ᠬᠤᠳᠠ ᠶᠢᠨ ᠲᠡᠳ᠋ ᠲᠠᠷᠤᠭ᠎ᠠ ᠵᠸᠤ ᠬᠠᠩ ᠤᠨ 2023 ᠤᠨ ᠤ 7 ᠳ᠋ᠤᠭᠠᠷ ᠰᠠᠷ᠎ᠠ ᠶᠢᠨ ᠴᠢᠬᠤᠯᠠ ᠶᠠᠪᠤᠳᠠᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2023/12/15
   7 ᠰᠠᠷ᠎ᠠ ᠶᠢᠨ 1 ᠤ ᠡᠳᠦᠷ ᠠᠴᠠ 7 ᠰᠠᠷ᠎ᠠ ᠶᠢᠨ 4 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠧᠦ ᠬᠠᠩ ᠳᠤᠮᠳᠠᠳᠤ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠨᠡᠶᠢᠭᠡᠮᠯᠢᠭ ᠤᠨ ᠳᠠᠷᠤᠭ᠎ᠠ᠂ ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠬᠤᠷᠢᠶᠠᠨ ᠤ ᠤᠤᠯ ᠤᠨ ᠳᠡᠳ᠋ ᠡᠷᠬᠢᠯᠡᠭᠴᠢ ᠳᠤ ᠪᠠᠷ᠎ᠠ ᠪᠣᠯᠵᠤ ᠦᠨᠳᠤᠰᠤᠳᠡᠨ ᠤ ᠠᠵᠢᠯ ᠤᠨ ᠲᠤᠬᠠᠢ ᠪᠠᠶᠢᠴᠠᠭᠠᠨ ᠰᠤᠳᠤᠯᠤᠯᠳᠠ ᠬᠢᠵᠠᠢ᠃    7 ᠰᠠᠷ᠎ᠠ ᠶᠢᠨ 5 ᠤ ᠡᠳᠦᠷ ᠠᠴᠠ 7 ᠰᠠᠷ᠎ᠠ ᠶᠢᠨ 7 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠧᠦ ᠬᠠᠩ ᠤᠯᠠᠭᠠᠨᠴᠠᠪ ᠬᠤᠳᠠ ᠪᠠᠷ ᠬᠦᠷᠴᠦ᠂ ᠪᠡᠭᠡᠵᠢᠩ ᠤᠨ ᠺᠠᠢ ᠳ᠋ᠠ ᠲᠥᠮᠥᠰᠥ ᠶᠢᠨ ᠦᠢᠯᠡᠰ ᠤᠨ ᠠᠷᠠᠯᠵᠢᠶᠠᠴᠢᠨ ᠤᠷᠢᠬᠤ ᠲᠤᠬᠠᠢ ᠵᠥᠪᠳᠡᠯᠴᠡᠪᠡ᠃    7 ᠰᠠᠷ᠎ᠠ ᠶᠢᠨ 10 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠧᠦ ᠬᠠᠩ ᠬᠤᠲᠠ ᠶᠢᠨ ᠬᠤᠪᠢᠶᠠᠷᠢ ᠬᠤᠷᠠᠯ ᠤᠨ ᠲᠠᠯᠠᠪᠠᠶ ᠳᠤ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃    7 ᠰᠠᠷ᠎ᠠ ᠶᠢᠨ 12 ᠤᠨ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠧᠦ ᠬᠠᠩ ᠠᠶᠢᠮᠠᠭ ᠤᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠪᠠᠷ ᠬᠦᠷᠴᠦ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠬᠤᠰᠢᠭᠤ ᠰᠢᠶᠠᠨ ᠬᠤᠳᠠ  ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠷᠢᠭᠤᠴᠠᠯᠭᠠᠲᠠᠨ ᠨᠥᠬᠦᠳ ᠤᠨ ︽ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠬᠦ︾ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠶᠢ ᠬᠠᠪᠰᠤᠷᠤᠨ ᠵᠢᠯᠤᠭᠤᠳᠴᠤ ᠬᠢᠴᠢᠶᠡᠯ ᠤᠷᠤᠪᠡ᠃   7 ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠧᠦ ᠬᠠᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠤᠯᠠᠭᠠᠨᠬᠤᠲᠠ ᠶᠢ ᠲᠣᠭᠤᠷᠢᠨ ᠪᠠᠶᠢᠴᠠᠭᠠᠭᠰᠠᠨ ᠪᠠᠶᠢᠳᠠᠯ ᠢ ᠬᠠᠷᠢᠭᠤ ᠲᠤᠰᠬᠠᠬᠤ ᠬᠤᠷᠠᠯ ᠳᠤ ᠣᠷᠣᠯᠴᠠᠪᠠ   7 ᠰᠠᠷ᠎ᠠ ᠶᠢᠨ 18 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠧᠦ ᠬᠠᠩ ᠠᠶᠢᠮᠠᠭ ᠤᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠳᠤ ᠣᠷᠣᠯᠴᠠᠪᠠ᠃   7 ᠰᠠᠷ᠎ᠠ ᠶᠢᠨ 18 ᠤ ᠡᠳᠦᠷ ᠠᠴᠠ 7 ᠰᠠᠷ᠎ᠠ ᠶᠢᠨ 19 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠧᠦ ᠬᠠᠩ ᠠᠶᠢᠮᠠᠭ ᠤᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠯᠢ ᠭᠦᠸᠧ ᠬᠤᠩ ᠳᠤ ᠪᠠᠷ᠎ᠠ ᠪᠣᠯᠵᠤ ᠪᠡᠭᠡᠵᠢᠩ ᠬᠤᠳᠠᠨ ᠳᠤ  ᠬᠦᠷᠴᠤ ᠬᠠᠮᠢᠶ᠎ᠠ ᠪᠦᠬᠦᠢ ᠠᠵᠢᠯ ᠢ ᠵᠣᠯᠭᠠᠭᠤᠯᠪᠠ᠃   7 ᠰᠠᠷ᠎ᠠ ᠶᠢᠨ 20 ᠤ ᠡᠳᠦᠷ ᠠᠴᠠ 7 ᠰᠠᠷ᠎ᠠ ᠶᠢᠨ 21 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠧᠦ ᠬᠠᠩ ᠤᠯᠠᠭᠠᠨᠬᠤᠲᠠ ᠶᠢᠨ ᠨᠠᠮ ᠤᠨ ᠬᠤᠷᠢᠶᠠᠨ ᠤ ᠭᠤᠣᠯ ᠤᠳᠤᠷᠢᠳᠤᠯᠭ᠎ᠠ ᠨᠠᠷ ᠲᠤ ᠪᠠᠷ᠎ᠠ ᠪᠣᠯᠵᠤ ᠮᠧᠨ ᠲᠧᠦ ᠭᠧᠦ ᠪᠠᠷ ᠬᠦᠷᠴᠦ ᠬᠠᠮᠢᠶ᠎ᠠ ᠪᠦᠬᠦᠢ ᠠᠵᠢᠯ ᠢ ᠵᠣᠯᠭᠠᠭᠤᠯᠪᠠ᠃    7 ᠰᠠᠷ᠎ᠠ ᠶᠢᠨ 22 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠧᠦ ᠬᠠᠩ ᠤᠯᠠᠭᠠᠨᠬᠤᠲᠠ ᠶᠢᠨ ᠨᠠᠮ ᠤᠨ ᠬᠤᠷᠢᠶᠠᠨ ᠤ ᠭᠤᠣᠯ ᠤᠳᠤᠷᠢᠳᠤᠯᠭ᠎ᠠ ᠨᠠᠷ ᠲᠤ ᠪᠠᠷ᠎ᠠ ᠪᠣᠯᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠡᠶᠡᠴᠢᠯᠡᠨ ᠣᠶᠢᠯᠠᠭᠠᠬᠤ ᠣᠷᠳᠣᠨ ᠢᠶᠠᠷ ᠬᠦᠷᠴᠦ ᠲᠣᠭᠤᠷᠢᠨ ᠦᠵᠡᠪᠡ᠃     7 ᠰᠠᠷ᠎ᠠ ᠶᠢᠨ 25 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠧᠦ ᠬᠠᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠳᠤ ᠣᠷᠣᠯᠴᠠᠪᠠ᠃    7 ᠰᠠᠷ᠎ᠠ ᠶᠢᠨ 26 ᠤ ᠡᠳᠦᠷ ᠠᠴᠠ 7 ᠰᠠᠷ᠎ᠠ ᠶᠢᠨ 28 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠧᠦ ᠬᠠᠩ ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠬᠤᠷᠢᠶᠠᠨ ᠤ ᠬᠠᠮᠲᠤ ᠶᠢᠨ ᠬᠥᠭᠵᠢᠭᠦᠯᠦᠯᠲᠡ ᠶᠢᠨ ᠵᠤᠷᠭᠠᠨ ᠤ ᠳᠠᠷᠤᠭ᠎ᠠ ᠵᠠᠩ ᡁᠢ ᠭᠠᠩ ᠨᠠᠷ ᠲᠤ ᠪᠠᠷ᠎ᠠ ᠪᠤᠯᠵᠤ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠡ᠃    7 ᠰᠠᠷ᠎ᠠ ᠶᠢᠨ 29 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠧᠦ ᠬᠠᠩ 2023 ᠣᠨ ᠤ ᠨᠠᠮ ᠵᠠᠰᠠᠭ ᠤᠨ ᠤᠳᠤᠷᠢᠳᠤᠯᠭ᠎ᠠ ᠶᠢᠨ ︽ᠨᠠᠢᠮᠠᠨ ᠰᠠᠷ᠎ᠠ ᠶᠢᠨ ᠨᠢᠭᠡᠨ︾ ᠤ ᠴᠡᠷᠢᠭ ᠤᠨ ᠶᠠᠪᠤᠳᠠᠯ ᠤᠨ ᠡᠳᠦᠷ ᠤᠨ ᠠᠵᠢᠯᠯᠠᠭ᠎ᠠ ᠳᠤ ᠣᠷᠣᠯᠴᠠᠪᠠ᠃    7 ᠰᠠᠷ᠎ᠠ ᠶᠢᠨ 31 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠧᠦ ᠬᠠᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠤᠲᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 57 ᠳ᠋ᠤᠭᠠᠷ ᠤᠳᠠᠭᠠᠨ ᠤ ᠬᠤᠷᠠᠯ ᠳᠤ ᠣᠷᠣᠯᠴᠠᠪᠠ᠃
 
ᠢᠷᠡᠯᠲᠡ᠄ ᠤᠯᠠᠭᠠᠨᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号