣᠯᠴᠠᠪᠠ  ᠃  ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠳᠡᠯᠭᠡᠷᠡᠭᠦᠯᠦᠯᠲᠡ ᠶᠢᠨ ᠲᠥᠪ ᠤᠨ ᠡᠷᠬᠢᠯᠡᠭᠴᠢ ᠬᠤ᠋ ᠶᠢᠤ ᠯᠢᠨ ᠳᠤ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ ᠦᠳᠡ ᠶᠢᠨ ᠬᠤᠶᠢᠨ᠎ᠠ ᠨᠢ᠂ ᠭᠡᠭᠡᠨᠰᠦ᠋ᠮ᠎ᠠ ᠪᠠᠯᠭᠠᠰᠤ ᠪᠠᠷ ᠬᠦᠷᠴᠦ ᠡᠷᠳᠡᠨᠢ ᠰᠢᠰᠢ ᠪᠣᠯᠪᠠᠰᠤᠷᠠᠭᠤᠯᠬᠤ ᠦᠢᠯᠡᠳᠪᠦᠷᠢ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ ᠶᠢ ᠪᠠᠶᠢᠴᠠᠭᠠᠨ ᠦᠵᠡᠪᠡ᠃     7 ᠰᠠᠷ᠎ᠠ ᠶᠢᠨ 7 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ᠂ ᠵᠢᠭᠤᠯᠴᠢᠯᠠᠯ ᠤᠨ ᠠᠭᠤᠰᠤᠯᠴᠠᠯ ᠤᠨ ᠵᠢᠱᠢᠶ᠎ᠡ ᠦᠵᠡᠭᠦᠯᠬᠦ ᠲᠤᠭᠤᠷᠢᠭ ᠤᠨ ᠠᠳᠠᠯᠢᠳᠬᠠᠨ ᠰᠢᠯᠭᠠᠷᠠᠭᠤᠯᠬᠤ ᠠᠵᠢᠯ ᠤᠨ ᠵᠣᠬᠢᠴᠠᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ  ᠪᠠᠷ ᠬᠦᠷᠴᠦ ᠪᠥᠬᠦ ᠣᠷᠣᠨ ᠤ ᠦᠶᠡᠷ ᠢ ᠰᠡᠷᠭᠡᠶᠢᠯᠡᠬᠦ ᠠᠵᠢᠯ ᠤᠨ ᠸᠢᠳᠢᠤ᠋ ᠬᠤᠷᠠᠯ ᠳᠤ ᠤᠷᠤᠯᠴᠠᠪᠠ᠃ ᠦᠳᠡ ᠶᠢᠨ ᠬᠤᠶᠢᠨ᠎ᠠ ᠨᠢ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠪᠠᠷ ᠬᠦᠷᠴᠦ ᠪᠥᠬᠦ ᠣᠷᠣᠨ ᠤ ᠦᠶᠡᠷ ᠢ ᠰᠡᠷᠭᠡᠶᠢᠯᠡᠬᠦ ᠠᠵᠢᠯ ᠤᠨ  ᠸᠢᠳᠢᠤ᠋ ᠬᠤᠷᠠᠯ ᠳᠤ ᠤᠷᠤᠯᠴᠠᠪᠠ᠃ ᠪᠥᠬᠦ ᠬᠤᠲᠠ ᠶᠢᠨ ᠦᠶᠡᠷ ᠢ ᠰᠡᠷᠭᠡᠶᠢᠯᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠳᠤ ᠣᠷᠣᠯᠴᠠᠪᠠ᠃     7 ᠰᠠᠷ᠎ᠠ ᠶᠢᠨ 8  ᠤ ᠦᠳᠡ ᠶᠢᠨ ᠡᠮᠦᠨ᠎ᠡ᠂ ᠬᠤᠳᠠ ᠶᠢᠨ ᠳᠡᠳ᠋ ᠳᠠᠷᠤᠭ᠎ᠠ ᠯᠢ ᠶᠢᠩ ᠺᠦᠨ ᠰᠠᠨ ᠡᠾᠧ ᠲᠣᠰᠬᠤᠨ  ᠢᠶᠠᠷ ᠬᠦᠷᠴᠦ ᠲᠤᠬᠠᠢ ᠶᠢᠨ ᠲᠠᠯᠠᠪᠠᠢ ᠳᠤ ᠠᠵᠢᠯᠯᠠᠪᠠ᠃  ᠦᠳᠡ ᠶᠢᠨ ᠬᠤᠶᠢᠨ᠎ᠠ ᠨᠢ᠂ ᠬᠤᠲᠠ ᠶᠢᠨ ᠨᠠᠮ ᠤᠨ ᠬᠤᠷᠢᠶᠠᠨ ᠤ ᠭᠤᠣᠯ ᠤᠳᠤᠷᠢᠳᠤᠯᠭ᠎ᠠ ᠳᠤ ᠪᠠᠷ᠎ᠠ ᠪᠣᠯᠵᠤ ᠪᠠᠶᠢᠴᠠᠭᠠᠨ ᠰᠤᠳᠤᠯᠤᠯᠳᠠ ᠬᠢᠵᠠᠢ᠃  ᠲᠤᠰ ᠣᠷᠣᠢ ᠨᠢ ᠦᠶᠡᠷ ᠢ ᠰᠡᠷᠭᠡᠶᠢᠯᠡᠬᠦ ᠭᠠᠵᠠᠷ ᠵᠢᠵᠢᠬᠦᠷᠯᠡᠵᠠᠢ᠃     7 ᠰᠠᠷ᠎ᠠ ᠶᠢᠨ 9 ᠤ ᠡᠳᠦᠷ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠣᠷᠣᠨ ᠰᠠᠭᠤᠴᠠ ᠶᠢᠨ  ᠭᠠᠵᠠᠷ ᠤᠨ ᠲᠦᠷᠢᠮ ᠤᠨ  ᠦᠭᠡᠷᠡᠴᠢᠯᠡᠯᠳᠡ ᠶᠢᠨ  ᠲᠤᠬᠠᠢ ᠶᠢᠨ ᠲᠠᠯᠠᠪᠠᠢ ᠶᠢᠨ ᠪᠡᠯᠡᠳᠬᠡᠯ ᠠᠵᠢᠯ ᠤᠨ ᠲᠤᠬᠠᠢ ᠰᠤᠳᠤᠯᠵᠠᠢ᠃     7 ᠰᠠᠷ᠎ᠠ ᠶᠢᠨ 10 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠦᠶᠡᠷ ᠢ ᠰᠡᠷᠭᠡᠶᠢᠯᠡᠬᠦ ᠠᠵᠢᠯ ᠢ ᠵᠤᠬᠢᠴᠠᠭᠤᠯᠪᠠ᠃  ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃ ᠦᠳᠡ ᠶᠢᠨ ᠬᠤᠶᠢᠨ᠎ᠠ ᠨᠢ᠂ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠵᠢᠱᠢᠶ᠎ᠡ ᠦᠵᠡᠭᠦᠯᠬᠦ ᠲᠣᠭᠤᠷᠢᠭ ᠤᠨ ᠰᠢᠯᠭᠠᠨ ᠠᠪᠬᠤ ᠳᠤᠭᠤᠶᠢᠯᠠᠩ ᠳᠤ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠵᠡᠢ᠃      7 ᠰᠠᠷ᠎ᠠ ᠶᠢᠨ 11 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠤᠷᠢᠳᠴᠢᠯᠠᠨ ᠬᠢᠬᠦ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠵᠣᠬᠢᠴᠠᠭᠤᠯᠬᠤ ᠬᠤᠷᠠᠯ ᠳᠤ ᠣᠷᠣᠯᠴᠠᠪᠠ᠃ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠳᠤ ᠪᠠᠷ᠎ᠠ ᠪᠣᠯᠵᠤ ᠣᠷᠣᠨ ᠰᠠᠭᠤᠴᠠ ᠶᠢᠨ ᠭᠠᠵᠠᠷ ᠤᠨ ᠥᠭᠡᠷᠡᠴᠢᠯᠡᠯᠲᠡ ᠶᠢᠨ ᠲᠤᠬᠠᠢ ᠶᠢᠨ ᠲᠠᠯᠠᠪᠠᠢ ᠶᠢᠨ ᠦᠵᠡᠬᠦᠯᠭᠡ ᠶᠢᠨ ᠴᠡᠭ ᠲᠤ ᠪᠠᠶᠢᠴᠠᠭᠠᠨ ᠰᠤᠳᠤᠯᠤᠯᠳᠠ ᠬᠢᠵᠠᠢ᠃ ᠦᠳᠡ ᠶᠢᠨ ᠬᠤᠶᠢᠨ᠎ᠠ ᠨᠢ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠢᠶᠠᠷ ᠬᠦᠷᠴᠦ ᠲᠦᠷᠤᠯ ᠵᠤᠶᠢᠯ   ᠢ ᠵᠣᠯᠭᠠᠭᠤᠯᠪᠡ᠃      7 ᠰᠠᠷ᠎ᠠ ᠶᠢᠨ 12 ᠤᠨ ᠡᠳᠦᠷ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠵᠠᠬᠢᠳᠠᠯ ᠰᠣᠷᠪᠤᠯᠵᠢᠯᠠᠯ ᠤᠨ  ᠲᠤᠪᠴᠢᠶ᠎ᠠ ᠳᠤ ᠬᠦᠷᠴᠤ ᠵᠢᠵᠢᠬᠦᠷᠯᠡᠪᠡ᠃      7 ᠰᠠᠷ᠎ᠠ ᠶᠢᠨ 13 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠭᠡᠭᠡᠨᠳᠡᠯ᠎ᠠ ᠰᠠᠭᠠᠯᠢ ᠶᠢᠨ ᠦᠨᠢᠶ᠎ᠡ ᠶᠢᠨ ᠮᠠᠯᠵᠢᠯ ᠤᠨ ᠲᠠᠯᠠᠪᠠᠶ ᠳᠤ ᠠᠯᠪᠠᠯᠠᠵᠤ ᠠᠮᠢᠳᠤᠷᠠᠯ ᠤᠨ ᠲᠣᠭᠤᠷᠢᠭ ᠤᠨ ᠨᠡᠬᠦᠳᠡᠯ ᠠᠷᠠᠳ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠵᠣᠬᠢᠴᠠᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠴᠦᠨ ᠡᠾᠧ ︵ᠭᠤᠸᠠᠩᠳᠦ᠋ᠩ︶   ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ  ᠶᠢᠨ ᠬᠠᠮᠢᠶ᠎ᠠ ᠪᠦᠬᠦᠢ ᠬᠦᠮᠤᠰ ᠲᠤ ᠪᠠᠷ᠎ᠠ ᠪᠣᠯᠵᠤ ᠰᠢᠨᠵᠢᠯᠡᠨ ᠪᠠᠶᠢᠴᠠᠭᠠᠬᠤ ᠲᠦᠷᠦᠯ ᠵᠦᠢᠯ ᠤᠨ ᠭᠠᠵᠠᠷ ᠰᠣᠩᠭᠤᠪᠠ᠃ ᠦᠳᠡ ᠶᠢᠨ ᠬᠤᠶᠢᠨ᠎ᠠ ᠨᠢ ᠂ ᠭᠡᠭᠡᠨᠰᠦ᠋ᠮ᠎ᠠ ᠪᠠᠯᠭᠠᠰᠤ ᠪᠠᠷ ᠬᠦᠷᠴᠦ ᠲᠤᠬᠠᠢ ᠶᠢᠨ ᠲᠠᠯᠠᠪᠠᠢ ᠳᠤ ᠠᠯᠪᠠᠯᠠᠵᠤ ᠨᠡᠷᠡᠳᠦ ᠠᠳᠤᠭᠤᠨ ᠤ ᠮᠦᠽᠧᠢ᠂  ᠭᠡᠭᠡᠨᠰᠦ᠋ᠮ᠎ᠠ ᠶᠢᠨ ᠡᠮᠦᠨᠡᠬᠢ ᠠᠮᠲᠠᠲᠤ ᠢᠳᠡᠭᠡᠨ ᠤ ᠵᠡᠭᠡᠯᠢ ᠵᠡᠷᠭᠡ ᠲᠦᠷᠦᠯ ᠵᠦᠢᠯ ᠤᠨ ᠲᠤᠬᠠᠢ ᠪᠠᠶᠢᠴᠠᠭᠠᠨ ᠰᠤᠳᠤᠯᠪᠠ᠃      7 ᠰᠠᠷ᠎ᠠ ᠶᠢᠨ 14 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ ᠢᠶᠠᠷ ᠬᠦᠷᠴᠦ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠶᠢᠨ ᠲᠤᠬᠠᠢ ᠶᠢᠨ ᠲᠠᠯᠠᠪᠠᠢ ᠶᠢᠨ ᠪᠡᠯᠡᠳᠭᠡᠯ ᠠᠵᠢᠯ ᠤᠨ ᠲᠤᠬᠠᠢ ᠰᠤᠳᠤᠯᠵᠠᠢ᠃  ᠦᠳᠡ ᠶᠢᠨ ᠬᠤᠶᠢᠨ᠎ᠠ  ᠨᠢ᠂ ᠬᠢᠨᠠᠨ ᠰᠢᠯᠭᠠᠬᠤ ᠶᠠᠷᠢᠯᠴᠠᠭ᠎ᠠ ᠳᠤ ᠣᠷᠣᠯᠴᠠᠵᠠᠢ᠃ ᠡᠯ᠎ᠡ ᠪᠠᠯᠭᠠᠰᠤ ︵ᠬᠦᠷᠢᠶᠡᠯᠡᠩ ᠲᠣᠭᠤᠷᠢᠭ︶ ᠶᠢᠨ ᠦᠶᠡᠷ ᠢ ᠰᠡᠷᠭᠡᠶᠢᠯᠡᠬᠦ ᠠᠵᠢᠯ ᠢ  ᠵᠤᠬᠢᠴᠠᠭᠤᠯᠵᠠᠢ᠃      7 ᠰᠠᠷ᠎ᠠ ᠶᠢᠨ 15 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠬᠤᠲᠠ ᠶᠢᠨ ᠨᠠᠮ ᠤᠨ ᠬᠤᠷᠢᠶᠠᠨ ᠤ ᠭᠤᠣᠯ ᠤᠳᠤᠷᠢᠳᠤᠯᠭ᠎ᠠ ᠳᠤ ᠪᠠᠷ᠎ᠠ ᠪᠣᠯᠵᠤ ᠦᠶᠡᠷ ᠢ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠪᠠ᠃ ᠼᠤᠤ ᠳ᠋ᠦ᠋ ᠪᠦᠯᠦᠭᠯᠡᠯ ᠲᠠᠢ ᠶᠠᠷᠢᠯᠴᠠᠬᠤ ᠬᠤᠷᠠᠯ ᠳᠤ ᠣᠷᠣᠯᠴᠠᠪᠠ᠃ ᠪᠠᠭ᠎ᠠ ᠵᠢᠷᠭᠤᠳᠤᠭᠠᠷ ᠪᠠᠷᠢᠭᠠᠳᠠ᠂ ᠨᠤᠭᠤ ᠭᠠᠵᠠᠷ ᠤᠨ ᠴᠡᠴᠡᠷᠯᠢᠭ ᠢᠶᠠᠷ ᠬᠦᠷᠴᠦ ᠦᠶᠡᠷ ᠤᠨ ᠪᠠᠶᠢᠳᠠᠯ ᠢ ᠪᠠᠶᠢᠴᠠᠭᠠᠨ ᠦᠵᠡᠪᠡ᠃ ᠦᠳᠡ ᠶᠢᠨ ᠬᠤᠶᠢᠨ᠎ᠠ ᠨᠢ  ᠬᠤᠩ ᠯᠢᠶᠠᠨ ᠨᠠᠢᠮᠠᠳᠤᠭᠠᠷ ᠪᠠᠷᠢᠭᠠᠳᠠ ᠪᠠᠷ ᠬᠦᠷᠴᠦ ᠦᠶᠡᠷ ᠲᠤ ᠬᠠᠰᠢᠭᠳᠠᠭᠰᠠᠨ ᠤᠯᠠᠨ ᠲᠦᠮᠡᠨ ᠢ ᠠᠪᠤᠷᠠᠬᠤ ᠠᠵᠢᠯ ᠢ ᠵᠣᠬᠢᠶᠠᠨ ᠪᠠᠶᠢᠭᠤᠯᠪᠠ᠃ ᠭᠡᠭᠡᠨᠰᠦ᠋ᠮ᠎ᠠ ᠪᠠᠯᠭᠠᠰᠤᠨ ᠤ ᠬᠠᠳᠠᠨ ᠠᠷᠤ᠂ ᠬᠤᠳᠠᠨ ᠠᠶᠢᠯ ᠢᠶᠠᠷ ᠬᠦᠷᠴᠦ ᠦᠶᠡᠷ ᠢ ᠰᠡᠷᠭᠡᠶᠢᠯᠡᠬᠦ ᠠᠵᠢᠯ ᠢ ᠵᠤᠬᠢᠴᠠᠭᠤᠯᠪᠠ᠃     7 ᠰᠠᠷ᠎ᠠ ᠶᠢᠨ 16 ᠤ ᠡᠳᠦᠷ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠭᠤᠤ ᠶᠢᠨ ᠠᠵᠢᠯ᠂ ᠰᠠᠨ ᠾᠧ ᠲᠣᠰᠬᠤᠨ ᠢᠶᠠᠷ ᠬᠦᠷᠴᠦ ᠭᠤᠣᠯᠳᠠᠯᠭ᠎ᠠ ᠲᠠᠢ ᠵᠢᠭᠤᠯᠴᠢᠯᠠᠯ ᠤᠨ ᠲᠥᠷᠥᠯ ᠵᠦᠢᠯ ᠢ ᠰᠤᠳᠤᠯᠤᠨ ᠠᠬᠢᠭᠤᠯᠪᠠ᠃     7 ᠰᠠᠷ᠎ᠠ ᠶᠢᠨ 17 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠠᠶᠢᠮᠠᠭ ᠤᠨ ᠲᠠᠰ ᠤᠨ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠲᠤ ᠪᠠᠷ᠎ᠠ ᠪᠣᠯᠵᠤ ᠪᠠᠶᠢᠴᠠᠭᠠᠨ ᠰᠤᠳᠤᠯᠤᠯᠳᠠ ᠬᠢᠵᠠᠢ᠃ ᠦᠳᠡ ᠶᠢᠨ ᠬᠤᠶᠢᠨ᠎ᠠ  ᠨᠢ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠬᠤ ᠬᠤᠷᠠᠯ ᠳᠤ ᠣᠷᠣᠯᠴᠠᠪᠠ᠃     7 ᠰᠠᠷ᠎ᠠ ᠶᠢᠨ 18 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠬᠦᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ᠤ ᠭᠤᠣᠯᠳᠠᠯᠭ᠎ᠠ ᠲᠠᠢ ᠠᠵᠢᠯ ᠤᠨ ᠲᠤᠬᠠᠢ ᠶᠢᠨ ᠲᠠᠯᠠᠪᠠᠢ ᠶᠢᠨ ᠬᠤᠷᠠᠯ ᠤᠨ ᠦᠵᠡᠬᠦᠯᠭᠡ  ᠶᠢᠨ ᠴᠡᠭ ᠢ ᠪᠠᠶᠢᠴᠠᠭᠠᠨ ᠦᠵᠠᠵᠠᠢ᠃ ᠬᠤᠲᠠ ᠶᠢᠨ ᠬᠤᠪᠢᠶᠠᠷᠢ ᠲᠠᠯᠠᠪᠠᠶ ᠳᠤ ᠠᠶᠢᠮᠠᠭ ᠤᠨ ᠨᠠᠮ ᠤᠨ ᠬᠤᠷᠢᠶ᠎ᠠ ᠶᠢᠨ ᠥᠷᠭᠡᠳᠬᠡᠭᠰᠡᠨ ᠬᠤᠷᠠᠯ ᠳᠤ ᠣᠷᠣᠯᠴᠠᠵᠠᠢ᠃ ᠦᠳᠡ ᠶᠢᠨ ᠬᠤᠶᠢᠨ᠎ᠠ ᠨᠢ᠂ ᠬᠤᠳᠠ ᠶᠢᠨ ᠨᠠᠮ ᠤᠨ ᠬᠤᠷᠢᠶᠠᠨ ᠤ ᠲᠤᠰᠬᠠᠢ ᠰᠡᠳᠦᠪᠲᠦ ᠬᠤᠷᠠᠯ ᠳᠤ ᠣᠷᠣᠯᠴᠠᠵᠠᠢ᠃ ᠵᠠᠬᠢᠳᠠᠯ ᠰᠣᠷᠪᠤᠯᠵᠢᠯᠠᠯ ᠤᠨ ᠲᠣᠪᠴᠢᠶ᠎ᠠ ᠳᠤ ᠬᠦᠷᠴᠤ ᠠᠵᠢᠯᠯᠠᠵᠠᠢ᠃      7 ᠰᠠᠷ᠎ᠠ ᠶᠢᠨ 19 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠪᠡᠯᠴᠢᠭᠡᠷ ᠤᠨ ᠮᠠᠯ ᠠᠵᠤ ᠠᠬᠤᠢ ᠶᠢᠨ ᠬᠦᠷᠢᠶᠡᠯᠡᠩ ᠲᠣᠭᠤᠷᠢᠭ ᠤᠨ ᠲᠥᠷᠥᠯ ᠵᠦᠢᠯ ᠳᠤ ᠭᠠᠵᠠᠷ ᠬᠡᠷᠡᠭᠯᠡᠬᠦ ᠠᠵᠢᠯ ᠢ ᠵᠣᠬᠢᠴᠠᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠪᠥᠬᠦ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠪᠠ ᠵᠢᠷᠭᠤᠳᠤᠭᠠᠷ ᠬᠤᠭᠤᠴᠠᠭᠠᠨ ᠤ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠵᠢᠴᠢ ᠤᠨᠴᠠᠭᠠᠢ ᠣᠯᠢᠮᠫᠢᠺ ᠤᠨ ᠲᠠᠮᠢᠷ ᠤᠨ ᠴᠤᠭᠯᠠᠭᠠᠨ ᠤ ᠬᠢᠩᠭᠠᠨ ᠠᠶᠢᠮᠠᠭ ᠲᠠᠬᠢ ᠭᠠᠯ ᠪᠠᠮᠪᠠᠷ ᠳᠠᠮᠵᠢᠭᠤᠯᠬᠤ ᠠᠵᠢᠯ ᠢ ᠵᠤᠬᠢᠴᠠᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ᠃ ᠭᠤᠤ ᠶᠢᠨ ᠠᠶᠢᠯ ᠢᠶᠠᠷ ᠬᠦᠷᠴᠦ ᠲᠤᠬᠠᠢ ᠶᠢᠨ ᠲᠠᠯᠠᠪᠠᠢ ᠳᠤ ᠠᠵᠢᠯᠯᠠᠪᠡ᠃ ᠦᠳᠡ ᠶᠢᠨ ᠬᠤᠶᠢᠨ᠎ᠠ ᠨᠢ᠂ ᠵᠠᠬᠢᠳᠠᠯ ᠰᠣᠷᠪᠤᠯᠵᠢᠯᠠᠯ ᠤᠨ ᠬᠠᠮᠲᠤᠷᠠᠭᠰᠠᠨ ᠬᠤᠷᠠᠯ ᠳᠤ ᠣᠷᠣᠯᠴᠠᠪᠡ᠃ ᠪᠠᠭ᠎ᠠ ᠵᠢᠷᠭᠤᠳᠤᠭᠠᠷ ᠪᠠᠷᠢᠭᠠᠳᠠ᠂ ᠨᠤᠭᠤ ᠭᠠᠵᠠᠷ ᠤᠨ ᠴᠡᠴᠡᠷᠯᠢᠭ ᠢᠶᠠᠷ ᠬᠦᠷᠴᠤ ᠲᠤᠬᠠᠢ ᠶᠢᠨ ᠲᠠᠯᠠᠪᠠᠢ ᠳᠤ ᠠᠵᠢᠯᠯᠠᠵᠠᠢ᠃     7 ᠰᠠᠷ᠎ᠠ ᠶᠢᠨ 20 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠠᠶᠢᠮᠠᠭ ᠤᠨ ᠨᠠᠮ ᠤᠨ ᠬᠤᠷᠢᠶᠠᠨ ᠤ ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠵᠣᠯᠭᠠᠭᠤᠯᠬᠤ ᠠᠵᠢᠯ ᠤᠨ ᠬᠤᠷᠠᠯ ᠬᠤᠷᠠᠯᠳᠤᠭᠤᠯᠵᠠᠢ᠃ ᠦᠳᠡ ᠶᠢᠨ ᠬᠤᠶᠢᠨ᠎ᠠ ᠨᠢ᠂ ᠣᠷᠣᠨ ᠰᠠᠭᠤᠴᠠ ᠶᠢᠨ ᠭᠠᠵᠠᠷ ᠤᠨ ᠲᠦᠷᠢᠮ ᠤᠨ ᠥᠭᠡᠷᠡᠴᠢᠯᠡᠯᠲᠡ ᠶᠢᠨ ᠲᠤᠬᠠᠢ ᠶᠢᠨ ᠲᠠᠯᠠᠪᠠᠢ ᠶᠢᠨ ᠪᠡᠯᠡᠳᠭᠡᠯ ᠠᠵᠢᠯ ᠤᠨ ᠲᠤᠬᠠᠢ ᠰᠤᠳᠤᠯᠵᠠᠢ᠃ ᠭᠡᠭᠡᠨᠰᠦ᠋ᠮ᠎ᠠ ᠪᠠᠯᠭᠠᠰᠤ  ᠪᠠᠷ ᠬᠦᠷᠴᠦ ᠠᠮᠲᠠᠲᠤ ᠢᠳᠡᠭᠡᠨ ᠤ ᠵᠡᠭᠡᠯᠢ᠂ ᠨᠡᠷᠡᠳᠦ ᠠᠳᠤᠭᠤᠨ ᠤ ᠮᠦᠽᠧᠢ᠂ ᠲᠥᠬᠦᠭᠡᠷᠦᠮᠵᠢᠲᠦ ᠲᠠᠷᠢᠶᠠᠯᠠᠩ ᠤᠨ ᠬᠦᠷᠢᠶᠡᠯᠡᠩ ᠲᠣᠭᠤᠷᠢᠭ ᠵᠡᠷᠭᠡ ᠲᠦᠷᠦᠯ ᠵᠦᠢᠯ ᠤᠨ ᠠᠬᠢᠴᠠ ᠶᠢ ᠪᠠᠶᠢᠴᠠᠭᠠᠨ ᠦᠵᠡᠪᠡ᠃     7 ᠰᠠᠷ᠎ᠠ ᠶᠢᠨ 21 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠪᠠ ᠵᠢᠷᠭᠤᠳᠤᠭᠠᠷ ᠬᠤᠭᠤᠴᠠᠭᠠᠨ ᠤ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠵᠢᠴᠢ ᠣᠨᠴᠠᠭᠠᠶ ᠣᠯᠢᠮᠫᠢᠺ ᠤᠨ ᠲᠠᠮᠢᠷ ᠤᠨ ᠴᠤᠭᠯᠠᠭᠠᠨ ᠤ ᠬᠢᠩᠭᠠᠨ ᠠᠶᠢᠮᠠᠭ ᠲᠠᠬᠢ ᠭᠠᠯ ᠪᠠᠮᠪᠠᠷ ᠲᠠᠮᠵᠢᠭᠤᠯᠬᠤ ᠶᠤᠰᠤᠯᠠᠯ ᠶᠠᠪᠤᠭᠤᠯᠪᠠ᠃ ᠦᠳᠡ ᠶᠢᠨ ᠬᠤᠶᠢᠨ᠎ᠠ ᠨᠢ᠂ ᠭᠡᠭᠡᠨᠰᠦ᠋ᠮ᠎ᠠ ᠪᠠᠯᠭᠠᠰᠤ᠂ ᠨᠤᠭᠤ ᠭᠠᠵᠠᠷ ᠤᠨ ᠴᠡᠴᠡᠷᠯᠢᠭ ᠢᠶᠠᠷ ᠬᠦᠷᠴᠦ ᠲᠤᠬᠠᠢ ᠶᠢᠨ ᠲᠠᠯᠠᠪᠠᠢ ᠳᠤ ᠠᠵᠢᠯᠯᠠᠵᠠᠢ᠃     7 ᠰᠠᠷ᠎ᠠ ᠶᠢᠨ 22 ᠤᠨ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠰᠡᠷᠭᠡᠨ ᠣᠲᠣ ᠦᠶ᠎ᠡ ᠶᠢᠨ ᠲᠠᠷᠢᠶᠠᠯᠠᠩ ᠤᠨ ᠲᠣᠭᠤᠷᠢᠭ ᠢᠶᠠᠷ ᠬᠦᠷᠴᠦ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠪᠠᠶᠢᠳᠠᠯ ᠢ ᠪᠠᠶᠢᠴᠠᠭᠠᠨ ᠦᠵᠡᠵᠦ᠂ ᠠᠵᠤ ᠦᠢᠯᠡᠰ ᠤᠨ ᠲᠥᠷᠥᠯ ᠵᠦᠢᠯ ᠢ ᠰᠤᠳᠤᠯᠤᠨ ᠰᠦᠪᠡᠭᠴᠢᠯᠡᠪᠡ᠃ ᠦᠳᠡ ᠶᠢᠨ ᠬᠤᠶᠢᠨ᠎ᠠ ᠨᠢ᠂ ᠤᠯᠤᠰ ᠤᠨ ᠣᠶ ᠰᠢᠭᠤᠢ ᠨᠤᠳᠤᠭ ᠪᠡᠯᠴᠢᠭᠡᠷ ᠤᠨ ᠲᠣᠪᠴᠢᠶ᠎ᠠ ᠶᠢᠨ ᠥᠪᠥᠷ ᠮᠣᠩᠭᠤᠯ ᠳᠤ ᠰᠠᠭᠤᠭ᠎ᠠ ᠲᠤᠰᠬᠠᠢ ᠲᠤᠰᠢᠶᠠᠯᠲᠠᠨ ᠤ ᠠᠯᠪᠠᠨ ᠭᠡᠷ ᠤᠨ ᠬᠦᠮᠤᠰ ᠲᠤ ᠪᠠᠷ᠎ᠠ ᠪᠣᠯᠵᠤ ᠪᠠᠶᠢᠴᠠᠭᠠᠨ ᠰᠤᠳᠤᠯᠤᠯᠳᠠ ᠬᠢᠵᠠᠢ᠃     7 ᠰᠠᠷ᠎ᠠ ᠶᠢᠨ 23 ᠤ ᠡᠳᠦᠷ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠪᠠᠶᠢᠭᠤᠯᠭ᠎ᠠ ᠳᠤ ᠠᠵᠢᠯᠯᠠᠵᠠᠢ᠃     7 ᠰᠠᠷ᠎ᠠ ᠶᠢᠨ 24 ᠤ  ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠲᠠᠪᠢᠨ ᠦᠷᠳᠡᠭᠡ ᠪᠠᠯᠭᠠᠰᠤ ᠪᠠᠷ ᠬᠦᠷᠴᠦ ᠦᠶᠡᠷ ᠢ ᠰᠡᠷᠭᠡᠶᠢᠯᠡᠬᠦ ᠠᠵᠢᠯ ᠢ ᠵᠢᠯᠣᠭᠤᠳᠪᠠ᠃ ᠦᠳᠡ ᠶᠢᠨ ᠬᠤᠶᠢᠨ᠎ᠠ ᠨᠢ᠂ ᠤᠯᠠᠭᠠᠨᠬᠠᠳᠠ ᠪᠠᠯᠭᠠᠰᠤ᠂ ᠢᠯᠠᠯᠳᠠ ᠪᠠᠯᠭᠠᠰᠤ ᠪᠠᠷ ᠬᠦᠷᠴᠦ ᠣᠷᠣᠨ ᠰᠠᠭᠤᠴᠠ ᠶᠢᠨ ᠭᠠᠵᠠᠷ ᠤᠨ ᠬᠤᠶᠠᠷ ᠵᠦᠢᠯ ᠤᠨ ᠲᠤᠷᠰᠢᠯᠲᠠ ᠶᠢᠨ ᠠᠵᠢᠯ ᠢ  ᠲᠤᠬᠠᠢ ᠶᠢᠨ ᠭᠠᠵᠠᠷ ᠲᠤᠨᠢ ᠠᠬᠢᠭᠤᠯᠬᠤ ᠠᠬᠤᠢ ᠲᠠᠯᠠᠪᠠᠢ ᠶᠢᠨ ᠦᠵᠡᠭᠦᠯᠭᠡ ᠶᠢᠨ ᠪᠡᠯᠡᠳᠬᠡᠯ ᠠᠵᠢᠯ ᠢ ᠠᠬᠢᠭᠤᠯᠪᠠ᠃      7 ᠰᠠᠷ᠎ᠠ ᠶᠢᠨ 25 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠬᠤᠲᠠ ᠶᠢᠨ ᠲᠡᠭᠦᠷᠭᠡ ᠶᠢᠨ ᠬᠤᠩ ᠯᠢᠶᠠᠨ ᠨᠠᠢᠮᠠᠳᠤᠭᠠᠷ ᠪᠠᠷᠢᠭᠠᠳᠠ ᠪᠠᠷ ᠬᠦᠷᠴᠦ ᠦᠶᠡᠷ ᠢ ᠰᠡᠷᠭᠡᠶᠢᠯᠡᠬᠦ ᠠᠵᠢᠯ ᠢ ᠵᠢᠯᠣᠭᠤᠳᠪᠠ᠃ ᠤᠯᠤᠰ ᠲᠦᠷᠦ ᠶᠢᠨ ᠵᠥᠪᠯᠡᠯᠭᠡᠨ ᠤ ᠬᠤᠷᠠᠯ ᠳᠤ ᠣᠷᠣᠯᠴᠠᠵᠠᠢ᠃ ᠦᠳᠡ ᠶᠢᠨ ᠬᠤᠶᠢᠨ᠎ᠠ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠨᠠᠶᠢᠳᠠᠪᠤᠷᠢᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠳᠤ ᠣᠷᠣᠯᠴᠠᠪᠠ᠃      7 ᠰᠠᠷ᠎ᠠ ᠶᠢᠨ 26 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠳᠤ ᠣᠷᠣᠯᠴᠠᠪᠠ᠃ ᠦᠳᠡ ᠶᠢᠨ ᠬᠤᠶᠢᠨ᠎ᠠ ᠨᠢ ᠪᠠᠶᠢᠭᠤᠯᠭ᠎ᠠ ᠳᠠᠭᠠᠨ ᠠᠵᠢᠯᠯᠠᠵᠠᠢ᠃      7 ᠰᠠᠷ᠎ᠠ ᠶᠢᠨ 27 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠤᠯᠠᠭᠠᠨᠬᠤᠳᠠ ᠶᠢᠨ ᠰᠥᠨᠢ ᠶᠢᠨ ᠵᠠᠬ᠎ᠠ ︽ ᠶᠧ ᠬᠠᠢ︾  ᠠᠵᠢᠯᠯᠠᠭ᠎ᠠ ᠳᠤ ᠬᠠᠮᠲᠤ ᠣᠷᠣᠯᠴᠠᠬᠤ ᠪᠠᠷ ᠪᠡᠯᠡᠳᠭᠡᠪᠡ᠃ ᠦᠳᠡ ᠶᠢᠨ ᠬᠤᠶᠢᠨ᠎ᠠ ᠨᠢ ᠂ ᠭᠡᠭᠡᠨᠰᠦ᠋ᠮ᠎ᠠ ᠪᠠᠯᠭᠠᠰᠤ᠂ ᠤᠯᠠᠭᠠᠨᠬᠠᠳᠠ ᠪᠠᠯᠭᠠᠰᠤ ᠪᠠᠷ ᠬᠦᠷᠴᠦ ᠲᠤᠬᠠᠢ ᠶᠢᠨ ᠲᠠᠯᠠᠪᠠᠢ ᠳᠤ ᠠᠵᠢᠯᠯᠠᠪᠠ᠃      7 ᠰᠠᠷ᠎ᠠ ᠶᠢᠨ 30 ᠤ ᠡᠳᠦᠷ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠶᠢᠨ ᠲᠤᠬᠠᠢ ᠶᠢᠨ ᠲᠠᠯᠠᠪᠠᠢ ᠶᠢᠨ ᠬᠤᠷᠠᠯ ᠤᠨ ᠪᠡᠯᠡᠳᠬᠡᠯ ᠠᠵᠢᠯ ᠤᠨ ᠵᠣᠬᠢᠴᠠᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃      7 ᠰᠠᠷ᠎ᠠ ᠶᠢᠨ 31 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠠᠯ ᠳᠤ ᠤᠷᠤᠯᠴᠠᠪᠠ᠃ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠶᠢᠨ ᠲᠤᠬᠠᠢ ᠶᠢᠨ ᠲᠠᠯᠠᠪᠠᠢ ᠶᠢᠨ ᠬᠤᠷᠠᠯ ᠢ ᠪᠡᠯᠡᠳᠭᠡᠪᠡ᠃ ᠦᠳᠡ ᠶᠢᠨ ᠬᠤᠶᠢᠨ᠎ᠠ ᠨᠢ᠂ ᠪᠠᠭ᠎ᠠ ᠵᠢᠷᠭᠤᠳᠤᠭᠠᠷ ᠪᠠᠷᠢᠭᠠᠳᠠ᠂ ᠭᠤᠤ ᠶᠢᠨ ᠠᠶᠢᠯ ᠭᠠᠴᠠᠭ᠎ᠠ ᠪᠠᠷ ᠬᠦᠷᠴᠦ ᠲᠤᠬᠠᠢ ᠶᠢᠨ ᠲᠠᠯᠠᠪᠠᠢ ᠳᠤ ᠠᠵᠢᠯᠯᠠᠪᠠ᠃  
 
ᠢᠷᠡᠯᠲᠡ᠄ ᠤᠯᠠᠭᠠᠨᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号