ᠬᠤᠳᠠ ᠶᠢᠨ ᠲᠡᠳ᠋ ᠲᠠᠷᠤᠭ᠎ᠠ ᠵᠠᠩ ᠵᠢᠩ ᠵᠢᠩ ᠤᠨ 2023 ᠤᠨ ᠤ 9 ᠳ᠋ᠤᠭᠡᠷ ᠰᠠᠷ᠎ᠠ ᠶᠢᠨ ᠴᠢᠬᠤᠯᠠ ᠶᠠᠪᠤᠳᠠᠯ  ᠤᠨ ᠲᠡᠮᠳᠡᠭᠯᠡᠯ
ᠨᠡᠶᠢᠲᠡᠯᠡᠭᠰᠡᠨ ᠴᠠᠭ᠄
2023/12/14
   9 ᠰᠠᠷ᠎ᠠ ᠶᠢᠨ 1 ᠤ ᠦᠳᠡ ᠶᠢᠨ ᠬᠤᠶᠢᠨ᠎ᠠ᠂ ᠬᠤᠲᠠ ᠶᠢᠨ ᠳᠡᠳ᠋ ᠳᠠᠷᠤᠭ᠎ᠠ ᠵᠠᠩ ᠵᠢᠩ ᠵᠢᠩ ᠬᠤᠲᠠ ᠶᠢᠨ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ ᠪᠠᠷ ᠬᠦᠷᠴᠦ ᠦᠷᠡᠵᠢᠯ ᠤᠨ ᠲᠥᠪ ᠤᠨ ᠬᠠᠭᠠᠰ ᠵᠢᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠵᠢᠴᠢ 2024 ᠣᠨ ᠤ ᠲᠥᠷᠥᠯ ᠵᠦᠢᠯ ᠢ ᠲᠥᠯᠥᠪᠯᠡᠬᠦ ᠬᠤᠷᠠᠯ ᠬᠢᠪᠡ᠃ ᠭᠠᠳᠠᠭᠰᠢ ᠭᠠᠷᠴᠤ ᠪᠣᠯᠪᠠᠰᠤᠷᠠᠯ ᠬᠦᠷᠲᠡᠭᠰᠡᠨ ᠡᠮᠴᠢ ᠶᠢᠨ ᠰᠤᠷᠤᠯᠴᠠᠯᠭ᠎ᠠ ᠶᠢᠨ ᠬᠠᠷᠢᠭᠤ ᠮᠡᠳᠡᠭᠦᠯᠦᠯᠲᠡ᠂ ᠡᠷᠡᠭᠦᠯᠵᠢᠯ ᠤᠨ ᠬᠤᠷᠢᠶ᠎ᠠ ᠶᠢᠨ ᠪᠦᠬᠦᠯᠢ ᠴᠣᠭᠴᠠ ᠶᠢᠨ ᠠᠵᠢᠯ ᠤᠨ ᠲᠥᠯᠦᠪᠵᠢᠭᠦᠯᠭᠡ ᠶᠢ ᠰᠣᠨᠣᠰᠤᠭᠰᠠᠨ ᠪᠥᠭᠡᠳ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠮᠢᠶ᠎ᠠ ᠪᠦᠬᠦᠢ ᠤᠳᠤᠷᠢᠳᠤᠯᠭ᠎ᠠ ᠠᠴᠠ ᠦᠨᠡᠯᠡᠯᠲᠡ ᠬᠢᠪᠡ᠃ ᠵᠠᠩ ᠵᠢᠩ ᠵᠢᠩ ᠬᠤᠲᠠ ᠶᠢᠨ ᠲᠡᠳ᠋ ᠳᠠᠷᠤᠭ᠎ᠠ  ᠠᠴᠠ᠂ ᠨᠢᠭᠡ ᠳᠤ ᠡᠮᠨᠡᠯᠭᠡ ᠶᠢᠨ ᠬᠤᠷᠢᠶᠠᠨ ᠤ ᠳᠣᠲᠣᠷᠠᠬᠢ ᠰᠤᠷᠤᠯᠴᠠᠯᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠰᠠᠯᠠᠭ᠎ᠠ ᠲᠠᠰᠤᠭ ᠤᠨ ᠬᠠᠮᠵᠢᠯᠴᠠᠭ᠎ᠠ ᠶᠢ ᠴᠢᠩᠭᠠᠳᠬᠠᠵᠤ᠂ ᠡᠮᠴᠢᠯᠡᠭᠡᠨ ᠤ ᠦᠢᠯᠡᠴᠢᠯᠡᠭᠡᠨ ᠤ ᠶᠠᠰᠤ ᠴᠢᠨᠠᠷ ᠪᠠ ᠡᠷᠳᠡᠮ ᠰᠢᠨᠵᠢᠯᠡᠭᠡᠨ ᠤ ᠬᠢᠷᠢ ᠲᠦᠪᠰᠢᠨ ᠢ ᠬᠠᠮᠲᠤ ᠪᠠᠷ  ᠲᠡᠭᠡᠭᠰᠢᠯᠡᠬᠦᠯᠬᠦ ᠬᠡᠷᠡᠭᠳᠡᠢ᠃ ᠬᠤᠶᠠᠷ ᠲᠤ ᠲᠤᠬᠠᠶᠢᠯᠠᠭᠰᠠᠨ ᠠᠵᠢᠯ᠂ ᠠᠵᠢᠯᠲᠠᠨ᠂ ᠦᠢᠯᠡᠴᠢᠯᠡᠭᠡ ᠵᠡᠷᠭᠡ ᠲᠠᠯ᠎ᠠ ᠶᠢᠨ ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠵᠤ᠂ ᠲᠤᠰᠢᠶᠠᠯ ᠢᠶᠠᠨ ᠭᠦᠢᠴᠡᠳᠬᠡᠵᠦ ᠬᠠᠷᠢᠭᠤᠴᠠᠯᠭ᠎ᠠ ᠠᠴᠠ ᠬᠡᠯᠲᠦᠷᠢᠭᠦᠯᠬᠦ ᠶᠢ ᠪᠡᠶᠡᠯᠡᠭᠦᠯᠬᠦ ᠬᠡᠷᠡᠭᠳᠡᠢ᠃ ᠭᠤᠷᠪᠠ ᠳᠤ ᠣᠯᠠᠨ ᠠᠷᠭ᠎ᠠ ᠵᠠᠮ ᠢᠶᠠᠷ ᠰᠣᠯᠢᠯᠴᠠᠬᠤ ᠲᠠᠪᠴᠠᠩ ᠢ ᠡᠭᠦᠳᠦᠨ ᠪᠠᠶᠢᠭᠤᠯᠵᠤ᠂ ᠭᠠᠳᠠᠭᠠᠳᠤ ᠨᠡᠪᠲᠡᠷᠡᠯᠴᠡᠭᠡ ᠪᠠᠨ ᠴᠢᠩᠭᠠᠳᠬᠠᠨ᠂ ᠡᠷᠡᠭᠦᠯᠵᠢᠯ ᠤᠨ ᠬᠤᠷᠢᠶ᠎ᠠ ᠶᠢᠨ ᠬᠥᠭᠵᠢᠯᠲᠡ ᠳᠤ ᠲᠡᠷᠢᠭᠦᠨ ᠤ ᠣᠶᠢᠯᠠᠭᠠᠭᠳᠠᠬᠤᠨ ᠢ ᠲᠠᠰᠤᠷᠠᠯᠲᠠ ᠦᠭᠡᠢ ᠨᠡᠮᠡᠷᠢᠯᠡᠬᠦ ᠬᠡᠷᠡᠭᠲᠡᠢ ᠭᠡᠵᠤ ᠱᠠᠭᠠᠷᠳᠠᠵᠠᠢ᠃    9 ᠰᠠᠷ᠎ᠠ ᠶᠢᠨ 8 ᠤ ᠦᠳᠡ ᠶᠢᠨ ᠬᠤᠶᠢᠨ᠎ᠠ᠂ ᠬᠤᠲᠠ ᠶᠢᠨ ᠳᠡᠳ᠋ ᠳᠠᠷᠤᠭ᠎ᠠ ᠵᠠᠩ ᠵᠢᠩ ᠵᠢᠩ 2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠳᠠᠶᠢᠴᠢᠯᠠᠯᠲᠠ ᠶᠢᠨ ᠬᠤᠷᠠᠯ ᠬᠢᠵᠦ᠂ ᠬᠤᠷᠠᠯ ᠳᠡᠭᠡᠷ᠎ᠡ ︽ᠠᠵᠢᠯ ᠤᠨ ᠲᠥᠰᠥᠯ︾ ᠳᠤ ᠲᠠᠶᠢᠯᠤᠮᠵᠢ ᠬᠢᠭᠰᠡᠨ ᠪᠥᠭᠡᠳ  ᠬᠠᠮᠢᠶ᠎ᠠ ᠪᠦᠬᠦᠢ ᠠᠵᠢᠯ ᠢ ᠪᠠᠶᠢᠷᠢᠯᠠᠭᠤᠯᠪᠠ᠃ ᠵᠠᠩ  ᠵᠢᠩ ᠵᠢᠩ ᠬᠤᠲᠠ ᠶᠢᠨ ᠲᠡᠳ᠋ ᠳᠠᠷᠤᠭ᠎ᠠ ᠠᠴᠠ᠂ ᠨᠢᠭᠡ ᠳᠤ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠪᠤᠳᠤᠯ ᠢᠶᠠᠨ ᠦᠨᠡᠨ ᠬᠦ ᠴᠢᠩᠭᠠᠳᠬᠠᠬᠤ ᠬᠡᠷᠡᠭᠲᠡᠢ᠃ ᠬᠤᠶᠠᠷ ᠲᠤ ᠬᠠᠮᠳᠤᠷᠠᠨ ᠬᠠᠮᠵᠢᠯᠴᠠᠬᠤ ᠪᠠᠨ ᠴᠢᠩᠭᠠᠳᠬᠠᠵᠤ᠂ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠳᠡᠢ᠃ ᠭᠤᠷᠪᠠ ᠳᠤ ᠡᠭᠦᠷᠭᠡ ᠪᠠᠨ ᠪᠡᠶᠡᠯᠡᠬᠦᠯᠬᠦ ᠤᠬᠠᠮᠰᠠᠷ ᠢᠶᠠᠨ ᠴᠢᠩᠭᠠᠳᠬᠠᠵᠤ᠂ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠤ ᠱᠠᠭᠠᠷᠳᠠᠵᠠᠢ᠃ ᠡᠯ᠎ᠡ ᠪᠠᠯᠭᠠᠰᠤ ︵ᠬᠦᠷᠢᠶᠡᠯᠡᠩ ᠲᠣᠭᠤᠷᠢᠭ︶᠂ ᠵᠡᠭᠡᠯᠢ ᠶᠢᠨ ᠬᠡᠷᠡᠭ ᠡᠷᠬᠢᠯᠡᠬᠦ ᠭᠠᠵᠠᠷ᠂  ᠬᠦᠬᠡ ᠠᠳᠤᠭᠤᠨ ᠲᠠᠯᠠᠪᠠᠶ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ᠂ ᠡᠳ᠋ ᠤᠨ ᠵᠠᠰᠠᠭ ᠤᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠬᠠᠮ ᠵᠠᠭᠤᠴᠢᠯᠠᠭᠤᠷ ᠤᠨ ᠲᠥᠪ ᠣᠷᠣᠯᠴᠠᠵᠠᠢ᠃ ᠳᠠᠷᠠᠭ᠎ᠠ ᠨᠢ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠤᠨ ᠡᠷᠡᠭᠦᠯ ᠢᠶᠠᠷ ᠬᠥᠭᠵᠢᠬᠦ ᠠᠵᠢᠯ ᠤᠨ ᠰᠤᠳᠤᠯᠤᠨ ᠶᠠᠷᠢᠯᠴᠠᠬᠤ ᠬᠤᠷᠠᠯ ᠢ ᠬᠤᠷᠠᠯᠳᠤᠭᠤᠯᠵᠤ᠂ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠮᠠᠨ ᠤ ᠬᠤᠲᠠ ᠶᠢᠨ ᠡᠷᠡᠭᠦᠯ ᠬᠠᠮᠠᠭᠠᠯᠠᠯ ᠤᠨ ᠠᠵᠢᠯ ᠤᠨ ᠦᠨᠳᠦᠰᠦᠨ ᠪᠠᠶᠢᠳᠠᠯ᠂ ᠠᠵᠢᠯ ᠤᠨ ᠬᠢᠯᠠᠰ ᠴᠡᠭ᠂ ᠣᠷᠣᠰᠢᠵᠤ ᠪᠠᠶᠢᠭ᠎ᠠ ᠠᠰᠠᠭᠤᠳᠠᠯ ᠪᠠ ᠳᠠᠷᠠᠭᠠᠴᠢ ᠶᠢᠨ ᠠᠯᠬᠤᠮ ᠤᠨ ᠲᠥᠯᠥᠪᠯᠡᠭᠡ ᠵᠡᠷᠭᠡ ᠠᠭᠤᠯᠭ᠎ᠠ ᠶᠢ ᠰᠤᠳᠤᠯᠤᠨ ᠶᠠᠷᠢᠯᠴᠠᠪᠠ᠃ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠣᠷᠣᠯᠴᠠᠵᠠᠢ᠃    9 ᠰᠠᠷ᠎ᠠ ᠶᠢᠨ 13 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠵᠠᠩ ᠵᠢᠩ ᠵᠢᠩ ᠤᠯᠠᠭᠠᠨᠬᠠᠳᠠ ᠪᠠᠯᠭᠠᠰᠤ ᠂  ᠭᠡᠭᠡᠨᠰᠦ᠋ᠮ᠎ᠠ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠰᠠᠨ ᠾᠧ ᠲᠣᠰᠬᠤᠨ᠂ ᠲᠤᠸᠠᠨ ᠵᠢᠶᠧ ᠭᠠᠴᠠᠭ᠎ᠠ᠂  ᠬᠦᠭᠵᠢᠯ ᠭᠠᠴᠠᠭ᠎ᠠ ᠶᠢᠨ ᠡᠷᠡᠭᠦᠯ ᠬᠠᠮᠠᠭᠠᠯᠠᠯ ᠤᠨ ᠲᠠᠰᠤᠭ ᠢᠶᠠᠷ ᠬᠦᠷᠴᠦ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠠᠵᠢᠯ ᠤᠨ ᠱᠠᠯᠠᠪᠳᠠᠭᠤᠯᠤᠨ ᠪᠠᠶᠢᠴᠠᠭᠠᠬᠤ ᠪᠡᠯᠡᠳᠬᠡᠯ ᠠᠵᠢᠯ ᠤᠨ ᠪᠠᠶᠢᠳᠠᠯ ᠢ ᠪᠠᠶᠢᠴᠠᠭᠠᠨ ᠦᠵᠡᠪᠡ᠃ ᠬᠥᠮᠥᠨ ᠠᠮᠠ᠂ DR ᠠᠯᠤᠰ ᠡᠵᠡᠮᠰᠢᠯᠳᠤ ᠲᠥᠬᠦᠭᠡᠷᠦᠮᠵᠢ᠂ ᠡᠮ ᠤᠨ ᠵᠦᠢᠯᠡᠰ ᠤᠨ ᠬᠡᠷᠡᠭᠯᠡᠯᠲᠡ᠂ ᠡᠮ ᠡᠮᠨᠡᠯᠭᠡ ᠶᠢᠨ ᠠᠮᠤᠷ ᠲᠦᠪᠰᠢᠨ ᠵᠡᠷᠭᠡ ᠲᠠᠯ᠎ᠠ ᠳᠤ ᠤᠶᠢᠯᠡᠴᠢᠯᠡᠬᠦ ᠠᠵᠢᠯ ᠢ ᠨᠠᠷᠢᠨ  ᠨᠢᠮᠪᠠᠢ ᠣᠶᠢᠯᠠᠭᠠᠬᠤ ᠶᠢᠨ ᠬᠠᠮᠲᠤ ᠲᠤᠰ ᠤᠳᠠᠭᠠᠨ ᠤ ᠡᠮᠴᠢᠯᠡᠭᠡᠨ ᠤ ᠲᠦᠷᠢᠮ ᠤᠨ ᠥᠭᠡᠷᠡᠴᠢᠯᠡᠯᠲᠡ ᠶᠢᠨ ᠠᠵᠢᠯ ᠤᠨ ᠱᠠᠯᠠᠪᠳᠠᠭᠤᠯᠤᠨ ᠪᠠᠶᠢᠴᠠᠭᠠᠯᠲᠠ ᠶᠢ ᠮᠠᠰᠢ ᠴᠢᠬᠤᠯᠠᠴᠢᠯᠠᠵᠤ᠂ ᠮᠠᠨ ᠤ ᠬᠤᠲᠠ ᠶᠢᠨ ᠡᠮᠴᠢᠯᠡᠭᠡᠨ ᠤ ᠲᠦᠷᠢᠮ ᠤᠨ ᠥᠭᠡᠷᠡᠴᠢᠯᠡᠯᠲᠡ ᠶᠢᠨ ᠠᠵᠢᠯ ᠤᠨ ᠨᠠᠷᠢᠨ ᠨᠠᠶᠢᠳᠠᠪᠤᠷᠢᠵᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    9 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ᠂ ᠤᠯᠤᠰ ᠤᠨ ᠡᠷᠡᠭᠦᠯ ᠬᠠᠮᠠᠭᠠᠯᠠᠯ ᠤᠨ ᠠᠯᠪᠠᠨ ᠭᠡᠷ ᠤᠨ ᠡᠷᠬᠢᠯᠡᠭᠴᠢ ᠰᠠᠷᠠᠨᠴᠢᠮᠡᠭ ᠪᠦᠯᠬᠦᠮ ᠳᠠᠭᠠᠭᠤᠯᠤᠨ ᠮᠠᠨ ᠤ ᠬᠤᠲᠠ ᠪᠠᠷ ᠬᠦᠷᠴᠦ ᠤᠯᠤᠰ ᠤᠨ ᠡᠷᠡᠭᠦᠯ ᠬᠠᠮᠠᠭᠠᠯᠠᠯ ᠤᠨ ᠬᠤᠰᠢᠭᠤ ᠰᠢᠶᠠᠨ ᠤ ᠬᠤᠲᠠ ᠶᠢ ᠳᠠᠬᠢᠨ ᠬᠢᠨᠠᠵᠤ ᠪᠠᠶᠢᠴᠠᠭᠠᠬᠤ ᠠᠵᠢᠯ ᠢ ᠥᠷᠨᠢᠭᠦᠯᠵᠦ᠂ ᠤᠷᠢᠳ ᠬᠤᠵᠢᠳ ᠠᠶᠢᠮᠠᠭ ᠤᠨ ᠬᠤᠶᠠᠳᠤᠭᠠᠷ ᠠᠷᠠᠳ ᠤᠨ ᠡᠮᠨᠡᠯᠭᠡ ᠶᠢᠨ ᠬᠤᠷᠢᠶ᠎ᠠ᠂ ᠲᠢᠶᠠᠨ ᠵᠢᠶᠣᠣ ᠲᠢᠶᠠᠨ ᠵᠢᠶᠦ᠋ᠨ᠂ ᠲᠡᠬᠦᠯᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠪᠣᠯᠣᠨ ᠬᠤᠩ ᠴᠧᠩ ᠪᠠᠭ᠎ᠠ ᠰᠤᠷᠭᠠᠭᠤᠯᠢ ᠵᠡᠷᠭᠡ ᠭᠠᠵᠠᠷ ᠢᠶᠠᠷ ᠬᠦᠷᠴᠦ ᠪᠠᠶᠢᠴᠠᠭᠠᠯᠲᠠ ᠬᠢᠪᠡ᠃ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠵᠧᠦ ᠲᠤᠸ᠂ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠵᠧᠦ ᠰᠢᠤᠸᠠᠢ ᠮᠧᠶ᠂ ᠬᠤᠲᠠ ᠶᠢᠨ ᠳᠡᠳ᠋ ᠳᠠᠷᠤᠭ᠎ᠠ ᠵᠠᠩ ᠵᠢᠩ ᠵᠢᠩ ᠬᠠᠮᠲᠤ ᠣᠷᠣᠯᠴᠠᠵᠠᠢ᠃    9 ᠰᠠᠷ᠎ᠠ ᠶᠢᠨ 21 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠵᠠᠩ ᠵᠢᠩ ᠵᠢᠩ ᠳᠥᠷᠪᠡᠳᠦᠭᠡᠷ ᠳᠤᠮᠳᠠᠳᠤ ᠰᠤᠷᠭᠠᠭᠤᠯᠢ ᠪᠠᠷ ᠬᠦᠷᠴᠦ ᠠᠭᠤᠰᠬᠢᠨ ᠤ ᠰᠦᠷᠢᠶ᠎ᠡ ᠡᠪᠡᠳᠴᠢᠨ ᠤ ᠵᠢᠱᠢᠶ᠎ᠡ ᠶᠢ ᠪᠠᠶᠢᠴᠠᠭᠠᠨ ᠰᠢᠯᠭᠠᠭᠰᠠᠨ ᠪᠠᠶᠢᠳᠠᠯ ᠢ  ᠰᠢᠢᠳᠪᠤᠷᠢᠯᠡᠪᠡ᠃ ᠵᠠᠩ ᠵᠢᠩ ᠵᠢᠩ ᠬᠤᠲᠠ ᠶᠢᠨ ᠲᠡᠳ᠋ ᠳᠠᠷᠤᠭ᠎ᠠ ᠠᠴᠠ᠂ ᠨᠢᠭᠡ ᠳᠤ ᠰᠤᠷᠭᠠᠨ ᠬᠥᠮᠦᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠢᠴᠢ ᠰᠤᠷᠭᠠᠭᠤᠯᠢ ᠨᠤᠭᠤᠳ ᠳᠠᠷᠤᠶᠢᠬᠠᠨ ᠠᠵᠢᠯᠯᠠᠬᠤ ᠳᠤᠭᠤᠶᠢᠯᠠᠩ ᠪᠠᠶᠢᠭᠤᠯᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠬᠤ ᠬᠡᠷᠡᠭᠲᠡᠢ᠃ ᠬᠤᠶᠠᠷ ᠲᠤ ᠠᠶᠢᠮᠠᠭ᠂ ᠬᠤᠲᠠ ᠶᠢᠨ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ ᠤᠨ ᠵᠢᠯᠤᠭᠤᠳᠬᠤ ᠰᠠᠨᠠᠯ ᠢ ᠴᠢᠩᠭ᠎ᠠ ᠵᠢᠷᠤᠮᠯᠠᠨ᠂ ᠰᠢᠭᠰᠢᠨ ᠪᠠᠶᠢᠴᠠᠭᠠᠬᠤ ᠪᠠ ᠠᠷᠢᠭᠤᠳᠬᠠᠬᠤ ᠠᠵᠢᠯ ᠢ ᠥᠷᠨᠢᠭᠦᠯᠵᠦ᠂ ᠬᠠᠯᠳᠠᠪᠤᠷᠢᠯᠠᠬᠤ ᠠᠷᠭ᠎ᠠ ᠵᠠᠮ ᠢ ᠲᠦᠷᠭᠡᠨ ᠲᠠᠰᠤᠯᠬᠤ ᠬᠡᠷᠡᠭᠲᠡᠢ  ᠃  ᠭᠤᠷᠪᠠ ᠳᠤ ᠰᠤᠷᠤᠭᠴᠢᠳ ᠤᠨ ᠰᠡᠳᠬᠢᠴᠡ ᠶᠢᠨ ᠵᠢᠯᠣᠭᠤᠳᠤᠯᠭ᠎ᠠ᠂ ᠭᠡᠷ ᠤᠨ ᠠᠬᠠᠮᠠᠳ ᠲᠠᠢ ᠰᠠᠶᠢᠳᠤᠷ ᠨᠡᠪᠲᠡᠷᠡᠯᠴᠡᠬᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠠᠮᠢᠶᠠᠷᠤᠨ ᠡᠵᠡᠮᠳᠡᠬᠦ ᠵᠡᠷᠭᠡ ᠠᠵᠢᠯ ᠢ ᠰᠠᠶᠢᠲᠤᠷ ᠬᠢᠬᠦ ᠬᠡᠷᠡᠭᠳᠡᠢ᠃ ᠠᠶᠢᠮᠠᠭ ᠤᠨ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ ᠲᠥᠪ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ ᠲᠥᠪ ᠣᠷᠣᠯᠴᠠᠵᠠᠢ᠃ ᠦᠳᠡ ᠶᠢᠨ ᠬᠤᠶᠢᠨ᠎ᠠ ᠨᠢ᠂ ᠰᠤᠷᠭᠠᠭᠤᠯᠢ ᠶᠢᠨ ᠬᠦᠷᠢᠶᠡᠨ ᠤ ᠠᠭᠤᠰᠬᠢᠨ ᠤ ᠰᠦᠷᠢᠶ᠎ᠡ ᠡᠪᠡᠳᠴᠢᠨ ᠤ ᠵᠢᠱᠢᠶ᠎ᠡ ᠶᠢ ᠰᠢᠢᠳᠪᠦᠷᠢᠯᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠬᠦᠮᠤᠨ ᠢ ᠵᠣᠬᠢᠶᠠᠨ ᠪᠠᠶᠢᠭᠤᠯᠬᠤ᠂ X ᠰᠠᠴᠤᠷᠠᠭ ᠴᠡᠭᠡᠵᠢᠨ ᠤ ᠰᠡᠬᠦᠳᠡᠷ ᠢ ᠰᠢᠭᠰᠢᠨ ᠪᠠᠶᠢᠴᠠᠭᠠᠬᠤ᠂ ᠬᠠᠯᠳᠠᠪᠤᠷᠢᠯᠠᠯ ᠢ ᠬᠢᠨᠠᠨ ᠬᠡᠮᠵᠢᠬᠦ᠂ ᠠᠷᠢᠭᠤᠳᠬᠠᠨ ᠠᠷᠢᠯᠭᠠᠬᠤ᠂  ᠲᠤᠷᠰᠢᠯᠳᠡ ᠶᠢᠨ ᠡᠮ ᠢ ᠨᠥᠭᠡᠴᠡᠯᠡᠬᠦ ᠵᠡᠷᠭᠡ ᠠᠵᠢᠯ ᠤᠨ ᠲᠤᠬᠠᠢ ᠨᠠᠷᠢᠨ ᠨᠢᠭᠲᠠ ᠪᠠᠶᠢᠷᠢᠯᠠᠭᠤᠯᠤᠯᠲᠠ ᠬᠢᠪᠡ᠃ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ ᠲᠥᠪ᠂ ᠬᠤᠲᠠ ᠶᠢᠨ ᠡᠮᠨᠡᠯᠭᠡ ᠶᠢᠨ ᠬᠤᠷᠢᠶ᠎ᠠ ᠣᠷᠣᠯᠴᠠᠵᠠᠢ᠃    9 ᠰᠠᠷ᠎ᠠ ᠶᠢᠨ 25 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠵᠠᠩ ᠵᠢᠩ ᠵᠢᠩ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠠᠭᠤᠰᠬᠢᠨ ᠤ ᠰᠦᠷᠢᠶ᠎ᠡ ᠡᠪᠡᠳᠴᠢᠨ ᠤ ᠵᠢᠱᠢᠶ᠎ᠡ ᠶᠢ ᠰᠢᠢᠳᠪᠦᠷᠢᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠬᠢᠵᠦ᠂ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠰᠢᠰᠲ᠋ᠧᠮ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠵᠠᠩ ᠵᠢᠩ ᠵᠢᠩ ᠬᠤᠲᠠ ᠶᠢᠨ ᠲᠡᠳ᠋ ᠳᠠᠷᠤᠭ᠎ᠠ ᠠᠴᠠ᠂ ᠨᠢᠭᠡ ᠳᠤ ᠰᠢᠭᠰᠢᠨ ᠪᠠᠶᠢᠴᠠᠭᠠᠬᠤ᠂ ᠣᠨᠣᠰᠢᠯᠠᠨ ᠡᠮᠨᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠬᠤᠶᠠᠷ ᠲᠤ ᠠᠶᠢᠮᠠᠭ ᠤᠨ ᠲᠡᠰ ᠤᠨ ᠰᠠᠯᠠᠭ᠎ᠠ ᠮᠥᠴᠢᠷ ᠢ ᠢᠳᠡᠪᠬᠢᠲᠡᠢ ᠵᠣᠬᠢᠴᠠᠭᠤᠯᠵᠤ ᠪᠠᠶᠢᠭᠠᠳ ᠡᠪᠡᠳᠴᠢᠨ ᠤ ᠵᠢᠱᠢᠶ᠎ᠡ ᠶᠢ ᠳᠡᠭᠡᠭᠰᠢ ᠮᠡᠳᠡᠭᠦᠯᠬᠦ ᠠᠵᠢᠯ ᠢ ᠰᠠᠶᠢᠲᠤᠷ ᠬᠢᠬᠦ ᠬᠡᠷᠡᠭᠳᠡᠢ᠃ ᠭᠤᠷᠪᠠ ᠳᠤ ᠰᠦᠷᠢᠶ᠎ᠡ ᠡᠪᠡᠳᠴᠢᠨ ᠢ ᠤᠷᠢᠳᠴᠢᠯᠠᠨ ᠰᠡᠷᠭᠡᠶᠢᠯᠡᠬᠦ᠂ ᠡᠮᠨᠡᠨ ᠵᠠᠰᠠᠬᠤ ᠳᠤ ᠨᠢᠭᠡ ᠯᠡ ᠤᠳᠠᠭ᠎ᠠ ᠶᠢᠨ ᠴᠢᠨᠠᠷᠲᠠᠢ ᠮᠡᠳᠡᠭᠳᠡᠬᠦ ᠬᠠᠭᠤᠳᠠᠰᠤ ᠲᠣᠭᠲᠠᠭᠠᠵᠤ᠂ ᠴᠠᠭ ᠲᠤᠬᠠᠢ ᠳᠤᠨᠢ ᠰᠣᠷᠣᠭᠴᠢ ᠶᠢᠨ ᠭᠡᠷ ᠤᠨ ᠠᠬᠠᠮᠠᠳ ᠲᠠᠢ ᠨᠡᠪᠲᠡᠷᠡᠯᠴᠡᠬᠦ ᠬᠡᠷᠡᠭᠳᠡᠢ ᠭᠡᠵᠤ ᠱᠠᠭᠠᠷᠳᠠᠵᠠᠢ᠃ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠪᠡᠳᠴᠢᠨ ᠬᠢᠵᠢᠭ ᠢ ᠰᠡᠷᠭᠡᠶᠢᠯᠡᠨ  ᠡᠵᠡᠮᠳᠡᠬᠦ ᠲᠥᠪ᠂ ᠬᠤᠲᠠ ᠶᠢᠨ ᠡᠮᠨᠡᠯᠭᠡ ᠶᠢᠨ ᠬᠤᠷᠢᠶ᠎ᠠ ᠣᠷᠣᠯᠴᠠᠵᠠᠢ᠃
 
ᠢᠷᠡᠯᠲᠡ᠄ ᠤᠯᠠᠭᠠᠨᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号