ᠬᠤᠳᠠ ᠶᠢᠨ ᠲᠡᠳ᠋ ᠲᠠᠷᠤᠭ᠎ᠠ ᠵᠸᠤ ᠬᠠᠩ ᠤᠨ 2023 ᠤᠨ ᠤ 8 ᠳ᠋ᠤᠭᠠᠷ ᠰᠠᠷ᠎ᠠ ᠶᠢᠨ ᠴᠢᠬᠤᠯᠠ ᠶᠠᠪᠤᠳᠠᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2023/12/15
     8 ᠰᠠᠷ᠎ᠠ ᠶᠢᠨ 1 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠧᠦ ᠬᠠᠩ ᠤᠯᠠᠭᠠᠨᠬᠤᠲᠠ ᠶᠢᠨ ᠦᠨᠳᠤᠰᠤᠳᠡᠨ ᠤ ᠬᠡᠷᠡᠭ ᠡᠷᠬᠢᠯᠡᠬᠦ ᠵᠦᠪᠯᠡᠯ ᠢᠶᠠᠷ ᠬᠦᠷᠴᠦ ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢᠶᠠᠨ ᠪᠠᠶᠢᠷᠢᠯᠠᠭᠤᠯᠪᠠ᠃      8 ᠰᠠᠷ᠎ᠠ ᠶᠢᠨ 2 ᠤᠨ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠧᠦ ᠬᠠᠩ ᠠᠶᠢᠮᠠᠭ ᠤᠨ ᠳᠡᠳ᠋ ᠳᠠᠷᠤᠭ᠎ᠠ ᠴᠢᠦᠢ ᠵᠧᠨ ᠨᠢᠶᠠᠨ ᠳᠤ ᠪᠠᠷ᠎ᠠ ᠪᠣᠯᠵᠤ ᠬᠢᠩᠭᠠᠨ ᠯᠢᠩ ᠴᠤᠸᠠᠩ  ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠪ ᠢᠶᠠᠷ ᠪᠠᠶᠢᠴᠠᠭᠠᠨ ᠰᠤᠳᠤᠯᠤᠯᠲᠠ ᠬᠢᠪᠡ᠃      8 ᠰᠠᠷ᠎ᠠ ᠶᠢᠨ 3 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠧᠦ ᠬᠠᠩ ᠪᠥᠬᠦ ᠣᠷᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠧᠯᠸᠢᠰ ᠤᠳᠠᠰᠤᠳᠤ ᠬᠤᠷᠠᠯ ᠳᠤ ᠣᠷᠣᠯᠴᠠᠪᠠ᠃      8 ᠰᠠᠷ᠎ᠠ ᠶᠢᠨ 10  ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂  ᠬᠤᠳᠠ ᠶᠢᠨ ᠳᠡᠳ᠋ ᠳᠠᠷᠤᠭ᠎ᠠ ᠵᠧᠦ ᠬᠠᠩ ᠠᠶᠢᠮᠠᠭ ᠤᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠠᠷᠢᠶᠠᠨ ᠤ ᠲᠠᠩᠬᠢᠮ ᠤᠨ ᠬᠤᠷᠢᠨ ᠳᠥᠷᠪᠡᠳᠦᠭᠡᠷ ᠬᠤᠭᠤᠴᠠᠭᠠᠨ ᠤ ᠲᠤᠰᠬᠠᠢ ᠰᠡᠳᠦᠪᠲᠦ ᠲᠠᠶᠢᠯᠤᠮᠵᠢ ᠳᠤ ᠣᠷᠣᠯᠴᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠤᠲᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠡᠨ ᠤ ᠪᠠᠶᠢᠩᠭᠤ ᠶᠢᠨ ᠬᠤᠷᠢᠶ᠎ᠠ ᠶᠢᠨ 58 ᠳ᠋ᠤᠭᠠᠷ ᠤᠳᠠᠭᠠᠨ ᠤ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ  ᠢ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠳᠤ ᠣᠷᠣᠯᠴᠠᠪᠠ᠃ ᠤᠯᠠᠭᠠᠨᠬᠤᠲᠠ ᠶᠢᠨ ᠦᠨᠳᠤᠰᠤᠳᠡᠨ ᠤ ᠬᠡᠷᠡᠭ ᠡᠷᠬᠢᠯᠡᠬᠦ ᠵᠦᠪᠯᠡᠯ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠰᠠᠭᠤᠳᠠᠯ ᠤᠨ ᠨᠠᠷᠢᠨ ᠲᠠᠩᠰᠠ ᠶᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠴᠠᠢ᠃      8 ᠰᠠᠷ᠎ᠠ ᠶᠢᠨ 11 ᠤ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠧᠦ ᠬᠠᠩ ᠬᠠᠮᠢᠶ᠎ᠠ ᠪᠦᠬᠦᠢ ᠨᠢᠭᠡᠴᠢ ᠪᠠᠷ ᠬᠦᠷᠴᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠴᠠᠭᠠᠯᠲᠠ ᠶᠢ ᠤᠭᠲᠤᠬᠤ ᠪᠡᠯᠡᠳᠬᠡᠯ ᠬᠢᠵᠠᠢ᠃      8 ᠰᠠᠷ᠎ᠠ ᠶᠢᠨ 12 ᠤᠨ ᠡᠳᠦᠷ ᠠᠴᠠ 8 ᠰᠠᠷ᠎ᠠ ᠶᠢᠨ 13 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠧᠦ ᠬᠠᠩ ᠳᠤᠮᠳᠠᠳᠤ ᠤᠯᠤᠰ ᠤᠨ ᠬᠥᠩᠭᠡᠨ ᠠᠵᠤ ᠦᠢᠯᠡᠳᠪᠦᠷᠢ ᠶᠢᠨ ᠬᠤᠯᠪᠣᠭᠠᠲᠤ ᠬᠤᠷᠠᠯ ᠤᠨ ᠳᠡᠳ᠋ ᠳᠠᠷᠤᠭ᠎ᠠ᠂ ᠺᠧ ᠯᠢ ᠶᠤᠸᠠᠨ ᠪᠦᠯᠦᠭᠯᠡᠯ ᠤᠨ ᠡᠭᠦᠰᠬᠡᠨ ᠪᠠᠶᠢᠭᠤᠯᠤᠭᠴᠢ ᠵᠥᠩ ᠹᠠ ᠫᠢᠩ ᠨᠠᠷ ᠲᠤ ᠪᠠᠷ᠎ᠠ ᠪᠣᠯᠵᠤ ᠨᠦᠭᠡᠴᠡ ᠡᠨᠧᠷᠭᠢ ᠶᠢᠨ ᠲᠦᠷᠤᠯ ᠵᠤᠶᠢᠯ ᠢ ᠪᠠᠶᠢᠴᠠᠭᠠᠨ ᠰᠤᠳᠤᠯᠪᠠ᠃      8 ᠰᠠᠷ᠎ᠠ ᠶᠢᠨ 14 ᠤ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠧᠦ ᠬᠠᠩ ᠳᠤᠮᠳᠠᠳᠤ ᠤᠯᠤᠰ ᠤᠨ ᠬᠥᠩᠭᠡᠨ ᠠᠵᠤ ᠦᠢᠯᠡᠳᠪᠦᠷᠢ ᠶᠢᠨ ᠬᠤᠯᠪᠣᠭᠠᠲᠤ ᠬᠤᠷᠠᠯ ᠤᠨ ᠳᠡᠳ᠋ ᠳᠠᠷᠤᠭ᠎ᠠ᠂ ᠺᠧ ᠯᠢ ᠶᠤᠸᠠᠨ ᠪᠦᠯᠦᠭᠯᠡᠯ ᠤᠨ ᠡᠭᠦᠰᠬᠡᠨ ᠪᠠᠶᠢᠭᠤᠯᠤᠭᠴᠢ ᠵᠥᠩ ᠹᠠ ᠫᠢᠩ ᠨᠠᠷ ᠲᠤ ᠪᠠᠷ᠎ᠠ ᠪᠣᠯᠵᠤ  ᠨᠦᠭᠡᠴᠡ ᠡᠨᠧᠷᠭᠢ ᠶᠢᠨ ᠲᠦᠷᠤᠯ ᠵᠤᠶᠢᠯ ᠢ ᠪᠠᠶᠢᠴᠠᠭᠠᠨ ᠰᠤᠳᠤᠯᠪᠠ᠃ ᠦᠳᠡ ᠶᠢᠨ ᠬᠤᠶᠢᠨ᠎ᠠ ᠨᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠤᠨ ᠵᠥᠪᠯᠡᠯ ᠤᠨ ᠳᠡᠳ᠋ ᠡᠷᠬᠢᠯᠡᠭᠴᠢ ᠦ᠋ ᠬᠠᠢ ᠯᠦᠩ ᠨᠠᠷ ᠲᠤ ᠪᠠᠷ᠎ᠠ ᠪᠣᠯᠵᠤ ᠱᠠᠯᠠᠪᠳᠠᠭᠤᠯᠤᠨ ᠵᠢᠯᠣᠭᠤᠳᠪᠠ᠃      8 ᠰᠠᠷ᠎ᠠ ᠶᠢᠨ 15 ᠤ ᠡᠳᠦᠷ ᠠᠴᠠ 8 ᠰᠠᠷ᠎ᠠ ᠶᠢᠨ 16 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠧᠦ ᠬᠠᠩ᠂ ᠺᠧ ᠯᠢ ᠶᠤᠸᠠᠨ ᠺᠣᠮᠫᠠᠨᠢ ᠶᠢᠨ ᠳᠡᠳ᠋ ᠶᠡᠷᠦᠩᠬᠡᠢ  ᠲᠠᠭᠠᠭᠠᠮᠠᠯ ᠴᠧᠨ ᠰᠧ ᠨᠠᠷ ᠲᠤ ᠪᠠᠷ᠎ᠠ ᠪᠣᠯᠵᠤ ᠨᠦᠬᠡᠴᠡ ᠡᠨᠧᠷᠭᠢ ᠪᠣᠯᠣᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ᠃      8 ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠧᠦ ᠬᠠᠩ ᠤᠯᠠᠭᠠᠨᠬᠤᠲᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠬᠤᠷᠢᠨ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠳᠤ ᠣᠷᠣᠯᠴᠠᠪᠠ᠃      8 ᠰᠠᠷ᠎ᠠ ᠶᠢᠨ 24 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠧᠦ ᠬᠠᠩ ᠤᠯᠠᠭᠠᠨᠬᠤᠲᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠬᠤᠷᠢᠨ ᠭᠤᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠳᠤ ᠣᠷᠣᠯᠴᠠᠪᠠ᠃      8 ᠰᠠᠷ᠎ᠠ ᠶᠢᠨ 23 ᠤ ᠡᠳᠦᠷ ᠠᠴᠠ 8 ᠰᠠᠷ᠎ᠠ ᠶᠢᠨ 30 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠧᠦ ᠬᠠᠩ ᠰᠡᠷᠭᠡᠨ ᠣᠳᠣ ᠦᠶ᠎ᠡ ᠶᠢᠨ ᠲᠠᠷᠢᠶᠠᠯᠠᠩ ᠤᠨ  ᠲᠣᠭᠤᠷᠢᠭ ᠢᠶᠠᠷ ᠬᠦᠷᠴᠤ ᠴᠡᠭ ᠲᠤ ᠰᠠᠭᠤᠵᠤ ᠪᠠᠶᠢᠴᠠᠭᠠᠨ ᠰᠤᠳᠤᠯᠤᠯᠲᠠ ᠬᠢᠪᠡ᠃
 
ᠢᠷᠡᠯᠲᠡ᠄ ᠤᠯᠠᠭᠠᠨᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号