ᠬᠤᠳᠠ ᠶᠢᠨ ᠲᠡᠳ᠋ ᠲᠠᠷᠤᠭ᠎ᠠ ᠵᠠᠩ ᠵᠢᠩ ᠵᠢᠩ ᠤᠨ 2023 ᠤᠨ ᠤ 8 ᠳ᠋ᠤᠭᠠᠷ ᠰᠠᠷ᠎ᠠ ᠶᠢᠨ ᠴᠢᠬᠤᠯᠠ ᠶᠠᠪᠤᠳᠠᠯ  ᠤᠨ ᠲᠡᠮᠳᠡᠭᠯᠡᠯ
ᠨᠡᠶᠢᠲᠡᠯᠡᠭᠰᠡᠨ ᠴᠠᠭ᠄
2023/12/14
    8 ᠰᠠᠷ᠎ᠠ ᠶᠢᠨ 4 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠵᠠᠩ ᠵᠢᠩ ᠵᠢᠩ ᠬᠢᠩᠭᠠᠨ ᠬᠡᠷᠡᠭ ᠡᠷᠬᠢᠯᠡᠬᠦ ᠭᠠᠵᠠᠷ ᠤᠨ ᠱᠦᠨ ᠳ᠋ᠡ ᠨᠡᠶᠢᠭᠡᠮ ᠲᠣᠭᠤᠷᠢᠭ ᠢᠶᠠᠷ ᠬᠦᠷᠴᠦ ᠤᠯᠠᠭᠠᠨᠬᠤᠲᠠ ᠶᠢᠨ ᠰᠢᠯᠢᠳᠡᠭ ︽ᠠᠢ  ᠰᠢᠨ ᠮᠠ ᠮᠠ︾ ᠶᠢᠨ ᠱᠠᠩᠨᠠᠯ ᠣᠯᠭᠤᠬᠤ ᠵᠢᠴᠢ ᠵᠣᠨ ᠤ ᠠᠮᠠᠷᠠᠯᠲᠠ ᠶᠢᠨ ᠬᠤᠭᠤᠴᠠᠭᠠᠨ ᠤ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠠᠵᠢᠯᠯᠠᠭ᠎ᠠ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠡᠢ᠃ ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠲᠡᠷᠢᠭᠦᠯᠡᠭᠴᠢ ᠸᠠᠩ ᠹᠧᠩ ᠬᠤᠸᠠ᠂ ᠠᠶᠢᠮᠠᠭ ᠤᠨ ᠡᠮᠡᠭᠲᠡᠶᠢᠴᠦᠳ ᠤᠨ ᠬᠤᠯᠪᠣᠭ᠎ᠠ ᠶᠢᠨ ᠳᠡᠳ᠋ ᠲᠡᠷᠢᠭᠦᠯᠡᠭᠴᠢ ᠹᠧᠩ ᠶᠢᠩ ᠲᠤᠰ ᠠᠵᠢᠯᠯᠠᠭ᠎ᠠ ᠳᠤ ᠣᠷᠣᠯᠴᠠᠪᠠ᠃     8 ᠰᠠᠷ᠎ᠠ ᠶᠢᠨ 8 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠵᠠᠩ ᠵᠢᠩ ᠵᠢᠩ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠳᠠᠬᠢᠨ ᠬᠢᠨᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠵᠢᠴᠢ ︽ᠬᠦᠬᠦᠨ ᠪᠤᠯᠴᠢᠷᠬᠠᠢ  ᠶᠢᠨ ᠦᠮᠡᠨ ᠪᠤᠯᠤᠨ ᠰᠠᠪᠠᠨ ᠬᠦᠵᠤᠬᠦᠤ ᠶᠢᠨ ᠦᠮᠡᠨ︾ ᠢ ᠰᠢᠭᠰᠢᠨ ᠪᠠᠶᠢᠴᠠᠭᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ᠂ ᠬᠤᠶᠠᠷ ᠵᠦᠢᠯ ᠤᠨ ᠠᠵᠢᠯ ᠤᠨ ᠠᠬᠢᠴᠠ ᠶᠢᠨ ᠪᠠᠶᠢᠳᠠᠯ ᠢ ᠵᠠᠷᠯᠠᠨ ᠮᠡᠳᠡᠭᠳᠡᠵᠦ᠂ ᠬᠤᠲᠠ ᠶᠢᠨ ᠲᠡᠳ᠋ ᠳᠠᠷᠤᠭ᠎ᠠ ᠵᠠᠩ ᠵᠢᠩ ᠵᠢᠩ ᠳᠠᠬᠢᠨ ᠬᠢᠨᠠᠬᠤ ᠴᠡᠭ᠂ ᠴᠡᠭᠴᠡᠯᠡᠨ ᠰᠠᠶᠢᠵᠢᠷᠠᠭᠤᠯᠬᠤ ᠠᠷᠭ᠎ᠠ ᠠᠪᠴᠠᠯ᠂ ︽ᠬᠦᠬᠦᠨ ᠪᠤᠯᠴᠢᠷᠬᠠᠢ ᠶᠢᠨ ᠦᠮᠡᠨ ᠪᠤᠯᠤᠨ ᠰᠠᠪᠠᠨ ᠬᠦᠵᠤᠬᠦᠤ ᠶᠢᠨ ᠦᠮᠡᠨ︾ ᠢ ᠰᠢᠭᠰᠢᠨ ᠪᠠᠶᠢᠴᠠᠭᠠᠵᠤ ᠪᠠᠶᠢᠳᠠᠯ ᠢ ᠣᠶᠢᠯᠠᠭᠠᠬᠤ᠂ ᠤᠬᠠᠭᠤᠯᠤᠨ ᠳᠠᠶᠢᠴᠢᠯᠠᠬᠤ ᠵᠡᠷᠭᠡ ᠲᠠᠯ᠎ᠠ ᠪᠠᠷ ᠲᠣᠬᠢᠷᠠᠭᠤᠯᠤᠯᠲᠠ ᠬᠢᠵᠦ ᠪᠠᠶᠢᠷᠢᠯᠠᠭᠤᠯᠪᠠ᠃ ᠵᠠᠰᠠᠭ ᠤᠨ ᠣᠷᠳᠣᠨ ᠤ ᠠᠯᠪᠠᠨ ᠭᠡᠷ᠂ ᠠᠶᠢᠬᠦ᠋ᠸᠧ ᠡᠷᠡᠭᠦᠯ ᠬᠠᠮᠠᠭᠠᠯᠠᠯ ᠤᠨ ᠠᠯᠪᠠᠨ ᠭᠡᠷ ᠤᠨ ᠪᠦᠷᠢᠯᠳᠦᠭᠦᠨ ᠨᠢᠭᠡᠴᠢ ᠣᠷᠣᠯᠴᠠᠵᠠᠢ᠃ ᠳᠠᠷᠠᠭ᠎ᠠ ᠨᠢ᠂ ᠰᠢᠨ᠎ᠡ ᠬᠤᠲᠠ ᠬᠡᠷᠡᠭ ᠡᠷᠬᠢᠯᠡᠬᠦ ᠭᠠᠵᠠᠷ ᠢᠶᠠᠷ ᠬᠦᠷᠴᠦ ᠵᠠᠬᠢᠳᠠᠯ ᠰᠣᠷᠪᠤᠯᠵᠢᠯᠠᠯ ᠬᠢᠭᠰᠡᠨ ᠭᠤᠣ ᠰᠤ᠋ ᠵᠧᠨ ᠢ ᠬᠦᠯᠢᠶᠡᠨ ᠠᠪᠴᠤ᠂ ᠵᠠᠬᠢᠳᠠᠯ ᠰᠣᠷᠪᠤᠯᠵᠢᠯᠠᠯ ᠤᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠡᠢ᠃    8 ᠰᠠᠷ᠎ᠠ ᠶᠢᠨ 9 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠵᠠᠩ ᠵᠢᠩ ᠵᠢᠩ ᠪᠦᠯᠬᠦᠮ ᠳᠠᠭᠠᠭᠤᠯᠤᠨ ᠺᠠ ᠺᠦ᠋ ᠬᠡᠦᠬᠡᠳ ᠤᠨ ᠴᠡᠴᠡᠷᠯᠢᠭ᠂  ᡁᠢ ᠬᠤᠢ ᠱᠤ᠋ ᠬᠡᠦᠬᠡᠳ ᠰᠠᠭᠠᠲᠠᠭᠤᠯᠬᠤ ᠲᠥᠪ᠂ ᠰᠢᠨ ᠾᠧ ᠬᠡᠦᠬᠡᠳ ᠰᠠᠭᠠᠲᠠᠭᠤᠯᠬᠤ ᠬᠦᠷᠢᠶᠡᠯᠡᠩ᠂ ᠰᠢᠶᠤᠤ ᠳ᠋ᠠᠢ ᠱᠤ᠋ ᠬᠡᠦᠬᠡᠳ ᠰᠠᠭᠠᠲᠠᠭᠤᠯᠬᠤ ᠬᠦᠷᠢᠶᠡᠯᠡᠩ ᠢᠶᠠᠷ ᠬᠦᠷᠴᠦ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠥᠷᠨᠢᠭᠦᠯᠪᠡ᠃ ᠡᠵᠡᠩᠨᠡᠯᠲᠡ ᠶᠢᠨ ᠬᠦᠷᠢᠶ᠎ᠡ ᠬᠡᠪᠴᠢᠶ᠎ᠡ᠂ ᠭᠠᠯ ᠰᠡᠷᠭᠡᠶᠢᠯᠡᠵᠤ ᠤᠨᠲᠠᠷᠠᠭᠠᠬᠤ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠮᠤᠷ ᠲᠦᠪᠰᠢᠨ ᠵᠡᠷᠭᠡ ᠲᠠᠯ᠎ᠠ ᠶᠢ ᠨᠠᠷᠢᠨ ᠪᠠᠶᠢᠴᠠᠭᠠᠵᠠᠢ᠃ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠷᠠᠳ ᠤᠨ ᠶᠠᠪᠤᠳᠠᠯ ᠤᠨ ᠲᠣᠪᠴᠢᠶ᠎ᠠ᠂ ᠭᠠᠯ ᠰᠡᠷᠭᠡᠶᠢᠯᠡᠵᠤ ᠤᠨᠲᠠᠷᠠᠭᠠᠬᠤ ᠶᠡᠭᠡ ᠠᠩᠭᠢ ᠣᠷᠣᠯᠴᠠᠵᠠᠢ᠃    8 ᠰᠠᠷ᠎ᠠ ᠶᠢᠨ 10 ᠤ ᠦᠳᠡ ᠶᠢᠨ ᠬᠤᠶᠢᠨ᠎ᠠ᠂ ᠬᠤᠳᠠ ᠶᠢᠨ ᠳᠡᠳ᠋ ᠳᠠᠷᠤᠭ᠎ᠠ ᠵᠠᠩ ᠵᠢᠩ ᠵᠢᠩ ᠬᠢᠩᠭᠠᠨ ᠬᠡᠷᠡᠭ ᠡᠷᠬᠢᠯᠡᠬᠦ ᠭᠠᠵᠠᠷ ᠢᠶᠠᠷ ᠬᠦᠷᠴᠦ ᠲᠤᠬᠠᠢ ᠶᠢᠨ ᠲᠠᠯᠠᠪᠤᠷ ᠲᠤ ᠠᠵᠢᠯᠯᠠᠨ᠂ ᠵᠠᠬᠢᠳᠠᠯ ᠰᠣᠷᠪᠤᠯᠵᠢᠯᠠᠯ ᠤᠨ ᠬᠡᠷᠡᠭ ᠢ ᠳᠠᠭᠠᠭᠠᠴᠢᠯᠠᠭᠰᠠᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠵᠠᠬᠢᠳᠠᠯ ᠰᠣᠷᠪᠤᠯᠵᠢᠯᠠᠯ ᠤᠨ ᠵᠥᠷᠢᠴᠡᠯ ᠢ ᠡᠶᠡᠳᠡᠬᠦᠯᠤᠨ ᠵᠤᠬᠢᠴᠠᠭᠤᠯᠬᠤ ᠲᠤᠬᠠᠢ ᠵᠦᠢ ᠵᠣᠬᠢᠰᠲᠠᠢ ᠰᠠᠨᠠᠯ ᠰᠠᠨᠠᠭᠤᠯᠭ᠎ᠠ ᠳᠤᠷᠠᠳᠪᠠ᠃    8 ᠰᠠᠷ᠎ᠠ ᠶᠢᠨ 14 ᠤ ᠦᠳᠡ ᠶᠢᠨ ᠬᠤᠶᠢᠨ᠎ᠠ᠂ ᠬᠤᠲᠠ ᠶᠢᠨ ᠳᠡᠳ᠋ ᠳᠠᠷᠤᠭ᠎ᠠ ᠵᠠᠩ ᠵᠢᠩ ᠵᠢᠩ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠪᠠᠷ ᠬᠦᠷᠴᠦ ᠬᠠᠭᠠᠰ ᠵᠢᠯ ᠤᠨ ᠠᠵᠢᠯ ᠤᠨ ᠵᠤᠬᠢᠴᠠᠭᠤᠯᠬᠤ ᠬᠤᠷᠠᠯ ᠬᠢᠪᠡ᠃ ᠪᠠᠶᠢᠭᠤᠯᠤᠮᠵᠢ ᠶᠢᠨ ᠪᠠᠶᠢᠭᠤᠯᠤᠯ ᠤᠨ ᠥᠭᠡᠷᠡᠴᠢᠯᠡᠯᠲᠡ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠡᠷᠭᠡ ᠠᠵᠢᠯ ᠤᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ᠂ ᠬᠠᠤᠯᠢ ᠪᠤᠰᠤ ᠪᠠᠷ ᠡᠮᠴᠢᠯᠡᠬᠦ᠂ ᠠᠭᠠᠷ ᠢ ᠪᠠᠶᠢᠴᠠᠭᠠᠨ ᠰᠢᠯᠭᠠᠬᠤ᠂ ᠤᠰᠤᠨ ᠤ ᠰᠤᠷᠪᠤᠯᠵᠢ ᠶᠢ ᠪᠠᠶᠢᠴᠠᠭᠠᠨ ᠰᠢᠯᠭᠠᠬᠤ᠂ ᠬᠠᠤᠯᠢ ᠬᠡᠷᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠭᠤᠣᠯᠳᠠᠯᠭ᠎ᠠ ᠲᠠᠢ ᠠᠰᠠᠭᠤᠳᠠᠯ ᠳᠤ ᠵᠦᠢ ᠵᠣᠬᠢᠰᠲᠠᠢ ᠰᠠᠨᠠᠯ ᠰᠠᠨᠠᠭᠤᠯᠭ᠎ᠠ ᠲᠤᠷᠠᠳᠴᠠᠢ᠃    8 ᠰᠠᠷ᠎ᠠ ᠶᠢᠨ 15 ᠤ ᠦᠳᠡ ᠶᠢᠨ ᠡᠮᠦᠨ᠎ᠡ᠂ ᠬᠤᠳᠠ ᠶᠢᠨ ᠳᠡᠳ᠋ ᠳᠠᠷᠤᠭ᠎ᠠ ᠵᠠᠩ ᠵᠢᠩ ᠵᠢᠩ ᠵᠠᠬᠢᠳᠠᠯ ᠰᠣᠷᠪᠤᠯᠵᠢᠯᠠᠯ  ᠤᠨ ᠲᠣᠪᠴᠢᠶ᠎ᠠ ᠪᠠᠷ ᠬᠦᠷᠴᠦ ᠰᠣᠷᠪᠤᠯᠵᠢᠯᠠᠯ ᠢ ᠬᠦᠯᠢᠶᠡᠨ ᠠᠪᠴᠤ᠂ ᠵᠠᠬᠢᠳᠠᠯ ᠰᠣᠷᠪᠤᠯᠵᠢᠯᠠᠯ ᠤᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃ ᠡᠾᠧ ᠫᠢᠩ ᠬᠡᠷᠡᠭ ᠡᠷᠬᠢᠯᠡᠬᠦ ᠭᠠᠵᠠᠷ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠵᠠᠬᠢᠳᠠᠯ ᠰᠤᠷᠪᠤᠯᠵᠢᠯᠠᠯ ᠤᠨ ᠲᠤᠪᠴᠢᠶ᠎ᠠ ᠤᠷᠤᠯᠴᠠᠵᠠᠢ᠃    ᠵᠢᠷᠭᠤᠭᠠᠳᠠᠬᠢ ᠡᠮᠴᠢ ᠶᠢᠨ ᠪᠠᠶᠠᠷ ᠤᠨ ᠡᠳᠦᠷ ᠢ ᠪᠡᠯᠭᠡᠯᠡᠵᠤ᠂ ᠡᠮᠨᠡᠯᠭᠡ ᠶᠢᠨ ᠠᠵᠢᠯᠲᠠᠨ ᠤ ᠠᠵᠢᠯᠯᠠᠭᠠᠨ ᠤ ᠬᠡᠯᠪᠡᠷᠢ ᠶᠢ ᠪᠠᠶᠠᠯᠢᠭᠵᠢᠭᠤᠯᠵᠤ᠂ ᠡᠮᠴᠢ ᠶᠢᠨ ᠡᠮᠴᠢᠯᠡᠭᠡᠨ ᠤ ᠤᠷ᠎ᠠ ᠴᠢᠳᠠᠪᠤᠷᠢ ᠶᠢ ᠰᠢᠯᠭᠠᠵᠤ᠂ ᠮᠠᠨ ᠤ ᠬᠤᠲᠠ ᠶᠢᠨ ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠢᠯᠡᠷᠡᠭᠦᠯᠬᠦ ᠶᠢᠨ ᠲᠦᠯᠦᠭᠡ᠂ 8 ᠰᠠᠷ᠎ᠠ ᠶᠢᠨ 15 ᠤ  ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠡᠮᠴᠢ ᠶᠢᠨ ᠪᠠᠶᠠᠷ ᠤᠨ ᠭᠤᠣᠯ ᠰᠡᠳᠦᠪᠲᠦ ᠠᠵᠢᠯᠯᠠᠭ᠎ᠠ ︱ ᠵᠢᠷᠦᠬᠡ ᠠᠭᠤᠰᠬᠢᠨ ᠤ ᠠᠵᠢᠯᠯᠠᠭ᠎ᠠ ᠶᠢ ᠰᠡᠷᠭᠦᠭᠡᠬᠦ᠂ ᠮᠥᠭᠡᠷᠰᠦᠨ ᠬᠤᠭᠤᠯᠠᠢ ᠶᠢᠨ ᠭᠤᠤᠷᠰᠤ ᠰᠢᠷᠭᠤᠭᠤᠯᠬᠤ ᠮᠡᠷᠭᠡᠵᠢᠯ ᠤᠨ ᠤᠷᠤᠯᠳᠤᠭᠠᠨ ᠡᠷᠭᠢᠯᠡᠪᠡ᠃ ᠬᠤᠲᠠ ᠶᠢᠨ ᠳᠡᠳ᠋ ᠳᠠᠷᠤᠭ᠎ᠠ ᠵᠠᠩ ᠵᠢᠩ ᠵᠢᠩ ᠠᠵᠢᠯᠯᠠᠭ᠎ᠠ ᠳᠤ ᠣᠷᠣᠯᠴᠠᠵᠤ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠵᠢᠯᠴᠢᠨ ᠤ ᠶᠡᠷᠦᠩᠬᠡᠢ ᠡᠪᠯᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠬᠤᠲᠠ ᠶᠢᠨ ᠡᠪᠯᠡᠯ ᠤᠨ ᠬᠤᠷᠢᠶ᠎ᠠ ᠣᠷᠣᠯᠴᠠᠵᠠᠢ᠃   ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠰᠣᠯᠢᠯᠴᠠᠭ᠎ᠠ ᠰᠤᠷᠤᠯᠴᠠᠯᠭ᠎ᠠ ᠶᠢ ᠠᠬᠢᠭᠤᠯᠵᠤ᠂ ᠲᠠᠷᠠᠭᠠᠴᠢ ᠶᠢᠨ ᠠᠯᠬᠤᠮ ᠤᠨ ᠪᠥᠬᠦ ᠠᠶᠢᠮᠠᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠭᠤᠣᠯᠳᠠᠯᠭ᠎ᠠ ᠲᠠᠢ ᠠᠵᠢᠯ ᠢ ᠲᠥᠯᠥᠪᠯᠡᠬᠦ ᠶᠢᠨ ᠲᠥᠯᠥᠭᠡ᠂ ᠠᠶᠢᠮᠠᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ 2023 ᠣᠨ ᠤ ᠬᠢᠩᠭᠠᠨ ᠠᠶᠢᠮᠠᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠦᠵᠡᠬᠦᠯᠭᠡ ᠶᠢᠨ ᠠᠵᠢᠯᠯᠠᠭ᠎ᠠ ᠵᠢᠴᠢ ᠵᠢᠯ ᠤᠨ ᠲᠤᠮᠳᠠᠬᠢ ᠵᠦᠪᠳᠡᠯᠴᠡᠬᠦ ᠬᠤᠷᠠᠯ ᠢ ᠵᠤᠬᠢᠶᠠᠨ ᠪᠠᠶᠢᠭᠤᠯᠪᠠ᠃ 8 ᠰᠠᠷ᠎ᠠ ᠶᠢᠨ 16 ᠤ ᠦᠳᠡ ᠶᠢᠨ ᠡᠮᠦᠨ᠎ᠡ᠂ ᠠᠶᠢᠮᠠᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠤᠳᠤᠷᠢᠳᠬᠤ ᠪᠠᠭ ᠵᠢᠴᠢ ᠡᠯ᠎ᠡ ᠬᠤᠰᠢᠭᠤ ᠰᠢᠶᠠᠨ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ ᠶᠢᠨ ᠲᠥᠪ ᠤᠨ ᠭᠤᠣᠯ ᠤᠳᠤᠷᠢᠳᠤᠯᠭ᠎ᠠ ᠨᠠᠷ ᠲᠣᠭᠤᠷᠢᠨ ᠦᠵᠡᠬᠦ ᠪᠦᠯᠬᠦᠮ ᠪᠤᠯᠤᠨ ᠪᠦᠷᠢᠯᠳᠤᠵᠤ ᠲᠤᠭᠤᠷᠢᠨ ᠦᠵᠡᠵᠠᠢ᠃ ᠲᠣᠭᠤᠷᠢᠨ ᠦᠵᠡᠬᠦ ᠪᠦᠯᠬᠦᠮ ᠤᠨ ᠬᠢᠨ ᠤᠷᠢᠳ ᠬᠤᠵᠢᠳ ᠡᠳᠦᠷ ᠤᠨ ᠬᠦᠴᠦᠨ ᠤ ᠵᠠᠬ᠎ᠠ ᠳᠡᠯᠭᠡᠭᠦᠷ᠂ ᠬᠢᠩᠭᠠᠨ ᠵᠡᠭᠡᠯᠢ ᠶᠢᠨ ᠦᠢᠯᠡᠰ ᠪᠣᠰᠬᠠᠬᠤ ᠶᠢ ᠲᠠᠶᠢᠴᠢᠯᠠᠬᠤ ᠰᠠᠭᠤᠷᠢᠨ ᠭᠠᠵᠠᠷ᠂ ᠬᠢᠩᠭᠠᠨ ᠭᠡᠷ ᠤᠨ ᠶᠠᠪᠤᠳᠠᠯ ᠢᠶᠠᠷ ᠬᠦᠷᠴᠦ᠂ ᠮᠠᠨ ᠤ ᠬᠤᠳᠠ ᠶᠢᠨ ᠠᠵᠢᠯ ᠤᠯᠭᠤᠵᠤ ᠦᠢᠯᠡᠰ ᠪᠣᠰᠬᠠᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠲᠣᠭᠤᠷᠢᠨ ᠦᠵᠡᠪᠡ᠃ ᠠᠶᠢᠮᠠᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠤᠳᠤᠷᠢᠳᠬᠤ ᠪᠠᠭ ᠤᠨ ᠬᠢᠨ ᠮᠠᠨ ᠤ ᠬᠤᠲᠠ ᠶᠢᠨ ᠠᠵᠢᠯ ᠣᠯᠵᠤ ᠦᠢᠯᠡᠰ ᠪᠤᠰᠬᠠᠬᠤ ᠠᠵᠢᠯ ᠢ ᠨᠤᠲᠠᠯᠠᠵᠤ ᠪᠠᠶᠢᠬᠤ ᠪᠠᠨ ᠢᠯᠡᠷᠬᠡᠶᠢᠯᠡᠭᠰᠡᠨ ᠪᠥᠭᠡᠳ ︽ᠬᠤᠩ ᠶᠠᠨ ᠠᠵᠢᠯ ᠤᠨ ᠪᠠᠶᠢᠷᠢ ᠬᠦᠷᠭᠡᠬᠦ︾ ᠵᠡᠷᠭᠡ ᠲᠣᠭᠠᠴᠢᠯᠠᠭᠰᠠᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠢ ᠦᠷᠬᠦᠯᠵᠢᠯᠡᠨ ᠶᠡᠬᠡᠪᠡᠷ ᠰᠠᠶᠢᠲᠤᠷ ᠬᠢᠬᠦ ᠶᠢ ᠴᠢᠬᠤᠯᠠᠴᠢᠯᠠᠵᠤ᠂ ᠠᠷᠠᠳ ᠣᠯᠠᠨ ᠳᠤ ᠨᠠᠩ ᠰᠢᠯᠢᠳᠡᠭ ᠦᠢᠯᠡᠴᠢᠯᠡᠭᠡ ᠬᠠᠩᠭᠠᠵᠤ᠂ ᠬᠤᠲᠠ ᠶᠢᠨ ᠳᠡᠳ᠋ ᠳᠠᠷᠤᠭ᠎ᠠ ᠵᠠᠩ ᠵᠢᠩ ᠵᠢᠩ ᠬᠠᠮᠲᠤ ᠪᠠᠷ ᠣᠷᠣᠯᠴᠠᠪᠡ᠃     8 ᠰᠠᠷ᠎ᠠ ᠶᠢᠨ 18 ᠤ ᠦᠳᠡ ᠶᠢᠨ ᠬᠤᠶᠢᠨ᠎ᠠ᠂ ᠬᠤᠲᠠ ᠶᠢᠨ ᠳᠡᠳ᠋ ᠳᠠᠷᠤᠭ᠎ᠠ ᠵᠠᠩ ᠵᠢᠩ ᠵᠢᠩ ᠬᠤᠲᠠ ᠶᠢᠨ ᠡᠮᠨᠡᠯᠭᠡ ᠶᠢᠨ ᠬᠤᠷᠢᠶ᠎ᠠ ᠪᠠᠷ ᠬᠦᠷᠴᠦ ᠤᠷᠠᠨ ᠰᠠᠶᠢᠬᠠᠨ ᠤ ᠲᠣᠭᠯᠠᠯᠲᠠ ᠵᠢᠴᠢ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠡᠢ᠃ ᠳᠠᠷᠠᠭ᠎ᠠ ᠨᠢ᠂ ᠬᠦᠨᠳᠦ ᠡᠪᠡᠳᠴᠢᠨ ᠤ ᠠᠨᠠᠭᠠᠬᠤ ᠤᠬᠠᠭᠠᠨ ᠤ ᠰᠠᠯᠠᠭ᠎ᠠ ᠪᠠᠷ ᠬᠦᠷᠴᠦ ᠲᠣᠬᠤᠨᠢᠭᠤᠯᠵᠤ᠂ ᠬᠦᠨᠳᠦ ᠡᠪᠡᠳᠴᠢᠨ ᠤ ᠰᠠᠯᠠᠭ᠎ᠠ ᠶᠢᠨ10 ᠵᠢᠯ ᠤᠨ ᠪᠦᠲᠦᠭᠡᠨ ᠪᠠᠶᠢᠭᠤᠯᠤᠯᠲᠠ ᠶᠢᠨ ᠥᠩᠭᠡᠷᠡᠯᠲᠡ ᠶᠢ ᠨᠠᠷᠢᠨ ᠲᠠᠶᠢᠯᠪᠤᠷᠢᠯᠠᠵᠤ᠂ ICU ᠡᠪᠡᠳᠴᠢᠲᠡᠨ ᠤ ᠦᠷᠦᠭᠡ ᠪᠠᠷ ᠬᠦᠷᠴᠤ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠡᠮᠨᠡᠯᠭᠡ ᠶᠢᠨ ᠠᠵᠢᠯᠲᠠᠳ ᠢ ᠪᠣᠯᠭᠤᠭᠠᠨ ᠦᠵᠡᠪᠡ᠃     8 ᠰᠠᠷ᠎ᠠ ᠶᠢᠨ 20 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠵᠠᠩ ᠵᠢᠩ ᠵᠢᠩ ︽ᠡᠷᠡᠭᠦᠯ ᠮᠡᠨᠳᠦ ᠲᠠᠢ ᠬᠠᠮᠲᠤ ᠪᠠᠶᠢᠵᠤ᠂ ᠪᠠᠶᠠᠷ ᠪᠠᠶᠠᠰᠤᠯ ᠲᠠᠢ ᠬᠠᠮᠲᠤ ᠤᠷᠤᠭᠰᠢᠯᠠᠶ᠎ᠠ︾ ᠭᠡᠬᠦ ᠢᠳᠡᠷ ᠥᠲᠡᠯᠦᠭᠡ ᠨᠠᠰᠤᠨ ᠤ ᠬᠥᠮᠥᠰ ᠤᠨ ᠪᠡᠶ᠎ᠡ ᠴᠢᠭᠢᠷᠠᠭᠵᠢᠭᠤᠯᠬᠤ ᠲᠠᠮᠢᠷ ᠤᠨ ᠤᠷᠤᠯᠳᠤᠭᠠᠨ ᠳᠤ ᠣᠷᠣᠯᠴᠠᠵᠤ ᠪᠠᠶᠠᠷ ᠤᠨ ᠦᠭᠡ ᠬᠡᠯᠡᠵᠡᠢ᠃     8 ᠰᠠᠷ᠎ᠠ ᠶᠢᠨ 21 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠵᠠᠩ ᠵᠢᠩ ᠵᠢᠩ᠂ ᠡᠤ ᠢ ᠬᠡᠷᠡᠭ ᠡᠷᠬᠢᠯᠡᠬᠦ ᠭᠠᠵᠠᠷ ᠤᠨ ᠲᠢᠶᠠᠨ ᠶᠤᠸᠠᠨ ᠨᠡᠶᠢᠭᠡᠮ ᠲᠣᠭᠤᠷᠢᠭ ᠢᠶᠠᠷ ᠬᠦᠷᠴᠦ ︽ᠬᠦᠬᠦᠨ ᠪᠤᠯᠴᠢᠷᠬᠠᠢ ᠶᠢᠨ ᠦᠮᠡᠨ ᠪᠤᠯᠤᠨ ᠰᠠᠪᠠᠨ ᠬᠦᠵᠤᠬᠦᠤ ᠶᠢᠨ ᠦᠮᠡᠨ︾ ᠢ ᠰᠢᠭᠰᠢᠨ ᠪᠠᠶᠢᠴᠠᠭᠠᠯᠳᠠ ᠶᠢᠨ ᠠᠵᠢᠯ ᠢ ᠪᠠᠶᠢᠴᠠᠭᠠᠵᠠᠢ᠃ ᠬᠡᠷᠡᠭ ᠡᠷᠬᠢᠯᠡᠬᠦ ᠭᠠᠵᠠᠷ ᠤᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠲᠦᠷᠦᠭᠦᠯᠡᠨ ᠶᠡᠷᠦᠩᠬᠡᠶᠢᠯᠡᠨ ᠠᠳᠬᠤᠵᠤ᠂ ᠦᠨᠳᠦᠰᠦᠨ ᠱᠠᠲᠤᠨ ᠤ ᠠᠵᠢᠯᠲᠠᠨ ᠢ ᠬᠥᠮᠥᠨ ᠳᠠᠷᠠᠭᠠᠯᠠᠨ ᠲᠠᠶᠢᠴᠢᠯᠠᠵᠦ᠂ ᠡᠷᠬᠡᠪᠰᠢ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ᠂ ᠰᠢᠯᠢᠬᠦ ᠶᠣᠰᠣᠲᠠᠢ ᠶᠢ ᠨᠢ ᠪᠦᠬᠦᠨ ᠢ ᠰᠢᠯᠢᠬᠦ ᠬᠡᠷᠡᠭᠲᠡᠢ ᠭᠡᠵᠦ ᠱᠠᠭᠠᠷᠳᠠᠪᠠ᠃      8 ᠰᠠᠷ᠎ᠠ ᠶᠢᠨ 25 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠵᠠᠩ ᠵᠢᠩ ᠵᠢᠩ ᠭᠡᠭᠡᠨᠰᠦ᠋ᠮ᠎ᠠ ᠶᠢᠨ ᠪᠠᠶᠠᠨᠬᠤᠸᠠ ᠭᠠᠴᠠᠭ᠎ᠠ ᠪᠠᠷ ᠬᠦᠷᠴᠦ ᠲᠤᠬᠠᠢ ᠶᠢᠨ ᠲᠠᠯᠠᠪᠤᠷ ᠲᠤ ᠠᠵᠢᠯᠯᠠᠵᠤ᠂ ︽ᠬᠦᠬᠦᠨ ᠪᠤᠯᠴᠢᠷᠬᠠᠢ ᠶᠢᠨ ᠦᠮᠡᠨ ᠪᠤᠯᠤᠨ ᠰᠠᠪᠠᠨ ᠬᠦᠵᠤᠬᠦᠤ ᠶᠢᠨ ᠦᠮᠡᠨ︾ ᠢ ᠰᠢᠭᠰᠢᠨ ᠪᠠᠶᠢᠴᠠᠭᠠᠵᠤ ᠪᠠᠶᠢᠴᠠᠭᠠᠨ ᠬᠡᠮᠵᠢᠬᠦ ᠠᠵᠢᠯ ᠢ ᠱᠠᠯᠠᠪᠳᠠᠭᠤᠯᠤᠨ ᠵᠢᠯᠣᠭᠤᠳᠪᠠ᠃ ᠭᠠᠳᠠᠭᠰᠢ ᠭᠠᠷᠴᠤ ᠬᠥᠯᠥᠰᠦᠨ ᠠᠵᠢᠯ ᠬᠢᠭᠰᠡᠳ᠂    ᠬᠠᠨᠢ ᠪᠤᠯᠵᠤ ᠰᠤᠷᠤᠯᠴᠠᠬᠤ ᠭᠡᠷ ᠤᠨ ᠠᠬᠠᠮᠠᠳ ᠵᠡᠷᠭᠡ ᠬᠦᠮᠤᠰ ᠢ ᠭᠤᠣᠯᠳᠠᠯᠭ᠎ᠠ ᠲᠠᠢ ᠪᠠᠷ ᠠᠩᠬᠠᠷᠴᠤ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠥᠪᠡᠷ ᠢᠶᠠᠨ ᠤᠬᠠᠭᠤᠯᠤᠨ ᠳᠠᠶᠢᠴᠢᠯᠠᠵᠤ᠂ ᠰᠢᠯᠢᠨ ᠰᠣᠩᠭᠤᠬᠤ ᠶᠣᠰᠣᠲᠠᠢ ᠶᠢ ᠨᠢ ᠪᠦᠬᠦᠨ ᠢ ᠰᠢᠯᠢᠨ ᠰᠣᠩᠭᠤᠬᠤ ᠬᠡᠷᠡᠭᠲᠡᠢ ᠭᠡᠵᠦ ᠱᠠᠭᠠᠷᠳᠠᠵᠠᠢ᠃ ᠳᠠᠷᠠᠭ᠎ᠠ ᠨᠢ᠂ ᠭᠡᠭᠡᠨᠰᠦ᠋ᠮ᠎ᠠ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠪᠠᠷ ᠬᠦᠷᠴᠦ ᠡᠮᠨᠡᠯᠭᠡ ᠶᠢᠨ ᠬᠠᠮᠳᠤᠷᠠᠭᠰᠠᠨ ᠴᠤᠭᠴᠠ  ᠶᠢᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠥᠭᠡᠷᠡᠴᠢᠯᠡᠯᠲᠡ ᠶᠢᠨ ᠱᠠᠯᠠᠪᠳᠠᠭᠤᠯᠤᠨ ᠪᠠᠶᠢᠴᠠᠭᠠᠬᠤ ᠠᠵᠢᠯ ᠢ ᠤᠭᠲᠤᠬᠤ ᠪᠠᠷ ᠪᠡᠯᠡᠳᠬᠡᠪᠡ᠃      8 ᠰᠠᠷ᠎ᠠ ᠶᠢᠨ 29 ᠤ ᠦᠳᠡ ᠶᠢᠨ ᠬᠤᠶᠢᠨ᠎ᠠ᠂ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶ᠎ᠠ ᠶᠢᠨ ᠳᠡᠳ᠋ ᠳᠠᠷᠤᠭ᠎ᠠ ᠰᠦᠨ ᠶᠠᠩ ᠪᠦᠯᠬᠦᠮ ᠳᠠᠭᠠᠭᠤᠯᠤᠨ ᠮᠠᠨ ᠤ ᠬᠤᠲᠠ ᠶᠢᠨ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ ᠪᠣᠯᠪᠠᠰᠤᠷᠠᠯ ᠤᠨ ᠰᠠᠭᠤᠷᠢᠨ ᠭᠠᠵᠠᠷ ᠢᠶᠠᠷ ᠬᠦᠷᠴᠦ ︽ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠲᠥᠰᠥᠯ︾ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ᠃ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠴᠠᠩ ᠴᠢᠩ᠂ ᠠᠶᠢᠮᠠᠭ ᠤᠨ ᠳᠡᠳ᠋ ᠳᠠᠷᠤᠭ᠎ᠠ ᠾᠧ ᠸᠧᠢ ᠯᠢ᠂ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠵᠧᠦ ᠲᠤᠸ᠂ ᠬᠤᠲᠠ ᠶᠢᠨ ᠳᠡᠳ᠋ ᠳᠠᠷᠤᠭ᠎ᠠ ᠵᠠᠩ ᠵᠢᠩ ᠵᠢᠩ ᠬᠠᠮᠲᠤ ᠣᠷᠣᠯᠴᠠᠵᠠᠢ᠃     8 ᠰᠠᠷ᠎ᠠ ᠶᠢᠨ 30 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠵᠠᠩ ᠵᠢᠩ ᠵᠢᠩ ᠤᠷᠢᠳ ᠬᠤᠵᠢᠳ ᠾᠧ ᠫᠢᠩ᠂ ᠲᠡᠮᠤᠷ ᠵᠠᠮ ᠤᠨ ᠪᠠᠷᠠᠭᠤᠨᠳᠠᠬᠢ᠂ ᠬᠤᠲᠠ ᠶᠢᠨ ᠲᠡᠭᠦᠷᠭᠡ ᠵᠡᠷᠭᠡ 3 ᠬᠡᠷᠡᠭ ᠡᠷᠬᠢᠯᠡᠬᠦ ᠭᠠᠵᠠᠷ ᠢᠶᠠᠷ ᠬᠦᠷᠴᠦ᠂ ︽ᠬᠤᠶᠠᠷ ᠥᠮᠡᠨ︾ ᠢ ᠰᠢᠭᠰᠢᠨ ᠪᠠᠶᠢᠴᠠᠭᠠᠬᠤ ᠠᠵᠢᠯ ᠢ ᠲᠤᠬᠠᠢ ᠶᠢᠨ ᠲᠠᠯᠠᠪᠤᠷ ᠲᠤ ᠠᠵᠢᠯᠯᠠᠨ ᠱᠠᠯᠠᠪᠳᠠᠭᠤᠯᠤᠨ ᠵᠢᠯᠤᠭᠤᠳᠬᠤ ᠶᠢᠨ ᠬᠠᠮᠲᠤ 2024 ᠣᠨ ᠤ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠶᠠᠪᠤᠳᠠᠯ ᠤᠨ ᠲᠤᠬᠠᠢ ᠤᠷᠢᠳᠴᠢᠯᠠᠨ ᠪᠠᠶᠢᠷᠢᠯᠠᠭᠤᠯᠤᠭᠰᠠᠨ ᠪᠠᠶᠢᠨ᠎ᠠ᠃
 
ᠢᠷᠡᠯᠲᠡ᠄ ᠤᠯᠠᠭᠠᠨᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号