ᠤᠯᠠᠭᠠᠨᠬᠤᠲᠠ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠭᠤᠷᠢ ᠶᠢ ᠪᠠᠬᠢᠵᠢᠭᠦᠯᠵᠤ ᠪᠠᠶᠢᠭ᠎ᠠ ᠲᠤᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2023/12/19
   ᠣᠶᠢᠷ᠎ᠠ ᠶᠢᠨ ᠵᠢᠯ ᠠᠴᠠ᠂ ᠤᠯᠠᠭᠠᠨᠬᠤᠲᠠ᠂ ᠬᠢᠩᠭᠠᠨ ᠠᠶᠢᠮᠠᠭ ᠤᠨ ᠤᠯᠤᠰ ᠤᠨ ᠲᠡᠰ ᠤᠨ ᠤᠳᠤ ᠦᠶ᠎ᠡ ᠶᠢᠨ ᠮᠠᠯ ᠠᠵᠤ ᠠᠬᠤᠢ ᠶᠢᠨ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ᠂ ᠠᠮᠢ ᠠᠬᠤᠢ ᠶᠢᠨ ᠳᠠᠪᠠᠭᠤᠯᠢᠭ ᠢ ᠠᠵᠤ ᠠᠬᠤᠢ ᠶᠢᠨ ᠳᠠᠪᠠᠭᠤᠯᠢᠭ ᠪᠣᠯᠣᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠦᠢᠯᠡᠰ ᠢ ᠬᠦᠴᠦᠯᠡᠨ ᠪᠠᠶᠢᠭᠤᠯᠵᠤ᠂ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠶᠢ ᠲᠦᠷᠭᠡᠳᠬᠡᠬᠦ᠂ ᠲᠡᠵᠢᠭᠡᠨ ᠦᠷᠡᠵᠢᠭᠦᠯᠬᠦ ᠬᠡᠪᠴᠢᠶ᠎ᠡ ᠶᠢ ᠥᠷᠭᠡᠳᠬᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠵᠤ᠂ ᠲᠣᠰᠬᠤᠨ ᠤ ᠠᠷᠠᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠥᠷᠭᠡᠳᠬᠡᠬᠦ ᠶᠢᠨ ᠬᠠᠮᠲᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠳᠠᠰ ᠤᠨ ᠰᠠᠭᠤᠷᠢ ᠶᠢ ᠤᠯᠠᠮ ᠴᠢᠨᠠᠭᠰᠢᠳᠠ ᠪᠠᠬᠢᠵᠢᠭᠦᠯᠵᠡᠢ᠃
   ᠤᠯᠠᠭᠠᠨᠬᠤᠲᠠ ᠶᠢᠨ ᠭᠡᠭᠡᠨᠰᠦ᠋ᠮ᠎ᠡ ᠪᠠᠯᠭᠠᠰᠤᠨ ᠤ ᠬᠤᠳᠠᠨ ᠠᠶᠢᠯ ᠭᠠᠴᠠᠭᠠᠨ ᠤ ᠠᠷᠠᠳ ᠹᠦ᠋ ᠸᠠᠨ ᠴᠧᠩ ᠤᠨ ᠦᠬᠡᠷ ᠤᠨ ᠬᠠᠰᠢᠶ᠎ᠠ ᠳᠤ ᠣᠷᠣᠬᠤ ᠳᠤ᠂ ᠲᠠᠷᠭᠤ ᠬᠦᠴᠦ ᠰᠠᠶᠢᠲᠠᠢ ᠰᠢᠮᠧᠨ᠋ᠳᠠᠷ ᠮᠢᠬᠠᠨ ᠦᠬᠡᠷ ᠡᠪᠡᠰᠦ ᠪᠣᠷᠳᠤᠭ᠎ᠠ ᠪᠠᠨ ᠠᠮᠲᠠᠲᠠᠢ ᠢᠳᠡᠵᠦ᠂ ᠹᠦ᠋ ᠸᠠᠨ ᠴᠧᠩ ᠦᠬᠡᠷ ᠢᠶᠠᠨ ᠲᠡᠵᠢᠭᠡᠵᠦ᠂ ᠬᠠᠰᠢᠶ᠎ᠠ ᠪᠠᠨ ᠴᠡᠪᠡᠷᠯᠡᠨ ᠶᠠᠭᠠᠷᠠᠯᠳᠤᠨ᠎ᠠ᠃ ᠮᠢᠬᠠᠨ ᠦᠬᠡᠷ ᠲᠡᠵᠢᠭᠡᠨ ᠦᠷᠡᠵᠢᠭᠦᠯᠬᠦ ᠢᠷᠡᠭᠡᠳᠦᠢ ᠶᠢᠨ ᠬᠥᠭᠵᠢᠯᠲᠡ ᠶᠢᠨ ᠲᠤᠬᠠᠢ ᠶᠠᠷᠢᠬᠤ ᠳᠤ᠂ ᠹᠦ᠋ ᠸᠠᠨ ᠴᠧᠩ ᠤᠨ ᠴᠢᠷᠠᠢ ᠳᠤ ᠵᠣᠯ ᠵᠢᠷᠭᠠᠯᠲᠤ ᠢᠨᠢᠶᠡᠮᠰᠦᠭᠯᠡᠯ ᠪᠢᠯᠬᠠᠵᠤ ᠪᠠᠶᠢᠯ᠎ᠠ᠃   ︽ᠮᠠᠨ ᠤ ᠭᠡᠷ 2018 ᠣᠨ ᠠᠴᠠ ᠡᠬᠢᠯᠡᠨ ᠦᠨᠢᠶ᠎ᠡ ᠲᠡᠵᠢᠭᠡᠵᠦ᠂ ᠣᠳᠣᠬᠠᠨ ᠳᠤ ᠰᠢᠮᠧᠨ᠋ᠳᠠᠷ ᠢᠶᠠᠷ ᠭᠤᠣᠯᠯᠠᠵᠤ ᠪᠠᠶᠢᠨ᠎ᠠ᠂ ᠣᠳᠣᠬᠠᠨ ᠳᠤ ᠵᠠᠬ᠎ᠠ ᠳᠡᠯᠭᠡᠭᠦᠷ ᠤᠨ ᠦᠨ᠎ᠡ ᠬᠠᠩᠰᠢ ᠨᠡᠯᠢᠶᠡᠳ ᠰᠠᠶᠢᠨ ᠪᠠᠶᠢᠨ᠎ᠠ᠂ ᠵᠠᠯᠭᠠᠭᠠᠳ ᠪᠢ ᠡᠭᠦᠯᠳᠡᠷ ᠰᠠᠶᠢᠵᠢᠷᠠᠭᠤᠯᠬᠤ ᠮᠡᠷᠭᠡᠵᠢᠯ ᠰᠤᠷᠴᠤ᠂ ᠦᠬᠡᠷ ᠤᠨ ᠬᠠᠰᠢᠶ᠎ᠠ ᠪᠠᠨ ᠥᠷᠭᠡᠳᠬᠡᠬᠦ ᠪᠠᠷ ᠲᠥᠯᠥᠪᠯᠡᠵᠦ ᠪᠠᠶᠢᠨ᠎ᠠ ᠂ ᠬᠤᠶᠢᠰᠢᠳᠠ ᠮᠠᠨ ᠤ ᠦᠬᠡᠷ ᠤᠨ ᠠᠵᠤ ᠦᠢᠯᠡᠰ ᠤᠨ ᠬᠥᠭᠵᠢᠯᠲᠡ ᠯᠠᠪᠲᠠᠢ ᠤᠯᠠᠮ ᠠᠴᠠ ᠤᠯᠠᠮ ᠰᠠᠶᠢᠵᠢᠷᠠᠬᠤ ᠪᠣᠯᠣᠨ᠎ᠠ︾ ᠭᠡᠵᠦ ᠤᠯᠠᠭᠠᠨᠬᠤᠲᠠ ᠶᠢᠨ ᠭᠡᠭᠡᠨᠰᠦ᠋ᠮ᠎ᠡ ᠪᠠᠯᠭᠠᠰᠤᠨ ᠤ ᠬᠤᠳᠠᠨ ᠠᠶᠢᠯ ᠭᠠᠴᠠᠭᠠᠨ ᠤ ᠠᠷᠠᠳ ᠹᠦ᠋ ᠸᠠᠨ ᠴᠧᠩ ᠬᠡᠯᠡᠪᠡ᠃
  ᠣᠳᠣᠬᠠᠨ ᠳᠤ᠂ ᠤᠯᠠᠭᠠᠨᠬᠤᠲᠠ ᠶᠢᠨ ᠭᠡᠭᠡᠨᠰᠦ᠋ᠮ᠎ᠡ ᠪᠠᠯᠭᠠᠰᠤᠨ ᠤ ᠮᠢᠬᠠᠨ ᠦᠬᠡᠷ ᠤᠨ ᠲᠤᠭ᠎ᠠ 5500 ᠭᠠᠷᠤᠢ ᠪᠠᠶᠢᠵᠤ᠂ ᠵᠢᠯ ᠤᠨ ᠦᠢᠯᠡᠳᠬᠦᠨ ᠤ ᠥᠷᠲᠡᠭ ᠨᠢ 1200 ᠭᠠᠷᠤᠢ ᠲᠦᠮᠡᠨ ᠲᠥᠭᠦᠷᠢᠭ ᠪᠠᠶᠢᠵᠤ᠂ 400 ᠡᠷᠦᠬᠡ  ᠶᠢᠨ ᠭᠡᠷ ᠪᠦᠯᠢ ᠶᠢᠨ ᠲᠡᠵᠢᠭᠡᠨ ᠦᠷᠡᠵᠢᠭᠦᠯᠬᠦ ᠡᠷᠦᠬᠡ ᠶᠢ ᠳᠠᠶᠢᠴᠢᠯᠠᠵᠤ᠂ ᠡᠷᠦᠬᠡ ᠪᠦᠷᠢ ᠶᠢᠨ ᠳᠤᠮᠳᠠᠴᠢ ᠣᠷᠣᠯᠭ᠎ᠠ ᠶᠢ 3 ᠲᠦᠮᠡᠨ ᠲᠥᠭᠦᠷᠢᠭ ᠨᠡᠮᠡᠭᠳᠡᠭᠦᠯᠵᠦ᠂ ᠪᠥᠬᠦ ᠪᠠᠯᠭᠠᠰᠤᠨ ᠤ ᠮᠢᠬᠠᠨ ᠦᠬᠡᠷ ᠤᠨ ᠠᠵᠤ ᠦᠢᠯᠡᠰ ᠪᠦᠬᠦᠯᠢ ᠴᠣᠭᠴᠠ ᠪᠠᠷ ᠢᠶᠠᠨ ᠠᠬᠢᠵᠤ᠂ ᠲᠣᠭᠲᠠᠭᠤᠨ ᠢᠶᠠᠷ ᠬᠥᠭᠵᠢᠵᠦ᠂ ᠦᠷᠭᠦᠯᠵᠢᠯᠡᠨ ᠰᠠᠶᠢᠵᠢᠷᠠᠬᠤ ᠬᠠᠨᠳᠤᠰᠢ ᠲᠠᠢ ᠪᠣᠯᠪᠠ᠃   ᠤᠯᠠᠭᠠᠨᠬᠤᠲᠠ ᠶᠢᠨ ᠰᠡᠷᠬᠡᠨ ᠤᠳᠤ ᠦᠶ᠎ᠡ ᠶᠢᠨ ᠲᠠᠷᠢᠶᠠᠯᠠᠩ ᠤᠨ ᠲᠣᠭᠤᠷᠢᠭ ᠤᠨ ᠴᠣᠣᠶᠠᠩ ᠲᠣᠰᠬᠤᠨ ᠤ ᠬᠠᠨ ᠶᠦᠩ ᠭᠠᠩ ᠤᠨ ᠭᠡᠷ ᠤᠨ ᠭᠠᠭ᠋ᠠᠢ ᠲᠡᠵᠢᠭᠡᠬᠦ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠳᠤ᠂ ᠲᠡᠷᠢ ᠲᠡᠭᠰᠢ ᠬᠠᠰᠢᠶ᠎ᠠ ᠳᠤ 100 ᠭᠠᠷᠤᠢ ᠭᠠᠭ᠋ᠠᠢ ᠲᠡᠵᠢᠭᠡᠵᠦ᠂  ᠭᠤᠣᠯᠳᠠᠭᠤ ᠥᠪᠡᠷ ᠢᠶᠠᠨ ᠦᠷᠡᠵᠢᠭᠦᠯᠦᠨ ᠲᠡᠵᠢᠭᠡᠬᠦ ᠬᠡᠯᠪᠡᠷᠢ ᠪᠠᠷ ᠲᠡᠵᠢᠭᠡᠵᠦ᠂ ᠵᠢᠯ ᠳᠤ ᠪᠠᠷᠤᠭ 30 ᠲᠦᠮᠡᠨ ᠲᠥᠭᠦᠷᠢᠭ ᠤᠨ ᠠᠰᠢᠭ ᠬᠦᠷᠲᠡᠵᠡᠢ᠃
   ︽ᠤᠳᠤ ᠪᠠᠷᠤᠭ 105 ᠭᠠᠭ᠋ᠠᠢ ᠪᠠᠶᠢᠨ᠎ᠠ᠂ ᠦᠷᠡᠵᠢᠯ ᠤᠨ ᠬᠤᠭᠤᠴᠠᠭ᠎ᠠ ᠨᠢ 3 ᠰᠠᠷ᠎ᠠ ᠪᠠᠶᠢᠵᠤ᠂ ᠤᠷᠤᠭᠰᠢᠲᠠᠢ ᠪᠣᠯ 150 ᠲᠤᠷᠤᠢ ᠲᠦᠷᠦᠨ᠎ᠡ᠂ ᠡᠬᠦᠨ ᠢᠶᠠᠨ 10 ᠰᠠᠷ᠎ᠠ ᠶᠢᠨ ᠣᠷᠴᠢᠮ ᠢᠶᠠᠷ ᠬᠤᠳᠠᠯᠳᠤᠵᠤ ᠪᠣᠯᠣᠨ᠎ᠠ᠂ ᠣᠷᠣᠯᠭ᠎ᠠ ᠨᠢ 30 ᠲᠦᠮᠡᠨ ᠲᠥᠭᠦᠷᠢᠭ ᠣᠷᠴᠢᠮ ᠬᠦᠷᠦᠨ᠎ᠡ︾ ᠭᠡᠵᠦ ᠤᠯᠠᠭᠠᠨᠬᠤᠲᠠ ᠶᠢᠨ ᠰᠡᠷᠬᠡᠨ ᠤᠳᠤ ᠦᠶ᠎ᠡ ᠶᠢᠨ ᠲᠠᠷᠢᠶᠠᠯᠠᠩ ᠤᠨ ᠲᠣᠭᠤᠷᠢᠭ ᠤᠨ ᠴᠣᠣᠶᠠᠩ ᠲᠣᠰᠬᠤᠨ ᠤ ᠠᠷᠠᠳ ᠬᠠᠨ ᠶᠦᠩ ᠭᠠᠩ ᠬᠡᠯᠡᠪᠡ᠃    ᠣᠶᠢᠯᠠᠭᠠᠭᠰᠠᠨ ᠢᠶᠠᠷ᠂ ᠤᠯᠠᠭᠠᠨᠬᠤᠲᠠ ᠶᠢᠨ ᠰᠡᠷᠬᠡᠨ ᠣᠲᠣ ᠦᠶ᠎ᠡ ᠶᠢᠨ ᠲᠠᠷᠢᠶᠠᠯᠠᠩ ᠤᠨ ᠲᠣᠭᠤᠷᠢᠭ ᠲᠤ ᠣᠲᠣ 5325 ᠭᠠᠭ᠋ᠠᠢ ᠲᠡᠵᠢᠭᠡᠵᠦ᠂ ᠡᠷᠦᠬᠡ ᠪᠦᠷᠢ ᠳᠤᠮᠳᠠᠴᠢ ᠪᠠᠷ 3 ᠭᠠᠭ᠋ᠠᠢ ᠲᠡᠵᠢᠭᠡᠵᠦ᠂ ᠵᠢᠯ  ᠤᠨ ᠤᠷᠤᠯᠭ᠎ᠠ ᠡᠷᠦᠬᠡ ᠪᠦᠷᠢ ᠲᠤᠮᠳᠠᠴᠢ ᠪᠠᠷ 4800 ᠲᠦᠭᠦᠷᠢᠭ ᠨᠡᠮᠡᠭᠳᠡᠪᠡ᠃
   ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠴᠢᠬᠤᠯᠠ ᠨᠢᠭᠡ ᠭᠤᠭᠴᠤᠭ᠎ᠠ ᠪᠣᠯᠣᠨ᠎ᠠ᠃ ᠤᠯᠠᠨ ᠵᠢᠯ ᠤᠨ ᠲᠤᠷᠰᠢ᠂ ᠤᠯᠠᠭᠠᠨᠬᠤᠲᠠ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠦᠢᠯᠡᠰ ᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠴᠢᠬᠤᠯᠠ ᠠᠵᠤ ᠦᠢᠯᠡᠰ ᠪᠣᠯᠭᠠᠨ ᠬᠥᠭᠵᠢᠭᠦᠯᠵᠦ᠂ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠦᠢᠯᠡᠰ ᠢ ᠶᠡᠬᠡᠪᠡᠷ ᠬᠥᠭᠵᠢᠭᠦᠯᠵᠦ᠂ ᠮᠠᠯ ᠠᠵᠤ ᠠᠬᠤᠢ ᠶᠢᠨ ᠠᠵᠤ ᠦᠢᠯᠡᠰ ᠤᠨ ᠰᠢᠰᠲ᠋ᠧᠮ ᠢ ᠬᠦᠴᠦᠯᠡᠨ ᠪᠠᠶᠢᠭᠤᠯᠵᠤ᠂ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠦᠢᠯᠡᠰ ᠢ ᠦᠷᠭᠦᠯᠵᠢᠯᠡᠨ᠂ ᠲᠣᠭᠲᠠᠭᠤᠨ᠂ ᠡᠷᠡᠭᠦᠯ ᠢᠶᠠᠷ ᠬᠥᠭᠵᠢᠭᠦᠯᠬᠦ ᠰᠠᠶᠢᠨ ᠰᠠᠶᠢᠬᠠᠨ ᠪᠠᠶᠢᠳᠠᠯ ᠲᠠᠢ ᠪᠣᠯᠭᠠᠵᠤ᠂ ᠥᠷᠭᠡᠨ ᠤᠯᠠᠨ ᠲᠦᠮᠡᠨ ᠢ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠪᠠᠷ ᠳᠠᠮᠵᠢᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠ ᠨᠡᠩ ᠤᠯᠠᠨ ᠵᠣᠯ ᠵᠢᠷᠭᠠᠯᠲᠤ ᠲᠥᠷᠥᠭᠳᠡᠯ ᠲᠠᠢ ᠪᠣᠯᠭᠠᠵᠠᠢ᠃
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号