ᠬᠤᠳᠠ ᠶᠢᠨ ᠲᠡᠳ᠋ ᠲᠠᠷᠤᠭ᠎ᠠ ᠯᠢ ᠶᠢᠩ ᠺᠦᠨ ᠤ 2023 ᠤᠨ ᠤ 9 ᠳ᠋ᠤᠭᠡᠷ ᠰᠠᠷ᠎ᠠ ᠶᠢᠨ ᠴᠢᠬᠤᠯᠠ ᠶᠠᠪᠤᠳᠠᠯ  ᠤᠨ ᠲᠡᠮᠳᠡᠭᠯᠡᠯ
ᠨᠡᠶᠢᠲᠡᠯᠡᠭᠰᠡᠨ ᠴᠠᠭ᠄
2023/12/14
    9 ᠰᠠᠷ᠎ᠠ ᠶᠢᠨ 7 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠪᠠᠶ᠋ᠬᠠᠤᠰᠤ ᠶᠢ  ᠪᠦᠬᠦ ᠭᠠᠴᠠᠭ᠎ᠠ ᠪᠠᠷ ᠨᠢ ᠨᠡᠭᠦᠯᠭᠡᠬᠦ ᠢᠨᠵᠧᠨᠧᠷᠢᠩ ᠢ ᠰᠤᠳᠤᠯᠤᠨ ᠠᠬᠢᠭᠤᠯᠪᠠ᠃ ᠴᠡᠷᠢᠭ ᠠᠩᠭᠢ ᠪᠠ ᠣᠷᠣᠨ ᠨᠤᠲᠤᠭ ᠤᠨ  ᠬᠤᠭᠤᠷᠤᠨᠳᠤᠬᠢ ᠵᠥᠷᠢᠴᠡᠯ ᠤᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠠᠵᠢᠯ ᠢ ᠠᠬᠢᠭᠤᠯᠬᠤ ᠬᠤᠷᠠᠯ ᠳᠤ ᠣᠷᠣᠯᠴᠠᠪᠠ᠃ ᠦᠳᠡ ᠶᠢᠨ ᠬᠤᠶᠢᠨ᠎ᠠ ᠨᠢ᠂ ᠠᠮᠢ ᠠᠬᠤᠢ ᠣᠷᠴᠢᠨ ᠲᠤᠭᠤᠷᠢᠨ ᠤ ᠬᠦᠷᠢᠶᠡᠨ ᠳᠠᠬᠢ ᠠᠰᠠᠭᠤᠳᠠᠯ ᠢ ᠲᠤᠰᠬᠠᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃     9 ᠰᠠᠷ᠎ᠠ ᠶᠢᠨ 8 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠷᠬᠡ ᠶᠢᠨ ᠨᠤᠲᠠᠯᠠᠯᠲᠠ ᠶᠢᠨ ᠦᠯᠡᠳᠡᠭᠳᠡᠯ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠱᠠᠯᠠᠪᠳᠠᠭᠤᠯᠤᠨ ᠪᠠᠶᠢᠴᠠᠭᠠᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠦᠳᠡ ᠶᠢᠨ ᠬᠤᠶᠢᠨ᠎ᠠ ᠨᠢ᠂ ᠬᠤᠲᠠ  ᠶᠢᠨ ᠳᠡᠰ ᠤᠨ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠲᠤ ᠪᠠᠷ᠎ᠠ ᠪᠤᠯᠵᠤ ᠪᠠᠶᠢᠴᠠᠭᠠᠨ ᠰᠤᠳᠤᠯᠤᠯᠳᠠ ᠬᠢᠪᠠ᠃     9 ᠰᠠᠷ᠎ᠠ ᠶᠢᠨ 7  ᠤ ᠦᠳᠡ ᠶᠢᠨ ᠡᠮᠦᠨ᠎ᠡ᠂ ᠬᠤᠳᠠ ᠶᠢᠨ ᠳᠡᠳ᠋ ᠳᠠᠷᠤᠭ᠎ᠠ ᠯᠢ ᠶᠢᠩ ᠺᠦᠨ ᠱᠦᠵᠢ ᠨᠠᠷ ᠤᠨ ᠲᠤᠰᠬᠠᠢ ᠰᠡᠳᠦᠪᠲᠦ ᠬᠤᠷᠠᠯ ᠳᠤ ᠣᠷᠣᠯᠴᠠᠪᠠ᠃ ᠰᠠᠨ ᠾᠧ ᠲᠣᠰᠬᠤᠨ ᠢᠶᠠᠷ ᠬᠦᠷᠴᠦ ᠲᠤᠬᠠᠢ ᠶᠢᠨ ᠲᠠᠯᠠᠪᠠᠢ ᠳᠤ ᠠᠵᠢᠯᠯᠠᠵᠠᠢ᠃ ᠦᠳᠡ ᠶᠢᠨ ᠬᠤᠶᠢᠨ᠎ᠠ ᠨᠢ᠂ ᠢᠯᠠᠯᠳᠠ ᠪᠠᠯᠭᠠᠰᠤ ᠪᠠᠷ ᠬᠦᠷᠴᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠲᠤᠬᠠᠢ ᠶᠢᠨ ᠭᠠᠵᠠᠷ ᠲᠤᠨᠢ ᠰᠤᠳᠤᠯᠤᠨ ᠠᠬᠢᠭᠤᠯᠪᠠ᠃    9 ᠰᠠᠷ᠎ᠠ ᠶᠢᠨ 8 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠨᠠᠷ ᠲᠤ ᠪᠠᠷ᠎ᠠ ᠪᠣᠯᠵᠤ᠂ ᠰᠡᠷᠭᠡᠨ ᠣᠲᠣ ᠦᠶ᠎ᠡ ᠶᠢᠨ ᠲᠠᠷᠢᠶᠠᠯᠠᠩ ᠤᠨ ᠲᠣᠭᠤᠷᠢᠭ ᠢᠶᠠᠷ ᠬᠦᠷᠴᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠪᠠᠶᠢᠴᠠᠭᠠᠨ ᠰᠤᠳᠤᠯᠵᠤ᠂  ᠭᠡᠭᠡᠨᠰᠦ᠋ᠮ᠎ᠠ ᠪᠠᠯᠭᠠᠰᠤ ᠪᠠᠷ ᠬᠦᠷᠴᠦ ᠠᠳᠤᠭᠤᠨ ᠰᠤᠶᠤᠯᠳᠤ ᠪᠠᠯᠭᠠᠰᠤᠨ ᠤ ᠲᠥᠷᠥᠯ ᠵᠦᠢᠯ ᠢ ᠪᠠᠶᠢᠴᠠᠭᠠᠨ ᠰᠤᠳᠤᠯᠪᠠ᠃ ᠦᠳᠡ ᠶᠢᠨ ᠬᠤᠶᠢᠨ᠎ᠠ ᠨᠢ᠂ ᠣᠶ ᠰᠢᠭᠤᠢ ᠶᠢᠨ ᠲᠠᠯᠠᠪᠠᠶ ᠶᠢᠨ ᠠᠵᠢᠯᠲᠠᠨ ᠤ ᠠᠰᠠᠷᠠᠮᠵᠢ ᠬᠠᠷᠠᠭᠠᠯᠵᠠᠯ ᠤᠨ ᠠᠰᠠᠭᠤᠳᠠᠯ ᠢ ᠵᠣᠬᠢᠴᠠᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠠᠢ᠃ ᠠᠶᠢᠮᠠᠭ ᠤᠨ ᠳᠡᠳ᠋ ᠳᠠᠷᠤᠭ᠎ᠠ ᠴᠢᠦᠢ ᠵᠧᠨ ᠨᠢᠶᠠᠨ ᠳᠤ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ     9 ᠰᠠᠷ᠎ᠠ ᠶᠢᠨ 9 ᠤ ᠡᠳᠦᠷ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠤᠷ ᠤᠨ ᠬᠤᠷᠠᠯ ᠳᠤ ᠣᠷᠣᠯᠴᠠᠪᠠ᠃     9 ᠰᠠᠷ᠎ᠠ ᠶᠢᠨ 10 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠪᠠᠶᠢᠴᠧᠩ ᠮᠠᠯᠵᠢᠯ ᠤᠨ ᠲᠠᠯᠠᠪᠠᠶ ᠶᠢᠨ ᠨᠤᠲᠤᠭ ᠪᠡᠯᠴᠢᠭᠡᠷ ᠢ ᠬᠠᠤᠯᠢ ᠪᠤᠰᠤ ᠪᠠᠷ ᠬᠠᠭᠠᠯᠪᠤᠷᠢᠯᠠᠬᠰᠠᠨ ᠠᠰᠠᠭᠤᠳᠠᠯ ᠢ ᠵᠣᠬᠢᠴᠠᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠦᠳᠡ ᠶᠢᠨ ᠬᠤᠶᠢᠨ᠎ᠠ ᠨᠢ᠂ ᠨᠤᠲᠤᠭ ᠪᠡᠯᠴᠢᠭᠡᠷ ᠤᠨ ᠣᠶᠢᠲᠤ ᠭᠠᠵᠠᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢᠨ ᠱᠠᠳᠤᠴᠢ ᠴᠢᠨᠠᠷᠳᠠᠢ ᠪᠠᠷ ᠠᠰᠠᠭᠤᠳᠠᠯ ᠤᠨ ᠳ᠋ᠤᠭᠠᠷ ᠢ ᠬᠠᠰᠤᠬᠤ ᠠᠵᠢᠯ ᠢ ᠪᠡᠶᠡᠯᠡᠬᠦᠯᠪᠡ᠃     9 ᠰᠠᠷ᠎ᠠ ᠶᠢᠨ 11  ᠤ ᠦᠳᠡ ᠶᠢᠨ ᠡᠮᠦᠨ᠎ᠡ᠂ ᠳᠡᠳ᠋ ᠬᠤᠳᠠ ᠶᠢᠨ ᠳᠠᠷᠤᠭ᠎ᠠ ᠯᠢ ᠶᠢᠩ ᠺᠦᠨ ᠠᠶᠢᠮᠠᠭ ᠤᠨ ᠰᠣᠶᠣᠯ ᠪᠡᠶ᠎ᠡ ᠶᠢᠨ ᠲᠠᠮᠢᠷ ᠤᠨ ᠲᠣᠪᠴᠢᠶ᠎ᠠ ᠪᠠᠷ ᠬᠦᠷᠴᠦ ᠣᠶᠤᠨᠲᠤ ᠪᠡᠶ᠎ᠡ ᠶᠢᠨ ᠲᠠᠮᠢᠷ ᠤᠨ ᠴᠡᠴᠡᠷᠯᠢᠭ ᠤᠨ ᠲᠦᠷᠦᠯ ᠵᠦᠢᠯ ᠢ ᠠᠬᠢᠭᠤᠯᠬᠤ ᠶᠠᠷᠢᠯᠴᠠᠬᠤ ᠬᠤᠷᠠᠯ ᠳᠤ ᠣᠷᠣᠯᠴᠠᠪᠠ᠃ ᠪᠠᠶ᠋ᠬᠠᠤᠰᠤ ᠭᠠᠴᠠᠭ᠎ᠠ ᠶᠢ ᠪᠦᠬᠦᠨ ᠢ ᠨᠡᠭᠦᠯᠭᠡᠬᠦ ᠢᠨᠵᠧᠨᠧᠷᠢᠩ ᠢ ᠰᠤᠳᠤᠯᠤᠨ ᠶᠠᠷᠢᠯᠴᠠᠪᠠ᠃ ᠦᠳᠡ ᠶᠢᠨ ᠬᠤᠶᠢᠨ᠎ᠠ ᠨᠢ᠂  ᠲᠠᠪᠢᠨ ᠦᠷᠳᠡᠭᠡ ᠪᠠᠯᠭᠠᠰᠤ ᠪᠠᠷ ᠬᠦᠷᠴᠦ ᠲᠤᠬᠠᠢ ᠶᠢᠨ ᠲᠠᠯᠠᠪᠠᠶ ᠳᠤ ᠠᠵᠢᠯᠯᠠᠵᠤ ᠪᠠᠶᠢᠴᠧᠩ ᠮᠠᠯᠵᠢᠯ ᠤᠨ ᠲᠠᠯᠠᠪᠠᠶ ᠶᠢᠨ ᠨᠤᠲᠤᠭ ᠪᠡᠯᠴᠢᠭᠡᠷ ᠢ ᠬᠠᠤᠯᠢ ᠪᠤᠰᠤ ᠪᠠᠷ ᠬᠠᠭᠠᠯᠪᠤᠷᠢᠯᠠᠭᠰᠠᠨ ᠬᠡᠷᠡᠭ ᠢ ᠰᠢᠢᠳᠪᠦᠷᠢᠯᠡᠬᠦ ᠲᠤᠬᠠᠢ ᠶᠠᠷᠢᠯᠴᠠᠪᠠ᠃     9 ᠰᠠᠷ᠎ᠠ ᠶᠢᠨ 12 ᠤᠨ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠬᠤᠲᠠ ᠶᠢᠨ ᠨᠠᠮ ᠤᠨ ᠬᠤᠷᠢᠶᠠᠨ ᠤ ᠱᠦᠵᠢ ᠨᠠᠷ ᠤᠨ ᠲᠤᠰᠬᠠᠢ ᠰᠡᠳᠦᠪᠲᠦ ᠬᠤᠷᠠᠯ ᠳᠤ ᠣᠷᠣᠯᠴᠠᠪᠠ᠃ ᠤᠯᠤᠰ ᠤᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠮᠡᠳᠡᠭᠡ ᠵᠠᠩᠭᠢ ᠶᠢ ᠲᠤᠷᠰᠢᠨ ᠴᠤᠭᠯᠠᠭᠤᠯᠬᠤ ᠶᠠᠷᠢᠯᠴᠠᠬᠤ ᠬᠤᠷᠠᠯ ᠳᠤ ᠤᠷᠤᠯᠴᠠᠵᠠᠢ᠃ ᠦᠳᠡ ᠶᠢᠨ ᠬᠤᠶᠢᠨ᠎ᠠ ᠨᠢ᠂ ᠤᠯᠤᠰ ᠤᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠮᠡᠳᠡᠭᠡ ᠵᠠᠩᠭᠢ ᠶᠢ ᠲᠤᠷᠰᠢᠨ ᠴᠤᠭᠯᠠᠭᠤᠯᠬᠤ ᠲᠤᠭ᠎ᠠ ᠪᠠᠷᠢᠮᠲᠠ ᠶᠢᠨ ᠳᠤᠭᠤᠶᠢᠯᠠᠩ ᠳᠤ ᠪᠠᠷ᠎ᠠ ᠪᠣᠯᠵᠤ ᠪᠠᠶᠢᠴᠠᠭᠠᠨ ᠰᠤᠳᠤᠯᠤᠯᠳᠠ ᠬᠢᠵᠠᠢ᠃     9 ᠰᠠᠷ᠎ᠠ ᠶᠢᠨ 13 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠬᠥᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠶᠠᠷᠢᠯᠴᠠᠬᠤ ᠬᠤᠷᠠᠯ ᠳᠤ ᠤᠷᠤᠯᠴᠠᠪᠠ᠃ ᠦᠳᠡ ᠶᠢᠨ ᠬᠤᠶᠢᠨ᠎ᠠ ᠨᠢ᠂ ᠪᠦᠬᠦ ᠠᠶᠢᠮᠠᠭ ᠤᠨ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠶᠢᠨ ᠲᠠᠯᠠᠪᠠᠢ ᠶᠢᠨ ᠬᠤᠷᠠᠯ ᠤᠨ ᠪᠡᠯᠡᠳᠬᠡᠯ ᠠᠵᠢᠯ ᠢ ᠰᠤᠳᠤᠯᠵᠠᠢ᠃     9 ᠰᠠᠷ᠎ᠠ ᠶᠢᠨ 14 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠭᠡᠭᠡᠨᠳᠠᠯ᠎ᠠ ᠰᠠᠭᠠᠯᠢ ᠶᠢᠨ ᠦᠨᠢᠶ᠎ᠡ ᠶᠢᠨ ᠮᠠᠯᠵᠢᠯ ᠤᠨ ᠲᠠᠯᠠᠪᠠᠶ ᠶᠢᠨ ᠲᠥᠷᠥᠯ ᠵᠦᠢᠯ ᠢ ᠰᠤᠳᠤᠯᠤᠨ ᠶᠠᠷᠢᠯᠴᠠᠪᠠ᠃ ᠦᠳᠡ ᠶᠢᠨ ᠬᠤᠶᠢᠨ᠎ᠠ ᠨᠢ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠡᠨ ᠤ ᠬᠤᠷᠠᠯ ᠳᠤ ᠤᠷᠤᠯᠴᠠᠵᠠᠢ᠃     9 ᠰᠠᠷ᠎ᠠ ᠶᠢᠨ 15 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ 2023 ᠣᠨ ᠤ ᠤᠯᠠᠭᠠᠨᠬᠤᠲᠠ ᠶᠢᠨ ᠪᠡᠶ᠎ᠡ ᠶᠢᠨ ᠲᠠᠮᠢᠷ ᠪᠠ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠵᠢᠴᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠢᠷᠢᠰ ᠤᠷᠤᠯᠳᠤᠭᠠᠨ ᠤ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠦᠳᠡ ᠶᠢᠨ ᠬᠤᠶᠢᠨ᠎ᠠ ᠨᠢ᠂ ᠤᠯᠠᠭᠠᠨᠬᠠᠳᠠ ᠪᠠᠯᠭᠠᠰᠤ᠂ ᠭᠡᠭᠡᠨᠰᠦ᠋ᠮ᠎ᠠ ᠪᠠᠯᠭᠠᠰᠤ ᠪᠠᠷ ᠬᠦᠷᠴᠦ ᠡᠷᠳᠡᠨᠢ ᠰᠢᠰᠢ ᠪᠣᠯᠪᠠᠰᠤᠷᠠᠭᠤᠯᠬᠤ ᠲᠦᠷᠦᠯ ᠵᠦᠢᠯ ᠢ ᠪᠠᠶᠢᠴᠠᠭᠠᠨ ᠦᠵᠡᠪᠡ᠃     9 ᠰᠠᠷ᠎ᠠ ᠶᠢᠨ 16 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠴᠡᠷᠢᠭ ᠠᠩᠭᠢ ᠪᠠ ᠣᠷᠣᠨ ᠨᠤᠲᠤᠭ ᠤᠨ ᠬᠤᠭᠤᠷᠤᠨᠳᠤᠬᠢ ᠵᠥᠷᠢᠴᠡᠯ ᠵᠢᠭᠤᠷᠠᠯᠳᠤᠭᠠᠨ ᠢ ᠵᠤᠬᠢᠴᠠᠭᠤᠯᠤᠨ ᠰᠢᠢᠳᠪᠤᠷᠢᠯᠡᠬᠦ ᠳᠤᠭᠤᠶᠢᠯᠠᠩ ᠤᠨ ᠶᠠᠷᠢᠯᠴᠠᠬᠤ ᠬᠤᠷᠠᠯ ᠳᠤ ᠣᠷᠣᠯᠴᠠᠪᠠ᠃  ᠦᠳᠡ ᠶᠢᠨ ᠬᠤᠶᠢᠨ᠎ᠠ ᠨᠢ᠂ ᠭᠡᠭᠡᠨᠰᠦ᠋ᠮ᠎ᠠ ᠪᠠᠯᠭᠠᠰᠤ ᠪᠠᠷ ᠬᠦᠷᠴᠦ ᠲᠤᠬᠠᠢ ᠶᠢᠨ ᠲᠠᠯᠠᠪᠠᠢ ᠳᠤ ᠠᠵᠢᠯᠯᠠᠵᠤ ᠨᠡᠷᠡᠳᠦ ᠠᠳᠤᠭᠤᠨ ᠤ ᠣᠷᠳᠣᠨ ᠤ ᠲᠦᠷᠦᠯ ᠵᠦᠢᠯ ᠢ ᠠᠬᠢᠭᠤᠯᠪᠠ᠃    9 ᠰᠠᠷ᠎ᠠ ᠶᠢᠨ 17 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠲᠠᠪᠤᠨ ᠶᠡᠭᠡ ᠡᠭᠦᠷᠭᠡ ᠶᠢ ᠠᠬᠢᠭᠤᠯᠬᠤ ᠲᠤᠬᠠᠢ ᠰᠤᠳᠤᠯᠪᠠ  ᠃  ᠦᠳᠡ ᠶᠢᠨ ᠬᠤᠶᠢᠨ᠎ᠠ ᠨᠢ  ᠂ ᠪᠠᠶᠢᠭᠤᠯᠭ᠎ᠠ ᠳᠠᠭᠠᠨ ᠤᠴᠢᠵᠠᠢ᠃     9 ᠰᠠᠷ᠎ᠠ ᠶᠢᠨ 18  ᠤ ᠦᠳᠡ ᠶᠢᠨ ᠡᠮᠦᠨ᠎ᠡ᠂ ᠬᠤᠳᠠ ᠶᠢᠨ ᠳᠡᠳ᠋ ᠳᠠᠷᠤᠭ᠎ᠠ ᠯᠢ ᠶᠢᠩ ᠺᠦᠨ ᠤᠳᠤ ᠦᠶ᠎ᠡ ᠶᠢᠨ ᠮᠠᠯ ᠠᠵᠤ ᠠᠬᠤᠢ ᠶᠢᠨ ᠶᠡᠷᠦᠩᠬᠡᠢ ᠲᠠᠭᠠᠭᠠᠮᠠᠯ ᠰᠦᠨ ᠢᠦᠢ ᠭᠠᠩ ᠨᠠᠷ ᠲᠤ ᠪᠠᠷ᠎ᠠ ᠪᠣᠯᠵᠤ ᠭᠡᠭᠡᠨᠳᠠᠯ᠎ᠠ ᠰᠠᠭᠠᠯᠢ ᠶᠢᠨ ᠦᠨᠢᠶᠡᠨ ᠤ ᠮᠠᠯᠵᠢᠯ ᠤᠨ ᠲᠠᠯᠠᠪᠠᠢ ᠪᠠᠷ ᠰᠢᠨᠵᠢᠯᠡᠨ ᠪᠠᠶᠢᠴᠠᠭᠠᠪᠠ᠃ ᠤᠳᠤ ᠦᠶ᠎ᠡ ᠶᠢᠨ ᠮᠠᠯ ᠠᠵᠤ ᠠᠬᠤᠢ ᠲᠠᠢ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ᠃ ᠦᠳᠡ ᠶᠢᠨ ᠬᠤᠶᠢᠨ᠎ᠠ ᠨᠢ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠤ ᠬᠤᠯᠪᠣᠭᠳᠠᠬᠤ ᠲᠠᠪᠤᠨ ᠶᠡᠭᠡ ᠡᠭᠦᠷᠭᠡ ᠶᠢᠨ ᠲᠤᠬᠠᠢ ᠰᠤᠳᠤᠯᠤᠨ ᠶᠠᠷᠢᠯᠴᠠᠵᠠᠢ᠃    9 ᠰᠠᠷ᠎ᠠ ᠶᠢᠨ 19  ᠤ ᠦᠳᠡ ᠶᠢᠨ ᠡᠮᠦᠨ᠎ᠡ᠂ ᠬᠤᠳᠠ ᠶᠢᠨ ᠳᠡᠳ᠋ ᠳᠠᠷᠤᠭ᠎ᠠ ᠯᠢ ᠶᠢᠩ ᠺᠦᠨ ᠱᠦᠵᠢ ᠨᠠᠷ ᠤᠨ ᠲᠤᠰᠬᠠᠢ ᠰᠡᠳᠦᠪᠲᠦ ᠬᠤᠷᠠᠯ ᠳᠤ ᠣᠷᠣᠯᠴᠠᠪᠠ᠃ ᠰᠠᠨ ᠾᠧ ᠲᠣᠰᠬᠤᠨ ᠢᠶᠠᠷ ᠬᠦᠷᠴᠦ ᠲᠤᠬᠠᠢ ᠶᠢᠨ ᠲᠠᠯᠠᠪᠠᠢ ᠳᠤ ᠠᠵᠢᠯᠯᠠᠵᠠᠢ᠃ ᠦᠳᠡ ᠶᠢᠨ ᠬᠤᠶᠢᠨ᠎ᠠ ᠨᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠤᠯᠤᠰ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠠᠢ᠃ ᠭᠤᠤ ᠶᠢᠨ ᠠᠶᠢᠯ ᠢᠶᠠᠷ ᠬᠦᠷᠴᠦ ᠲᠤᠬᠠᠢ ᠶᠢᠨ ᠭᠠᠵᠠᠷ ᠲᠤᠨᠢ ᠲᠥᠬᠦᠭᠡᠷᠦᠮᠵᠢᠲᠦ ᠲᠠᠷᠢᠶᠠᠯᠠᠩ ᠤᠨ ᠲᠣᠭᠤᠷᠢᠭ ᠤᠨ ᠢᠨᠵᠧᠨᠧᠷᠢᠩ ᠤᠨ ᠠᠬᠢᠴᠠ ᠶᠢ ᠵᠤᠬᠢᠴᠠᠭᠤᠯᠵᠠᠢ᠃ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠲᠤᠭᠤᠷᠢᠭ  ᠤᠨ ᠳᠤᠮᠳᠠ ᠬᠤᠭᠤᠴᠠᠭᠠᠨ ᠤ ᠦᠨᠡᠯᠡᠨ ᠵᠢᠱᠢᠵᠦ ᠰᠢᠯᠭᠠᠨ ᠠᠪᠬᠤ ᠠᠵᠢᠯ   ᠤᠨ ᠬᠤᠷᠠᠯ ᠳᠤ ᠣᠷᠣᠯᠴᠠᠵᠠᠢ᠃    9 ᠰᠠᠷ᠎ᠠ ᠶᠢᠨ 21 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠠᠶᠢᠮᠠᠭ ᠤᠨ ᠰᠣᠶᠣᠯ ᠵᠢᠭᠤᠯᠴᠢᠯᠠᠯ ᠤᠨ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠦᠮᠤᠰ ᠲᠤ ᠪᠠᠷ᠎ᠠ ᠪᠣᠯᠵᠤ ᠪᠥᠬᠦ ᠠᠶᠢᠮᠠᠭ ᠤᠨ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠶᠢᠨ ᠲᠠᠯᠠᠪᠤᠷ ᠤᠨ ᠬᠤᠷᠠᠯ ᠤᠨ ᠲᠣᠭᠤᠷᠢᠨ ᠦᠵᠡᠬᠦ ᠴᠡᠭ ᠲᠤ  ᠰᠢᠨᠵᠢᠯᠡᠨ ᠪᠠᠶᠢᠴᠠᠭᠠᠪᠠ᠃  ᠦᠳᠡ ᠶᠢᠨ ᠬᠤᠶᠢᠨ᠎ᠠ ᠨᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠡᠯᠡ ᠮᠥᠩᠭᠦ ᠡᠳ᠋ ᠬᠥᠷᠥᠩᠭᠡ ᠶᠢ  ᠵᠤᠬᠢᠴᠠᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃    9 ᠰᠠᠷ᠎ᠠ ᠶᠢᠨ 23  ᠤ ᠦᠳᠡ ᠶᠢᠨ ᠡᠮᠦᠨ᠎ᠡ᠂ ᠬᠤᠳᠠ ᠶᠢᠨ ᠳᠡᠳ᠋ ᠳᠠᠷᠤᠭ᠎ᠠ ᠯᠢ ᠶᠢᠩ ᠺᠦᠨ ︽ ᠰᠠᠭᠤᠷᠢᠨ ᠭᠠᠵᠠᠷ  ᠢᠶᠠᠨ ᠪᠠᠳᠤᠳᠬᠠᠵᠤ ᠡᠯᠪᠡᠭ ᠬᠤᠷᠢᠶᠠᠯᠲᠠ ᠪᠠᠨ ᠪᠡᠯᠭᠡᠯᠡᠵᠦ ᠡᠶ᠎ᠡ ᠨᠠᠶᠢᠷᠠᠮᠳᠠᠭᠤ ᠶᠢ ᠠᠬᠢᠭᠤᠯᠬᠤ︾ ᠵᠢᠷᠭᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠵᠢᠴᠢ ᠬᠢᠩᠭᠠᠨ ᠠᠶᠢᠮᠠᠭ ᠤᠨ ᠠᠩᠬᠠᠳᠤᠭᠠᠷ ᠬᠤᠭᠤᠴᠠᠭᠠᠨ ᠤ ᠨᠤᠲᠤᠭ ᠤᠨ ᠣᠨᠴᠠ ᠭᠠᠷᠤᠯᠲᠠ ᠶᠢᠨ ᠠᠵᠤ ᠦᠢᠯᠡᠰ ᠤᠨ ᠬᠥᠭᠵᠢᠯᠲᠡ ᠶᠢᠨ ᠦᠷ᠎ᠡ ᠪᠦᠲᠦᠭᠡᠯ ᠤᠨ ᠦᠵᠡᠭᠦᠯᠭᠡ ᠶᠢᠨ ᠬᠤᠷᠠᠯ ᠳᠤ ᠣᠷᠣᠯᠴᠠᠪᠠ᠃ ᠦᠳᠡ ᠶᠢᠨ ᠬᠤᠶᠢᠨ᠎ᠠ ᠨᠢ᠂ ᠬᠤᠲᠠ ᠶᠢᠨ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠠᠩᠬᠠᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠵᠢᠴᠢ ᠬᠤᠲᠠ ᠶᠢᠨ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠳᠤ ᠣᠷᠣᠯᠴᠠᠪᠠ᠃     9 ᠰᠠᠷ᠎ᠠ ᠶᠢᠨ 24 ᠤ ᠡᠳᠦᠷ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠬᠤᠲᠠ ᠶᠢᠨ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠳᠤ ᠣᠷᠣᠯᠴᠠᠪᠠ᠃     9 ᠰᠠᠷ᠎ᠠ ᠶᠢᠨ 25 ᠤ ᠦᠳᠡ ᠶᠢᠨ ᠡᠮᠦᠨ᠎ᠡ᠂ ᠬᠤᠳᠠ ᠶᠢᠨ ᠳᠡᠳ᠋ ᠳᠠᠷᠤᠭ᠎ᠠ ᠯᠢ ᠶᠢᠩ ᠺᠦᠨ ᠮᠠᠯ ᠪᠡᠯᠴᠢᠭᠡᠷ ᠢ ᠨᠢᠭᠡ ᠴᠣᠭᠴᠠᠵᠢᠭᠤᠯᠤᠭᠰᠠᠨ ᠬᠦᠷᠢᠶᠡᠯᠡᠩ ᠲᠣᠭᠤᠷᠢᠭ ᠤᠨ ᠲᠦᠷᠦᠯ ᠵᠦᠢᠯ ᠳᠤ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃ ᠬᠢᠩᠭᠠᠨ ᠠᠶᠢᠮᠠᠭ ᠤᠨ ᠶᠤᠸᠠᠨ ᠯᠦᠩ ᠫᠢᠩ ᠠᠺᠠᠳᠧᠮᠢᠴᠢ ᠶᠢᠨ ᠠᠵᠢᠯᠯᠠᠬᠤ ᠦᠷᠲᠡᠭᠡ ᠪᠠᠶᠢᠭᠤᠯᠤᠭᠳᠠᠭᠰᠠᠨ ᠲᠠᠪᠤᠨ ᠵᠢᠯ ᠤᠨ ᠤᠢ ᠵᠢᠴᠢ 2023 ᠣᠨ ᠤ ᠴᠢᠨᠠᠷ ᠰᠠᠶᠢᠲᠠᠢ ᠤᠰᠤᠨ ᠲᠤᠲᠤᠷᠭ᠎ᠠ ᠶᠢᠨ ᠤᠨᠠᠯᠲᠠ ᠶᠢ ᠬᠡᠮᠵᠢᠬᠦ ᠦᠵᠡᠭᠦᠯᠭᠡ ᠶᠢᠨ ᠴᠤᠭᠯᠠᠭᠠᠨ ᠳᠤ ᠣᠷᠣᠯᠴᠠᠪᠠ᠃ ᠦᠳᠡ ᠶᠢᠨ ᠬᠤᠶᠢᠨ᠎ᠠ ᠨᠢ᠂ ᠠᠷᠪᠠᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭᠠᠨ ᠤ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢᠨ ᠪᠡᠯᠡᠳᠬᠡᠯ ᠠᠵᠢᠯ ᠢ ᠰᠤᠳᠤᠯᠵᠠᠢ᠃     9 ᠰᠠᠷ᠎ᠠ ᠶᠢᠨ 26  ᠤ ᠦᠳᠡ ᠶᠢᠨ ᠡᠮᠦᠨ᠎ᠡ᠂ ᠬᠤᠳᠠ ᠶᠢᠨ ᠳᠡᠳ᠋ ᠳᠠᠷᠤᠭ᠎ᠠ ᠯᠢ ᠶᠢᠩ ᠺᠦᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠤᠳᠤᠯᠤᠨ ᠶᠠᠷᠢᠯᠴᠠᠪᠠ᠃ ᠦᠳᠡ ᠶᠢᠨ ᠬᠤᠶᠢᠨ᠎ᠠ ᠨᠢ᠂ ᠤᠯᠠᠭᠠᠨᠬᠠᠳᠠ ᠪᠠᠯᠭᠠᠰᠤ᠂ ᠢᠯᠠᠯᠳᠠ ᠪᠠᠯᠭᠠᠰᠤ ᠪᠠᠷ ᠬᠦᠷᠴᠦ ᠢᠳᠡᠭᠡᠨ ᠪᠣᠯᠪᠠᠰᠤᠷᠠᠭᠤᠯᠬᠤ ᠠᠵᠤ ᠠᠬᠤᠶᠢᠯᠠᠯ ᠢ ᠱᠠᠯᠠᠪᠳᠠᠭᠤᠯᠤᠨ ᠵᠢᠯᠤᠭᠤᠳᠴᠤ ᠪᠠᠶᠢᠴᠠᠭᠠᠵᠠᠢ᠃     9 ᠰᠠᠷ᠎ᠠ ᠶᠢᠨ 27 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠤᠳᠤᠯᠤᠨ ᠶᠠᠷᠢᠯᠴᠠᠪᠠ᠃ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠳᠤ ᠪᠠᠷ᠎ᠠ ᠪᠣᠯᠵᠤ ᠤᠷᠢᠳᠴᠢᠯᠠᠨ ᠬᠢᠬᠦ ᠢᠳᠡᠰᠢᠨ ᠨᠣᠭᠤᠭᠠᠨ ᠤ ᠠᠵᠤ ᠦᠢᠯᠡᠰ ᠤᠨ ᠲᠤᠭᠤᠷᠢᠭ ᠤᠨ ᠲᠦᠷᠤᠯ ᠵᠤᠶᠢᠯ ᠳᠤ ᠪᠠᠶᠢᠴᠠᠭᠠᠨ ᠰᠤᠳᠤᠯᠤᠯᠳᠠ ᠬᠢᠵᠠᠢ᠃ ᠦᠳᠡ ᠶᠢᠨ ᠬᠤᠶᠢᠨ᠎ᠠ ᠨᠢ᠂ ᠤᠯᠠᠭᠠᠨᠬᠠᠳᠠ ᠪᠠᠯᠭᠠᠰᠤ᠂ ᠢᠯᠠᠯᠳᠠ ᠪᠠᠯᠭᠠᠰᠤ ᠪᠠᠷ ᠬᠦᠷᠴᠦ ᠢᠳᠡᠭᠡᠨ ᠪᠣᠯᠪᠠᠰᠤᠷᠠᠭᠤᠯᠬᠤ ᠠᠵᠤ ᠠᠬᠤᠶᠢᠯᠠᠯ ᠢ ᠱᠠᠯᠠᠪᠳᠠᠭᠤᠯᠤᠨ ᠵᠢᠯᠤᠭᠤᠳᠴᠤ ᠪᠠᠶᠢᠴᠠᠭᠠᠵᠠᠢ᠃     9 ᠰᠠᠷ᠎ᠠ ᠶᠢᠨ 28 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠰᠡᠷᠭᠡᠨ ᠣᠲᠣ ᠦᠶ᠎ᠡ ᠶᠢᠨ ᠲᠠᠷᠢᠶᠠᠯᠠᠩ ᠤᠨ ᠲᠣᠭᠤᠷᠢᠭ ᠢᠶᠠᠷ ᠬᠦᠷᠴᠦ ᠡᠰᠢ ᠰᠦᠷᠡᠯ ᠡᠳ᠋ᠰᠢᠬᠦᠯᠤᠨ ᠪᠣᠯᠪᠠᠰᠤᠷᠠᠭᠤᠯᠬᠤ ᠲᠥᠷᠥᠯ ᠵᠦᠢᠯ ᠢ ᠲᠤᠬᠠᠢ ᠶᠢᠨ ᠲᠠᠯᠠᠪᠠᠶ ᠳᠤ ᠠᠬᠢᠭᠤᠯᠪᠠ᠃ ᠶᠡᠭᠡ ᠬᠢᠩᠭᠠᠨ ᠳᠠᠪᠠᠭ᠎ᠠ ᠶᠢᠨ ᠠᠮᠢ ᠠᠬᠤᠢ ᠶᠢᠨ ᠰᠣᠶᠣᠯ ᠤᠨ ᠬᠦᠷᠢᠶᠡᠯᠡᠩ ᠢᠶᠠᠷ ᠬᠦᠷᠴᠦ ᠤᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠠᠵᠢᠯ ᠢ ᠠᠬᠢᠭᠤᠯᠪᠠ᠃ ᠦᠳᠡ ᠶᠢᠨ ᠬᠤᠶᠢᠨ᠎ᠠ ᠨᠢ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠲᠠᠪᠤᠨ ᠶᠡᠭᠡ ᠡᠭᠦᠷᠭᠡ ᠶᠢᠨ ᠲᠤᠬᠠᠢ ᠰᠤᠳᠤᠯᠤᠨ ᠶᠠᠷᠢᠯᠴᠠᠵᠠᠢ᠃     9 ᠰᠠᠷ᠎ᠠ ᠶᠢᠨ 29 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠭᠤᠣᠯ ᠤᠳᠤᠷᠢᠳᠤᠯᠭ᠎ᠠ ᠨᠠᠷ ᠲᠤ ᠪᠠᠷ᠎ᠠ ᠪᠣᠯᠵᠤ ᠬᠢᠩᠭᠠᠨ ᠯᠢᠩ ᠴᠤᠸᠠᠩ ᠢᠶᠠᠷ ᠪᠠᠶᠢᠴᠠᠭᠠᠨ ᠰᠤᠳᠤᠯᠤᠯᠳᠠ ᠬᠢᠵᠠᠢ᠃ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠲᠠᠪᠤᠨ ᠶᠡᠭᠡ ᠡᠭᠦᠷᠭᠡ ᠶᠢᠨ ᠲᠤᠬᠠᠢ ᠰᠤᠳᠤᠯᠤᠨ ᠶᠠᠷᠢᠯᠴᠠᠵᠠᠢ᠃ ᠦᠳᠡ ᠶᠢᠨ ᠬᠤᠶᠢᠨ᠎ᠠ ᠨᠢ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠡᠨ ᠤ ᠬᠤᠷᠠᠯ ᠳᠤ ᠤᠷᠤᠯᠴᠠᠵᠠᠢ᠃  ᠪᠥᠬᠦ ᠠᠶᠢᠮᠠᠭ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ  ᠲᠤᠶᠢᠮᠠᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠸᠢᠳᠢᠤ᠋ ᠲᠣᠬᠢᠷᠠᠭᠤᠯᠤᠯᠲᠠ ᠶᠢᠨ ᠬᠤᠷᠠᠯ ᠳᠤ ᠣᠷᠣᠯᠴᠠᠵᠠᠢ᠃
 
ᠢᠷᠡᠯᠲᠡ᠄ ᠤᠯᠠᠭᠠᠨᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号