ᠬᠤᠳᠠ ᠶᠢᠨ ᠲᠡᠳ᠋ ᠲᠠᠷᠤᠭ᠎ᠠ ᠯᠢ ᠶᠢᠩ ᠺᠦᠨ ᠤ 2023 ᠤᠨ ᠤ 8 ᠳ᠋ᠤᠭᠠᠷ ᠰᠠᠷ᠎ᠠ ᠶᠢᠨ ᠴᠢᠬᠤᠯᠠ ᠶᠠᠪᠤᠳᠠᠯ  ᠤᠨ ᠲᠡᠮᠳᠡᠭᠯᠡᠯ
ᠨᠡᠶᠢᠲᠡᠯᠡᠭᠰᠡᠨ ᠴᠠᠭ᠄
2023/12/14
   8 ᠰᠠᠷ᠎ᠠ ᠶᠢᠨ 1 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠬᠤᠲᠠ ᠶᠢᠨ ᠨᠠᠮ ᠤᠨ ᠬᠤᠷᠢᠶᠠᠨ ᠤ ᠭᠤᠣᠯ ᠤᠳᠤᠷᠢᠳᠤᠯᠭ᠎ᠠ ᠳᠤ ᠪᠠᠷ᠎ᠠ ᠪᠣᠯᠵᠤ ᠠᠵᠢᠯᠯᠠᠪᠠ᠃ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠢ ᠰᠢᠯᠭᠠᠨ ᠠᠪᠬᠤ ᠪᠠᠷ ᠭᠤᠷᠪᠠᠳᠤᠭᠠᠷ ᠡᠳᠡᠭᠡᠳ ᠲᠠᠢ ᠲᠦᠷᠤᠯ ᠵᠤᠶᠢᠯ ᠢ ᠵᠤᠯᠭᠠᠭᠤᠯᠪᠠ᠃ ᠦᠳᠡ ᠶᠢᠨ ᠬᠤᠶᠢᠨ᠎ᠠ ᠨᠢ᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠶᠢᠨ ᠲᠤᠬᠠᠢ ᠶᠢᠨ ᠲᠠᠯᠠᠪᠠᠢ ᠶᠢᠨ ᠬᠤᠷᠠᠯ ᠳᠤ ᠪᠡᠯᠡᠳᠭᠡᠪᠡ᠃     8 ᠰᠠᠷ᠎ᠠ ᠶᠢᠨ 2 ᠤᠨ ᠡᠳᠦᠷ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠶᠢᠨ ᠲᠤᠬᠠᠢ ᠶᠢᠨ ᠲᠠᠯᠠᠪᠠᠢ ᠶᠢᠨ ᠬᠤᠷᠠᠯ ᠳᠤ ᠤᠷᠤᠯᠴᠠᠪᠠ᠃     8 ᠰᠠᠷ᠎ᠠ ᠶᠢᠨ 3 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ︽ᠲᠠᠪᠤᠨ ᠶᠡᠭᠡ ᠡᠭᠦᠷᠭᠡ︾ ᠳᠤ ᠬᠤᠯᠪᠣᠭᠳᠠᠭᠰᠠᠨ ᠭᠤᠣᠯᠳᠠᠯᠭ᠎ᠠ ᠲᠠᠢ ᠠᠵᠢᠯ ᠢ ᠰᠤᠳᠤᠯᠪᠠ  ᠃ ᠦᠳᠡ ᠶᠢᠨ ᠬᠤᠶᠢᠨ᠎ᠠ ᠨᠢ᠂ ᠬᠤᠪᠢᠰᠬᠠᠯᠳᠤ ᠠᠳᠤᠭᠤᠨ ᠪᠠᠯᠭᠠᠰᠤ ᠶᠢᠨ ᠲᠦᠷᠦᠯ ᠵᠦᠢᠯ ᠢ ᠰᠤᠳᠤᠯᠤᠨ ᠠᠬᠢᠭᠤᠯᠵᠠᠢ᠃     8 ᠰᠠᠷ᠎ᠠ ᠶᠢᠨ 4 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ︽ᠲᠠᠪᠤᠨ ᠶᠡᠭᠡ ᠡᠭᠦᠷᠭᠡ︾ ᠳᠤ ᠬᠤᠯᠪᠣᠭᠳᠠᠭᠰᠠᠨ ᠭᠤᠣᠯᠳᠠᠯᠭ᠎ᠠ ᠲᠠᠢ ᠠᠵᠢᠯ ᠢ ᠰᠤᠳᠤᠯᠪᠠ  ᠃ ᠦᠳᠡ ᠶᠢᠨ ᠬᠤᠶᠢᠨ᠎ᠠ ᠨᠢ᠂ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠬᠤᠰᠢᠭᠤ ᠰᠢᠶᠠᠨ ᠤ ᠬᠤᠳᠠ ᠶᠢᠨ ᠲᠡᠰ ᠤᠨ ᠨᠠᠮ ᠤᠨ ᠬᠤᠷᠢᠶ᠎ᠠ ᠶᠢᠨ ᠱᠦᠵᠢ ᠨᠠᠷ ᠤᠨ ᠲᠤᠰᠬᠠᠢ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢ ᠵᠠᠳᠠᠯᠤᠨ ᠰᠤᠳᠤᠯᠵᠤ ᠮᠠᠭᠠᠳᠯᠠᠬᠤ ᠬᠤᠷᠠᠯ ᠬᠤᠷᠠᠯᠳᠤᠭᠤᠯᠵᠠᠢ᠃ ᠤᠯᠠᠭᠠᠨᠬᠠᠳᠠ ᠪᠠᠯᠭᠠᠰᠤ ᠪᠠᠷ ᠬᠦᠷᠴᠦ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠢ ᠵᠢᠯᠣᠭᠤᠳᠪᠠ᠃     8 ᠰᠠᠷ᠎ᠠ ᠶᠢᠨ 5 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ  ᠭᠡᠭᠡᠨᠰᠦ᠋ᠮ᠎ᠠ ᠪᠠᠯᠭᠠᠰᠤ  ᠪᠠᠷ ᠬᠦᠷᠴᠦ ᠨᠡᠷᠡᠲᠦ ᠠᠳᠤᠭᠤᠨ ᠤ ᠮᠦᠽᠧᠢ ᠶᠢᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠠᠬᠢᠭᠤᠯᠪᠠ᠃ ᡽ ᠦᠳᠡ ᠶᠢᠨ ᠬᠤᠶᠢᠨ᠎ᠠ ᠨᠢ ᠪᠠᠶᠢᠭᠤᠯᠭ᠎ᠠ ᠳᠤ ᠠᠵᠢᠯᠯᠠᠵᠠᠢ᠃     8 ᠰᠠᠷ᠎ᠠ ᠶᠢᠨ 6 ᠤ ᠡᠳᠦᠷ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠪᠥᠬᠦ ᠠᠶᠢᠮᠠᠭ ᠤᠨ ᠵᠢᠭᠤᠯᠴᠢᠯᠠᠯ ᠤᠨ ᠲᠤᠬᠠᠢ ᠶᠢᠨ ᠲᠠᠯᠠᠪᠠᠶ ᠶᠢᠨ ᠬᠤᠷᠠᠯ ᠤᠨ ᠤᠯᠠᠭᠠᠨᠬᠤᠲᠠ ᠶᠢᠨ ᠦᠵᠡᠭᠦᠯᠭᠡ ᠶᠢᠨ ᠠᠵᠢᠯ ᠢ ᠵᠣᠬᠢᠴᠠᠭᠤᠯᠤᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠥᠬᠡᠬᠤᠲᠠ ᠪᠠᠷ ᠬᠦᠷᠴᠦ ᠳᠡᠯᠡᠬᠡᠢ ᠶᠢᠨ ᠰᠦ ᠶᠢᠨ ᠦᠢᠯᠡᠰ ᠤᠨ ᠶᠡᠭᠡ ᠬᠤᠷᠠᠯ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠠᠷᠠᠯᠵᠢᠶᠠᠴᠢᠨ ᠤᠷᠢᠬᠤ ᠲᠠᠨᠢᠯᠴᠠᠭᠤᠯᠭ᠎ᠠ ᠶᠢᠨ ᠬᠤᠷᠠᠯ ᠳᠤ ᠣᠷᠣᠯᠴᠠᠪᠠ᠃     8 ᠰᠠᠷ᠎ᠠ ᠶᠢᠨ 7 ᠤ ᠡᠳᠦᠷ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠬᠥᠬᠡᠬᠤᠲᠠ ᠳᠤ ᠳᠡᠯᠡᠬᠡᠢ ᠶᠢᠨ  ᠰᠦ ᠶᠢᠨ ᠦᠢᠯᠡᠰ ᠤᠨ ᠶᠡᠭᠡ ᠬᠤᠷᠠᠯ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠠᠷᠠᠯᠵᠢᠶᠠᠴᠢᠨ ᠤᠷᠢᠬᠤ ᠲᠠᠨᠢᠯᠴᠠᠭᠤᠯᠭ᠎ᠠ ᠶᠢᠨ ᠬᠤᠷᠠᠯ ᠳᠤ ᠣᠷᠣᠯᠴᠠᠵᠠᠢ᠃     8 ᠰᠠᠷ᠎ᠠ ᠶᠢᠨ 8 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠳᠤ ᠪᠠᠷ᠎ᠠ ᠪᠣᠯᠵᠤ ᠰᠠᠨ ᠾᠧ ᠲᠣᠰᠬᠤᠨ ᠢᠶᠠᠷ ᠬᠦᠷᠴᠦ ᠲᠤᠬᠠᠢ ᠶᠢᠨ ᠲᠠᠯᠠᠪᠤᠷ ᠲᠤ ᠠᠵᠢᠯᠯᠠᠪᠠ᠃ ᠦᠳᠡ ᠶᠢᠨ ᠬᠤᠶᠢᠨ᠎ᠠ ᠨᠢ᠂  ᠭᠡᠭᠡᠨᠳᠠᠯ᠎ᠠ ᠰᠠᠭᠠᠯᠢ ᠶᠢᠨ ᠦᠨᠢᠶ᠎ᠡ ᠶᠢᠨ ᠮᠠᠯᠵᠢᠯ ᠤᠨ ᠲᠠᠯᠠᠪᠠᠢ ᠳᠤ ᠬᠦᠷᠴᠦ ᠠᠵᠢᠯᠯᠠᠪᠠ᠃     8 ᠰᠠᠷ᠎ᠠ ᠶᠢᠨ 9  ᠤ ᠦᠳᠡ ᠶᠢᠨ ᠡᠮᠦᠨ᠎ᠡ᠂ ᠬᠤᠳᠠ ᠶᠢᠨ ᠳᠡᠳ᠋ ᠳᠠᠷᠤᠭ᠎ᠠ ᠯᠢ ᠶᠢᠩ ᠺᠦᠨ ᠱᠦᠵᠢ ᠨᠠᠷ ᠤᠨ ᠲᠤᠰᠬᠠᠢ ᠰᠡᠳᠦᠪᠲᠦ ᠬᠤᠷᠠᠯ ᠳᠤ ᠣᠷᠣᠯᠴᠠᠪᠠ᠃ ᠱᠠᠨᠳᠦ᠋ᠩ ᠤᠨ ᠮᠧᠩ ᠶᠤᠸᠠᠨ ᠲᠠᠷᠢᠶᠠᠯᠠᠩ ᠤᠨ ᠬᠢᠵᠠᠭᠠᠷᠲᠤ ᠺᠣᠮᠫᠠᠨᠢ ᠲᠠᠢ ᠶᠠᠷᠢᠯᠴᠠᠬᠤ ᠬᠤᠷᠠᠯ ᠬᠢᠪᠡ᠃ ᠦᠳᠡ ᠶᠢᠨ ᠬᠤᠶᠢᠨ᠎ᠠ ᠨᠢ᠂ ᠴᠢᠩᠭᠢᠰ ᠤᠨ ᠰᠦᠮ᠎ᠡ᠂ ᠭᠤᠣ ᠶᠢᠨ ᠠᠶᠢᠯ ᠭᠠᠴᠠᠭ᠎ᠠ ᠪᠠᠷ ᠬᠦᠷᠴᠦ ᠠᠵᠢᠯᠯᠠᠵᠠᠢ᠃     8 ᠰᠠᠷ᠎ᠠ ᠶᠢᠨ 7 ᠤ ᠡᠳᠦᠷ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠳᠤ ᠪᠠᠷ᠎ᠠ ᠪᠣᠯᠵᠤ ᠪᠠᠭ᠎ᠠ ᠵᠢᠷᠭᠤᠳᠤᠭᠠᠷ ᠪᠠᠷᠢᠭᠠᠳᠠ᠂ ᠰᠠᠨ ᠾᠧ ᠲᠣᠰᠬᠤᠨ᠂ ᠭᠤᠸ ᠶᠢᠨ ᠠᠶᠢᠯ ᠭᠠᠴᠠᠭ᠎ᠠ  ᠶᠢᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠤᠬᠠᠢ ᠪᠠᠶᠢᠴᠠᠭᠠᠨ ᠰᠤᠳᠤᠯᠤᠯᠲᠠ ᠬᠢᠪᠡ᠃     8 ᠰᠠᠷ᠎ᠠ ᠶᠢᠨ 8 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠲᠠᠪᠢᠨ ᠦᠷᠳᠡᠭᠡ ᠪᠠᠯᠭᠠᠰᠤ ᠪᠠᠷ ᠬᠦᠷᠴᠦ ᠣᠶ ᠰᠢᠭᠤᠢ ᠨᠤᠳᠤᠭ ᠪᠡᠯᠴᠢᠭᠡᠷ ᠤᠨ ᠵᠢᠷᠤᠭ ᠲᠦᠰᠤᠪ ᠢ ᠴᠡᠭᠴᠡᠯᠡᠨ ᠵᠠᠰᠠᠬᠤ ᠠᠵᠢᠯ ᠢ ᠱᠠᠯᠠᠪᠳᠠᠭᠤᠯᠤᠨ ᠵᠢᠯᠣᠭᠤᠳᠪᠠ᠃ ᠦᠳᠡ ᠶᠢᠨ ᠬᠤᠶᠢᠨ᠎ᠠ ᠨᠢ᠂ ᠢᠯᠠᠯᠳᠠ ᠪᠠᠯᠭᠠᠰᠤ ᠪᠠᠷ ᠬᠦᠷᠴᠦ ᠲᠤᠬᠠᠢ ᠶᠢᠨ ᠲᠠᠯᠠᠪᠠᠢ ᠳᠤ ᠠᠯᠪᠠᠯᠠᠵᠤ ᠲᠥᠬᠦᠭᠡᠷᠦᠮᠵᠢᠲᠦ ᠲᠠᠷᠢᠶᠠᠯᠠᠩ ᠤᠨ ᠥᠭᠡᠷᠡᠴᠢᠯᠡᠯᠲᠡ ᠶᠢ ᠳᠡᠭᠡᠭᠰᠢᠯᠡᠭᠦᠯᠬᠦ ᠠᠵᠢᠯ ᠢ ᠰᠤᠳᠤᠯᠪᠠ᠃     8 ᠰᠠᠷ᠎ᠠ ᠶᠢᠨ 9  ᠤ ᠦᠳᠡ ᠶᠢᠨ ᠡᠮᠦᠨ᠎ᠡ᠂ ᠬᠤᠳᠠ ᠶᠢᠨ ᠳᠡᠳ᠋ ᠳᠠᠷᠤᠭ᠎ᠠ ᠯᠢ ᠶᠢᠩ ᠺᠦᠨ ᠬᠢᠩᠭᠠᠨ ᠯᠢᠩ ᠴᠤᠸᠠᠩ  ᠤᠨ ᠲᠦᠷᠦᠯ ᠵᠦᠢᠯ ᠢ ᠰᠤᠳᠤᠯᠤᠨ ᠠᠬᠢᠭᠤᠯᠪᠠ᠃ ᠤᠯᠠᠭᠠᠨᠬᠠᠳᠠ ᠪᠠᠯᠭᠠᠰᠤᠨ ᠤ ᠭᠤᠤ ᠶᠢᠨ ᠠᠶᠢᠯ ᠪᠣᠯᠣᠨ ᠬᠤᠯᠤᠰᠤᠲᠠᠢ ᠭᠠᠴᠠᠭ᠎ᠠ ᠪᠠᠷ ᠬᠦᠷᠴᠦ ᠠᠵᠢᠯᠯᠠᠵᠠᠢ᠃ ᠦᠳᠡ ᠶᠢᠨ ᠬᠤᠶᠢᠨ᠎ᠠ ᠨᠢ᠂ ᠭᠡᠭᠡᠨᠰᠦ᠋ᠮ᠎ᠠ ᠪᠠᠯᠭᠠᠰᠤᠨ ᠤ ᠬᠠᠳᠠᠨ ᠠᠷᠤ ᠭᠠᠴᠠᠭ᠎ᠠ  ᠪᠠᠷ ᠬᠦᠷᠴᠦ ᠠᠵᠢᠯᠯᠠᠵᠠᠢ᠃     8 ᠰᠠᠷ᠎ᠠ ᠶᠢᠨ 10  ᠤ ᠦᠳᠡ ᠶᠢᠨ ᠡᠮᠦᠨ᠎ᠡ᠂ ᠬᠤᠳᠠ ᠶᠢᠨ ᠳᠡᠳ᠋ ᠳᠠᠷᠤᠭ᠎ᠠ ᠯᠢ ᠶᠢᠩ ᠺᠦᠨ ᠬᠢᠩᠭᠠᠨ ᠯᠢᠩ ᠴᠤᠸᠠᠩ ᠤᠨ ᠲᠦᠷᠦᠯ ᠵᠦᠢᠯ ᠢ ᠰᠤᠳᠤᠯᠤᠨ ᠠᠬᠢᠭᠤᠯᠪᠠ᠃ ᠤᠯᠠᠭᠠᠨᠬᠠᠳᠠ ᠪᠠᠯᠭᠠᠰᠤᠨ ᠤ ᠭᠤᠣ ᠶᠢᠨ ᠠᠶᠢᠯ ᠪᠣᠯᠣᠨ ᠬᠤᠯᠤᠰᠤᠲᠠᠢ ᠭᠠᠴᠠᠭ᠎ᠠ ᠪᠠᠷ ᠬᠦᠷᠴᠦ ᠲᠤᠬᠠᠢ ᠶᠢᠨ ᠲᠠᠯᠠᠪᠠᠢ ᠳᠤ ᠠᠯᠪᠠᠯᠠᠵᠤ ᠲᠥᠬᠦᠭᠡᠷᠦᠮᠵᠢᠲᠦ ᠲᠠᠷᠢᠶᠠᠯᠠᠩ ᠪᠣᠯᠣᠨ ᠨᠠᠩᠭᠢ ᠡᠷᠳᠡᠨᠢ ᠰᠢᠰᠢ ᠪᠣᠯᠪᠠᠰᠤᠷᠠᠭᠤᠯᠬᠤ ᠦᠢᠯᠡᠳᠪᠦᠷᠢ ᠶᠢᠨ ᠲᠦᠷᠦᠯ ᠵᠦᠢᠯ ᠢ ᠠᠬᠢᠭᠤᠯᠵᠠᠢ᠃ ᠦᠳᠡ ᠶᠢᠨ ᠬᠤᠶᠢᠨ᠎ᠠ ᠨᠢ᠂ ᠪᠥᠬᠦ ᠠᠶᠢᠮᠠᠭ ᠤᠨ ᠰᠤᠮᠤ ᠰᠢᠶᠠᠩ ᠪᠠᠯᠭᠠᠰᠤ ᠶᠢᠨ ᠪᠠᠶᠢᠭ᠎ᠠ ᠭᠠᠵᠠᠷ ᠤᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ  ᠸᠢᠳᠢᠤ᠋ ᠲᠣᠬᠢᠷᠠᠭᠤᠯᠤᠯᠲᠠ ᠶᠢᠨ ᠬᠤᠷᠠᠯ ᠳᠤ ᠣᠷᠣᠯᠴᠠᠵᠠᠢ᠃  8 ᠰᠠᠷ᠎ᠠ ᠶᠢᠨ 11  ᠤ ᠦᠳᠡ ᠶᠢᠨ ᠡᠮᠦᠨ᠎ᠡ᠂ ᠬᠤᠳᠠ ᠶᠢᠨ ᠳᠡᠳ᠋ ᠳᠠᠷᠤᠭ᠎ᠠ ᠯᠢ ᠶᠢᠩ ᠺᠦᠨ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠡᠨ ᠤ ᠬᠤᠷᠠᠯ ᠳᠤ ᠤᠷᠤᠯᠴᠠᠵᠠᠢ᠃ ᠦᠳᠡ ᠶᠢᠨ ᠬᠤᠶᠢᠨ᠎ᠠ ᠨᠢ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠭᠡᠷ ᠪᠠᠶᠢᠰᠢᠩ ᠪᠠᠷᠢᠬᠤ ᠶᠢ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠭᠡᠭᠡᠨᠰᠦ᠋ᠮ᠎ᠠ ᠪᠠᠯᠭᠠᠰᠤ ᠪᠠᠷ ᠬᠦᠷᠴᠦ ᠲᠤᠬᠠᠢ ᠶᠢᠨ ᠲᠠᠯᠠᠪᠠᠢ ᠳᠤ ᠠᠯᠪᠠᠯᠠᠵᠤ ᠨᠡᠷᠡᠳᠦ ᠠᠳᠤᠭᠤᠨ ᠤ ᠮᠦᠽᠧᠢ ᠪᠣᠯᠣᠨ ᠨᠠᠩᠭᠢ ᠡᠷᠳᠡᠨᠢ ᠰᠢᠰᠢ ᠪᠣᠯᠪᠠᠰᠤᠷᠠᠭᠤᠯᠬᠤ ᠦᠢᠯᠡᠳᠪᠦᠷᠢ ᠶᠢᠨ ᠲᠦᠷᠦᠯ ᠵᠦᠢᠯ ᠢ ᠠᠬᠢᠭᠤᠯᠵᠠᠢ᠃     8 ᠰᠠᠷ᠎ᠠ ᠶᠢᠨ 12 ᠤᠨ ᠡᠳᠦᠷ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ 2023 ᠣᠨ ᠤ ᠤᠯᠠᠭᠠᠨᠬᠤᠲᠠ ᠶᠢᠨ ︽ᠬᠤᠶᠠᠷ ᠢ ᠬᠦᠷᠢᠶᠡᠯᠡᠬᠦ ᠬᠤᠨᠳᠠᠭᠠᠲᠤ︾ ᠰᠠᠭᠰᠤᠨ ᠪᠥᠮᠪᠦᠭᠡ ᠶᠢᠨ ᠨᠥᠬᠦᠷᠰᠡᠭ ᠤᠷᠤᠯᠳᠤᠭᠠᠨ ᠤ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠲᠤᠬᠠᠢ ᠶᠢᠨ ᠲᠠᠯᠠᠪᠤᠷ ᠲᠤ ᠥᠨᠳᠥᠷ ᠪᠠᠷᠢᠮᠵᠢᠶᠠᠲᠤ ᠲᠥᠬᠦᠭᠡᠷᠦᠮᠵᠢᠳᠤ ᠲᠠᠷᠢᠶᠠᠯᠠᠩ ᠤᠨ ᠬᠦᠷᠢᠶᠡᠯᠡᠩ ᠲᠣᠭᠤᠷᠢᠭ ᠤᠨ ᠲᠥᠷᠥᠯ ᠵᠦᠢᠯ ᠤᠨ ᠠᠬᠢᠴᠠ ᠶᠢ ᠵᠤᠬᠢᠴᠠᠭᠤᠯᠪᠠ᠃ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ︵ᠥᠷᠭᠡᠳᠬᠡᠭᠰᠡᠨ︶ ᠤᠨ 2023 ᠣᠨ ᠤ 8 ᠳ᠋ᠤᠭᠠᠷ ᠤᠳᠠᠭ᠎ᠠ ᠶᠢᠨ ᠰᠤᠷᠤᠯᠴᠠᠯᠭ᠎ᠠ ᠶᠢᠨ ᠬᠤᠷᠠᠯ ᠳᠤ ᠣᠷᠣᠯᠴᠠᠪᠠ᠃     8 ᠰᠠᠷ᠎ᠠ ᠶᠢᠨ 13 ᠤ ᠡᠳᠦᠷ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠳᠠᠷᠤᠭ᠎ᠠ ᠵᠢᠶᠠ ᠶᠤᠸᠠᠢ ᠹᠧᠩ ᠨᠠᠷ ᠲᠤ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃     8 ᠰᠠᠷ᠎ᠠ ᠶᠢᠨ 14 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠨᠤᠭᠤ ᠭᠠᠵᠠᠷ ᠤᠨ ᠴᠡᠴᠡᠷᠯᠢᠭ᠂ ᠭᠤᠸ ᠶᠢᠨ ᠠᠶᠢᠯ ᠭᠠᠴᠠᠭ᠎ᠠ ᠪᠠᠷ ᠬᠦᠷᠴᠦ ᠦᠵᠡᠮᠵᠢ ᠶᠢᠨ ᠣᠷᠣᠨ ᠤ ᠡᠵᠡᠩᠨᠡᠯᠲᠡ ᠪᠠ ᠲᠦᠬᠦᠭᠡᠷᠤᠮᠵᠢᠳᠤ ᠲᠠᠷᠢᠶᠠᠯᠠᠩ ᠤᠨ ᠲᠥᠷᠥᠯ ᠵᠦᠢᠯ ᠢ ᠠᠬᠢᠭᠤᠯᠪᠠ᠃ ᠦᠳᠡ ᠶᠢᠨ ᠬᠤᠶᠢᠨ᠎ᠠ ᠨᠢ᠂ ᠭᠡᠭᠡᠨᠰᠦ᠋ᠮ᠎ᠠ ᠪᠠᠯᠭᠠᠰᠤ ᠪᠠᠷ ᠬᠦᠷᠴᠦ  ᠪᠠᠶ᠋ᠬᠠᠤᠰᠤ ᠶᠢ ᠪᠦᠬᠦ ᠭᠠᠴᠠᠭ᠎ᠠ ᠪᠠᠷ ᠨᠢ ᠨᠡᠭᠦᠯᠭᠡᠬᠦ ᠠᠵᠢᠯ ᠢ ᠠᠬᠢᠭᠤᠯᠪᠠ᠃ ᠡᠮᠦᠨ᠎ᠡ ᠵᠡᠭᠡᠯᠢ ᠶᠢᠨ ᠶᠠᠪᠠᠭᠠᠨ ᠵᠡᠭᠡᠯᠢ ᠪᠠᠷ ᠬᠦᠷᠴᠦ ᠬᠢᠩᠭᠠᠨ ᠯᠢᠩ ᠴᠤᠸᠠᠩ ᠤᠨ ᠲᠦᠷᠦᠯ ᠵᠦᠢᠯ ᠢ ᠠᠬᠢᠭᠤᠯᠵᠠᠢ᠃     8 ᠰᠠᠷ᠎ᠠ ᠶᠢᠨ 15 ᠤ ᠡᠳᠦᠷ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠲᠠᠪᠢᠨ ᠥᠷᠲᠡᠭᠡ ᠪᠣᠯᠣᠨ ᠪᠠᠶᠢᠴᠧᠩ ᠬᠤᠲᠠ ᠶᠢᠨ ᠠᠭᠤᠯᠵᠠᠷ ᠲᠠᠬᠢ ᠣᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠰᠤᠳᠤᠯᠪᠠ᠃ ᠬᠤᠲᠠ ᠶᠢᠨ ᠨᠠᠮ ᠤᠨ ᠬᠤᠷᠢᠶᠠᠨ ᠤ ᠭᠤᠣᠯ ᠤᠳᠤᠷᠢᠳᠤᠯᠭ᠎ᠠ ᠳᠤ ᠪᠠᠷ᠎ᠠ ᠪᠣᠯᠵᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠠᠷ ᠬᠦᠷᠴᠦ ᠰᠢᠨᠵᠢᠯᠡᠨ ᠪᠠᠶᠢᠴᠠᠭᠠᠪᠠ᠃     8 ᠰᠠᠷ᠎ᠠ ᠶᠢᠨ 16 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠪᠥᠬᠦ ᠠᠶᠢᠮᠠᠭ ᠤᠨ ︽ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠶ᠎ᠡ︾ ᠭᠡᠬᠦ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠳᠤ ᠣᠷᠣᠯᠴᠠᠪᠠ᠃ ᠦᠳᠡ ᠶᠢᠨ ᠬᠤᠶᠢᠨ᠎ᠠ ᠨᠢ᠂ ᠵᠠᠬᠢᠳᠠᠯ ᠰᠣᠷᠪᠤᠯᠵᠢᠯᠠᠯ ᠤᠨ ᠬᠡᠷᠡᠭ ᠢ ᠳᠠᠭᠠᠭᠠᠴᠢᠯᠠᠬᠤ ᠠᠵᠢᠯ ᠢ ᠰᠤᠳᠤᠯᠤᠨ ᠠᠬᠢᠭᠤᠯᠵᠠᠢ᠃ ᠭᠡᠭᠡᠨᠳᠡᠯ᠎ᠠ ᠰᠠᠭᠠᠯᠢ ᠶᠢᠨ ᠦᠨᠢᠶᠡᠨ ᠤ ᠮᠠᠯᠵᠢᠯ ᠤᠨ ᠲᠠᠯᠠᠪᠠᠢ ᠶᠢᠨ ᠲᠦᠷᠦᠯ ᠵᠦᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ᠃ ᠭᠤᠸ ᠶᠢᠨ ᠠᠶᠢᠯ ᠭᠠᠴᠠᠭ᠎ᠠ ᠶᠢᠨ ᠪᠣᠬᠢᠷ ᠤᠰᠤ ᠶᠢ ᠰᠢᠢᠳᠪᠦᠷᠢᠯᠡᠬᠦ ᠲᠥᠷᠥᠯ ᠵᠦᠢᠯ ᠢ ᠰᠤᠳᠤᠯᠤᠨ ᠠᠬᠢᠭᠤᠯᠵᠠᠢ᠃     8 ᠰᠠᠷ᠎ᠠ ᠶᠢᠨ 17 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠪᠥᠬᠦ ᠠᠶᠢᠮᠠᠭ ᠤᠨ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠶᠢᠨ ᠲᠠᠯᠠᠪᠤᠷ ᠤᠨ ᠬᠤᠷᠠᠯ ᠤᠨ ᠪᠡᠯᠡᠳᠬᠡᠯ ᠠᠵᠢᠯ ᠢ ᠰᠤᠳᠤᠯᠪᠠ᠃  ᠦᠳᠡ ᠶᠢᠨ ᠬᠤᠶᠢᠨ᠎ᠠ ᠨᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠶᠡᠭᠡ ᠪᠠᠶᠢᠴᠠᠭᠠᠯᠲᠠ ᠶᠡᠭᠡ ᠳᠡᠭᠡᠭᠰᠢᠯᠡᠯᠲᠡ ᠶᠢᠨ ᠲᠤᠰᠬᠠᠢ ᠠᠵᠢᠯᠯᠠᠭ᠎ᠠ ᠶᠢᠨ ᠳᠠᠶᠢᠴᠢᠯᠠᠯᠲᠠ ᠶᠢᠨ ᠬᠤᠷᠠᠯ ᠳᠤ ᠣᠷᠣᠯᠴᠠᠵᠠᠢ᠃ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠲᠤᠭᠤᠶᠢᠯᠠᠩ ᠤᠨ ᠬᠤᠷᠠᠯ ᠳᠤ ᠤᠷᠤᠯᠴᠠᠪᠠ᠃ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠤ ᠤᠷᠤᠯᠴᠠᠪᠠ᠃    8 ᠰᠠᠷ᠎ᠠ ᠶᠢᠨ 18 ᠤ ᠡᠳᠦᠷ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠱᠧᠨᠵᠧᠨ ᠬᠤᠲᠠ ᠶᠢᠨ ᠤᠯᠤᠰ ᠤᠨ ᠲᠤᠳᠤᠭᠠᠳᠤ ᠣᠯᠠᠨ ᠤᠯᠤᠰ ᠤᠨ ᠵᠢᠭᠤᠯᠴᠢᠯᠠᠯ ᠤᠨ ᠺᠣᠮᠫᠠᠨᠢ ᠶᠢᠨ ᠵᠢᠭᠤᠯᠴᠢᠯᠠᠯ ᠢ ᠵᠣᠯᠭᠠᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠷᠠᠰᠢᠶᠠᠨ ᠢᠶᠠᠷ ᠬᠦᠷᠴᠦ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ ᠶᠡᠭᠡ ᠬᠤᠷᠠᠯ ᠳᠤ ᠣᠷᠣᠯᠴᠠᠪᠠ᠃    8 ᠰᠠᠷ᠎ᠠ ᠶᠢᠨ 19 ᠤ ᠡᠳᠦᠷ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠷᠠᠰᠢᠶᠠᠨ ᠬᠤᠲᠠ ᠳᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ ᠶᠡᠭᠡ ᠬᠤᠷᠠᠯ ᠳᠤ ᠣᠷᠣᠯᠴᠠᠪᠡ᠃    8 ᠰᠠᠷ᠎ᠠ ᠶᠢᠨ 20 ᠤ ᠡᠳᠦᠷ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠷᠠᠰᠢᠶᠠᠨ ᠬᠤᠲᠠ ᠳᠤ ︽ᠲᠣᠮᠣ ᠢᠳᠡᠭᠡᠨ ᠤ ᠦᠵᠡᠯᠲᠡ · ᠢᠳᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠬᠢᠭᠡᠳ ᠠᠵᠤ ᠦᠢᠯᠡᠰ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠷᠠᠰᠢᠶᠠᠨ ᠤ ᠲᠦᠷᠦᠭᠦᠴᠦᠳ ᠤᠨ ᠬᠤᠷᠠᠯ︾ ᠳᠤ ᠣᠷᠣᠯᠴᠠᠪᠠ᠃    8 ᠰᠠᠷ᠎ᠠ ᠶᠢᠨ 21 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠥᠪᠡᠷᠲᠡᠭᠡᠨ ᠵᠠᠰᠠᠬᠤ ᠣᠷᠣᠨ ᠤ ᠱᠠᠯᠠᠪᠳᠠᠭᠤᠯᠤᠨ ᠪᠠᠶᠢᠴᠠᠭᠠᠬᠤ ᠲᠠᠪᠤᠨ ᠶᠡᠭᠡ ᠡᠭᠦᠷᠭᠡ ᠶᠢᠨ ᠬᠤᠪᠢᠳᠠᠨ ᠬᠠᠮᠢᠶᠠᠷᠴᠤ ᠪᠦᠬᠦᠢ ᠬᠡᠪᠴᠢᠶᠡᠨ ᠳᠤ ᠬᠤᠯᠪᠣᠭᠳᠠᠭᠰᠠᠨ ᠪᠡᠯᠡᠳᠬᠡᠯ ᠠᠵᠢᠯ ᠢ ᠰᠤᠳᠤᠯᠪᠠ᠃ ᠦᠳᠡ ᠶᠢᠨ ᠬᠤᠶᠢᠨ᠎ᠠ ᠨᠢ᠂ ᠡᠮᠦᠨ᠎ᠡ ᠵᠡᠭᠡᠯᠢ ᠶᠢᠨ ᠶᠠᠪᠠᠭᠠᠨ ᠵᠡᠭᠡᠯᠢ᠂  ᠭᠡᠭᠡᠨᠰᠦ᠋ᠮ᠎ᠠ ᠪᠠᠯᠭᠠᠰᠤ᠂ ᠭᠤᠣ ᠶᠢᠨ ᠠᠶᠢᠯ ᠭᠠᠴᠠᠭ᠎ᠠ  ᠪᠠᠷ ᠬᠦᠷᠴᠦ ᠲᠤᠬᠠᠢ ᠶᠢᠨ ᠲᠠᠯᠠᠪᠠᠢ ᠳᠤ ᠠᠯᠪᠠᠯᠠᠵᠤ ᠵᠢᠭᠤᠯᠴᠢᠯᠠᠯ ᠤᠨ ᠭᠤᠣᠯᠳᠠᠯᠭ᠎ᠠ ᠲᠠᠢ ᠲᠦᠷᠦᠯ ᠵᠦᠢᠯ ᠢ ᠠᠬᠢᠭᠤᠯᠵᠠᠢ᠃ ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠢ ᠲᠤᠰᠠᠯᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠵᠣᠬᠢᠴᠠᠭᠤᠯᠤᠨ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ᠃    8 ᠰᠠᠷ᠎ᠠ ᠶᠢᠨ 22 ᠤᠨ ᠦᠳᠡ ᠶᠢᠨ ᠡᠮᠦᠨ᠎ᠡ᠂ ᠭᠤᠸ ᠶᠢᠨ ᠠᠶᠢᠯ ᠭᠠᠴᠠᠭ᠎ᠠ᠂ ᠰᠠᠨ ᠾᠧ ᠲᠣᠰᠬᠤᠨ ᠢᠶᠠᠷ ᠬᠦᠷᠴᠦ ᠲᠤᠬᠠᠢ ᠶᠢᠨ ᠲᠠᠯᠠᠪᠠᠢ ᠳᠤ ᠠᠯᠪᠠᠯᠠᠵᠤ ᠵᠢᠭᠤᠯᠴᠢᠯᠠᠯ ᠤᠨ ᠭᠤᠣᠯᠳᠠᠯᠭ᠎ᠠ ᠲᠠᠢ ᠲᠥᠷᠥᠯ ᠵᠦᠢᠯ ᠢ ᠠᠬᠢᠭᠤᠯᠵᠠᠢ᠃ ᠦᠳᠡ ᠶᠢᠨ ᠬᠤᠶᠢᠨ᠎ᠠ ᠨᠢ᠂ ᠬᠤᠳᠠ ᠶᠢᠨ ᠲᠡᠭᠦᠷᠭᠡ ᠬᠡᠷᠡᠭ ᠡᠷᠬᠢᠯᠡᠬᠦ ᠭᠠᠵᠠᠷ ᠢᠶᠠᠷ ᠬᠦᠷᠴᠦ ᠵᠠᠬᠢᠳᠠᠯ ᠰᠣᠷᠪᠤᠯᠵᠢᠯᠠᠯ ᠤᠨ ᠠᠵᠢᠯ ᠢ ᠰᠤᠳᠤᠯᠤᠨ ᠠᠬᠢᠭᠤᠯᠪᠠ᠃    8 ᠰᠠᠷ᠎ᠠ ᠶᠢᠨ 23 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠪᠠᠷ ᠬᠦᠷᠴᠦ ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ︵2023 · ᠥᠪᠥᠷ ᠮᠣᠩᠭᠤᠯ︶ ᠤᠨ ᠦᠬᠡᠷ ᠤᠨ ᠠᠷᠠᠯᠵᠢᠶᠠᠨ ᠤ ᠶᠡᠭᠡ ᠬᠤᠷᠠᠯ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠦᠳᠡ ᠶᠢᠨ ᠬᠤᠶᠢᠨ᠎ᠠ ᠨᠢ᠂ ᠥᠪᠡᠷᠲᠡᠭᠡᠨ ᠵᠠᠰᠠᠬᠤ ᠣᠷᠣᠨ ᠤ ︽ᠲᠠᠪᠤᠨ ᠶᠡᠭᠡ ᠡᠭᠦᠷᠭᠡ︾ ᠶᠢᠨ ᠱᠠᠯᠠᠪᠳᠠᠭᠤᠯᠤᠨ ᠪᠠᠶᠢᠴᠠᠭᠠᠵᠤ ᠰᠣᠷᠪᠤᠯᠵᠢᠯᠠᠨ ᠶᠠᠷᠢᠯᠴᠠᠬᠤ ᠬᠤᠷᠠᠯ ᠳᠤ ᠣᠷᠣᠯᠴᠠᠵᠠᠢ᠃ ᠬᠤᠳᠠ ᠶᠢᠨ ᠨᠠᠮ ᠤᠨ ᠬᠤᠷᠢᠶᠠᠨ ᠤ ᠱᠦᠵᠢ ᠨᠠᠷ ᠤᠨ ᠲᠤᠰᠬᠠᠢ ᠰᠡᠳᠦᠪᠲᠦ ᠬᠤᠷᠠᠯ ᠳᠤ ᠤᠷᠤᠯᠴᠠᠪᠠ᠃    8 ᠰᠠᠷ᠎ᠠ ᠶᠢᠨ 24 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠡᠷᠳᠡᠨᠢ ᠰᠢᠰᠢ ᠰᠢᠷ᠎ᠠ ᠪᠤᠷᠴᠠᠭ ᠢ ︽ᠰᠦᠷᠴᠢᠨ ᠤᠰᠤᠯᠠᠬᠤ︾ ᠡᠭᠦᠷᠭᠡ ᠶᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠠᠶᠢᠮᠠᠭ ᠤᠨ ᠨᠠᠮ ᠤᠨ ᠬᠤᠷᠢᠶ᠎ᠠ ᠶᠢᠨ ᠺᠠᠳ᠋ᠷ ᠢ ᠬᠢᠨᠠᠨ ᠰᠢᠯᠭᠠᠬᠤ ᠠᠵᠢᠯ ᠳᠤ ᠤᠷᠤᠯᠴᠠᠪᠠ᠃ ᠡᠪᠡᠰᠦ ᠪᠡᠯᠴᠢᠭᠡᠷ ᠤᠨ ᠠᠵᠤ ᠠᠬᠤᠢ ᠶᠢᠨ ᠬᠦᠷᠢᠶᠡᠯᠡᠩ ᠲᠣᠭᠤᠷᠢᠭ ᠤᠨ ᠲᠦᠷᠦᠯ ᠵᠦᠢᠯ ᠢ ᠵᠣᠯᠭᠠᠭᠤᠯᠤᠨ ᠶᠠᠷᠢᠯᠴᠠᠬᠤ ᠬᠤᠷᠠᠯ ᠳᠤ ᠤᠷᠤᠯᠴᠠᠪᠠ᠃ ᠦᠳᠡ ᠶᠢᠨ ᠬᠤᠶᠢᠨ᠎ᠠ ᠨᠢ ᠪᠠᠶᠢᠭᠤᠯᠭ᠎ᠠ ᠳᠠᠭᠠᠨ ᠠᠵᠢᠯᠯᠠᠵᠠᠢ᠃    8 ᠰᠠᠷ᠎ᠠ ᠶᠢᠨ 25 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠥᠪᠥᠷ ᠮᠣᠩᠭᠤᠯ ᠤᠨ ᠬᠢᠩᠭᠠᠨ ᠠᠶᠢᠮᠠᠭ ᠤᠨ ︽ᠪᠥᠬᠦ ᠤᠯᠤᠰ ᠤᠨ ᠽᠦᠢ ᠬᠤ᠋ ᠨᠠᠭᠠᠳᠤᠮ︾ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠦᠳᠡ ᠶᠢᠨ ᠬᠤᠶᠢᠨ᠎ᠠ ᠨᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠡᠯᠡ ᠮᠥᠩᠭᠦ ᠡᠳ᠋ ᠬᠥᠷᠥᠩᠭᠡ ᠶᠢ ᠲᠣᠬᠢᠷᠠᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃    8 ᠰᠠᠷ᠎ᠠ ᠶᠢᠨ 26 ᠤ ᠡᠳᠦᠷ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠬᠤᠲᠠ ᠶᠢᠨ ᠨᠠᠮ ᠤᠨ ᠬᠤᠷᠢᠶᠠᠨ ᠤ ᠭᠤᠣᠯ ᠤᠳᠤᠷᠢᠳᠤᠯᠭ᠎ᠠ ᠳᠤ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
 
ᠢᠷᠡᠯᠲᠡ᠄ ᠤᠯᠠᠭᠠᠨᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号